11 ᠰᠠᠷ᠎ᠠ ᠶᠢᠨ 24 ᠤ ᠡᠳᠦᠷ ᠠᠴᠠ ᠨᠠᠰᠢ᠂ ᠬᠦᠢᠲᠡᠨ ᠤᠷᠤᠰᠬᠠᠯ ᠤᠨ ᠨᠥᠯᠥᠭᠡ ᠪᠠᠷ᠂ ᠮᠠᠨ ᠤ | ᠬᠤᠰᠢᠭᠤᠨ ᠳᠤ ᠴᠠᠰᠤ ᠤᠷᠤᠵᠦ᠂ ᠶᠡᠭᠡ ᠰᠠᠯᠬᠢ ᠰᠠᠯᠬᠢᠯᠠᠨ᠂ ᠳᠤᠯᠠᠭᠠᠨ ᠤ ᠬᠡᠮᠵᠢᠶ᠎ᠡ ᠪᠠᠭᠤᠷᠠᠵᠦ᠂ ᠭᠡᠰᠡᠭ ᠭᠠᠵᠠᠷ | ᠢᠶᠠᠷ ᠨᠡᠯᠢᠶᠡᠳ ᠶᠡᠭᠡ ᠴᠠᠰᠤ ᠤᠷᠤᠵᠠᠢ᠃ ᠡᠨᠡ ᠨᠢ ᠴᠠᠭᠠᠨᠨᠠᠭᠤᠷ ᠪᠠᠯᠭᠠᠰᠤᠨ ᠤ ᠡᠯ᠎ᠡ ᠭᠠᠴᠠᠭᠠᠨ ᠤ ᠵᠠᠮ | ᠨᠡᠪᠲᠡᠷᠡᠯᠭᠡ ᠳᠤ ᠠᠳᠠᠯᠢ ᠪᠤᠰᠤ ᠬᠡᠮᠵᠢᠶᠡᠨ ᠤ ᠰᠠᠭᠠᠳ ᠤᠴᠠᠷᠠᠭᠤᠯᠤᠭᠰᠠᠨ ᠠᠴᠠ ᠴᠠᠭᠠᠠᠨᠠᠭᠤᠷ ᠪᠠᠯᠭᠠᠰᠤ ᠨᠢ ᠴᠠᠰᠤᠨ | ᠤ ᠪᠠᠶᠢᠳᠠᠯ ᠢ ᠦᠨᠳᠦᠰᠦᠯᠡᠨ ᠲᠠᠷᠤᠶᠢᠬᠠᠨ ᠬᠦᠳᠡᠯᠦᠯᠴᠡᠵᠦ᠂ ᠠᠪᠠᠭ᠎ᠠ ᠬᠤᠰᠢᠭᠤᠨ ᠤ ᠵᠦᠩ ᠲᠢᠶᠠᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠢᠵᠠᠭᠠᠷᠲᠤ ᠺᠣᠮᠫᠠᠨᠢ᠂ ᡁᠢ ᠬᠤᠢ ᠡᠨᠧᠷᠭᠢ ︵ᠠᠪᠠᠭ᠎ᠠ ᠬᠤᠰᠢᠭᠤ︶ ᠶᠢᠨ | ᠬᠢᠵᠠᠭᠠᠷᠲᠤ ᠺᠣᠮᠫᠠᠨᠢ᠂ ᠳ᠋ᠠ ᠲᠠᠩ ᠤᠨ ᠠᠪᠠᠭ᠎ᠠ ᠬᠤᠰᠢᠭᠤᠨ ᠤ 20 ᠲᠦᠮᠡᠨ ᠺᠢᠯᠣᠸᠠᠲ ᠤᠨ ᠨᠠᠷᠠ ᠰᠠᠯᠬᠢᠨ ᠤ | ᠴᠠᠬᠢᠯᠭᠠᠨ ᠭᠠᠷᠭᠠᠬᠤ ᠳᠦᠷᠦᠯ ᠵᠦᠢᠯ ᠵᠡᠷᠭᠡ ᠺᠣᠮᠫᠠᠨᠢ ᠶᠢ ᠵᠣᠬᠢᠴᠠᠭᠤᠯᠤᠨ ᠪᠠᠶᠢᠵᠦ᠂ ᠬᠦᠮᠦᠨ ᠪᠠ ᠲᠣᠮᠣ | ᠬᠡᠯᠪᠡᠷᠢ ᠶᠢᠨ ᠮᠠᠰᠢᠨ ᠲᠥᠬᠦᠭᠡᠷᠦᠮᠵᠢ ᠬᠦᠳᠡᠯᠭᠡᠨ᠂ ᠭᠠᠴᠠᠭᠠᠨ ᠤ ᠵᠠᠮ ᠤᠨ ᠬᠤᠷᠠᠭᠰᠠᠨ ᠴᠠᠰᠤ ᠶᠢ ᠠᠷᠢᠯᠭᠠᠬᠤ ᠳᠤ | ᠬᠠᠮᠵᠢᠯᠴᠠᠭᠤᠯᠤᠭᠰᠠᠨ ᠪᠠᠶᠢᠨ᠎ᠠ᠃ | ᠵᠠᠮ ᠳᠠᠭᠠᠤ ᠭᠠᠴᠠᠭ᠎ᠠ ᠶᠢᠨ ᠴᠠᠰᠤᠨ ᠳᠤ ᠲᠦᠭᠵᠢᠷᠡᠭᠰᠡᠨ ᠵᠠᠮ᠂ ᠭᠤᠣᠯᠳᠠᠯᠭ᠎ᠠ ᠲᠠᠢ ᠵᠠᠮ ᠤᠨ ᠴᠠᠰᠤ ᠶᠢ ᠠᠷᠢᠯᠭᠠᠨ᠂ | ᠬᠠᠮᠤᠭ ᠤᠨ ᠲᠦᠷᠭᠡᠨ ᠬᠤᠷᠳᠤᠴᠠ ᠪᠠᠷ ᠵᠠᠮ ᠢ ᠨᠡᠪᠳᠡᠷᠡᠬᠦᠯᠵᠦ᠂ ᠤᠯᠠᠨ ᠲᠦᠮᠡᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠳᠤᠯᠠᠭᠰᠠᠨ ᠪᠠᠶᠢᠨ᠎ᠠ᠃ | 11 ᠰᠠᠷ᠎ᠠ ᠶᠢᠨ 27 ᠤ ᠡᠳᠦᠷ᠂ ᠴᠠᠰᠤᠨ ᠳᠤ ᠬᠠᠰᠢᠭᠳᠠᠭᠰᠠᠨ ᠣᠯᠠᠨ ᠲᠦᠮᠡᠨ ᠤ ᠠᠪᠤᠷᠠᠨ ᠲᠤᠰᠠᠯᠠᠬᠤ | ᠭᠤᠶᠤᠴᠢᠯᠠᠯ ᠢ ᠳᠤᠰᠤᠭᠰᠠᠨ ᠤ ᠳᠠᠷᠠᠭ᠎ᠠ᠂ ᠴᠠᠭᠠᠠᠨᠠᠭᠤᠷ ᠪᠠᠯᠭᠠᠰᠤᠨ ᠤ ᠬᠢᠨ ᠴᠠᠰᠤᠨ ᠳᠤ ᠬᠠᠰᠢᠭᠳᠠᠭᠰᠠᠨ ᠣᠯᠠᠨ | ᠲᠦᠮᠡᠨ ᠤ ᠣᠷᠣᠨ ᠪᠠᠶᠢᠷᠢ ᠵᠢᠴᠢ ᠠᠮᠤᠷ ᠲᠦᠪᠰᠢᠨ ᠤ ᠪᠠᠶᠢᠳᠠᠯ ᠢ ᠨᠤᠲᠠᠯᠠᠭᠰᠠᠨ ᠤ ᠳᠠᠷᠠᠭ᠎ᠠ ᠳᠠᠷᠤᠶ ᠲᠦᠷᠭᠡᠨ | ᠬᠦᠳᠡᠯᠦᠯᠴᠡᠨ᠂ ᠤᠳᠬᠤᠭᠤᠷ ᠮᠠᠰᠢᠨ ᠢᠶᠠᠷ ᠵᠠᠮ ᠤᠨ ᠴᠠᠰᠤ ᠶᠢ ᠨᠢ ᠠᠷᠢᠯᠭᠠᠨ ᠦᠭᠴᠦ᠂ ᠴᠠᠰᠤᠨ ᠳᠤ | ᠰᠢᠬᠢᠳᠦᠭᠰᠡᠨ ᠲᠡᠷᠭᠡ ᠶᠢ ᠨᠢ ᠭᠠᠷᠭᠠᠨ ᠦᠭᠬᠦᠭᠰᠡᠨ ᠪᠠᠶᠢᠨ᠎ᠠ᠃ | ᠣᠳᠣᠬᠠᠨ ᠪᠣᠯᠲᠠᠯ᠎ᠠ᠂ ᠴᠠᠭᠠᠨᠨᠠᠭᠤᠷ ᠪᠠᠯᠭᠠᠰᠣ ᠴᠠᠰᠤ ᠴᠡᠪᠡᠷᠯᠡᠵᠦ ᠵᠠᠮ ᠨᠡᠪᠳᠡᠷᠡᠬᠦᠯᠬᠦ ᠳᠤ 10 ᠬᠥᠮᠦᠨ᠂ ᠲᠣᠮᠣ | ᠬᠡᠯᠪᠡᠷᠢ ᠶᠢᠨ ᠮᠠᠰᠢᠨ 4 ᠶᠢ ᠬᠦᠳᠡᠯᠭᠡᠨ᠂ 50 ᠭᠠᠷᠤᠢ ᠺᠢᠯᠤᠮᠧᠲᠷ ᠤᠷᠲᠤ ᠵᠠᠮ ᠤᠨ ᠴᠠᠰᠤ ᠶᠢ ᠴᠡᠪᠡᠷᠯᠡᠵᠦ᠂ | ᠴᠠᠰᠤᠨ ᠳᠤ ᠬᠠᠰᠢᠭᠳᠠᠭᠰᠠᠨ ᠲᠡᠷᠭᠡ 2 ᠂ ᠴᠠᠰᠤᠨ ᠳᠤ ᠬᠠᠰᠢᠭᠳᠠᠭᠰᠠᠨ 2 ᠬᠦᠮᠦᠨ ᠢ ᠠᠪᠤᠷᠠᠨ ᠳᠤᠰᠠᠯᠠᠭᠰᠠᠨ | ᠪᠠᠶᠢᠨ᠎ᠠ᠃ |