ᠠᠵᠢᠯᠴᠢ ᠬᠦᠮᠦᠨ ᠤ ᠠᠷᠢᠭᠤᠨ ᠬᠦᠳᠡᠯᠮᠦᠷᠢ
ᠨᠡᠶᠢᠲᠡᠯᠡᠭᠰᠡᠨ ᠴᠠᠭ᠄
2024/12/2
   ᠣᠶᠢᠷ᠎ᠠ ᠳᠤ ᠠᠪᠠᠭ᠎ᠠ ᠬᠤᠰᠢᠭᠤᠨ ᠤ ᠶᠡᠬᠡᠭᠤᠣᠯ ᠰᠤᠮᠤᠨ ᠤ ᠶᠡᠬᠡᠨ᠋ᠤᠰᠤ ᠭᠠᠴᠠᠭᠠᠨ ᠤ ᠮᠠᠯᠴᠢᠨ ᠠᠯᠲᠠᠨᠴᠡᠴᠡᠭ ᠤᠨ ᠦᠢᠯᠡ ᠦᠯᠢᠭᠡᠷ ᠠᠴᠠ ᠳᠥᠭᠦᠮᠬᠡᠨ ᠰᠤᠷᠪᠤᠯᠵᠢᠯᠠᠭ᠎ᠠ ᠠᠪᠤᠭᠰᠠᠨ ᠰᠠᠨ᠃    ᠠᠯᠲᠠᠨᠴᠡᠴᠡᠭ ᠭᠡᠷ ᠲᠤ ᠪᠠᠨ ᠬᠦᠦ ᠪᠡᠷᠢ᠂ ᠬᠤᠶᠠᠷ ᠤᠮᠪᠤᠯᠤ ᠲᠠᠢ ᠪᠠᠨ ᠲᠠᠪᠤᠭᠤᠯᠠ ᠠᠮᠢᠳᠤᠷᠠᠵᠤ᠂ ᠤᠮᠪᠤᠯᠤ ᠪᠠᠨ ᠰᠤᠷᠭᠠᠭᠤᠯᠢ ᠳᠤ ᠰᠠᠭᠤᠯᠭᠠᠵᠤ᠂ ᠬᠤᠰᠢᠭᠤᠨ ᠤ ᠲᠥᠪ ᠲᠤ ᠰᠠᠭᠤᠳᠠᠭ ᠪᠠᠶᠢᠨ᠎ᠠ᠃ ᠬᠦᠦ ᠪᠡᠷᠢ ᠨᠢ ᠮᠠᠯ ᠢᠶᠠᠨ ᠮᠠᠯᠵᠢᠵᠤ᠂ ᠬᠡᠪᠴᠢᠶ᠎ᠡ ᠲᠠᠢ ᠪᠡᠯᠴᠢᠭᠡᠷ ᠲᠤ ᠪᠠᠨ ᠮᠠᠯ ᠪᠡᠯᠴᠢᠭᠡᠷ ᠤᠨ ᠲᠡᠩᠴᠡᠭᠦᠷᠢ ᠶᠢᠨ ᠬᠡᠮᠵᠢᠶ᠎ᠡ ᠪᠠᠷ ᠮᠠᠯᠵᠢᠵᠤ ᠪᠠᠶᠢᠳᠠᠭ᠃ ᠤᠳᠤ ᠶᠢᠨ ᠡᠪᠡᠰᠦ ᠪᠤᠷᠳᠤᠭ᠎ᠠ ᠦᠨ᠎ᠡ ᠳᠤ ᠤᠷᠤᠭᠰᠠᠨ ᠪᠠᠶᠢᠳᠠᠯ ᠳᠤᠤᠷ᠎ᠠ ᠠᠯᠲᠠᠨᠴᠡᠴᠡᠭ ᠤᠮᠪᠤᠯᠤ ᠪᠠᠨ ᠲᠣᠰᠬᠤ ᠶᠢᠨ ᠳᠠᠭᠠᠤ ᠴᠢᠳᠠᠪᠤᠷᠢ ᠪᠠᠨ ᠪᠠᠳᠠᠷᠠᠭᠤᠯᠤᠶ᠎ᠠ ᠭᠡᠵᠦ ᠵᠣᠷᠢᠭ ᠰᠢᠭᠤᠳᠴᠡᠢ᠃    ᠠᠯᠲᠠᠨᠴᠡᠴᠡᠭ ᠠᠷᠪᠠᠨ ᠬᠡᠳᠦᠲᠡᠢ ᠠᠴᠠ ᠪᠠᠨ ᠡᠵᠢ ᠠᠴᠠ ᠪᠠᠨ ᠤᠶᠤᠳᠠᠯ ᠰᠢᠷᠢᠮᠡᠯ ᠰᠣᠷᠴᠣ ᠡᠬᠢᠯᠡᠵᠡᠢ᠃ ︽ᠵᠦᠭᠡᠷ ᠰᠠᠭᠤᠬᠤ ᠪᠠᠷ ᠵᠦᠯᠭᠦᠵᠦ ᠰᠠᠭᠤ᠂ ᠠᠮᠤᠷ ᠰᠠᠭᠤᠬᠤ ᠪᠠᠷ ᠠᠷᠴᠢᠵᠤ ᠰᠠᠭᠤ︾ ᠭᠡᠳᠡᠭ ᠢᠶᠠᠷ ᠲᠡᠷᠡ ᠤᠷ᠎ᠠ ᠠᠪᠢᠶᠠᠰ ᠢᠶᠠᠨ ᠪᠠᠳᠠᠷᠠᠭᠤᠯᠤᠨ᠂ ᠣᠷᠣᠯᠭ᠎ᠠ ᠪᠠᠨ ᠨᠡᠮᠡᠭᠳᠡᠭᠦᠯᠬᠦ ᠰᠠᠨᠠᠭ᠎ᠠ ᠣᠷᠣᠵᠤ᠂ ᠮᠣᠩᠭᠤᠯ ᠭᠡᠷ ᠤᠨ ᠪᠦᠬᠦᠯᠢ ᠬᠡᠷᠡᠭᠰᠡᠯ ᠣᠶᠣᠵᠤ ᠲᠠᠮᠤᠵᠤ ᠡᠬᠢᠯᠡᠯ᠎ᠡ᠃ ᠤᠳᠠᠯ ᠦᠭᠡᠢ ᠣᠯᠠᠨ ᠲᠦᠮᠡᠨ ᠤ ᠠᠩᠬᠠᠷᠤᠯ ᠢ ᠳᠠᠲᠠᠵᠤ᠂ ᠬᠠᠷᠢᠴᠠᠬᠤ ᠬᠦᠮᠦᠨ ᠣᠯᠠᠰᠢᠷᠠᠨ᠂ ᠬᠢᠬᠦ ᠠᠵᠢᠯ ᠨᠢ ᠴᠦ ᠨᠡᠮᠡᠭᠳᠡᠭᠡᠳ ᠤᠯᠠᠮ ᠶᠠᠭᠠᠷᠠᠤ ᠪᠤᠯᠤᠭᠰᠠᠨ ᠶᠤᠮ ᠪᠠᠶᠢᠨ᠎ᠠ᠃ ᠡᠭᠦᠨ ᠤ ᠳᠠᠭᠠᠤ ᠳᠤ ᠦᠬᠢᠨ ᠵᠢᠮᠢᠰᠤᠩᠬᠤᠸᠠᠷ ᠨᠢ ᠴᠦ ᠤᠯᠠᠮᠵᠢᠯᠠᠨ ᠰᠤᠷᠴᠦ ᠨᠡᠯᠢᠶᠡᠳ ᠳᠠᠳᠮᠠᠭᠠᠢ ᠰᠢᠷᠢᠮᠡᠯᠴᠢᠨ ᠪᠤᠯᠵᠡᠢ᠃ ᠢᠩᠭᠢᠭᠡᠳ ᠯᠡ ᠤᠯᠠᠮ ᠴᠢᠨᠠᠭᠰᠢᠳᠠ ᠥᠷᠭᠡᠵᠢᠨ᠂ ᠮᠣᠩᠭᠤᠯ ᠭᠡᠷ ᠤᠨ ᠳᠡᠪᠢᠰᠭᠡᠷ᠂ ᠰᠢᠷᠢᠳᠡᠭ᠂ ᠣᠯᠪᠤᠭ ᠪᠠ ᠪᠤᠰᠤᠳ ᠦᠨᠳᠦᠰᠦᠳᠡᠨ ᠤ ᠤᠨᠴᠠᠯᠢᠭ ᠲᠠᠢ᠂ ᠤᠯᠠᠮᠵᠢᠯᠠᠯᠲᠤ ᠬᠡᠷᠡᠭᠰᠡᠯ ᠢ ᠢᠰᠡᠭᠡᠢ ᠪᠠᠷ ᠰᠢᠷᠢᠵᠦ ᠤᠷᠠᠯᠠᠨ ᠤᠶᠤᠭᠠᠳ ᠵᠠᠬᠢᠶᠠᠯᠠᠭ᠎ᠠ ᠨᠢ ᠴᠦ ᠠᠷᠪᠢᠳᠴᠤ ᠡᠬᠢᠯᠡᠵᠡᠢ᠃ ᠪᠠᠰᠠ ᠡᠯ᠎ᠡ ᠭᠠᠵᠠᠷ ᠤᠨ ᠭᠠᠷ ᠤᠷᠠᠯᠠᠯ ᠤᠨ ᠪᠦᠲᠦᠭᠡᠭᠳᠡᠭᠦᠨ ᠤ ᠤᠷᠤᠯᠳᠤᠭᠠᠨ ᠳᠤ ᠰᠠᠭᠠᠳᠠᠯ ᠦᠭᠡᠢ ᠤᠷᠤᠯᠴᠠᠭᠠᠳ ᠣᠯᠠᠨ ᠲᠦᠷᠦᠯ ᠤᠨ ᠱᠠᠩᠨᠠᠯ ᠬᠥᠬᠢᠭᠦᠯᠦᠯ ᠲᠤᠰᠤᠭᠰᠠᠨ ᠠᠴᠠ ᠤᠷᠮ᠎ᠠ ᠵᠣᠷᠢᠭ ᠨᠢ ᠤᠯᠠᠮ ᠬᠥᠪᠴᠢᠯᠡᠭᠳᠡᠭᠰᠡᠨ ᠪᠠᠶᠢᠨ᠎ᠠ᠃    ᠣᠶᠤᠳᠠᠯ ᠦᠢᠯᠡ ᠪᠠᠷ ᠢᠶᠠᠨ ᠣᠯᠠᠨ ᠨᠡᠶᠢᠲᠡ ᠳᠤ ᠮᠡᠳᠡᠷᠡᠭᠳᠡᠭᠰᠡᠨ ᠠᠴᠠ ᠬᠤᠰᠢᠭᠤᠨ ᠤ ᠨᠠᠮ ᠵᠠᠰᠠᠭ ᠠᠴᠠ ᠠᠯᠲᠠᠨᠴᠡᠴᠡᠭ ᠢ ᠬᠤᠰᠢᠭᠤᠨ ᠤ ᠳᠡᠰ ᠤᠨ ᠪᠤᠳᠠᠰ ᠤᠨ ᠪᠤᠰᠤ ᠰᠤᠶᠤᠯ ᠤᠨ ᠥᠪ ᠥᠪᠯᠡᠨ ᠤᠯᠠᠮᠵᠢᠯᠠᠭᠴᠢ ᠪᠠᠷ ᠰᠤᠩᠭᠤᠵᠤ᠂ ᠠᠵᠢᠯ ᠦᠢᠯᠡᠰ ᠢ ᠨᠢ ᠳᠡᠮᠵᠢᠨ᠂ ᠪᠣᠯᠪᠠᠰᠤᠷᠠᠯ ᠤᠨ ᠰᠠᠭᠤᠷᠢᠨ ᠭᠠᠵᠠᠷ ᠲᠠᠭᠠᠨ ᠳᠤᠰᠬᠠᠢ ᠭᠡᠷ ᠭᠠᠷᠭᠠᠵᠤ᠂ ᠮᠠᠰᠢᠨ ᠲᠧᠭᠨᠢᠭ ᠪᠠᠭᠠᠵᠢ ᠬᠡᠷᠡᠭᠰᠡᠯ ᠢᠶᠠᠷ ᠳᠡᠮᠵᠢᠵᠦ ᠳᠤᠰᠠᠯᠠᠭᠰᠠᠨ ᠪᠠᠶᠢᠨ᠎ᠠ᠃ ᠡᠶᠢᠨᠬᠦ ᠲᠡᠷᠡ ᠬᠤᠶᠢᠴᠢ ᠦᠶ᠎ᠡ ᠳᠡᠭᠡᠨ ᠤᠯᠠᠮᠵᠢᠯᠠᠬᠤ ᠵᠢᠭᠠᠨ ᠰᠤᠷᠭᠠᠯᠲᠠ ᠶᠢᠨ ᠲᠠᠰᠤᠭ ᠭᠠᠷᠭᠠᠵᠤ᠂ ᠵᠠᠯᠠᠭᠤᠴᠤᠳ ᠪᠠᠭᠠᠴᠣᠳ ᠢ ᠵᠢᠭᠠᠨ ᠵᠢᠯᠤᠭᠤᠳᠴᠤ ᠡᠬᠢᠯᠡᠭᠰᠡᠨ ᠢᠶᠠᠷ ᠦᠪᠡᠷ ᠤᠨ ᠬᠤᠰᠢᠭᠤᠨ ᠤ ᠲᠡᠳᠦᠢ ᠦᠭᠡᠢ᠂ ᠪᠤᠰᠤᠳ ᠬᠤᠰᠢᠭᠤᠨ ᠤ ᠰᠤᠷᠤᠯᠴᠠᠬᠤ ᠬᠦᠮᠦᠰ ᠴᠦ ᠳᠠᠰᠤᠷᠠᠯᠲᠠ ᠦᠭᠡᠢ ᠢᠷᠡᠵᠦ ᠪᠠᠭᠰᠢ ᠪᠠᠷᠢᠳᠠᠭ ᠪᠤᠯᠤᠭᠰᠠᠨ ᠪᠠᠶᠢᠨ᠎ᠠ᠃    ᠠᠵᠢᠯ ᠬᠦᠳᠡᠯᠮᠦᠷᠢ ᠶᠢᠨ ᠬᠠᠷᠢᠭᠤ ᠨᠢ ᠬᠡᠯᠡᠯᠭᠡᠨ ᠦᠭᠡᠢ ᠬᠦᠴᠦ ᠬᠦᠯᠦᠰᠦᠨ ᠤ ᠬᠠᠨᠳᠢᠪ ᠪᠣᠯᠬᠤ ᠨᠢ ᠳᠠᠮᠵᠢᠭ ᠦᠭᠡᠢ᠃ ᠬᠤᠲᠠ ᠤᠷᠤᠭᠰᠠᠨ ᠮᠠᠯᠴᠢᠳ ᠤᠨ ᠭᠠᠷᠮᠠᠭᠠᠢ ᠰᠤᠳᠣᠨ ᠲᠥᠯᠦᠭᠡᠯᠡᠭᠴᠢ ᠶᠢᠨ ᠨᠢᠭᠡᠨ ᠪᠣᠯᠬᠤ ᠠᠯᠲᠠᠨᠴᠡᠴᠡᠭ ᠢ ᠰᠤᠷᠪᠤᠯᠵᠢᠯᠠᠬᠤ ᠶᠢᠨ ᠳᠠᠭᠠᠤ ᠳᠤ ᠲᠡᠭᠦᠨ ᠤ ᠠᠯᠤᠰ ᠬᠡᠳᠦ ᠶᠢᠨ ᠵᠣᠷᠢᠯᠭ᠎ᠠ ᠶᠢ ᠨᠢ ᠠᠰᠠᠭᠤᠭᠰᠠᠨ ᠳᠤ ᠡᠨᠡᠬᠦ ᠦᠢᠯᠡᠰ ᠢᠶᠠᠨ ᠬᠦᠭᠵᠢᠭᠦᠯᠬᠦ ᠶᠢᠨ ᠵᠡᠷᠭᠡ ᠪᠠᠷ ᠨᠡᠩ ᠴᠢᠬᠤᠯᠠ ᠨᠢ ᠤᠯᠠᠮᠵᠢᠯᠠᠨ ᠥᠪᠯᠡᠭᠦᠯᠬᠦ ᠠᠵᠢᠯᠯᠠᠭ᠎ᠠ ᠳᠠᠭᠠᠨ ᠰᠢᠮᠳᠠᠵᠤ᠂ ᠨᠡᠩ ᠣᠯᠠᠨ ᠵᠠᠯᠠᠭᠤᠴᠤᠳ ᠪᠠᠭᠠᠴᠤᠳ ᠲᠤ ᠤᠷ᠎ᠠ ᠮᠡᠷᠭᠡᠵᠢᠯ  ᠪᠠᠨ ᠡᠵᠡᠮᠰᠢᠭᠦᠯᠬᠦ  ᠪᠠᠷ ᠴᠢᠷᠮᠠᠶᠢᠨ᠎ᠠ ᠭᠡᠵᠦ ᠪᠠᠶᠠᠷᠲᠠᠢ ᠶᠠᠷᠢᠭᠰᠠᠨ ᠶᠤᠮ ᠰᠠᠨ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号