ᠠᠪᠠᠭ᠎ᠠ ᠬᠤᠰᠢᠭᠤᠨ ᠤ ᠤᠷᠢᠶᠠᠩᠬᠠᠶ ᠬᠤᠨᠢ ᠨᠢ ᠮᠢᠬᠠᠨ ᠤ ᠴᠢᠨᠠᠷ ᠰᠢᠯᠢᠳᠡᠭ᠂ ᠮᠢᠬᠠᠨ ᠤ ᠭᠠᠷᠤᠯᠲᠠ ᠰᠠᠶᠢᠨ | ᠪᠠᠶᠢᠳᠠᠭ ᠢᠶᠠᠷ ᠢᠶᠠᠨ ᠠᠯᠳᠠᠷᠰᠢᠭᠰᠠᠨ ᠶᠤᠮ᠃ ᠨᠠᠷᠠᠨᠪᠤᠯᠠᠭ ᠰᠤᠮᠤᠨ ᠤ ︽ᠮᠠᠯᠴᠢᠨ ᠤ ᠭᠡᠰᠢᠭ ᠲᠡᠵᠢᠭᠡᠨ ᠦᠷᠡᠵᠢᠬᠦᠯᠬᠦ | ᠬᠡᠷ ᠪᠦᠯᠢ ᠶᠢᠨ ᠮᠠᠯᠵᠢᠯ ᠤᠨ ᠲᠠᠯᠠᠪᠠᠶ︾ ᠶᠢᠨ ᠡᠵᠡᠨᠳᠡᠨ ᠯᠢ ᠰᠢᠨ ᠪᠤᠯ ᠠᠪᠤ ᠯᠢ ᠶᠠᠨ ᠴᠢᠶᠠᠩ ᠤᠨ ᠦᠶ᠎ᠡ ᠠᠴᠠ | ᠪᠠᠨ ᠤᠷᠢᠶᠠᠩᠬᠠᠢ ᠬᠤᠨᠢᠨ ᠲᠡᠵᠢᠭᠡᠨ ᠦᠷᠡᠵᠢᠭᠦᠯᠬᠦ ᠬᠠᠰᠢᠷ ᠲᠤᠷᠰᠢᠯᠭ᠎ᠠ ᠲᠠᠢ ᠮᠠᠯᠴᠢᠨ ᠶᠤᠮ᠃ | ᠶᠡᠷᠡᠭᠡᠳ ᠤᠨ ᠳᠤ ᠲᠦᠷᠦᠭᠰᠡᠨ ᠯᠢ ᠰᠢᠨ ᠶᠡᠭᠡ ᠰᠤᠷᠭᠠᠭᠤᠯᠢ ᠪᠠᠨ ᠲᠡᠬᠦᠰᠦᠮᠡᠭᠴᠡ ᠨᠤᠲᠤᠭ ᠲᠠᠭᠠᠨ | ᠪᠤᠴᠠᠵᠤ᠂ ᠠᠪᠤ ᠶᠢᠨ ᠦᠢᠯᠡᠰ ᠢ ᠵᠠᠯᠭᠠᠮᠵᠢᠯᠠᠵᠦ᠂ ᠮᠠᠯ ᠠᠵᠦ ᠠᠬᠤᠢ ᠪᠠᠨ ᠡᠵᠡᠩᠨᠡᠭᠰᠡᠨ ᠤᠶᠤᠲᠠᠨ ᠮᠠᠯᠴᠢᠨ ᠪᠢᠯᠡ᠃ | ᠭᠡᠬᠦ ᠳᠤ ᠪᠠᠨ ᠲᠡᠷᠡ ᠤᠷᠢᠶᠠᠩᠬᠠᠢ ᠬᠤᠨᠢᠨ ᠤ ᠢᠴᠡᠬᠡᠯ ᠦᠷ᠎ᠡ ᠶᠢᠨ ᠬᠡᠭᠡᠯᠲᠦᠭᠦᠯᠭᠡ ᠶᠢᠨ ᠮᠡᠷᠭᠡᠵᠢᠯ ᠢ ᠰᠤᠷᠤᠯᠴᠠᠨ | ᠰᠤᠳᠤᠯᠬᠤ ᠳᠤ ᠬᠦᠴᠦ ᠪᠠᠨ ᠲᠠᠯᠪᠢᠭᠰᠠᠭᠠᠷ ᠢᠷᠡᠵᠡᠢ᠃ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠵᠤ᠂ | ︽ᠴᠥᠭᠡᠨ ᠮᠠᠯᠵᠢᠵᠦ ᠨᠠᠷᠢᠯᠢᠭ ᠠᠷᠠᠴᠢᠯᠠᠬᠤ︾ ᠪᠠᠷ᠂ ᠯᠢ ᠰᠢᠨ ᠤᠶᠢᠷ᠎ᠠ ᠶᠢᠨ ᠬᠡᠳᠦᠨ ᠵᠢᠯ ᠳᠤ ᠡᠭᠦᠯᠳᠡᠷ ᠤᠨ | ᠬᠤᠴᠠ ᠪᠠᠨ ᠴᠦᠭᠡᠴᠢᠯᠡᠵᠦ᠂ ᠮᠠᠯ ᠰᠦᠷᠦᠭ ᠤᠨ ᠪᠦᠳᠦᠴᠡ ᠳᠤ ᠪᠠᠨ ᠲᠤᠬᠢᠷᠠᠭᠤᠯᠤᠯᠳᠠ ᠬᠢᠵᠦ᠂ ᠬᠤᠨᠢᠨ | ᠰᠦᠷᠦᠭ ᠤᠨ ᠢᠶᠠᠨ ᠪᠦᠬᠦᠯᠢ ᠴᠣᠭᠴᠠ ᠶᠢᠨ ᠶᠠᠰᠤ ᠴᠢᠨᠠᠷ ᠢ ᠲᠡᠭᠡᠭᠰᠢᠯᠡᠬᠦᠯᠦᠨ᠂ ᠮᠠᠯ ᠠᠵᠦ ᠠᠬᠤᠢ ᠪᠠ ᠠᠮᠢ ᠠᠬᠤᠶ | ᠪᠠᠨ ᠬᠠᠮᠠᠭᠠᠯᠠᠬᠤ ᠬᠤᠤᠰ ᠦᠷ᠎ᠡ ᠠᠰᠢᠭ ᠲᠤ ᠬᠦᠷᠬᠦ ᠪᠠᠷ ᠮᠡᠷᠡᠶᠢᠵᠦ ᠪᠢᠯᠡ᠃ ᠬᠤᠶᠠᠷ ᠵᠢᠯ ᠤᠨ ᠴᠢᠷᠮᠠᠶᠢᠯᠭ᠎ᠠ ᠪᠠᠷ | ᠳᠠᠮᠵᠢᠨ᠂ ᠲᠡᠷᠡ ᠢᠴᠡᠭᠡᠯ ᠦᠷ᠎ᠡ ᠶᠢᠨ ᠬᠡᠬᠡᠯᠳᠦᠬᠦᠯᠬᠡ ᠶᠢᠨ ᠮᠡᠷᠭᠡᠵᠢᠯ ᠢ ᠠᠮᠵᠢᠯᠲᠠ ᠲᠠᠢ ᠡᠵᠡᠮᠰᠢᠭᠰᠡᠨ ᠢᠶᠠᠷ ᠪᠠᠷᠠᠬᠤ | ᠦᠭᠡᠢ᠂ ︽ᠢᠭᠡᠷ᠎ᠡ ᠬᠤᠷᠠᠭ᠎ᠠ︾ ᠪᠤᠶᠢᠵᠢᠭᠤᠯᠬᠤ ᠭᠡᠭᠡᠯᠳᠦᠬᠦᠯᠭᠡ ᠶᠢᠨ ᠮᠡᠷᠭᠡᠵᠢᠯ ᠨᠢ ᠴᠦ ᠠᠭᠠᠵᠢᠮ ᠢᠶᠠᠷ | ᠪᠣᠯᠪᠠᠰᠤᠷᠠᠩᠭᠤᠶ ᠪᠣᠯᠤᠭᠰᠠᠨ ᠪᠠᠶᠢᠨ᠎ᠠ᠃ ᠡᠭᠦᠨ ᠤ ᠬᠠᠮᠲᠤ᠂ ᠢᠭᠡᠷ᠎ᠡ ᠬᠤᠷᠠᠭ᠎ᠠ ᠨᠢ ᠪᠤᠶᠢᠵᠢᠯᠳᠠ ᠰᠠᠶᠢᠨ᠂ ᠦᠨ᠎ᠡ | ᠬᠠᠩᠰᠢ ᠨᠢ ᠥᠨᠳᠥᠷ ᠪᠠᠶᠢᠬᠤ ᠶᠢ ᠪᠡᠶᠡᠯᠡᠭᠦᠯᠬᠦ ᠶᠢᠨ ᠲᠥᠯᠥᠭᠡ᠂ ᠲᠡᠷᠡ ︽ᠪᠠᠯᠴᠢᠭᠡᠷᠯᠡᠬᠦᠯᠬᠦ + ᠰᠢᠨᠵᠢᠯᠡᠬᠦ | ᠤᠬᠠᠭᠠᠨᠴᠢ ᠪᠠᠷ ᠲᠡᠵᠢᠭᠡᠯ ᠨᠥᠬᠦᠪᠦᠷᠢᠯᠡᠬᠦ︾ ᠮᠠᠯᠵᠢᠯ ᠤᠨ ᠠᠷᠭ᠎ᠠ ᠮᠠᠶ᠋ᠢᠭ ᠢ ᠪᠠᠷᠢᠮᠲᠠᠯᠠᠨ᠂ ᠡᠬᠡ ᠮᠠᠯ ᠳᠤ ᠰᠢᠮ᠎ᠡ | ᠰᠠᠶᠢᠳᠠᠢ ᠲᠡᠵᠢᠭᠡᠯ ᠨᠦᠬᠦᠪᠦᠷᠢᠯᠡᠵᠦ ᠲᠠᠷᠭᠤ ᠬᠦᠴᠦ ᠶᠢ ᠪᠠᠲᠤᠯᠠᠬᠤ ᠶᠢᠨ ᠵᠡᠷᠭᠡ ᠢᠬᠡᠷ᠎ᠡ ᠬᠤᠷᠠᠭ᠎ᠠ ᠶᠢᠨ | ᠪᠣᠶᠢᠵᠢᠯᠲᠠ ᠶᠢᠨ ᠬᠤᠷᠳᠤᠴᠠ ᠶᠢ ᠪᠠᠲᠤᠯᠠᠵᠤ ᠴᠢᠳᠠᠭᠰᠠᠨ ᠢᠶᠠᠷ᠂ ᠮᠠᠯ ᠢᠶᠠᠨ ᠴᠦᠭᠡᠴᠢᠯᠡᠭᠰᠡᠨ ᠴᠦ ᠤᠷᠤᠯᠭ᠎ᠠ ᠶᠢᠨ | ᠨᠡᠮᠡᠭᠳᠡᠯ ᠲᠤᠭᠳᠠᠭᠤᠨ ᠪᠠᠶᠢᠬᠤ ᠶᠢ ᠪᠡᠶᠡᠯᠡᠬᠦᠯᠵᠠᠢ᠃ | 2023 ᠣᠨ ᠤ ᠨᠠᠮᠤᠷ ᠯᠢ ᠰᠢᠨ ᠥᠪᠡᠷ ᠤᠨ 200 ᠤᠷᠢᠶᠠᠩᠬᠠᠶ ᠬᠤᠨᠢᠨ ᠳᠤ ᠪᠠᠨ ᠢᠴᠡᠭᠡᠯ ᠦᠷ᠎ᠡ ᠶᠢᠨ | ᠬᠡᠭᠡᠯᠲᠦᠭᠦᠯᠭᠡ ᠬᠢᠭᠰᠡᠨ ᠪᠥᠭᠡᠳ 122 ᠬᠤᠣᠰ ᠢᠬᠡᠷ᠎ᠡ ᠬᠤᠷᠠᠭ᠎ᠠ ᠲᠤᠰᠴᠦ᠂ ᠢᠬᠡᠷ᠎ᠡ ᠬᠤᠷᠠᠭᠠᠨ ᠤ ᠬᠡᠭᠡᠯ | ᠲᠣᠭᠲᠠᠭᠰᠠᠨ ᠨᠣᠷᠮ᠎ᠠ ᠨᠢ 65% ᠳᠤ ᠬᠦᠷᠴᠦ᠂ ᠭᠡᠭᠡᠯᠳᠦᠬᠦᠯᠭᠡ ᠶᠢᠨ ᠠᠮᠵᠢᠯᠲᠠ ᠶᠢᠨ ᠨᠣᠷᠮ᠎ᠠ ᠨᠢ 84% ᠳᠤ | ᠬᠦᠷᠴᠡᠶ᠃ ᠦᠨᠦ ᠵᠢᠯ ᠤᠨ ᠭᠠᠷᠭᠠᠯᠲᠠ ᠪᠠᠷ᠂ ᠡᠳᠡᠨᠡᠶᠢᠬᠢᠨ ᠤ ᠡᠷ᠎ᠡ ᠬᠤᠷᠠᠭ᠎ᠠ ᠲᠡᠭᠰᠢᠳᠭᠡᠭᠡᠳ 1300 | ᠲᠦᠭᠦᠷᠢᠭ᠂ ᠦᠬᠢᠨ ᠬᠤᠷᠠᠭ᠎ᠠ ᠲᠡᠭᠰᠢᠳᠭᠡᠭᠡᠳ 800 ᠲᠦᠭᠦᠷᠢᠭ ᠤᠨ ᠦᠨ᠎ᠡ ᠲᠠᠭᠠᠭᠠᠵᠠᠢ᠃ ᠦᠨᠦ ᠵᠢᠯ ᠲᠡᠷᠡ | ᠪᠠᠰᠠ 200 ᠤᠷᠢᠶᠠᠩᠬᠠᠢ ᠬᠤᠨᠢ ᠳᠤ ᠪᠠᠨ ᠢᠴᠡᠭᠡᠯ ᠦᠷ᠎ᠡ ᠶᠢᠨ ᠭᠡᠭᠡᠯᠳᠦᠬᠦᠯᠭᠡ ᠬᠢᠵᠦ᠂ ᠢᠬᠡᠷ᠎ᠡ ᠬᠤᠷᠠᠭᠠᠨ ᠤ | ᠬᠡᠭᠡᠯ ᠲᠣᠭᠲᠠᠬᠤ ᠨᠤᠷᠮ᠎ᠠ ᠨᠢ 68% ᠠᠴᠠ ᠳᠡᠭᠡᠭᠰᠢ ᠬᠦᠷᠴᠦ᠂ ᠭᠡᠭᠡᠯᠳᠦᠬᠦᠯᠭᠡ ᠶᠢᠨ ᠠᠮᠵᠢᠯᠲᠠ ᠶᠢᠨ ᠨᠣᠷᠮ᠎ᠠ ᠨᠢ | 86% ᠠᠴᠠ ᠳᠡᠭᠡᠭᠰᠢ ᠬᠦᠷᠬᠦ ᠪᠠᠷ ᠵᠢᠱᠢᠵᠦ ᠪᠠᠶᠢᠨ᠎ᠠ᠃᠃ | ᠣᠶᠢᠷ᠎ᠠ ᠶᠢᠨ ᠬᠤᠶᠠᠷ ᠵᠢᠯ ᠤᠨ ᠭᠠᠩ ᠬᠠᠭᠰᠠᠷᠠᠭᠠᠨ᠂ ᠡᠪᠦᠯ ᠬᠠᠪᠤᠷ ᠤᠨ ᠴᠠᠰᠤ ᠵᠤᠳ ᠲᠠᠢ ᠠᠭᠤᠷ ᠠᠮᠢᠰᠬᠤᠯ | ᠵᠢᠴᠢ ᠪᠡᠯᠴᠢᠭᠡᠷ ᠰᠡᠷᠭᠦᠭᠡᠬᠦ ᠬᠤᠭᠤᠴᠠᠭᠠᠨ ᠳᠤ᠂ ᠲᠡᠷᠡ ᠬᠤᠨᠢᠨ ᠳᠤ ᠪᠠᠨ ᠭᠦᠢᠴᠡᠳ ᠲᠡᠵᠢᠭᠡᠯ ᠪᠣᠷᠳᠤᠭ᠎ᠠ | ᠨᠦᠬᠦᠪᠦᠷᠢᠯᠡᠨ᠂ ᠬᠤᠨᠢᠨ ᠤ ᠲᠠᠷᠭᠤ ᠬᠦᠴᠦ ᠶᠢ ᠪᠠᠳᠤᠯᠬᠠᠤ ᠶᠢ ᠤᠨᠴᠠᠭᠠᠶᠢᠯᠠᠨ ᠠᠩᠬᠠᠷᠴᠦ᠂ ᠡᠪᠡᠰᠦ ᠪᠠᠯᠴᠢᠭᠡᠷ | ᠨᠣᠭᠤᠭᠠᠷᠠᠭᠰᠠᠨ ᠤ ᠳᠠᠷᠠᠭ᠎ᠠ ︽ᠪᠠᠯᠴᠢᠭᠡᠷᠯᠡᠬᠦᠯᠬᠦ ᠶᠢᠨ ᠬᠠᠮᠳᠦ ᠲᠡᠵᠢᠭᠡᠯ ᠨᠥᠬᠦᠪᠥᠷᠢᠯᠡᠬᠦ︾ ᠠᠷᠭ᠎ᠠ ᠶᠢ ᠬᠡᠷᠡᠭᠯᠡᠳᠡᠭ᠃ | ᠡᠶᠢᠨᠬᠦ ᠪᠤᠶᠢᠵᠢᠯᠳᠡ ᠶᠢᠨ ᠬᠤᠭᠤᠴᠠᠭᠠᠨ ᠳᠤ ᠬᠤᠷᠠᠭ᠎ᠠ ᠪᠦᠷᠢ ᠶᠢᠨ ᠪᠡᠶ᠎ᠡ ᠶᠢᠨ ᠬᠦᠨᠳᠦ ᠨᠢ ᠰᠠᠷ᠎ᠠ ᠪᠦᠷᠢ | ᠳᠤᠮᠳᠠᠴᠢ ᠪᠠᠷ 15 ᠵᠢᠩ ᠣᠷᠴᠢᠮ ᠨᠡᠮᠡᠭᠳᠡᠵᠦ᠂ ᠭᠠᠷᠭᠠᠯᠲᠠ ᠶᠢᠨ ᠦᠶ᠎ᠡ ᠳᠤ ᠪᠡᠶ᠎ᠡ ᠶᠢᠨ ᠤᠷᠲᠤ ᠨᠢ 100 | ᠰᠠᠨᠲ᠋ᠢᠮᠧᠲᠷ ᠣᠷᠴᠢᠮ ᠬᠦᠷᠴᠦ ᠴᠢᠳᠠᠳᠠᠭ᠃ ᠯᠢ ᠰᠢᠨ ᠠᠪᠤ ᠶᠢᠨ ᠢᠶᠠᠨ ᠮᠠᠯᠵᠢᠯ ᠤᠨ ᠲᠤᠷᠰᠢᠯᠭ᠎ᠠ ᠬᠢᠭᠡᠳ ᠦᠪᠡᠷ | ᠤᠨ ᠮᠡᠷᠭᠡᠵᠢᠯ ᠤᠨ ᠲᠠᠪᠠᠭᠤᠯᠢᠭ ᠲᠤ ᠪᠠᠨ ᠲᠦᠰᠢᠭᠯᠡᠨ ᠮᠠᠯᠵᠢᠯ ᠤᠨ ᠤᠬᠠᠭᠠᠨ ᠦᠷᠡᠯᠡᠬᠦᠯᠵᠦ ᠢᠷᠡᠭᠰᠡᠨ ᠢᠶᠠᠷ᠂ | ︽ᠮᠠᠯᠴᠢᠨ ᠤ ᠭᠡᠰᠢᠭ ᠲᠡᠵᠢᠭᠡᠨ ᠦᠷᠡᠵᠢᠬᠦᠯᠬᠦ ᠭᠡᠷ ᠪᠦᠯᠢ ᠶᠢᠨ ᠮᠠᠯᠵᠢᠯ ᠤᠨ ᠲᠠᠯᠠᠪᠠᠢ ︾ ᠶᠢᠨ ᠤᠷᠢᠶᠠᠩᠬᠠᠶ ᠬᠤᠨᠢ | ᠲᠡᠵᠢᠭᠡᠨ ᠦᠷᠡᠵᠢᠭᠦᠯᠬᠦ ᠬᠡᠪᠴᠢᠶ᠎ᠡ ᠨᠢ ᠤᠯᠠᠮ ᠢᠶᠠᠷ ᠦᠷᠭᠡᠵᠢᠵᠦ᠂ ᠶᠠᠰᠤ ᠴᠢᠨᠠᠷ ᠨᠢ ᠲᠠᠰᠤᠷᠠᠯᠲᠠ ᠦᠭᠡᠢ | ᠳᠡᠭᠡᠭᠰᠢᠯᠡᠪᠡ᠃ ᠮᠦᠨᠴᠦ ᠰᠠᠨᠠᠭᠠᠴᠢᠯᠠᠭ᠎ᠠ ᠠᠴᠠ ᠪᠠᠨ ᠡᠳᠡᠨᠡᠶᠢᠬᠢᠨ ᠤ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ | ᠮᠡᠷᠭᠡᠵᠢᠯ ᠢ ᠰᠤᠷᠤᠯᠴᠠᠵᠤ᠂ ᠬᠤᠨᠢᠨ ᠤ ᠪᠠᠨ ᠡᠭᠦᠯᠳᠡᠷ ᠢ ᠰᠠᠶᠢᠵᠢᠷᠠᠭᠤᠯᠵᠤ ᠣᠷᠣᠯᠭ᠎ᠠ ᠪᠠᠨ ᠨᠡᠮᠡᠭᠳᠡᠭᠦᠯᠬᠦ ᠶᠢ ᠵᠤᠷᠢᠵᠦ | ᠢᠷᠡᠭᠡ ᠮᠠᠯᠴᠢᠳ ᠵᠦᠩᠳᠡᠭᠡᠨ ᠤᠯᠠᠨ ᠪᠤᠯᠵᠠᠢ᠃ | ᠤᠷᠤᠨ ᠨᠤᠳᠤᠭ ᠤᠨ ᠢᠶᠠᠨ ᠰᠢᠯᠢᠳᠡᠭ ᠡᠬᠦᠯᠳᠡᠷ ᠪᠤᠯᠤᠭᠰᠠᠨ ᠤᠷᠢᠶᠠᠩᠬᠠᠢ ᠬᠤᠨᠢᠨ ᠤ ᠡᠬᠦᠯᠳᠡᠷ ᠢ ᠤᠯᠠᠮ ᠢᠶᠠᠷ | ᠰᠢᠯᠢᠳᠡᠭᠵᠢᠬᠦᠯᠵᠦ᠂ ᠦᠷ᠎ᠡ ᠠᠰᠢᠭ ᠢ ᠨᠢ ᠲᠡᠭᠡᠭᠰᠢᠯᠡᠬᠦᠯᠵᠦ ᠶᠠᠪᠤᠭ᠎ᠠ ᠮᠠᠯᠴᠢᠨ ᠮᠠᠨᠢ ᠪᠠᠭ᠋ᠠᠳᠤᠭᠤᠰᠢᠳᠠᠢ︕ |