10 ᠰᠠᠷ᠎ᠠ ᠶᠢᠨ 31 ᠤ ᠡᠳᠦᠷ᠂ ᠰᠢᠯᠢ ᠶᠢᠨ ᠭᠤᠣᠯ ᠠᠶᠢᠮᠠᠭ ᠤᠨ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠦᠯᠦᠪᠵᠢᠬᠦᠯᠭᠡ ᠶᠢᠨ ᠬᠠᠮᠤᠭ ᠤᠨ ᠣᠷᠳᠣ ᠡᠯᠡᠰᠦ ᠶᠢ ᠲᠤᠭᠤᠯᠬᠤ ᠵᠠᠰᠠᠮᠠᠯ ᠵᠠᠮ — ᠠᠪᠠᠭ᠎ᠠ | ᠬᠤᠰᠢᠭᠤᠨ ᠤ ᠪᠠᠶᠠᠨᠨᠠᠭᠤᠷ ᠠᠴᠠ ᠪᠠᠭ᠎ᠠ ᠳᠡᠷᠡᠰᠦ ᠬᠦᠷᠲᠡᠯᠡᠬᠢ ᠵᠠᠰᠠᠮᠠᠯ ᠵᠠᠮ ︵ᠴᠠᠭᠠᠨᠨᠠᠭᠤᠷ ᠪᠠᠯᠭᠠᠰᠤ ᠶᠢᠨ | ᠪᠠᠶᠠᠨᠨᠠᠭᠤᠷ ᠭᠠᠴᠠᠭ᠎ᠠ ᠠᠴᠠ ᠰᠢᠯᠤᠭᠤᠨ ᠬᠥᠬᠡ ᠬᠤᠰᠢᠭᠤᠨ ᠤ ᠵᠠᠭᠠᠭ ᠬᠦᠷᠲᠡᠯᠡᠬᠢ ᠵᠠᠰᠠᠮᠠᠯ ᠵᠠᠮ︶ ᠤᠨ ᠭᠤᠤᠯ | ᠴᠣᠭᠴᠠ ᠶᠢᠨ ᠠᠵᠢᠯ ᠳᠠᠭᠤᠰᠴᠤ᠂ 33 ᠺᠢᠯᠣᠮᠧᠲᠷ ᠤᠨ ᠡᠩᠬᠦᠯ ᠳᠤᠩᠬᠤᠯ ᠪᠠᠶᠢᠭᠠᠯᠢ ᠶᠢᠨ ᠵᠠᠮ ᠢ ᠲᠡᠭᠰᠢ ᠳᠠᠷᠳᠠᠩ | ᠴᠠᠷᠳᠠᠮᠠᠯ ᠵᠠᠮ ᠪᠤᠯᠭᠠᠵᠦ᠂ ᠴᠠᠭᠠᠨᠨᠠᠭᠤᠷ ᠪᠠᠯᠭᠠᠰᠤ ᠠᠴᠠ ᠰᠢᠯᠤᠭᠤᠨ ᠬᠥᠬᠡ ᠬᠤᠰᠢᠭᠤᠨ ᠤ ᠵᠠᠭᠠᠭ ᠬᠥᠷᠬᠦ ᠵᠠᠮ ᠢ | ᠨᠡᠪᠲᠡᠷᠡᠭᠦᠯᠪᠡ᠃ | ᠪᠠᠶᠠᠨᠨᠠᠭᠤᠷ ᠠᠴᠠ ᠪᠠᠭ᠎ᠠ ᠳᠡᠷᠡᠰᠦ ᠬᠦᠷᠲᠡᠯᠡᠬᠢ ᠵᠠᠰᠠᠮᠠᠯ ᠵᠠᠮ ᠢ ᠳᠤᠮᠳᠠᠳᠤ ᠤᠯᠤᠰ ᠤᠨ ᠵᠠᠮ ᠬᠠᠷᠢᠯᠴᠠᠭᠠᠨ ᠤ | ᠪᠠᠶᠢᠭᠤᠯᠤᠯᠳᠠ ᠶᠢᠨ ᠬᠤᠶᠠᠳᠤᠭᠠᠷ ᠠᠶᠠᠯᠠᠯ ᠤᠨ ᠶᠠᠪᠤᠳᠠᠯ ᠤᠨ ᠢᠨᠵᠢᠨᠧᠷᠢᠩ ᠤᠨ ᠳᠤᠪᠴᠢᠶ᠎ᠠ ᠶᠢᠨ ᠬᠢᠵᠠᠭᠠᠷᠲᠤ | ᠺᠣᠮᠫᠠᠨᠢ ᠠᠴᠠ ᠳᠠᠭᠠᠭᠠᠴᠢᠯᠠᠨ᠂ ᠳᠥᠷᠪᠡᠳᠦᠭᠡᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠲᠥᠯᠦᠪᠯᠡᠨ ᠵᠠᠰᠠᠵᠦ᠂ | ᠴᠠᠭᠠᠨᠨᠠᠭᠤᠷ ᠪᠠᠯᠭᠠᠰᠤᠨ ᠤ ᠪᠠᠶᠠᠨᠨᠠᠭᠤᠷ ᠭᠠᠴᠠᠭ᠎ᠠ ᠠᠴᠠ ᠡᠬᠢᠯᠡᠵᠦ᠂ ᠡᠮᠦᠨᠡᠰᠢ ᠪᠠᠨ ᠰᠢᠯᠤᠭᠤᠨ ᠬᠦᠬᠡ ᠬᠤᠰᠢᠭᠤᠨ | ᠤ ᠵᠢᠭᠠᠰᠤᠲᠠᠢ ᠰᠤᠮᠤ ᠲᠠᠢ ᠵᠠᠯᠭᠠᠵᠤ᠂ ᠵᠠᠰᠠᠮᠠᠯ ᠵᠠᠮ ᠤᠨ ᠪᠦᠬᠦ ᠤᠷᠳᠤ ᠨᠢ 33 ᠺᠢᠯᠣᠮᠧᠲᠷ ᠂ | ᠵᠠᠮ ᠤᠨᠥᠷᠭᠡᠨ ᠨᠢ 4.5 ᠮᠧᠲᠷ᠂ ᠪᠠᠷᠤᠭᠰᠢᠨ ᠪᠧᠲ᠋ᠤᠨ ᠵᠠᠮ ᠤᠨ ᠭᠠᠳᠠᠷᠭᠤ ᠲᠠᠢ᠂ ᠬᠤᠯᠠᠨ ᠰᠢᠷᠭ᠎ᠠ ᠳᠠᠭ᠎ᠠ ᠶᠢᠨ | ᠡᠯᠡᠰᠦᠷᠬᠡᠭ ᠭᠠᠵᠠᠷ ᠤᠨ ᠬᠤᠶᠢᠲᠤ ᠵᠠᠬ᠎ᠠ ᠶᠢ ᠲᠤᠭᠤᠯᠤᠭᠰᠠᠨ᠂ ︽ᠵᠠᠮ ᠢᠶᠠᠷ ᠡᠯᠡᠰᠦ ᠶᠢ ᠵᠠᠰᠠᠬᠤ︾ | ᠦᠢᠯᠡᠳᠦᠯᠭᠡ ᠶᠢᠨ ᠲᠦᠷᠦᠯ ᠵᠦᠢᠯ ᠪᠣᠯᠤᠨ᠎ᠠ᠃ | ᠠᠪᠠᠭ᠎ᠠ ᠬᠤᠰᠢᠭᠤᠨ ᠤ ᠴᠠᠭᠠᠨᠨᠠᠭᠤᠷ ᠪᠠᠯᠭᠠᠰᠤ ᠶᠢᠨ ᠪᠠᠶᠠᠨᠨᠠᠭᠤᠷ ᠭᠠᠴᠠᠭ᠎ᠠ ᠶᠢᠨ ᠭᠤᠣᠯ ᠵᠠᠮ ᠨᠢ ᠨᠡᠬᠦᠳᠡᠯ | ᠡᠯᠡᠰᠦᠨ ᠲᠤᠮᠳᠠ ᠠᠶᠠᠨᠳᠠᠭᠠᠨ ᠪᠤᠢ ᠪᠣᠯᠤᠭᠰᠠᠨ ᠵᠠᠮ ᠪᠠᠶᠢᠵᠤ᠂ ᠲᠡᠷᠭᠡ ᠤᠨᠤᠭ᠎ᠠ ᠶᠠᠪᠤᠬᠤ ᠳᠤ ᠬᠦᠴᠢᠷ᠂ | ᠦᠷᠭᠦᠯᠵᠢ ᠲᠡᠷᠭᠡ ᠰᠠᠭᠤᠬᠤ᠂ ᠥᠨᠳᠥᠷ ᠡᠭᠴᠡ ᠬᠥᠲᠥᠯ᠂ ᠤᠷᠤᠭᠤ ᠬᠥᠲᠦᠯ ᠵᠡᠷᠭᠡ ᠤᠯᠠᠨ ᠪᠠᠶᠢᠵᠦ᠂ ᠡᠪᠡᠰᠦ | ᠪᠣᠷᠳᠤᠭ᠎ᠠ ᠵᠥᠭᠡᠭᠡᠪᠦᠷᠢᠯᠡᠬᠦ ᠳᠤ ᠬᠦᠴᠢᠷ᠂ ᠮᠠᠯ ᠤᠨᠤᠭ᠎ᠠ ᠶᠢᠨ ᠭᠠᠷᠭᠠᠯᠲᠠ ᠶᠢᠨ ᠲᠡᠭᠡᠭᠡᠪᠦᠷᠢ ᠳᠤ ᠰᠠᠭᠠᠳ ᠲᠠᠢ᠂ | ᠠᠮᠢᠳᠤᠷᠠᠯ ᠤᠨ ᠥᠪᠡᠷ ᠤᠨ ᠦᠷᠳᠡᠭ ᠥᠨᠳᠥᠷ ᠵᠡᠷᠭᠡ ᠠᠰᠠᠭᠤᠳᠠᠯ ᠢ ᠪᠤᠢ ᠪᠣᠯᠭᠠᠭᠰᠠᠨ ᠪᠠᠶᠢᠳᠠᠭ᠃ ᠬᠠᠷᠠᠭᠠᠨ ᠤ | ᠦᠵᠦᠬᠦᠷ ᠲᠠᠬᠢ ᠵᠠᠶ ᠪᠠᠶᠢᠲᠠᠯ᠎ᠠ ᠪᠠᠨ ᠬᠦᠷᠬᠦ ᠳᠤ ᠬᠦᠴᠢᠷ ᠯᠡ ᠪᠠᠶᠢᠵᠦ᠂ ᠵᠠᠮ ᠵᠠᠰᠠᠵᠦ ᠨᠡᠪᠳᠡᠷᠡᠬᠦᠯᠬᠦ ᠨᠢ | ᠮᠠᠯᠴᠢᠳ ᠤᠨ ᠬᠠᠮᠤᠭ ᠤᠨ ᠶᠡᠭᠡ ᠬᠦᠰᠡᠯ ᠮᠦᠷᠦᠭᠡᠳᠦᠯ ᠪᠤᠯᠵᠦ ᠪᠠᠶᠢᠭᠰᠠᠨ᠃ | ᠡᠨᠡᠬᠦ ᠵᠠᠰᠠᠮᠠᠯ ᠵᠠᠮ ᠤᠨ ᠢᠨᠵᠧᠨᠧᠷᠢᠩ ᠨᠢ ᠬᠤᠰᠢᠭᠤ ᠵᠠᠰᠠᠭ ᠤᠨ ᠣᠷᠳᠣᠨ᠂ ᠵᠠᠮ ᠬᠠᠷᠢᠯᠴᠠᠭ᠎ᠠ ᠲᠡᠭᠡᠭᠡᠪᠤᠷᠢ | ᠶᠢᠨ ᠲᠣᠪᠴᠢᠶ᠎ᠠ᠂ ᠪᠦᠳᠦᠭᠡᠨ ᠪᠠᠶᠢᠭᠤᠯᠤᠯᠳᠠ ᠳᠤ ᠣᠷᠣᠯᠴᠠᠭᠰᠠᠨ ᠪᠠᠶᠢᠭᠤᠯᠭ᠎ᠠ ᠨᠢᠭᠡᠴᠡ ᠵᠢᠴᠢ ᠵᠠᠮ ᠳᠠᠭᠠᠤ ᠰᠤᠮᠤ | ᠪᠠᠯᠭᠠᠰᠤ᠂ ᠭᠠᠴᠠᠭ᠎ᠠ ᠶᠢᠨ ᠣᠯᠠᠨ ᠲᠠᠯ᠎ᠠ ᠶᠢᠨ ᠬᠦᠴᠦ ᠬᠥᠳᠡᠯᠮᠦᠷᠢ ᠶᠢ ᠨᠢᠭᠲᠠᠷᠠᠭᠤᠯᠵᠤ᠂ ᠵᠠᠮ ᠳᠠᠭᠠᠤ ᠮᠠᠯᠴᠢᠳ | ᠤᠨ ᠬᠦᠴᠦᠲᠡᠶ ᠳᠡᠮᠵᠢᠯᠭᠡ ᠶᠢ ᠤᠯᠤᠭᠰᠠᠨ ᠪᠠᠶᠢᠨ᠎ᠠ᠃ | ᠵᠠᠰᠠᠮᠠᠯ ᠵᠠᠮ ᠨᠡᠪᠳᠡᠷᠡᠭᠰᠡᠨ ᠤ ᠳᠠᠷᠠᠭ᠎ᠠ᠂ 8 ᠲᠦᠮᠡ ᠭᠠᠷᠤᠶ ᠮᠥ ᠲᠠᠯᠠᠪᠠᠶ ᠪᠦᠬᠦᠢ ᠡᠯᠡᠰᠦ ᠶᠢ ᠵᠠᠰᠠᠬᠤ | ᠪᠣᠯᠤᠨ᠎ᠠ᠃ ᠵᠠᠰᠠᠮᠠᠯ ᠵᠠᠮ ᠤᠨ ᠲᠣᠰ ᠪᠡᠶ᠎ᠡ ᠨᠢ ᠡᠯᠡᠰᠦᠷᠬᠡᠭ ᠭᠠᠵᠠᠷ ᠢ ᠲᠣᠭᠲᠠᠪᠤᠷᠢᠵᠢᠭᠤᠯᠬᠤ ᠶᠢᠨ ᠬᠠᠮᠲᠤ | ᠡᠯᠡᠰᠦᠷᠬᠡᠭ ᠭᠠᠵᠠᠷ ᠢ ᠰᠠᠯᠭᠠᠨ ᠵᠠᠰᠠᠵᠦ᠂ ᠡᠪᠡᠰᠦ ᠮᠣᠳᠣ ᠳᠠᠷᠢᠬᠤ᠂ ᠠᠮᠢ ᠠᠬᠤᠶ ᠶᠢ ᠵᠠᠰᠠᠬᠤ᠂ ᠡᠯᠡᠰᠦᠷᠭᠡᠭᠵᠢᠯ ᠢ | ᠰᠡᠷᠭᠡᠶᠢᠯᠡᠵᠦ ᠡᠯᠡᠰᠦ ᠶᠢ ᠵᠠᠰᠠᠬᠤ᠂ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠤᠨ ᠠᠬᠢᠴᠠ ᠶᠢ | ᠲᠦᠷᠭᠡᠳᠬᠡᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠦᠭᠡᠯᠲᠡ ᠶᠢ ᠳᠠᠶᠢᠯᠠᠯᠳᠤᠭᠠᠨ ᠤ | ᠢᠯᠠᠯᠲᠠ ᠶᠢ ᠤᠯᠬᠤ ᠳᠤ ᠠᠬᠢᠭᠤᠯᠬᠤ ᠦᠢᠯᠡᠳᠦᠯ ᠲᠠᠢ᠃ ᠡᠨᠡᠬᠦ ᠵᠠᠰᠠᠮᠠᠯ ᠵᠠᠮ ᠨᠢ 60 ᠭᠠᠷᠤᠶ ᠲᠦᠮᠡᠨ ᠮᠥ | ᠨᠤᠳᠤᠭ ᠪᠠᠯᠴᠢᠭᠡᠷ ᠢ ᠬᠤᠯᠪᠣᠵᠤ᠂ 120 ᠭᠠᠷᠤᠶ ᠮᠠᠯᠵᠢᠬᠤ ᠡᠷᠦᠬᠡ ᠰᠢᠭᠤᠳ ᠠᠰᠢᠭ ᠢ ᠨᠢ ᠬᠦᠷᠳᠡᠨ᠂ ᠤᠤᠯ ᠤᠨ | ᠨᠢᠭᠡ ᠴᠠᠭ ᠭᠠᠷᠤᠶ ᠶᠢᠨ ᠵᠠᠮ ᠢ 30 ᠮᠢᠨᠦ᠋ᠲ ᠯᠡ ᠶᠠᠪᠤᠬᠤ ᠪᠤᠯᠵᠦ᠂ ᠮᠠᠯᠴᠢᠨ ᠲᠦᠮᠡᠨ ᠤ ᠶᠠᠪᠤᠵᠤ ᠰᠠᠭᠤᠬᠤ ᠳᠤ | ᠬᠦᠴᠢᠷᠲᠡᠶ᠂ ᠠᠮᠢᠳᠤᠷᠠᠯ ᠤᠨ ᠥᠪᠡᠷ ᠤᠨ ᠥᠷᠲᠡᠭ ᠥᠨᠳᠥᠷ᠂ ᠮᠠᠯ ᠤᠨ ᠠᠰᠢᠭ ᠰᠢᠮ᠎ᠡ ᠶᠢᠨ ᠪᠣᠷᠣᠯᠠᠭᠤᠯᠤᠯᠲᠠ ᠳᠤ | ᠬᠠᠷᠰᠢᠲᠠᠢ ᠪᠠᠶᠢᠭᠰᠠᠨ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠵᠤ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ | ᠳᠠᠶᠢᠴᠢᠯᠠᠨ᠂ ᠦᠨᠳᠦᠰᠦᠲᠡᠨ ᠤ ᠪᠦᠯᠬᠦᠮᠳᠡᠯ ᠢ ᠠᠬᠢᠭᠤᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠵᠤ ᠴᠢᠳᠠᠨ᠎ᠠ᠃ | ᠤᠢᠢᠷ᠎ᠠ ᠶᠢᠨ ᠵᠢᠯ ᠠᠴᠠ᠂ ᠰᠢᠯᠢ ᠶᠢᠨ ᠭᠤᠣᠯ ᠠᠶᠢᠮᠠᠭ ᠨᠢ ᠡᠯᠡᠰᠦ ᠶᠢ ᠲᠤᠭᠤᠯᠬᠤ ᠵᠠᠰᠠᠮᠠᠯ ᠵᠠᠮ ᠤᠨ | ᠲᠣᠣᠷ ᠲᠤ ᠲᠦᠰᠢᠭᠯᠡᠵᠦ᠂ ᠪᠦᠬᠦ ᠠᠶᠢᠮᠠᠭ ᠢ ᠪᠦᠷᠬᠦᠭᠰᠡᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ | ᠳᠤᠮᠤ ᠲᠣᠭᠤᠷᠢᠯ ᠵᠠᠮ ᠢ ᠴᠣᠭᠴᠠᠯᠠᠵᠠᠢ᠃ ᠡᠨᠡᠬᠦ ᠵᠠᠰᠠᠮᠠᠯ ᠵᠠᠮ ᠨᠢ ᠬᠤᠯᠠᠨ ᠰᠢᠷᠭ᠎ᠠ ᠳᠠᠭ᠎ᠠ ᠶᠢᠨ ᠶᠡᠭᠡ ᠲᠣᠭᠤᠷᠢᠯ | ᠵᠠᠮ ᠢᠶᠠᠷ ᠥᠩᠭᠡᠷᠡᠬᠦ ᠠᠶᠠᠯᠠᠯ ᠤᠨ ᠰᠠᠯᠪᠤᠷᠢ ᠱᠤᠭᠤᠮ ᠪᠤᠯᠵᠤ᠂ ᠨᠡᠩ ᠤᠯᠠᠨ ᠵᠤᠭᠠᠴᠠᠭᠰᠠᠳ ᠢ ᠲᠠᠲᠠᠵᠤ᠂ ᠬᠤᠯᠠᠨ | ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢᠶᠠᠷ ᠵᠤᠭᠠᠴᠠᠭᠤᠯᠤᠨ ᠂ ᠵᠤᠭᠠᠴᠠᠯ ᠤᠨ ᠦᠢᠯᠡᠰ ᠤᠨ ᠬᠥᠭᠵᠢᠯᠲᠡ ᠶᠢ | ᠠᠬᠢᠭᠤᠯᠬᠤ ᠪᠣᠯᠤᠨ᠎ᠠ᠃ ᠡᠭᠦᠨ ᠤ ᠬᠠᠮᠲᠤ᠂ ᠲᠡᠷᠡ ᠨᠢ ᠵᠠᠰᠠᠮᠠᠯ ᠵᠠᠮ ᠤᠨ ᠬᠤᠯᠪᠣᠯᠳᠤᠨ ᠨᠡᠪᠲᠡᠷᠡᠯᠴᠡᠬᠦ ᠪᠠ ᠠᠪᠠᠭ᠎ᠠ | ᠬᠤᠰᠢᠭᠤ᠂ ᠰᠢᠯᠤᠭᠤᠨ ᠬᠥᠬᠡ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ ᠭᠤᠷᠪᠠᠨ ᠭᠠᠵᠠᠷ ᠤᠨ | ᠰᠣᠯᠢᠯᠴᠠᠭ᠎ᠠ ᠶᠠᠪᠤᠯᠴᠠᠭ᠎ᠠ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ |