ᠬᠠᠯᠠᠭᠤᠨ ᠳᠤᠯᠠᠭᠠᠨ ᠨᠡᠶᠢᠭᠡᠮ ᠲᠣᠭᠤᠷᠢᠭ ᠢ ᠴᠤᠭᠴᠠᠯᠠᠨ ᠪᠠᠶᠢᠭᠤᠯᠬᠤ ᠪᠤᠯ ᠮᠢᠨᠦ ᠬᠦᠰᠡᠯ — ᠪᠡᠯᠭᠦᠳᠡᠢ ᠪᠠᠯᠭᠠᠰᠤᠨ ᠤ ᠪᠠᠶᠠᠨᠴᠠᠭᠠᠨ ᠨᠡᠶᠢᠭᠡᠮ ᠲᠣᠭᠤᠷᠢᠭ  ᠤᠨ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠵᠤᠤ ᠼᠠᠢ ᠬᠤᠩ ᠢ ᠲᠡᠮᠳᠡᠭᠯᠡᠪᠡ
ᠨᠡᠶᠢᠲᠡᠯᠡᠭᠰᠡᠨ ᠴᠠᠭ᠄
2024/11/5
   ᠠᠪᠠᠭ᠎ᠠ ᠬᠤᠰᠢᠭᠤᠨ ᠤ ᠪᠡᠯᠭᠦᠳᠡᠢ ᠪᠠᠯᠭᠠᠰᠤᠨ ᠤ ᠪᠠᠶᠠᠨᠴᠠᠭᠠᠨ ᠨᠡᠶᠢᠭᠡᠮ ᠲᠣᠭᠤᠷᠢᠭ  ᠤᠨ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠵᠤᠤ ᠼᠠᠢ ᠬᠤᠩ ᠪᠣᠯ ᠠᠷᠠᠳ ᠤᠯᠠᠨ ᠤ ᠬᠦᠷᠢᠶᠡᠯᠡᠯ  ᠬᠦᠨᠳᠦᠳᠬᠡᠯ ᠢ ᠤᠯᠤᠭᠰᠠᠨ ᠠᠷᠠᠳ ᠤᠨ ᠲᠦᠯᠦᠭᠡᠯᠡᠭᠴᠢ ᠪᠤᠯᠤᠨ᠎ᠠ᠃ ᠠᠷᠡᠦᠠ ᠤᠨ ᠲᠦᠯᠦᠭᠡᠯᠡᠭᠴᠢᠦᠠ ᠤᠨ ᠶᠡᠭᠡ ᠬᠤᠷᠡᠯ ᠤᠨ ᠲᠦᠷᠢᠮ ᠪᠠᠶᠢᠭᠤᠯᠤᠭᠳᠠᠭᠰᠠᠨ 70 ᠵᠢᠯ ᠤᠨ ᠣᠶ ᠶᠢᠨ ᠲᠠᠰᠢᠷᠠᠮ ᠳᠤ᠂  ᠪᠢᠳᠡ ᠲᠡᠭᠦᠨ ᠤ ᠦᠢᠯᠡ ᠠᠵᠢᠯᠯᠠᠭ᠎ᠠ ᠶᠢ ᠤᠯᠠᠨ ᠲᠦᠮᠡᠨ ᠳᠤ ᠪᠠᠨ ᠲᠤᠯᠢᠯᠠᠭᠤᠯᠬᠤ ᠶᠢ ᠵᠤᠷᠢᠯ᠎ᠠ᠃    ᠨᠡᠶᠢᠭᠡᠮ ᠲᠣᠭᠤᠷᠢᠭ ᠪᠣᠯ ᠬᠠᠮᠤᠭ ᠤᠨ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ ᠮᠥᠨ᠂ ᠲᠡᠷᠡ ᠨᠢ ᠠᠷᠠᠳ ᠤᠯᠠᠨ ᠪᠣᠯᠤᠨ ᠨᠠᠮ ᠵᠠᠰᠠᠭ ᠤᠨ ᠬᠤᠭᠤᠷᠣᠨᠳᠣ ᠴᠢᠬᠤᠯᠠ  ᠬᠥᠭᠦᠷᠬᠡ ᠬᠤᠯᠪᠤᠭᠠᠰᠤ ᠶᠢᠨ ᠦᠢᠯᠡᠳᠦᠯ ᠦᠵᠡᠬᠦᠯᠵᠦ ᠪᠠᠶᠢᠳᠠᠭ᠃ ᠵᠣᠣ ᠼᠠᠢ ᠬᠤᠩ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠲᠡᠭᠡᠳᠦᠯᠡᠨ ᠠᠩᠬᠠᠷᠴᠦ᠂ ᠡᠳᠦᠷ ᠲᠤᠳᠤᠮ ᠤᠨ ᠠᠵᠢᠯ ᠲᠤᠮᠳᠠ ᠪᠠᠨ ᠰᠠᠭᠤᠭᠠᠯᠢ ᠠᠷᠠᠳ ᠤᠨ ᠠᠮᠢᠳᠤᠷᠠᠯ ᠤᠨ ᠳᠤᠮᠳᠠᠬᠢ ᠬᠦᠴᠢᠷ ᠪᠡᠷᠬᠡᠰᠢᠶᠡᠯ  ᠪᠦᠬᠦᠨ ᠢ ᠨᠢᠮᠪᠠᠢ ᠤᠶᠢᠯᠠᠭᠠᠵᠦ ᠶᠠᠪᠤᠳᠠᠭ᠃ ᠨᠡᠶᠢᠭᠡᠮ ᠲᠣᠭᠤᠷᠢᠭ ᠤᠨ ᠠᠵᠢᠯᠲᠠᠨ ᠴᠥᠭᠡᠨ ᠤᠴᠢᠷ ᠠᠴᠠ ᠲᠡᠷᠡ ᠨᠡᠶᠢᠭᠡᠮ ᠲᠣᠭᠤᠷᠢᠭ ᠤᠨ  ᠲᠤᠤᠷᠵᠢᠭᠤᠯᠤᠭᠴᠢ ᠶᠢᠨ ᠠᠵᠢᠯ ᠢ ᠬᠠᠪᠰᠤᠷᠭᠠᠨ ᠬᠢᠳᠡᠭ᠃ ᠨᠡᠶᠢᠭᠡᠮ ᠲᠣᠭᠤᠷᠢᠭ ᠤᠨ ᠨᠠᠷᠢᠯᠢᠬᠵᠢᠭᠤᠯᠤᠬᠰᠠᠠ ᠤᠢᠢᠯᠡᠴᠢᠯᠡᠭᠡ ᠶᠢᠨ ᠱᠠᠭᠠᠷᠳᠠᠯᠭ᠎ᠠ ᠶᠣᠰᠣᠭᠠᠷ ᠵᠤᠤ ᠼᠠᠢ ᠬᠤᠩ ᠨᠠᠮ ᠤᠨ ᠪᠠᠶᠢᠭᠤᠯᠤᠯᠲᠠ᠂ ᠲᠥᠯᠥᠪᠯᠡᠭᠡᠲᠦ ᠦᠷᠡᠵᠢᠯ᠂ ᠠᠵᠢᠯ ᠣᠯᠭᠤᠯᠲᠠ ᠨᠡᠶᠢᠭᠡᠮ ᠤᠨ ᠪᠠᠲᠤᠯᠠᠭ᠎ᠠ᠂ ᠶᠡᠷᠦᠩᠬᠡᠶᠢᠯᠡᠨ ᠵᠠᠰᠠᠵᠤ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠴᠥᠮ ᠨᠠᠷᠢᠯᠢᠬᠵᠢᠭᠤᠯᠤᠨ ᠨᠠᠶᠢᠳᠠᠪᠤᠷᠢᠵᠢᠭᠤᠯᠳᠠᠭ᠃ ᠡᠷᠦᠬᠡ ᠳᠤ ᠬᠦᠨᠵᠡᠭᠡᠶᠢᠷᠡᠬᠦ ᠳᠤ ᠪᠠᠨ᠂ ᠲᠡᠳᠡᠨ ᠳᠤ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠵᠤ᠂ ᠠᠵᠢᠯ ᠢᠶᠠᠨ ᠨᠠᠩ ᠰᠠᠶᠢᠲᠤᠷ ᠥᠷᠨᠢᠭᠦᠯᠬᠦ ᠶᠢᠨ ᠲᠥᠯᠦᠭᠡ᠂  ᠲᠡᠷᠡ ᠥᠪᠡᠷ ᠢᠶᠠᠨ ᠮᠠᠲ᠋ᠧᠷᠢᠶᠠᠯ ᠡᠷᠢᠵᠦ᠂ ᠰᠦᠯᠵᠢᠶᠡᠨ ᠠᠴᠠ ᠰᠤᠷᠠᠭ ᠵᠠᠩᠭᠢ ᠬᠠᠶᠢᠵᠤ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠴᠥᠮ ᠤᠷᠢᠳᠠᠪᠠᠷ ᠤᠶᠢᠯᠠᠭᠠᠵᠦ ᠡᠵᠡᠮᠰᠢᠵᠦ ᠠᠪᠳᠠᠭ᠃    ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠲᠡᠷᠡ ᠶᠡᠷᠦ ᠨᠢ ᠰᠣᠩᠭᠤᠭᠤᠯᠢ ᠶᠢᠨ ᠠᠷᠠᠳ ᠲᠠᠢ ᠬᠠᠷᠢᠯᠴᠠᠬᠤ᠂ ᠤᠯᠠᠨ ᠲᠦᠮᠡᠨ ᠢ ᠲᠤᠭᠤᠷᠢᠨ ᠰᠤᠷᠪᠤᠯᠵᠢᠯᠠᠬᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠴᠢᠬᠤᠯᠠ ᠤᠷᠢᠲᠠᠯ ᠪᠣᠯᠭᠠᠵᠤ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠦᠯᠢᠶᠡᠨ ᠰᠣᠨᠣᠰᠴᠤ᠂ ᠤᠯᠠᠨ ᠲᠦᠮᠡᠨ ᠤ ᠬᠦᠰᠡᠯ ᠡᠷᠡᠮᠡᠯᠵᠡᠯ ᠢ ᠤᠢᠢᠯᠠᠭᠠᠨ᠂ ᠡᠷᠬᠡ ᠲᠤᠰᠢᠶᠠᠯ ᠢᠶᠠᠨ ᠵᠥᠪ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠦ ᠪᠠᠶᠢᠳᠠᠭ᠃ ᠠᠷᠠᠳ ᠲᠦᠮᠡᠨ ᠤ ᠰᠠᠨᠠᠯ ᠰᠠᠨᠠᠭᠤᠯᠭ᠎ᠠ ᠶᠢ ᠨᠡᠩ ᠥᠷᠭᠡᠨ ᠢᠶᠠᠷ ᠬᠦᠯᠢᠶᠡᠨ ᠠᠪᠬᠤ ᠶᠢᠨ ᠲᠥᠯᠦᠭᠡ᠂ ᠲᠡᠷᠡ  ᠨᠡᠶᠢᠭᠡᠮ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠦᠷᠦᠭᠡ ᠶᠢᠨ ᠦᠢᠯᠡᠳᠦᠯ ᠴᠢᠳᠠᠪᠬᠢ ᠶᠢ ᠰᠠᠶᠢᠳᠤᠷ ᠪᠠᠳᠠᠷᠠᠭᠤᠯᠤᠨ᠂ ᠣᠯᠠᠨ ᠲᠦᠮᠡᠨ ᠤ ᠰᠠᠨᠠᠯ ᠢ ᠬᠢᠨᠠᠮᠠᠭᠠᠶ ᠰᠣᠨᠣᠰᠴᠤ᠂ ᠲᠡᠳᠡᠨ ᠤ ᠠᠰᠠᠭᠤᠯᠲᠠ ᠪᠦᠬᠦᠨ ᠢ ᠨᠠᠷᠢᠨ ᠨᠢᠮᠪᠠᠶ  ᠬᠠᠷᠢᠭᠤᠯᠤᠨ᠂ ᠵᠠᠬᠢᠳᠠᠯ ᠰᠤᠷᠪᠤᠯᠵᠢᠯᠠᠭ᠎ᠠ ᠨᠢᠭᠡᠪᠦᠷᠢ ᠶᠢᠨ ᠰᠢᠢᠳᠪᠦᠷᠢᠯᠡᠬᠦ ᠰᠠᠨᠠᠯ ᠢ ᠨᠠᠶᠢᠳᠠᠪᠤᠷᠢᠵᠢᠭᠤᠯᠤᠨ᠂ ᠰᠣᠩᠭᠤᠭᠤᠯᠢ ᠶᠢᠨ ᠠᠷᠠᠳ ᠲᠠᠢ ᠬᠠᠷᠢᠯᠴᠠᠬᠤ ᠪᠠ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ ᠣᠷᠭᠠᠨᠢᠭ ᠢᠶᠠᠷ ᠤᠶᠠᠯᠳᠤᠭᠤᠯᠵᠠᠶ᠃ ᠡᠶᠢᠨᠬᠦ ᠨᠡᠶᠢᠭᠡᠮ ᠲᠣᠭᠤᠷᠢᠭ ᠤᠨ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠴᠠᠭ ᠲᠤᠬᠠᠢ ᠳᠤ ᠨᠢ ᠣᠶᠢᠯᠠᠭᠠᠨ  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠪᠠᠶᠢᠳᠠᠯ ᠢ ᠲᠤᠰᠬᠠᠵᠤ᠂ ᠰᠠᠨᠠᠭᠤᠯᠭ᠎ᠠ ᠳᠤᠷᠠᠳᠴᠤ᠂ ᠣᠶᠢᠷ᠎ᠠ ᠶᠢᠨ ᠬᠡᠳᠦᠨ ᠵᠢᠯ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ 25 ᠬᠤᠪᠢ ᠰᠠᠨᠠᠭᠤᠯᠭ᠎ᠠ ᠲᠡᠪᠰᠢᠬᠦᠯᠦᠨ᠂ ᠪᠠᠶᠠᠨᠴᠠᠭᠠᠨ ᠨᠡᠶᠢᠭᠡᠮ ᠲᠣᠭᠤᠷᠢᠭ ᠲᠤ ᠰᠢᠨ᠎ᠡ ᠠᠮᠢᠵᠢᠷᠠᠯ ᠤᠨ ᠬᠦᠴᠦᠨ ᠢ ᠠᠪᠴᠢᠷᠠᠭᠰᠠᠨ ᠪᠠᠶᠢᠨ᠎ᠠ᠃    ᠲᠡᠷᠡ ᠨᠡᠶᠢᠭᠡᠮ ᠲᠣᠭᠤᠷᠢᠭ ᠲᠤ ᠤᠴᠢᠷ ᠶᠠᠪᠤᠳᠠᠯ ᠬᠦᠢᠴᠡᠳᠭᠡᠬᠦ ᠪᠠᠷ ᠢᠷᠡᠭᠰᠡᠨ ᠰᠠᠭᠤᠭᠠᠯᠢ ᠠᠷᠠᠳ ᠨᠢᠭᠡᠪᠦᠷᠢ ᠳᠤ ᠬᠠᠯᠠᠭᠤᠮᠰᠤᠭ ᠢᠶᠠᠷ ᠬᠠᠨᠳᠤᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠶᠢ ᠦᠢᠯᠡᠳᠦᠯᠭᠡᠵᠢᠬᠦᠯᠳᠡᠭ᠃ ᠨᠡᠶᠢᠭᠡᠮ ᠲᠣᠭᠤᠷᠢᠭ ᠤᠨ ᠨᠢᠭᠡᠨ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭᠠᠳᠤ ᠡᠷᠤᠭᠡ ᠠᠰᠠᠷ ᠭᠤᠶᠤᠴᠢᠯᠠᠬᠤ ᠰᠠᠨᠠᠭ᠎ᠠ ᠲᠠᠢ ᠪᠠᠶᠢᠭᠰᠠᠨ ᠴᠦ ᠡᠷᠦᠭᠡ ᠶᠢᠨ ᠡᠵᠡᠨ ᠨᠢ ᠨᠠᠰᠤ ᠠᠬᠠᠰᠢᠷᠠᠵᠤ ᠪᠡᠶ᠎ᠡ ᠮᠠᠭᠤᠳᠠᠢ ᠶᠠᠪᠤᠵᠦ ᠰᠠᠭᠤᠬᠤ ᠳᠤ ᠳᠥᠭᠦᠮ ᠦᠭᠡᠢ ᠮᠦᠷᠲᠡᠭᠡᠨ ᠦᠷ᠎ᠡ ᠬᠡᠦᠬᠡᠳ ᠨᠢ ᠳᠡᠷᠭᠡᠳᠡ ᠨᠢ ᠪᠠᠶᠢᠬᠤ ᠦᠭᠡᠢ ᠤᠴᠢᠷ ᠠᠴᠠ ᠥᠪᠡᠷ ᠢᠶᠠᠨ ᠭᠤᠶᠤᠴᠢᠯᠠᠬᠤ ᠭᠠᠷ ᠭᠦᠢᠴᠡᠳᠬᠡᠯ ᠬᠢᠬᠦ ᠶᠢᠨ ᠠᠷᠭ᠎ᠠ ᠦᠭᠡᠢ ᠪᠠᠶᠢᠬᠤ ᠶᠢ ᠵᠣᠣ ᠼᠠᠢ ᠬᠤᠩ ᠮᠡᠳᠡᠭᠡᠳ  ᠰᠠᠨᠠᠭᠠᠴᠢᠯᠠᠭ᠎ᠠ ᠠᠴᠠ ᠪᠠᠨ ᠨᠠᠰᠤᠲᠠᠨ ᠢ ᠣᠷᠣᠯᠠᠨ ᠨᠠᠭᠠᠳᠦ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠠᠰᠠᠷ ᠭᠤᠶᠤᠴᠢᠯᠠᠬᠤ ᠭᠠᠷ ᠭᠦᠢᠴᠡᠳᠬᠡᠯ ᠢ ᠨᠢᠭᠡ ᠨᠢᠭᠡ ᠪᠠᠶᠢᠭᠤᠯᠭ᠎ᠠ ᠪᠠᠷ ᠶᠠᠪᠤᠵᠤ᠂ ᠬᠦᠰᠦᠨᠦᠭᠲᠦ ᠲᠠᠭᠯᠠᠵᠤ᠂ ᠲᠠᠮᠠᠭ᠎ᠠ  ᠳᠠᠷᠤᠭᠤᠯᠤᠨ ᠪᠠᠶᠢᠵᠦ ᠠᠯᠬᠤᠮ ᠠᠯᠬᠤᠮ ᠢᠶᠠᠷ ᠬᠦᠢᠴᠡᠳᠭᠡᠵᠦ ᠦᠭᠬᠦᠭᠰᠡᠨ ᠢᠶᠠᠷ ᠨᠠᠰᠤᠳᠠᠨ ᠤ ᠠᠰᠠᠷ ᠲᠤ ᠰᠠᠭᠤᠬᠤ ᠬᠦᠰᠡᠯ ᠲᠡᠷᠭᠡᠯᠰᠢᠭᠰᠡᠨ ᠪᠠᠶᠢᠯ᠎ᠠ᠃ ᠨᠠᠰᠤᠲᠠᠨ ᠤ ᠰᠡᠳᠬᠢᠯ ᠬᠠᠨᠤᠮᠵᠢᠲᠠᠶ ᠢᠨᠢᠶᠡᠮᠰᠦᠭᠯᠡᠬᠦ ᠶᠢ ᠬᠠᠷᠠᠭᠠᠳ ᠲᠡᠷᠡ᠄ ︽ᠴᠢᠳᠠᠯ ᠤᠨ ᠬᠢᠷᠢ ᠪᠠᠷ ᠢᠶᠠᠨ ᠰᠠᠭᠤᠭᠠᠯᠢ ᠠᠷᠠᠳ ᠲᠤ ᠪᠤᠳᠡᠳᠡᠢ ᠠᠵᠢᠯ᠂ ᠰᠠᠶᠢᠨ ᠶᠠᠪᠤᠳᠠᠯ ᠬᠢᠵᠦ ᠥᠭᠬᠦ ᠪᠣᠯ ᠨᠡᠶᠢᠭᠡᠮ ᠲᠣᠭᠤᠷᠢᠭ ᠤᠨ ᠠᠵᠢᠯᠲᠠᠨ ᠤ ᠬᠠᠷᠢᠭᠤᠴᠠᠯᠭ᠎ᠠ ᠮᠥᠨ᠂ ᠪᠠᠰᠠ ᠴᠤ ᠨᠢᠭᠡᠨ ᠡᠪ ᠬᠠᠮᠲᠤ ᠨᠠᠮ ᠤᠨ ᠭᠡᠰᠢᠭᠦᠨ ᠤ ᠭᠦᠢᠴᠡᠳᠬᠡᠪᠡᠰᠦ ᠵᠣᠬᠢᠬᠤ ᠡᠭᠦᠷᠭᠡ ᠮᠥᠨ︾  ᠭᠡᠵᠦ ᠪᠠᠶᠠᠷᠳᠠᠶᠢᠬᠠᠨ ᠤᠴᠢᠷᠯᠠᠨ᠎ᠠ᠃    ᠨᠡᠶᠢᠭᠡᠮ ᠲᠣᠭᠤᠷᠢᠭ ᠤᠨ ᠡᠬᠡᠯ ᠵᠢᠷ ᠤᠨ ᠠᠵᠢᠯ ᠤᠨ ᠪᠠᠶᠢᠷᠢ ᠳᠡᠭᠡᠷ᠎ᠡ᠂ ᠲᠡᠭᠦᠨ ᠤ ᠦᠢᠯᠡᠰ ᠢᠶᠠᠨ ᠲᠡᠭᠡᠳᠤᠯᠡᠬᠦ ᠵᠣᠷᠢᠭ ᠰᠠᠨᠠᠭ᠎ᠠ᠂ ᠬᠦᠯᠢᠴᠡᠩᠭᠦᠶ ᠨᠢᠮᠪᠠᠶ ᠠᠵᠢᠯ ᠤᠨ ᠰᠤᠷᠲᠠᠯ᠂ ᠰᠢᠨᠲᠠᠷᠠᠰᠢ ᠦᠭᠡᠢ ᠵᠢᠳᠬᠦᠬᠦ ᠵᠣᠷᠢᠭ ᠰᠠᠨᠠᠭ᠎ᠠ ᠨᠢ ᠤᠳᠤᠷᠢᠳᠤᠯᠭ᠎ᠠ᠂ ᠬᠠᠮᠲᠤ ᠠᠵᠢᠯᠯᠠᠭᠰᠠᠳ ᠤᠨ ᠮᠠᠭᠲᠠᠭᠠᠯ ᠰᠠᠶᠢᠰᠢᠶᠠᠯ ᠢ ᠣᠯᠤᠭᠰᠠᠨ  ᠮᠦᠷᠳᠡᠭᠡᠨ ᠨᠡᠶᠢᠭᠡᠮ ᠲᠣᠭᠤᠷᠢᠭ ᠤᠨ ᠥᠷᠭᠡᠨ ᠤᠯᠠᠨ ᠰᠠᠭᠤᠭᠠᠯᠢ ᠠᠷᠠᠳ ᠤᠨ ᠬᠦᠷᠢᠶᠡᠯᠡᠯ ᠢ ᠣᠯᠤᠭᠰᠠᠨ  ᠪᠠᠶᠢᠯ᠎ᠠ᠃    ᠵᠤᠤ ᠼᠠᠢ ᠬᠤᠩ ᠥᠪᠡᠷ ᠤᠨ ᠦᠢᠯᠡ ᠠᠵᠢᠯᠯᠠᠭ᠎ᠠ ᠪᠠᠷ  ᠢᠶᠠᠨ ᠠᠷᠠᠳ ᠤᠨ ᠲᠥᠯᠥᠭᠡᠯᠡᠭᠴᠢ ᠶᠢᠨ ᠴᠤᠭ ᠵᠢᠪᠬᠤᠭ᠎ᠠ ᠶᠢ ᠢᠯᠡᠷᠡᠭᠦᠯᠵᠦ᠂ ᠠᠷᠡᠦᠠ ᠤᠨ ᠲᠦᠯᠦᠭᠡᠯᠡᠭᠴᠢᠦᠠ ᠤᠨ ᠶᠡᠭᠡ ᠬᠤᠷᠡᠯ ᠤᠨ ᠲᠦᠷᠢᠮ ᠤᠨ 70 ᠵᠢᠯ ᠤᠨ ᠤᠢ ᠳᠤ  ᠦᠪᠡᠷ ᠤᠨ ᠭᠡᠰᠡᠨ ᠣᠨᠴᠠᠭᠠᠢ ᠪᠡᠯᠡᠭ ᠢᠶᠠᠨ ᠡᠶᠢᠨᠬᠦ ᠲᠡᠪᠰᠢᠬᠦᠯᠦᠨ᠎ᠡ᠃︽ᠮᠠᠨ ᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠪᠠᠷ ᠰᠣᠩᠭᠤᠭᠳᠠᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠬᠤᠪᠢ ᠠᠴᠠ ᠣᠯᠠᠨ ᠲᠦᠮᠡᠨ ᠤ ᠰᠡᠳᠬᠢᠯ ᠤᠨ ᠲᠠᠭᠤᠨ ᠢ ᠴᠢᠩᠨᠠᠵᠦ᠂ ᠡᠷᠦᠬᠡ ᠳᠤ ᠬᠦᠨᠵᠡᠭᠡᠶᠢᠷᠡᠬᠦ᠂ ᠰᠠᠭᠤᠭᠠᠯᠢ ᠠᠷᠠᠳ ᠤᠨ ᠲᠤᠰᠬᠠᠯ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠡᠮᠬᠢᠳᠬᠡᠨ ᠴᠤᠭᠯᠠᠭᠤᠯᠬᠤ᠂ ᠡᠭᠦᠷᠭᠡ ᠬᠠᠷᠢᠭᠤᠴᠠᠯᠭ᠎ᠠ ᠪᠠᠨ  ᠭᠦᠢᠴᠡᠳᠬᠡᠬᠦ ᠪᠠᠷ ᠳᠠᠮᠵᠢᠭᠤᠯᠤᠨ᠂ ᠪᠥᠬᠦ ᠬᠦᠴᠦᠨ ᠢᠶᠠᠷ ᠢᠶᠠᠨ ᠣᠯᠠᠨ ᠲᠦᠮᠡᠨ ᠳᠤ ᠪᠤᠳᠡᠳᠡᠢ ᠠᠵᠢᠯ᠂ ᠰᠠᠶᠢᠨ ᠶᠠᠪᠤᠳᠠᠯ ᠬᠢᠵᠦ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠥᠬᠡᠶ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠲᠦᠮᠡᠨ ᠠᠴᠠ ᠣᠯᠭᠤᠭᠰᠠᠨ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠂ ᠠᠷᠠᠳ ᠲᠦᠮᠡᠨ ᠤ ᠠᠰᠢᠭ ᠲᠤᠰᠠ ᠪᠠ ᠵᠣᠷᠢᠭ ᠰᠠᠨᠠᠭ᠎ᠠ ᠶᠢ ᠦᠨᠡᠨᠴᠢ ᠪᠠᠷ ᠲᠥᠯᠥᠭᠡᠯᠡᠵᠦ᠂ ᠨᠠᠮ ᠪᠠ ᠠᠷᠠᠳ ᠲᠦᠮᠡᠨ ᠤ ᠰᠠᠶᠢᠨ ᠬᠥᠭᠦᠷᠭᠡ ᠬᠤᠯᠪᠣᠭᠠᠰᠤ ᠪᠤᠯᠬᠤ ᠪᠤᠯ ᠮᠢᠨᠦ ᠠᠵᠠ ᠵᠠᠪᠰᠢᠶᠠᠨ ᠶᠤᠮ︾ ᠭᠡᠵᠦ ᠵᠤᠤ ᠼᠠᠢ ᠬᠤᠩ  ᠢᠳᠡᠭᠡᠯ ᠲᠡᠬᠦᠯᠳᠡᠷ ᠶᠠᠷᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号