ᠠᠪᠠᠭ᠎ᠠ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 97 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ 2024 ᠣᠨ ᠤ ᠪᠦᠬᠦ ᠬᠤᠰᠢᠭᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/18
   12 ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 97 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ 2024 ᠣᠨ ᠤ ᠪᠥᠬᠦ ᠬᠤᠰᠢᠭᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ  ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ 2024 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠴᠤ ᠦᠨᠡᠯᠡᠨ᠂ ᠲᠠᠷᠠᠭᠠᠴᠢ ᠶᠢᠨ ᠠᠯᠬᠤᠮ ᠤᠨ ᠨᠠᠮ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠵᠤ᠂ ᠨᠠᠮ ᠢᠶᠠᠨ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠪᠠ᠃    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠭᠡᠰᠢᠭᠦᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠤᠯ ᠤᠳᠤᠷᠢᠳᠤᠯᠭ᠎ᠠ᠂ ᠬᠤᠰᠢᠭᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠥᠬᠦ ᠭᠡᠰᠢᠭᠦᠨ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠵᠣᠬᠢᠶᠠᠨ ᠪᠠᠶᠢᠭᠤᠯᠬᠤ ᠭᠡᠰᠢᠭᠦᠨ᠂ ᠬᠤᠰᠢᠭᠤ ᠡᠯ᠎ᠡ ᠬᠡᠯᠲᠡᠰ᠂ ᠵᠥᠪᠯᠡᠯ᠂ ᠠᠯᠪᠠᠨ ᠬᠡᠷ᠂ ᠲᠣᠪᠴᠢᠶ᠎ᠠ ᠪᠣᠯᠤᠨ ᠡᠯ᠎ᠡ ᠠᠷᠠᠳ ᠤᠨ ᠪᠦᠯᠬᠦᠮ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠬᠡᠰᠡᠭ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠤᠨ ᠬᠤᠷᠢᠶ᠎ᠠ᠂ ᠬᠤᠰᠢᠭᠤ ᠬᠡᠰᠡᠭ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ 2024 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠬᠢᠵᠦ᠂ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠠᠴᠠ ᠨᠢᠭᠡᠳ ᠨᠢᠭᠡ ᠪᠠᠷ ᠦᠨᠡᠯᠡᠯᠲᠡ ᠬᠢᠪᠠ᠃ ᠲᠤᠰᠢᠶᠠᠯ ᠤᠨ ᠮᠡᠳᠡᠭᠦᠯᠦᠯᠲᠡ ᠬᠢᠭᠰᠡᠨ ᠤ ᠳᠠᠷᠠᠭ᠎ᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠠᠩ ᠵᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠤᠸᠠᠨ ᠵᠧᠨ ᠬᠤᠸᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠠᠩᠴᠣᠭᠲᠤ ᠲᠤᠰ ᠲᠤᠰ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠯᠲᠡ ᠬᠢᠪᠡ᠃ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠢ ᠨᠢᠭᠡᠳᠦᠭᠡᠷ ᠰᠠᠯᠠᠭᠠᠨ ᠤ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠢ ᠵᠣᠬᠢᠶᠠᠨ ᠪᠠᠶᠢᠭᠤᠯᠵᠤ ᠶᠡᠷᠦᠩᠬᠡᠶᠢᠯᠡᠨ ᠦᠨᠡᠯᠡᠯᠲᠡ ᠬᠢᠪᠡ᠃    ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠤᠯᠤᠰ ᠲᠥᠷᠥ ᠶᠢᠨ ᠪᠠᠶᠢᠭᠤᠯᠤᠯᠲᠠ ᠭᠡᠬᠦ ᠡᠨᠡ ᠬᠦ ︽ᠲᠡᠷᠢᠭᠦᠨ ᠴᠢᠬᠤᠯᠠ ᠶᠠᠪᠤᠳᠠᠯ︾ ᠢ ᠴᠢᠩᠭ᠎ᠠ ᠠᠳᠬᠤᠨ ᠪᠣᠳᠠᠲᠠᠶ ᠠᠳᠬᠤᠵᠤ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠢ ᠡᠷᠡᠰ ᠬᠠᠮᠠᠭᠠᠯᠠᠵᠤ᠂ ᠪᠠᠶᠢᠩᠭᠤᠵᠢᠭᠤᠯᠬᠤ᠂ ᠳᠦᠷᠢᠮᠵᠢᠭᠦᠯᠬᠦ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ︽ᠨᠢᠭᠡᠳᠦᠭᠡᠷ ᠵᠥᠪᠯᠡᠬᠦ ᠰᠡᠳᠦᠪ︾ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠨ᠎ᠡ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠨᠠᠮ ᠤᠨ ᠰᠢᠨ᠎ᠡ ᠤᠨᠤᠯ ᠪᠣᠯᠤᠨ ᠲᠤᠰᠬᠠᠢ ᠮᠡᠳᠡᠯᠭᠡ ᠶᠢ ᠪᠦᠬᠦ ᠲᠠᠯ᠎ᠠ ᠪᠠᠷ ᠰᠤᠷᠤᠯᠴᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠥᠭᠵᠢᠯᠲᠡ ᠶᠢ ᠰᠦᠪᠡᠭᠴᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠠᠴᠠ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠡᠷᠡᠰ ᠡᠭᠦᠷᠭᠡᠯᠡᠨ᠂ ᠨᠠᠮ ᠤᠨ ᠪᠠᠶᠢᠭᠤᠯᠤᠯᠲᠠ ᠶᠢᠨ ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠨᠠᠮ ᠤᠨ ᠪᠠᠶᠢᠭᠤᠯᠤᠯᠲᠠ ᠶᠢᠨ ᠠᠰᠠᠭᠤᠳᠠᠯ ᠢ ᠪᠡᠶ᠎ᠡ ᠪᠠᠷ ᠢᠶᠠᠨ ᠰᠤᠳᠤᠯᠤᠨ᠂ ᠨᠠᠮ ᠤᠨ ᠪᠠᠶᠢᠭᠤᠯᠤᠯᠲᠠ ᠶᠢᠨ ᠶᠠᠪᠤᠳᠠᠯ ᠢ ᠪᠡᠶ᠎ᠡ ᠪᠠᠷ ᠢᠶᠠᠨ ᠱᠠᠯᠠᠪᠳᠠᠭᠤᠯᠤᠨ ᠰᠢᠢᠳᠪᠦᠷᠢᠯᠡᠵᠦ᠂ ᠲᠦᠷᠦᠭᠦᠯᠡᠨ ᠭᠤᠣᠯᠳᠠᠯᠭ᠎ᠠ ᠶᠢ ᠠᠳᠬᠤᠨ᠂ ᠬᠦᠴᠢᠷ ᠠᠰᠠᠭᠤᠳᠠᠯ ᠢ ᠠᠳᠬᠤᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠬᠠᠮᠤᠭ ᠤᠨ ᠰᠢᠨ᠎ᠡ ᠪᠠᠶᠢᠷᠢᠯᠠᠭᠤᠯᠤᠯᠲᠠ ᠪᠣᠯᠤᠨ ᠱᠠᠭᠠᠷᠳᠠᠯᠭ᠎ᠠ ᠶᠢ ᠭᠦᠨᠵᠡᠭᠡᠢ  ᠰᠤᠷᠤᠯᠴᠠᠵᠤ᠂ ᠰᠢᠨ᠎ᠡ ᠪᠠᠶᠢᠳᠠᠯ ᠳᠣᠣᠷᠠᠬᠢ ᠨᠠᠮ ᠤᠨ ᠪᠠᠶᠢᠭᠤᠯᠤᠯᠲᠠ ᠶᠢᠨ ᠠᠵᠢᠯ ᠤᠨ ᠣᠨᠴᠠᠯᠢᠭ ᠪᠣᠯᠤᠨ ᠵᠢᠮ᠎ᠡ ᠶᠣᠰᠣ ᠶᠢ ᠭᠦᠨᠵᠡᠭᠡᠢ ᠰᠤᠳᠤᠯᠤᠨ ᠡᠵᠡᠮᠳᠡᠵᠦ᠂ ᠪᠣᠳᠠᠲᠠᠢ ᠲᠠᠢ ᠨᠢᠭᠲᠠ ᠤᠶᠠᠯᠳᠤᠭᠤᠯᠤᠨ᠂ ᠰᠡᠳᠬᠢᠴᠡ ᠪᠣᠯᠤᠨ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠬᠤ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠬᠡᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号