ᠣᠶᠢᠷ᠎ᠠ ᠳᠤ᠂ ᠠᠪᠠᠭ᠎ᠠ ᠬᠤᠰᠢᠭᠤᠨ ᠤ ᠪᠠᠶᠠᠨᠨᠠᠭᠤᠷ ᠠᠴᠠ ᠪᠠᠭ᠎ᠠ ᠲᠡᠷᠡᠰᠦᠳᠠᠢ ᠬᠦᠷᠬᠦ ᠡᠯᠡᠰᠦ ᠶᠢ | ᠲᠤᠭᠤᠯᠤᠭᠰᠠᠨ ᠵᠠᠰᠠᠮᠠᠯ ᠵᠠᠮ ᠤᠨ ᠭᠤᠣᠯ ᠴᠤᠭᠴᠠ ᠶᠢᠨ ᠠᠵᠢᠯ ᠠᠮᠵᠢᠯᠳᠠ ᠲᠠᠢ ᠳᠠᠭᠤᠰᠤᠭᠰᠠᠨ ᠴᠢᠮᠡᠭᠡ ᠮᠠᠯᠴᠢᠳ | ᠲᠤ ᠪᠠᠶᠠᠷ ᠤᠨ ᠤᠴᠢᠷ ᠪᠤᠯᠤᠨ ᠠᠮᠠ ᠳᠠᠮᠵᠢᠭᠳᠠᠨ᠎ᠠ᠃ ᠡᠨᠡᠬᠦ ᠵᠠᠮ ᠢ ᠵᠠᠰᠠᠭᠰᠠᠨ ᠨᠢ ᠵᠠᠮ ᠳᠠᠭᠠᠤ ᠮᠠᠯᠴᠢᠳ ᠤᠨ | ᠶᠠᠪᠤᠵᠤ ᠰᠠᠭᠤᠬᠤ ᠨᠥᠬᠦᠴᠡᠯ ᠢ ᠶᠡᠭᠡ ᠪᠠᠷ ᠰᠠᠶᠢᠵᠢᠷᠠᠭᠤᠯᠵᠤ᠂ ᠭᠠᠵᠠᠷ ᠣᠷᠣᠨ ᠤ ᠬᠦᠭᠵᠢᠯᠳᠡ ᠶᠢᠨ ︽ᠠᠮᠢᠨ | ᠰᠤᠳᠠᠰᠦ︾ ᠶᠢ ᠨᠡᠪᠳᠡᠷᠡᠬᠦᠯᠦᠯᠡ᠃ | ᠰᠢᠨ᠎ᠡ ᠪᠠᠷ ᠵᠠᠰᠠᠭᠰᠠᠨ ᠵᠠᠰᠠᠮᠠᠯ ᠵᠠᠮ ᠡᠯᠡᠰᠦᠨ ᠨᠤᠳᠤᠭ ᠲᠤ ᠰᠤᠨᠤᠯᠵᠠᠵᠦ᠂ ᠬᠠᠷ᠎ᠠ ᠲᠤᠷᠭᠠᠨ ᠪᠦᠴᠡ ᠭᠡᠮᠡᠷ | ᠮᠠᠩᠬᠠᠨ ᠨᠤᠲᠤᠭ ᠢ ᠴᠢᠮᠡᠨ᠎ᠡ᠃ | ︽ᠡᠨᠡ ᠵᠠᠮ ᠪᠣᠯ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠳᠡᠭᠡᠷ᠎ᠡ ᠠᠷᠠᠳ ᠤᠨ ᠲᠥᠯᠥᠭᠡᠯᠡᠭᠴᠢᠳ ᠤᠨ ᠭᠠᠷ ᠡᠷᠭᠦᠨ ᠪᠠᠲᠤᠯᠠᠬᠤ ᠪᠠᠷ ᠳᠠᠮᠵᠢᠨ ᠬᠡᠷᠡᠭᠵᠢᠭᠦᠯᠦᠭᠰᠡᠨ ᠠᠪᠠᠭ᠎ᠠ | ᠬᠤᠰᠢᠭᠤᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠨᠢᠭᠡ | ᠪᠣᠯᠣᠨ᠎ᠠ᠃ ᠡᠨᠡ ᠬᠦ ᠵᠠᠮ ᠨᠢ ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭ ᠭᠠᠵᠠᠷ ᠢ ᠬᠥᠨᠳᠡᠯᠢᠰᠴᠦ᠂ ᠮᠠᠯᠴᠢᠳ ᠤᠨ | ᠶᠠᠪᠤᠵᠦ ᠰᠠᠭᠤᠬᠤ ᠳᠤ ᠲᠦᠬᠦᠮ ᠦᠭᠡᠢ᠂ ᠮᠠᠯᠵᠢᠬᠤ ᠦᠢᠯᠡᠳᠪᠤᠷᠢᠯᠡᠯ ᠠᠮᠢᠳᠤᠷᠠᠯ ᠳᠤ ᠴᠥᠮ ᠲᠤᠶᠢᠯ ᠤᠨ ᠶᠡᠭᠡ | ᠨᠥᠯᠥᠭᠡ ᠦᠵᠡᠭᠦᠯᠵᠦ ᠪᠠᠶᠢᠭᠰᠠᠨ ᠪᠠᠶᠢᠳᠠᠯ ᠢ ᠰᠠᠶᠢᠵᠢᠷᠠᠭᠤᠯᠵᠤ᠂ ᠡᠷᠬᠢᠨ ᠲᠣᠭᠤᠷᠢᠨ ᠤ 70 ᠭᠠᠷᠤᠢ ᠮᠠᠯᠵᠢᠬᠤ | ᠡᠷᠦᠭᠡ ᠳᠤ ᠠᠰᠢᠭ ᠬᠦᠷᠲᠡᠭᠡᠭᠰᠡᠨ ᠪᠠᠶᠢᠨ᠎ᠠ᠃ ᠡᠷᠦᠬᠡ ᠪᠦᠷᠢ ᠳᠤ ᠳᠤᠮᠳᠠᠴᠢ ᠪᠠᠷ ᠵᠢᠯ ᠪᠦᠷᠢ 2 ᠲᠦᠮᠡ ᠭᠠᠷᠤᠢ | ᠲᠥᠭᠦᠷᠢᠭ᠂ 70 ᠭᠠᠷᠤᠢ ᠡᠷᠦᠬᠡ ᠳᠤ 140 ᠭᠠᠷᠤᠢ ᠲᠦᠮᠡᠨ ᠲᠥᠭᠦᠷᠢᠭ ᠤᠨ ᠲᠤᠰᠤ ᠤᠰᠤ᠂ ᠲᠡᠭᠡᠭᠡᠪᠤᠷᠢ᠂ | ᠡᠨᠡ ᠲᠡᠷᠡ ᠶᠢᠨ ᠵᠠᠷᠤᠳᠠᠯ ᠵᠡᠷᠭᠡ ᠶᠢ ᠠᠷᠪᠢᠯᠠᠵᠤ ᠦᠭᠬᠦ ᠪᠤᠯᠤᠨ᠎ᠠ᠃ ᠣᠳᠣ ᠰᠠᠶᠢᠨ ᠪᠣᠯᠣᠯ᠎ᠠ᠂ ᠡᠨᠡ ᠬᠦ ᠡᠯᠡᠰᠦ ᠢ | ᠲᠤᠭᠤᠯᠤᠭᠰᠠᠨ ᠵᠠᠰᠠᠮᠠᠯ ᠵᠠᠮ ᠨᠢ ᠶᠠᠭ ᠨᠢᠭᠡᠨ ᠬᠦᠰᠡᠯ ᠤᠨ ᠬᠥᠭᠦᠷᠭᠡ ᠰᠢᠭ᠂ ᠬᠦᠳᠡᠭᠡ ᠨᠤᠲᠤᠭ ᠪᠣᠯᠣᠨ ᠭᠠᠳᠠᠨᠠᠬᠢ | ᠶᠢᠷᠲᠢᠨᠴᠦ ᠶᠢ ᠬᠤᠯᠪᠣᠵᠤ ᠪᠠᠶᠢᠨ᠎ᠠ᠃ ᠭᠠᠴᠠᠭᠠᠨ ᠤ ᠪᠠᠨ ᠥᠷᠭᠡᠨ ᠣᠯᠠᠨ ᠮᠠᠯᠴᠢᠨ ᠲᠦᠮᠡᠨ ᠤ ᠡᠮᠦᠨ᠎ᠡ ᠠᠴᠠ | ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠯᠠᠮᠵᠢᠯᠠᠯ ᠪᠠ ᠬᠦᠴᠦᠲᠡᠢ ᠳᠡᠮᠵᠢᠯᠭᠡ ᠳᠤ ᠲᠠᠯᠠᠷᠬᠠᠵᠤ | ᠪᠠᠶᠢᠨ᠎ᠠ︾ ᠭᠡᠮᠡᠨ ᠪᠠᠶᠠᠨᠨᠠᠭᠤᠷ ᠭᠠᠴᠠᠭᠠᠨ ᠤ ᠨᠠᠮ ᠤᠨ ᠡᠭᠦᠷ ᠤᠨ ᠱᠦᠵᠢ ᠮᠢᠩ ᠵᠢᠶᠠᠨ ᠶᠠᠷᠢᠯ᠎ᠠ᠃ | ︽ᠡᠨᠡᠬᠦ ᠵᠠᠮ ᠢ ᠵᠠᠰᠠᠭᠰᠠᠨ ᠨᠢ ᠪᠢᠳᠡᠨ ᠤ ᠠᠮᠢᠳᠤᠷᠠᠯ ᠳᠤ ᠮᠠᠰᠢ ᠶᠡᠭᠡ ᠲᠦᠭᠦᠮ ᠦᠵᠡᠬᠦᠯᠬᠦ ᠪᠤᠯᠤᠯ᠎ᠠ᠂ ᠡᠪᠡᠰᠦ | ᠪᠣᠷᠳᠤᠭ᠎ᠠ ᠵᠦᠭᠡᠭᠡᠪᠦᠷᠢᠯᠡᠬᠦ᠂ ᠮᠠᠯ ᠤᠨ ᠵᠠᠷᠤᠴᠠᠭᠤᠯᠤᠯᠳᠠ᠂ ᠬᠡᠤᠭᠡᠳ ᠤᠳ ᠰᠤᠷᠭᠠᠭᠤᠯᠢ ᠳᠤ ᠶᠠᠪᠤᠬᠤ᠂ ᠡᠪᠡᠳᠴᠢᠨ | ᠦᠵᠡᠭᠦᠯᠬᠦ ᠳᠤ ᠪᠦᠷ ᠮᠠᠰᠢ ᠲᠦᠭᠦᠮ ᠪᠣᠯᠵᠠᠢ᠃ ᠥᠩᠭᠡᠷᠡᠭᠰᠡᠨ ᠳᠤ ᠪᠢᠳᠡ ᠢᠯᠡᠭᠦᠦ 30 ᠭᠠᠷᠤᠢ ᠺᠢᠯᠣᠮᠧᠲᠷ ᠤᠨ | ᠵᠠᠮ ᠲᠣᠭᠤᠷᠢᠳᠠᠭ ᠪᠠᠶᠢᠭᠰᠠᠨ᠂ ᠳᠡᠷᠭᠡᠨ ᠤ ᠲᠤᠰᠤ ᠶᠡᠭᠡ ᠬᠡᠷᠡᠭᠯᠡᠳᠡᠭ ᠢ ᠪᠤᠦ ᠶᠠᠷᠢ᠂ ᠵᠠᠮ ᠮᠠᠭᠤ ᠨᠢ ᠴᠦ ᠠᠷᠭ᠎ᠠ | ᠦᠭᠡᠢ ᠪᠠᠶᠢᠭᠰᠠᠨ᠃ ᠤᠳᠤ ᠡᠨᠡ ᠵᠠᠮ ᠢ ᠵᠠᠰᠠᠭᠰᠠᠨ ᠨᠢ ᠪᠢᠳᠡᠨ ᠤ ᠰᠡᠳᠬᠢᠯ ᠢ ᠰᠠᠷᠠᠭᠤᠯᠵᠢᠵᠦ᠂ ᠠᠮᠢᠳᠤᠷᠠᠯ ᠤᠨ | ᠵᠠᠮ ᠢ ᠨᠡᠩ ᠲᠠᠷᠳᠠᠩ ᠪᠤᠯᠭᠠᠭᠰᠠᠨ ᠰᠢᠭ᠋ ᠰᠠᠨᠠᠭᠳᠠᠵᠦ ᠪᠠᠶᠢᠨ᠎ᠠ᠃ ᠡᠨᠡ ᠨᠢ ᠮᠥᠨ ᠴᠦ ᠬᠤᠰᠢᠭᠤ ᠨᠠᠮ ᠤᠨ | ᠬᠤᠷᠢᠶ᠎ᠠ ᠵᠠᠰᠠᠭ ᠤᠨ ᠣᠷᠳᠣᠨ ᠠᠴᠠ ᠮᠠᠨ ᠤ ᠮᠠᠯᠴᠢᠨ ᠲᠦᠮᠡᠨ ᠢ ᠬᠠᠯᠠᠮᠵᠢᠯᠠᠵᠤ ᠪᠠᠶᠢᠭ᠎ᠠ ᠶᠠᠪᠤᠳᠠᠯ ᠪᠣᠯᠣᠨ᠎ᠠ︾ | ᠭᠡᠮᠡᠨ ᠪᠠᠶᠠᠨᠨᠠᠭᠤᠷ ᠭᠠᠴᠠᠭᠠᠨ ᠤ ᠮᠠᠯᠴᠢᠨ ᠤᠷᠠᠩᠭᠤᠸ᠎ᠠ ᠪᠠᠶᠠᠷᠳᠠᠶᠢᠬᠠᠨ ᠤᠴᠢᠷᠯᠠᠨ᠎ᠠ᠃ | ᠣᠶᠢᠯᠠᠭᠠᠭᠰᠠᠨ ᠢᠶᠠᠷ᠂ ᠪᠠᠶᠠᠨᠨᠠᠭᠤᠷ ᠭᠠᠴᠠᠭᠠᠨ ᠠᠴᠠ ᠪᠠᠭ᠎ᠠ ᠲᠡᠷᠡᠰᠦᠳᠠᠢ ᠬᠦᠷᠳᠡᠯᠡᠬᠢ ᠵᠠᠰᠠᠮᠠᠯ ᠵᠠᠮ | ︵ᠴᠠᠭᠠᠨᠨᠠᠭᠤᠷ ᠪᠠᠯᠭᠠᠰᠤ ᠶᠢᠨ ᠪᠠᠶᠠᠨᠨᠠᠭᠤᠷ ᠭᠠᠴᠠᠭ᠎ᠠ ᠠᠴᠠ ᠰᠢᠯᠤᠭᠤᠨ ᠬᠥᠬᠡ ᠬᠤᠰᠢᠭᠤᠨ ᠤ ᠵᠠᠭᠠᠭ ᠬᠦᠷᠬᠦ ᠵᠠᠰᠠᠮᠠᠯ | ᠵᠠᠮ︶ ᠢ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠠᠶᠢᠭᠤᠯᠤᠯᠳᠠ ᠶᠢᠨ ᠬᠤᠶᠠᠳᠤᠭᠠᠷ ᠠᠶᠠᠯᠠᠯ ᠤᠨ ᠶᠠᠪᠤᠳᠠᠯ ᠤᠨ | ᠢᠨᠵᠧᠨᠧᠷᠢᠩ ᠤᠨ ᠲᠣᠪᠴᠢᠶ᠎ᠠ ᠶᠢᠨ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ᠂ ᠳᠥᠷᠪᠡᠳᠦᠭᠡᠷ ᠳᠡᠰ ᠤᠨ ᠵᠠᠰᠠᠮᠠᠯ | ᠵᠠᠮ ᠤᠨ ᠪᠠᠷᠢᠮᠵᠢᠶ᠎ᠠ ᠪᠠᠷ ᠵᠢᠷᠤᠵᠤ ᠲᠥᠯᠥᠪᠯᠡᠨ ᠵᠠᠰᠠᠵᠦ᠂ ᠲᠦᠷᠦᠯ ᠵᠦᠢᠯ ᠨᠢ ᠴᠠᠭᠠᠨᠨᠠᠭᠤᠷ ᠪᠠᠯᠭᠠᠰᠤ ᠶᠢᠨ | ᠪᠠᠶᠠᠨᠨᠠᠭᠤᠷ ᠭᠠᠴᠠᠭ᠎ᠠ ᠠᠴᠠ ᠡᠬᠢᠯᠡᠵᠦ᠂ ᠡᠮᠦᠨᠡᠰᠢ ᠪᠠᠨ ᠰᠢᠯᠤᠭᠤᠨ ᠬᠥᠬᠡ ᠬᠤᠰᠢᠭᠤᠨ ᠤ ᠵᠢᠭᠠᠰᠤᠳᠠᠢ ᠰᠤᠮᠤ ᠲᠠᠢ | ᠵᠠᠯᠭᠠᠵᠤ᠂ ᠵᠠᠰᠠᠮᠠᠯ ᠵᠠᠮ ᠤᠨ ᠪᠦᠬᠦ ᠤᠷᠳᠤ ᠨᠢ 33 ᠺᠢᠯᠦᠮᠧᠲᠷ᠂ ᠵᠠᠮ ᠤᠨ ᠥᠷᠭᠡᠨ ᠨᠢ 4.5 ᠮᠧᠲᠷ ᠪᠠᠶᠢᠵᠤ᠂ | ᠪᠠᠷᠤᠭᠰᠢᠨ ᠪᠧᠲ᠋ᠤᠨ ᠵᠠᠮ ᠤᠨ ᠭᠠᠳᠠᠷᠭᠤ ᠲᠠᠢ᠂ ᠵᠠᠰᠠᠮᠠᠯ ᠵᠠᠮ ᠤᠨ ᠪᠦᠬᠦ ᠱᠤᠭᠤᠮ ᠢᠶᠠᠷ ᠢᠶᠠᠨ ᠬᠤᠯᠠᠨ ᠰᠢᠷᠭ᠎ᠠ | ᠲᠠᠭ᠎ᠠ ᠶᠢᠨ ᠡᠯᠡᠰᠦᠷᠬᠡᠭ ᠭᠠᠵᠠᠷ ᠤᠨ ᠬᠤᠶᠢᠲᠤ ᠵᠠᠬ᠎ᠠ ᠶᠢ ᠲᠤᠭᠤᠯᠤᠭᠰᠠᠨ᠂ ︽ᠵᠠᠮ ᠢᠶᠠᠷ ᠡᠯᠡᠰᠦ ᠶᠢ ᠵᠠᠰᠠᠬᠤ︾ | ᠦᠢᠯᠡᠳᠦᠯᠭᠡ ᠶᠢᠨ ᠲᠦᠷᠦᠯ ᠵᠦᠢᠯ ᠪᠣᠯᠣᠨ᠎ᠠ᠃ ᠡᠯᠡᠰᠦ ᠶᠢ ᠲᠤᠭᠤᠯᠤᠭᠰᠠᠨ ᠵᠠᠰᠠᠮᠠᠯ ᠵᠠᠮ ᠢ ᠵᠠᠰᠠᠬᠤ ᠶᠠᠪᠤᠴᠠ ᠳᠤ | ᠣᠷᠴᠢᠨ ᠠᠬᠤᠢ ᠶᠢᠨ ᠬᠠᠮᠠᠭᠠᠯᠠᠯᠲᠠ ᠶᠢᠨ ᠬᠦᠴᠦᠨ ᠵᠦᠢᠯ ᠪᠤᠯᠤᠨ ᠲᠤᠬᠠᠢ ᠶᠢᠨ ᠭᠠᠵᠠᠷ ᠤᠨ ᠣᠨᠴᠠᠭᠠᠶ ᠭᠠᠵᠠᠷ | ᠵᠦᠢ ᠶᠢᠨ ᠨᠥᠬᠦᠴᠡᠯ ᠢ ᠭᠦᠢᠴᠡᠳ ᠪᠣᠳᠣᠯᠬᠢᠯᠠᠵᠤ᠂ ᠣᠯᠠᠨ ᠵᠦᠢᠯ ᠤᠨ ᠲᠡᠷᠢᠭᠦᠨ ᠤ ᠮᠡᠷᠭᠡᠵᠢᠯ ᠢ ᠬᠡᠷᠡᠭᠯᠡᠨ᠂ ᠵᠠᠰᠠᠮᠠᠯ | ᠵᠠᠮ ᠤᠨ ᠶᠠᠰᠤ ᠴᠢᠨᠠᠷ ᠢ ᠪᠠᠳᠤᠯᠠᠭᠰᠠᠨ ᠤ ᠬᠠᠮᠲᠤ ᠡᠷᠬᠢᠨ ᠲᠣᠭᠤᠷᠢᠨ ᠤ ᠠᠮᠢ ᠠᠬᠤᠢ ᠶᠢᠨ ᠣᠷᠴᠢᠨ ᠲᠣᠭᠤᠷᠢᠨ ᠳᠤ | ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠪᠠ᠃ ᠡᠨᠡ ᠬᠦ ᠵᠠᠰᠠᠮᠠᠯ ᠵᠠᠮ ᠨᠢ ᠵᠠᠮ ᠬᠠᠷᠢᠯᠴᠠᠭᠠᠨ ᠤ | ᠴᠢᠬᠤᠯᠠ ᠵᠠᠮ ᠪᠣᠯᠬᠤ ᠪᠠᠷ ᠪᠠᠷᠠᠬᠤ ᠦᠭᠡᠢ᠂ ᠨᠠᠩ ᠴᠤ ᠠᠪᠠᠭ᠎ᠠ ᠬᠤᠰᠢᠭᠤᠨ ᠤ ᠮᠠᠯᠵᠢᠬᠤ ᠣᠷᠣᠨ ᠤ ᠬᠥᠭᠵᠢᠯ | ᠪᠠᠳᠠᠷᠠᠯ ᠤᠨ ᠪᠠᠰᠠ ᠨᠢᠭᠡᠨ ᠡᠬᠢᠯᠡᠯᠲᠡ ᠪᠣᠯᠵᠤ᠂ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠳᠤ | ᠬᠦᠴᠦᠨ ᠨᠡᠮᠡᠷᠢᠯᠡᠵᠦ᠂ ᠮᠠᠯᠵᠢᠬᠤ ᠣᠷᠣᠨ ᠤ ᠠᠵᠤ ᠦᠢᠯᠡᠰ ᠤᠨ ᠲᠠᠰ ᠳᠡᠪᠰᠢᠬᠦ ᠪᠠ ᠰᠣᠶᠣᠯ ᠤᠨ ᠰᠣᠯᠢᠯᠴᠠᠭ᠎ᠠ ᠶᠢ | ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠠᠯ᠎ᠠ | ᠨᠤᠲᠤᠭ ᠤᠨ ᠭᠦᠨ ᠳᠤ ᠨᠠᠶᠢᠳᠠᠪᠤᠷᠢᠵᠢᠭᠤᠯᠤᠭᠳᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠪᠣᠯᠣᠨ᠎ᠠ᠃ |