11 ᠰᠠᠷ᠎ᠠ ᠶᠢᠨ 5 ᠤ ᠡᠳᠤᠷ᠂ ᠬᠤᠩᠭᠤᠷᠭᠤᠤᠯ ᠪᠠᠯᠭᠠᠰᠤ ᠲᠤᠤᠷᠴᠢᠯᠠᠭᠰᠡᠨ ᠬᠠᠮᠢᠶᠠᠷᠤᠯᠳᠠ ᠶᠢᠨ ᠠᠵᠢᠯᠳᠠᠨ | ᠤ ᠪᠤᠯᠪᠠᠰᠤᠷᠠᠯ ᠤᠨ ᠬᠤᠷᠡᠯ ᠬᠤᠷᠠᠯᠳᠤᠪᠠ᠃ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠬᠡᠰᠢᠬᠦᠨ᠂ | ᠡᠯ᠎ᠠ ᠭᠠᠴᠠᠭᠠᠨ ᠤ ︽ᠬᠤᠶᠡᠷ ᠵᠦᠪᠯᠡᠯ︾ ᠤᠨ ᠬᠡᠰᠢᠬᠦᠳ᠂ ᠡᠯ᠎ᠠ ᠭᠠᠴᠠᠭᠠᠨ ᠤ ᠲᠤᠤᠷᠴᠢᠯᠠᠭᠰᠡᠨ ᠬᠠᠮᠢᠶᠠᠷᠤᠯᠳᠠ | ᠶᠢᠨ ᠠᠵᠢᠯᠳᠠᠨ ᠵᠢᠴᠢ ᠪᠠᠯᠭᠠᠰᠤᠨ ᠤ ᠺᠠᠳ᠋ᠷ ᠠᠵᠢᠯᠳᠠᠳ ᠪᠤᠯᠪᠠᠰᠤᠷᠠᠯ ᠤᠨ ᠬᠤᠷᠡᠯ ᠳᠤ ᠤᠷᠤᠯᠴᠠᠵᠠᠢ᠃ | ᠪᠤᠯᠪᠠᠰᠤᠷᠠᠯ ᠤᠨ ᠬᠤᠷᠡᠯ ᠳᠤ᠂ ᠪᠦᠬᠦ ᠪᠠᠯᠭᠠᠰᠤᠨ ᠤ ᠲᠤᠤᠷᠴᠢᠯᠠᠭᠰᠡᠨ ᠬᠠᠮᠢᠶᠠᠷᠤᠯᠳᠠ ᠶᠢᠨ ᠠᠵᠢᠯᠳᠠᠳ | ᠭᠠᠴᠠᠭᠠᠨ ᠤ ᠡᠯ᠎ᠠ ᠵᠥᠢᠯ ᠤᠨ ᠠᠵᠢᠯ ᠳᠤ ᠦᠵᠡᠬᠦᠯᠦᠭᠰᠡᠨ ᠬᠤᠪᠢ ᠨᠠᠮᠠᠷᠢ ᠶᠢ ᠪᠦᠬᠦ ᠲᠠᠯ᠎ᠠ ᠪᠠᠷ ᠳ᠋ᠦᠩᠨᠡᠵᠤ᠂ | ᠲᠤᠤᠷᠴᠢᠯᠠᠭᠰᠡᠨ ᠬᠠᠮᠢᠶᠠᠷᠤᠯᠳᠠ ᠶᠢᠨ ᠠᠵᠢᠯᠳᠠᠨ ᠤ ᠲᠤᠬᠢᠷᠠᠭᠤᠯᠤᠯᠳᠠ ᠵᠢᠴᠢ ᠡᠩᠨᠡᠬᠡᠨ ᠤ ᠪᠠᠶᠢᠷᠢᠯᠠᠭᠤᠯᠤᠯᠳᠠ᠂ | ᠡᠬᠦᠷᠬᠡ ᠲᠤᠰᠢᠶᠠᠯ᠂ ᠠᠵᠢᠯ ᠤᠨ ᠲᠦᠷᠢᠮ᠂ ᠡᠳᠤᠷ ᠲᠤᠳᠤᠮ ᠤᠨ ᠠᠵᠢᠯ ᠤᠨ ᠶᠠᠪᠤᠴᠠ ᠵᠡᠷᠬᠡ ᠲᠠᠯ᠎ᠠ ᠪᠠᠷ ᠨᠠᠷᠢᠨ | ᠲᠠᠶᠢᠯᠪᠤᠷᠢᠯᠠᠯᠳᠠ ᠬᠢᠵᠤ᠂ ᠡᠬᠦᠨ ᠤ ᠬᠠᠮᠳᠤ ᠲᠤᠤᠷᠴᠢᠯᠠᠭᠰᠡᠨ ᠬᠠᠮᠢᠶᠠᠷᠤᠯᠳᠠ ᠶᠢᠨ ᠠᠵᠢᠯᠳᠠᠨ ᠤ ᠡᠳᠤᠷ ᠲᠤᠳᠤᠮ | ᠤᠨ ᠠᠵᠢᠯ ᠤᠨ ᠪᠤᠳᠠᠳᠤ ᠪᠠᠶᠢᠳᠠᠯ ᠪᠠ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠱᠠᠭᠠᠷᠳᠠᠯᠭ᠎ᠠ ᠲᠠᠢ | ᠤᠶᠠᠯᠳᠤᠭᠤᠯᠤᠨ ᠵᠢᠯᠤᠭᠤᠳᠬᠤ ᠴᠢᠨᠡᠷᠳᠡᠢ᠂ ᠬᠠᠨᠳᠤᠯᠭᠠᠳᠤ ᠴᠢᠨᠡᠷᠳᠤ ᠰᠠᠨᠠᠯ ᠰᠠᠨᠠᠭᠤᠯᠭ᠎ᠠ ᠲᠤᠷᠡᠳᠴᠤ᠂ | ᠲᠤᠤᠷᠴᠢᠯᠠᠭᠰᠡᠨ ᠰᠦᠯᠵᠢᠶᠠᠨ ᠤ ᠠᠵᠢᠯᠳᠠᠨ ᠤ ᠡᠬᠦᠷᠬᠡ ᠬᠠᠷᠢᠭᠤᠴᠠᠯᠭ᠎ᠠ᠂ ᠬᠡᠪ ᠴᠢᠨᠡᠷ ᠵᠢᠴᠢ ᠠᠵᠢᠯ ᠤᠨ | ᠦᠷᠨᠢᠯᠳᠠ ᠶᠢ ᠲᠤᠳᠤᠷᠬᠠᠶᠢᠯᠠᠵᠤ᠂ ᠰᠦᠯᠵᠢᠶᠠᠨ ᠤ ᠠᠵᠢᠯᠳᠠᠨ ᠤ ᠦᠢᠯᠡᠳᠤᠯ ᠴᠢᠳᠠᠮᠵᠢ ᠪᠠᠨ ᠦᠨᠡᠨ ᠬᠦ | ᠪᠠᠳᠠᠷᠠᠭᠤᠯᠬᠤ ᠬᠡᠷᠡᠭᠳᠡᠢ ᠬᠡᠵᠤ ᠱᠠᠭᠠᠷᠳᠠᠪᠠ᠃ | ᠲᠠᠷᠠᠭᠠᠴᠢ ᠶᠢᠨ ᠠᠯᠬᠤᠮ ᠳᠤ᠂ ᠬᠤᠩᠭᠤᠷᠭᠤᠤᠯ ᠪᠠᠯᠭᠠᠰᠤ ᠪᠤᠯᠪᠠᠰᠤᠷᠠᠯ ᠤᠨ ᠡᠷᠴᠢᠮ ᠢᠶᠠᠨ ᠦᠷᠬᠦᠯᠵᠢᠯᠡᠨ | ᠴᠢᠩᠭᠠᠷᠠᠭᠤᠯᠵᠤ᠂ ᠬᠠᠮᠢᠶᠠᠷᠤᠯᠳᠠ ᠶᠢᠨ ᠲᠤᠭᠳᠠᠴᠠ ᠪᠠᠨ ᠲᠡᠬᠦᠯᠳᠡᠷᠵᠢᠬᠦᠯᠤᠨ᠂ ᠠᠵᠢᠯᠯᠠᠬᠤ ᠠᠷᠭ᠎ᠠ ᠪᠠᠨ | ᠰᠢᠨᠠᠴᠢᠯᠠᠵᠤ᠂ ᠪᠦᠬᠦ ᠪᠠᠯᠭᠠᠰᠤᠨ ᠤ ᠲᠤᠤᠷᠴᠢᠯᠠᠭᠰᠡᠨ ᠬᠠᠮᠢᠶᠠᠷᠤᠯᠳᠠ ᠶᠢᠨ ᠠᠵᠢᠯ ᠤᠨ ᠰᠢᠨ᠎ᠠ ᠲᠡᠭᠳᠡᠷ ᠲᠤ ᠭᠠᠷᠬᠤ | ᠶᠢ ᠴᠢᠷᠮᠠᠶᠢᠨ ᠠᠬᠢᠭᠤᠯᠤᠨ᠎ᠠ᠃ |