ᠵᠠᠰᠠᠭ ᠤᠨ ᠣᠷᠳᠣᠨ ᠤ ᠲᠤᠰᠬᠠᠢ ᠰᠡᠳᠦᠪᠲᠦ ᠮᠡᠳᠡᠭᠦᠯᠦᠯᠲᠡ
ᠨᠡᠶᠢᠲᠡᠯᠡᠭᠰᠡᠨ ᠴᠠᠭ᠄
2024/12/2
 ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ        ᠤᠨ ᠶᠡᠭᠡ ᠬᠤᠷᠠᠯ ᠤᠨ ᠳᠥᠷᠪᠡᠳᠦᠭᠡᠷ ᠣᠳᠠᠭᠠᠨ ᠤ ᠬᠤᠷᠠᠯᠳᠤᠭᠠᠨ ᠳᠡᠭᠡᠷ᠎ᠡ          ᠵᠠᠰᠠᠭ ᠤᠨ ᠤᠷᠳᠤᠨ ᠤ ᠬᠤᠰᠢᠭᠤ ᠲᠠᠷᠤᠭ᠎ᠠ     ᠨᠠᠰᠤᠨᠪᠠᠲᠤ                  2024 ᠣᠨ ᠤ 7 ᠰᠠᠷ᠎ᠠ ᠶᠢᠨ 26 ᠤ ᠡᠳᠦᠷ  ᠲᠥᠯᠥᠭᠡᠯᠡᠭᠴᠢᠳ ᠡ᠄    ᠣᠳᠣ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠣᠯᠪᠠᠤ︕    ᠨᠢᠭᠡ᠂ ᠡᠳ᠋ ᠤᠨ ᠵᠠᠰᠠᠭ ᠤᠨ ᠡᠷᠬᠢᠯᠳᠡ ᠵᠢᠴᠢ ᠥᠷᠢ ᠥᠭᠴᠡᠭᠡ ᠶᠢ ᠴᠠᠶᠢᠷᠠᠭᠤᠯᠬᠤ ᠲᠠᠯ᠎ᠠ ᠪᠠᠷ    ᠲᠣᠰ ᠬᠤᠭᠤᠴᠠᠭᠠᠨ ᠤ ᠵᠠᠰᠠᠭ ᠤᠨ ᠣᠷᠳᠣᠨ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠲᠥᠰᠦᠪ ᠤᠨ ᠬᠠᠤᠯᠢ ᠵᠢᠴᠢ ᠬᠡᠷᠡᠭᠵᠢᠭᠦᠯᠬᠦ ᠲᠦᠷᠢᠮ ᠪᠠ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠭᠤᠤᠯᠳᠠᠯᠭ᠎ᠠ ᠶᠢ ᠵᠠᠷᠤᠯᠭ᠎ᠠ ᠶᠢᠨ ᠲᠥᠰᠦᠪ ᠪᠠ ᠲᠥᠷᠥ ᠶᠢᠨ ᠪᠣᠳᠣᠯᠭ᠎ᠠ ᠲᠡᠰᠢ ᠥᠷᠭᠡᠳᠬᠡᠬᠦ ᠲᠤᠬᠠᠶ ᠵᠢᠯᠣᠭᠤᠳᠬᠤ ᠰᠠᠨᠠᠯ︾ ᠶᠣᠰᠣᠭᠠᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠢ ᠵᠢᠯᠣᠭᠤᠳᠤᠨ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠤᠨ ᠰᠢᠢᠳᠪᠤᠷᠢ ᠵᠢᠴᠢ ᠬᠢᠨᠠᠨ ᠪᠠᠶᠢᠴᠠᠭᠠᠭᠰᠠᠨ ᠰᠠᠨᠠᠯ ᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠬᠢᠨᠠᠯᠳᠠ ᠬᠠᠮᠢᠶᠠᠷᠤᠯᠲᠠ ᠶᠢ ᠴᠢᠩᠭᠠᠳᠬᠠᠨ᠂ ᠲᠦᠭᠰᠢᠭᠦᠷᠢ ᠶᠢ ᠰᠡᠷᠭᠡᠶᠢᠯᠡᠨ ᠨᠠᠮᠳᠠᠭᠠᠵᠤ᠂ ᠠᠵᠤ ᠠᠬᠤᠶ ᠶᠢᠨ ᠰᠠᠭᠤᠷᠢ ᠶᠢ ᠦᠷᠭᠦᠯᠵᠢᠯᠡᠨ ᠪᠠᠬᠢᠵᠢᠭᠦᠯᠦᠨ ᠴᠢᠩᠭᠠᠳᠬᠠᠪᠠ᠃ ᠭᠤᠷᠪᠠᠨ ᠵᠢᠯ ᠤᠨ ᠲᠤᠷᠰᠢ᠂ ᠪᠢᠳᠡ ᠤᠷᠢᠳᠴᠢᠯᠡᠨ ᠲᠥᠯᠥᠪᠵᠢᠭᠦᠯᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠪᠡᠯᠡ ᠤᠷᠤᠭᠤᠯᠤᠨ᠂ ᠰᠠᠭᠤᠷᠢ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠨᠥᠭᠡᠴᠡ ᠬᠦᠴᠦᠨ ᠢ ᠨᠡᠮᠡᠭᠳᠡᠭᠦᠯᠬᠦ ᠪᠠᠷ ᠬᠥᠭᠵᠢᠯᠲᠡ ᠶᠢᠨ ᠬᠠᠷᠠᠯᠲᠠ ᠪᠣᠯᠭᠠᠭᠰᠠᠨ ᠠᠴᠠ ᠪᠦᠬᠦ ᠬᠤᠰᠢᠭᠤᠨ ᠤ ᠠᠵᠤ ᠠᠬᠤᠢ ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠡᠳ᠋ ᠤᠨ ᠵᠠᠰᠠᠭ ᠤᠨ ᠣᠷᠤᠯᠭ᠎ᠠ ᠶᠢᠨ ᠲᠠᠯ᠎ᠠ ᠪᠠᠷ᠂ ᠡᠳ᠋ ᠤᠨ ᠵᠠᠰᠠᠭ ᠤᠨ ᠣᠷᠤᠯᠭ᠎ᠠ ᠦᠷᠭᠦᠯᠵᠢᠯᠡᠨ ᠨᠡᠮᠡᠭᠳᠡᠪᠠ᠃ 2021 ᠣᠨ ᠠᠴᠠ 2023 ᠣᠨ ᠪᠣᠯᠲᠠᠯ᠎ᠠ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2.97 ᠳ᠋ᠦᠩᠰᠢᠭᠤᠷ ᠲᠥᠭᠦᠷᠢᠭ ᠠᠴᠠ 5.29 ᠳ᠋ᠦᠩᠰᠢᠭᠤᠷ ᠲᠥᠭᠦᠷᠢᠭ ᠪᠣᠯᠤᠨ ᠨᠡᠮᠡᠭᠳᠡᠵᠦ᠂ 78.1 % ᠪᠠᠷ ᠨᠡᠮᠡᠭᠳᠡᠪᠡ︔ 2024 ᠣᠨ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 5.56 ᠳ᠋ᠦᠩᠰᠢᠭᠤᠷ ᠲᠥᠭᠦᠷᠢᠭ ᠲᠤ ᠬᠦᠷᠴᠦ᠂ 2023 ᠣᠨ ᠤ ᠬᠢ ᠲᠠᠢ ᠬᠠᠷᠢᠴᠠᠭᠤᠯᠪᠠᠯ 5.1 % ᠪᠠᠷ ᠨᠡᠮᠡᠭᠳᠡᠪᠡ᠃ 2024 ᠣᠨ ᠤ ᠳᠡᠭᠡᠷ᠎ᠡ ᠬᠠᠭᠠᠰ ᠵᠢᠯ ᠳᠤ 2.33 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠲᠥᠰᠦᠪ ᠤᠨ 42 % ᠢ ᠪᠡᠶᠡᠯᠡᠭᠦᠯᠪᠡ᠃ ᠡᠳ᠋ ᠤᠨ ᠵᠠᠰᠠᠭ ᠤᠨ ᠵᠠᠷᠤᠯᠭ᠎ᠠ ᠶᠢᠨ ᠲᠠᠯ᠎ᠠ ᠪᠠᠷ᠂ ᠪᠡᠯᠡ ᠮᠥᠩᠭᠦ ᠬᠤᠷᠠᠮᠳᠤᠭᠤᠯᠬᠤ ᠠᠷᠭ᠎ᠠ ᠵᠠᠮ ᠢ ᠢᠳᠡᠪᠬᠢᠲᠡᠶ ᠥᠷᠭᠡᠳᠬᠡᠵᠦ᠂ ᠰᠢᠯᠵᠢᠭᠦᠯᠦᠨ ᠲᠦᠯᠦᠪᠦᠷᠢᠯᠡᠬᠦ ᠪᠡᠯᠡ ᠮᠥᠩᠭᠦ ᠶᠢ ᠭᠤᠶᠤᠴᠢᠯᠠᠨ ᠤᠯᠬᠤ᠂ ᠤᠯᠤᠰ ᠤᠨ ᠵᠢᠭᠡᠯᠡᠯᠭᠡ ᠶᠢ ᠨᠡᠮᠡᠨ ᠲᠠᠷᠬᠠᠭᠠᠬᠤ᠂ ᠵᠢᠭᠡᠯᠡᠯᠭᠡ ᠶᠢᠨ ᠲᠡᠮᠳᠡᠭᠲᠦ ᠶᠢ ᠰᠢᠨ᠎ᠡ ᠪᠠᠷ ᠨᠡᠮᠡᠭᠳᠡᠭᠦᠯᠬᠦ᠂ ᠡᠯ᠎ᠡ ᠲᠥᠷᠥᠯ ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠥᠩᠭᠦ ᠶᠢ ᠴᠢᠯᠤᠬᠡᠳᠡᠢ ᠪᠣᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠳ᠋ ᠤᠨ ᠵᠠᠰᠠᠭ ᠤᠨ ᠵᠠᠷᠤᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ 2021 ᠣᠨ ᠠᠴᠠ 2023 ᠣᠨ ᠤ ᠬᠤᠭᠤᠴᠠᠭᠠᠨ ᠳᠤ᠂ ᠡᠩ ᠤᠨ ᠴᠢᠨᠠᠷᠲᠠᠢ ᠰᠢᠯᠵᠢᠭᠦᠯᠦᠨ ᠲᠦᠯᠦᠪᠦᠷᠢᠯᠡᠬᠦ ᠪᠡᠯᠡ ᠮᠥᠩᠭᠦ 1 ᠳ᠋ᠦᠩᠰᠢᠭᠤᠷ ᠲᠥᠭᠦᠷᠢᠭ᠂ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ 15.688 ᠳ᠋ᠦᠩᠰᠢᠭᠤᠷ ᠲᠥᠭᠦᠷᠢᠭ᠂ ᠲᠤᠰᠬᠠᠢ ᠲᠦᠷᠤᠯ ᠤᠨ ᠵᠢᠭᠡᠯᠡᠯᠭᠡ ᠶᠢᠨ ᠲᠡᠮᠳᠡᠭᠲᠦ 8200 ᠲᠦᠮᠡᠨ ᠲᠥᠭᠦᠷᠢᠭ ᠪᠠ ᠰᠢᠨ᠎ᠡ ᠪᠠᠷ ᠨᠡᠮᠡᠭᠳᠡᠭᠰᠡᠨ ᠣᠨᠴᠠᠭᠠᠢ ᠤᠯᠤᠰ ᠤᠨ ᠵᠢᠭᠡᠯᠡᠯᠭᠡ ᠶᠢᠨ ᠪᠡᠯᠡ ᠮᠥᠩᠭᠦ 2042 ᠲᠦᠮᠡᠨ ᠲᠥᠭᠦᠷᠢᠭ ᠢ ᠭᠤᠶᠤᠴᠢᠯᠠᠨ ᠣᠯᠪᠠ᠃ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 13.22 ᠳ᠋ᠦᠩᠰᠢᠭᠤᠷ ᠲᠥᠭᠦᠷᠢᠭ ᠠᠴᠠ 16.56 ᠳ᠋ᠦᠩᠰᠢᠭᠤᠷ ᠲᠥᠭᠦᠷᠢᠭ ᠪᠣᠯᠤᠨ ᠨᠡᠮᠡᠭᠳᠡᠵᠦ᠂ 25.3 % ᠪᠠᠷ ᠨᠡᠮᠡᠭᠳᠡᠪᠡ᠃ ᠥᠷᠢ ᠦᠭᠴᠡᠭᠡ ᠶᠢ ᠴᠠᠶᠢᠷᠠᠭᠤᠯᠬᠤ ᠲᠠᠯ᠎ᠠ ᠪᠠᠷ᠂ ᠥᠷᠢ ᠥᠭᠴᠡᠭᠡᠨ ᠤ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠪᠦᠳᠤᠮᠵᠢᠳᠡᠢ ᠬᠡᠷᠡᠭᠯᠡᠬᠦ ᠶᠢ ᠪᠠᠷᠢᠮᠲᠠᠯᠠᠨ᠂ ᠲᠥᠷᠥᠯ ᠵᠦᠢᠯ ᠤᠨ ᠶᠠᠰᠤ ᠴᠢᠨᠠᠷ ᠢ ᠴᠢᠩᠭ᠎ᠠ ᠪᠠᠲᠤᠯᠠᠵᠤ᠂ ᠳᠠᠯᠳᠠ ᠥᠭᠴᠡᠭᠡᠨ ᠤ ᠨᠡᠮᠡᠭᠳᠡᠯ ᠢ ᠡᠷᠡᠰ ᠢᠶᠠᠷ ᠬᠤᠷᠢᠭᠯᠠᠪᠠ᠃ ᠡᠭᠦᠨ ᠤ ᠬᠠᠮᠲᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠤᠬᠢᠴᠠᠮᠵᠢ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠨᠠᠮᠳᠠᠭᠠᠵᠤ᠂ ᠲᠦᠭᠰᠢᠭᠦᠷᠢ ᠶᠢ ᠡᠵᠡᠮᠳᠡᠵᠦ ᠪᠣᠯᠬᠤ ᠬᠡᠪᠴᠢᠶᠡᠨ ᠳᠤ ᠬᠢᠵᠠᠭᠠᠷᠯᠠᠬᠤ ᠶᠢ ᠦᠨᠡᠨᠬᠦ ᠪᠠᠲᠤᠯᠠᠪᠠ᠃ 2021 ᠣᠨ ᠤ 6 ᠰᠠᠷ᠎ᠠ ᠶᠢᠨ ᠰᠡᠭᠦᠯᠴᠢ ᠪᠣᠯᠲᠠᠯ᠎ᠠ ᠵᠠᠰᠠᠭ ᠤᠨ ᠣᠷᠳᠣᠨ ᠤ ᠪᠥᠬᠦ ᠰᠢᠰᠲ᠋ᠧᠮ ᠤᠨ ᠥᠷᠢ ᠥᠭᠴᠡᠭᠡ ᠶᠢᠨ ᠦᠯᠡᠳᠡᠪᠦᠷᠢ ᠲᠤᠭ᠎ᠠ 31.15 ᠳ᠋ᠦᠩᠰᠢᠭᠤᠷ ᠲᠥᠭᠦᠷᠢᠭ᠂ ᠥᠷᠢ ᠥᠭᠴᠡᠭᠡ ᠶᠢᠨ ᠨᠣᠷᠮ᠎ᠠ 243% ᠳᠤ ᠬᠦᠷᠴᠦ᠂ 2021 ᠣᠨ- 2024 ᠣᠨ ᠳᠤ ᠳᠠᠯᠳᠠ ᠥᠷᠢ ᠥᠭᠴᠡᠭᠡ ᠶᠢ ᠨᠡᠶᠢᠲᠡ 7.1264 ᠳ᠋ᠦᠩᠰᠢᠭᠤᠷ ᠲᠥᠭᠦᠷᠢᠭ ᠴᠠᠶᠢᠷᠠᠭᠤᠯᠵᠤ᠂ ᠥᠷᠢ ᠥᠭᠴᠡᠭᠡ ᠶᠢᠨ ᠨᠣᠷᠮ᠎ᠠ 187 % ᠪᠣᠯᠲᠠᠯ᠎ᠠ ᠪᠠᠭᠠᠰᠴᠦ᠂ ᠭᠤᠷᠪᠠᠨ ᠵᠢᠯ ᠵᠠᠯᠭᠠᠭ᠎ᠠ ᠪᠠᠷ ᠪᠠᠭᠤᠷᠠᠬᠤ ᠶᠢ ᠪᠡᠶᠡᠯᠡᠭᠦᠯᠪᠡ᠃ ᠡᠭᠦᠨ ᠳᠤ ᠲᠣᠰ ᠱᠠᠲᠤᠨ ᠤ ᠡᠳ᠋ ᠤᠨ ᠵᠠᠰᠠᠭ ᠢᠶᠠᠷ ᠳᠠᠮᠵᠢᠨ 5.2327 ᠳ᠋ᠦᠩᠰᠢᠭᠤᠷ ᠲᠥᠭᠦᠷᠢᠭ ᠴᠠᠶᠢᠷᠠᠭᠤᠯᠵᠤ᠂  ︽ᠳᠥᠷᠪᠡᠨ ᠨᠢᠭᠡ ᠪᠦᠯᠦᠭ︾ ᠵᠡᠷᠭᠡ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠪᠠᠷ 1.2917 ᠳ᠋ᠦᠩᠰᠢᠭᠤᠷ ᠲᠥᠭᠦᠷᠢᠭ ᠴᠠᠶᠢᠷᠠᠭᠤᠯᠵᠤ᠂ ᠪᠤᠰᠤᠳ ᠰᠠᠯᠠᠭ᠎ᠠ ᠮᠦᠴᠢᠷ ᠠᠴᠠ 6019.65 ᠲᠦᠮᠡᠨ ᠲᠥᠭᠦᠷᠢᠭ ᠴᠠᠶᠢᠷᠠᠭᠤᠯᠵᠤ᠂ ᠭᠤᠷᠪᠠᠨ ᠵᠢᠯ ᠤᠨ ᠳᠣᠲᠣᠷ᠎ᠠ ᠥᠷᠢ ᠥᠭᠴᠡᠭᠡᠨ ᠤ ᠲᠦᠭᠰᠢᠭᠦᠷᠢ ᠶᠢᠨ ᠲᠠᠰ ᠨᠢ ︽ᠤᠯᠠᠪᠤᠷ︾ ᠠᠴᠠ ︽ᠰᠢᠷ᠎ᠠ︾ ᠪᠣᠯᠵᠤ᠂ ᠥᠷᠢ ᠥᠭᠴᠡᠭᠡᠨ ᠤ ᠬᠡᠪᠴᠢᠶ᠎ᠡ ᠤᠯᠠᠮ ᠴᠢᠨᠠᠭᠰᠢᠳᠠ ᠪᠠᠭᠠᠰᠪᠠ᠃ ᠥᠩᠭᠡᠷᠡᠭᠰᠡᠨ ᠵᠢᠯ ᠤᠨ ᠲᠦᠯᠦᠪᠦᠷᠢᠯᠡᠭᠡ ᠦᠭᠡᠢ ᠲᠤᠰᠬᠠᠢ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠦᠯᠦᠪᠦᠷᠢᠯᠡᠭᠡ ᠦᠭᠡᠢ ᠲᠤᠰᠬᠠᠢ ᠪᠡᠯᠡ ᠮᠥᠩᠭᠦ 2021 ᠣᠨ ᠤ 8.28 ᠳ᠋ᠦᠩᠰᠢᠭᠤᠷ ᠲᠥᠭᠦᠷᠢᠭ ᠠᠴᠠ 2024 ᠣᠨ ᠤ 6 ᠰᠠᠷ᠎ᠠ ᠪᠣᠯᠲᠠᠯ᠎ᠠ 4.94 ᠳ᠋ᠦᠩᠰᠢᠭᠤᠷ ᠲᠥᠭᠦᠷᠢᠭ ᠪᠣᠯᠪᠠ᠃ ᠰᠢᠰᠲ᠋ᠧᠮ ᠠᠴᠠ ᠭᠠᠳᠠᠨᠠᠬᠢ ᠪᠡᠯᠡ ᠮᠦᠩᠭᠦ ᠶᠢ ᠴᠡᠭᠴᠡᠯᠡᠨ ᠴᠠᠶᠢᠷᠠᠭᠤᠯᠬᠤ ᠶᠢ ᠴᠢᠩᠭᠠᠳᠬᠠᠪᠠ᠃ 2021 ᠣᠨ ᠠᠴᠠ ᠨᠠᠰᠢ ᠰᠢᠰᠲ᠋ᠧᠮ ᠠᠴᠠ ᠭᠠᠳᠠᠨᠠᠬᠢ ᠳᠠᠩᠰᠠᠨ ᠤ ᠪᠡᠯᠡ ᠮᠦᠩᠭᠦ ᠶᠢ ᠨᠡᠶᠢᠲᠡ 5795 ᠲᠦᠮᠡᠨ ᠲᠥᠭᠦᠷᠢᠭ ᠴᠠᠶᠢᠷᠠᠭᠤᠯᠪᠠ᠃ ᠪᠤᠰᠤᠳ ᠡᠳ᠋ ᠤᠨ ᠵᠠᠰᠠᠭ ᠤᠨ ᠲᠠᠯ᠎ᠠ ᠪᠠᠷ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ 2021 ᠣᠨ ᠠᠴᠠ ᠤᠳᠤ ᠪᠣᠯᠲᠠᠯ᠎ᠠ ᠮᠠᠯᠵᠢᠬᠤ ᠲᠠᠷᠢᠶᠠᠯᠠᠬᠤ ᠦᠢᠯᠡᠳᠪᠦᠷᠢᠯᠡᠯ ᠳᠤ ᠬᠤᠯᠪᠣᠭᠳᠠᠭᠰᠠᠨ 4.85 ᠳ᠋ᠦᠩᠰᠢᠭᠤᠷ ᠲᠥᠭᠦᠷᠢᠭ ᠨᠥᠬᠦᠪᠦᠷᠢ ᠶᠢᠨ ᠮᠥᠩᠭᠦ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠲᠠᠷᠬᠠᠭᠠᠪᠠ᠃ ᠡᠭᠦᠨ ᠳᠤ᠂ ᠨᠤᠳᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠥᠷᠢ ᠶᠢᠨ ᠪᠠᠯᠠ ᠮᠥᠩᠭᠦ 3.4 ᠳ᠋ᠦᠩᠰᠢᠭᠤᠷ ᠲᠥᠭᠦᠷᠢᠭ᠂ ᠪᠡᠯᠴᠢᠭᠡᠷ ᠰᠡᠷᠭᠦᠭᠡᠬᠦ ᠨᠥᠬᠦᠪᠥᠷᠢ ᠶᠢᠨ ᠪᠠᠯᠠ ᠮᠥᠩᠭᠦ 1.08 ᠳ᠋ᠦᠩᠰᠢᠭᠤᠷ ᠲᠥᠭᠦᠷᠢᠭ᠂ ᠨᠡᠶᠢᠲᠡ ᠶᠢᠨ ᠠᠰᠢᠭᠲᠤ ᠣᠶ ᠶᠢᠨ ᠨᠥᠬᠦᠪᠥᠷᠢ ᠶᠢᠨ ᠪᠠᠯᠠ ᠮᠥᠩᠭᠦ 3700 ᠲᠦᠮᠡᠨ ᠲᠥᠭᠦᠷᠢᠭ ᠢ ᠲᠠᠷᠬᠠᠭᠠᠪᠠ᠃ ᠬᠢᠯᠢ ᠬᠢᠵᠠᠭᠠᠷ ᠣᠷᠣᠨ ᠤ ᠮᠠᠯᠴᠢᠳ ᠲᠤ 6732 ᠲᠦᠮᠡᠨ ᠲᠥᠭᠦᠷᠢᠭ ᠬᠢᠯᠢ ᠶᠢᠨ ᠠᠷᠠᠳ ᠤᠨ ᠨᠦᠬᠦᠪᠤᠷᠢ ᠲᠠᠷᠬᠠᠭᠠᠪᠠ᠃ ᠱᠠᠳᠤᠴᠢ ᠴᠢᠨᠠᠷᠲᠠᠶ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ 2021 ᠣᠨ ᠠᠴᠠ 2023 ᠣᠨ ᠪᠣᠯᠲᠠᠯ᠎ᠠ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠵᠢᠴᠢ ᠭᠠᠶᠢᠯᠢ ᠪᠤᠴᠠᠭᠠᠬᠤ ᠭᠠᠶᠢᠯᠢ ᠶᠢ ᠬᠤᠶᠢᠰᠢᠯᠠᠭᠤᠯᠬᠤ ᠰᠦᠢᠳᠬᠡᠯ 2.62 ᠳ᠋ᠦᠩᠰᠢᠭᠤᠷ ᠲᠥᠭᠦᠷᠢᠭ ᠳᠠᠪᠠᠭᠤᠯᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠬᠦᠴᠢᠷᠳᠡᠯ ᠢ ᠰᠢᠢᠳᠪᠦᠷᠢᠯᠡᠨ ᠬᠦᠭᠵᠢᠬᠦᠯᠬᠦ ᠶᠢ ᠬᠦᠴᠦᠯᠡᠨ ᠳᠡᠮᠵᠢᠪᠡ᠃    ᠶᠡᠷᠦᠩᠬᠡᠶᠢᠯᠡᠪᠡᠯ᠂ 2021 ᠣᠨ ᠠᠴᠠ ᠨᠠᠰᠢ ᠪᠥᠬᠦ ᠬᠤᠰᠢᠭᠤᠨ ᠤ ᠡᠳ᠋ ᠤᠨ ᠵᠠᠰᠠᠭ ᠤᠨ ᠡᠷᠬᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠡᠳ᠋ ᠤᠨ ᠵᠠᠰᠠᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠶᠡᠷᠦᠩᠬᠡᠢ ᠳᠤ ᠪᠠᠨ ᠰᠠᠶᠢᠨ ᠪᠠᠶᠢᠵᠤ᠂ ᠨᠢᠭᠡᠳᠦᠯᠲᠡᠶ ᠲᠦᠯᠦᠪᠵᠢᠭᠦᠯᠬᠦ ᠪᠠᠲᠤᠯᠠᠭ᠎ᠠ ᠶᠢᠨ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠪᠡ᠃ ᠡᠳᠡᠭᠡᠷ ᠠᠮᠵᠢᠯᠲᠠ ᠨᠢ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠵᠢᠯᠣᠭᠤᠳᠣᠯᠭ᠎ᠠ ᠶᠢᠨ ᠦᠷ᠎ᠡ ᠳ᠋ᠦᠩ ᠪᠣᠯᠬᠤ ᠮᠦᠷᠲᠡᠭᠡᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠶᠢᠨ ᠦᠷ᠎ᠠ ᠳ᠋ᠦᠡᠭ ᠪᠤᠯᠬᠤ ᠨᠢ ᠭᠠᠷᠴᠠᠭ᠎ᠠ ᠦᠭᠡᠢ᠃ ᠡᠭᠦᠨ ᠤ ᠬᠠᠮᠲᠤ᠂ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠢ ᠪᠡᠶᠡᠯᠡᠭᠦᠯᠦᠭᠰᠡᠨ ᠪᠣᠯᠪᠠᠴᠤ ᠭᠠᠶᠢᠯᠢ ᠶᠢᠨ ᠢᠷᠡᠯᠲᠡ ᠶᠢᠨ ᠪᠦᠲᠦᠴᠡ ᠬᠠᠷᠢᠴᠠᠩᠭᠤᠶ ᠪᠠᠷ ᠳᠠᠩ ᠴᠤᠯᠭᠤᠶ᠂ ᠨᠢᠬᠡᠯᠡ ᠤᠳᠠᠭ᠎ᠠ ᠶᠢᠨ ᠴᠢᠨᠠᠷᠲᠠᠶ ᠣᠷᠣᠯᠭ᠎ᠠ ᠤᠷᠤᠨ ᠵᠠᠢ ᠡᠵᠡᠯᠡᠵᠦ ᠪᠠᠶᠢᠬᠤ ᠵᠡᠷᠭᠡ ᠠᠰᠠᠭᠤᠳᠠᠯ ᠮᠦᠨᠬᠦ ᠣᠷᠣᠰᠢᠭᠰᠠᠭᠠᠷ ᠪᠠᠶᠢᠨ᠎ᠠ︔ ᠠᠵᠤ ᠠᠬᠤᠶ ᠶᠢᠨ ᠪᠠᠭᠤᠷᠠᠯᠲᠠ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠵᠡᠷᠭᠡ ᠣᠯᠠᠨ ᠲᠠᠯ᠎ᠠ ᠶᠢᠨ ᠬᠦᠴᠦᠨ ᠵᠦᠢᠯ ᠤᠨ ᠨᠥᠯᠥᠭᠡ ᠠᠴᠠ ᠪᠣᠯᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠦᠷᠢᠶ᠎ᠡ ᠲᠣᠪᠤᠶᠢᠮ᠎ᠠ᠂ ᠡᠳ᠋ ᠤᠨ ᠵᠠᠰᠠᠭ ᠤᠨ ᠡᠷᠬᠢᠯᠲᠡ ᠶᠢᠨ ᠳᠠᠷᠤᠯᠲᠠ ᠨᠡᠯᠢᠶᠡᠳ ᠶᠡᠭᠡ ᠪᠠᠶᠢᠭᠰᠠᠭᠠᠷ︔ ᠲᠥᠰᠦᠪ ᠤᠨ ᠬᠠᠮᠢᠶᠠᠷᠤᠯᠲᠠ ᠪᠦᠷᠢᠨ ᠲᠦᠭᠦᠷ ᠪᠤᠰᠤ᠂ ᠠᠵᠢᠯ ᠤᠨ ᠪᠦᠲᠦᠮᠵᠢ ᠶᠢᠨ ᠬᠠᠮᠢᠶᠠᠷᠤᠯᠲᠠ ᠶᠢᠨ ᠶᠠᠰᠤ ᠴᠢᠨᠠᠷ ᠢ ᠦᠷᠭᠦᠯᠵᠢᠯᠡᠨ ᠴᠢᠩᠭᠠᠳᠬᠠᠬᠤ ᠴᠢᠬᠤᠯᠠᠲᠠᠶ ᠪᠠᠶᠢᠨ᠎ᠠ᠃ ᠪᠢᠳᠡ ᠡᠳᠡᠭᠡᠷ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠢᠳᠡᠪᠬᠢᠲᠡᠢ ᠠᠷᠭ᠎ᠠ ᠬᠡᠮᠵᠢᠶ᠎ᠡ ᠠᠪᠴᠤ ᠰᠠᠶᠢᠳᠤᠷ ᠰᠢᠢᠳᠪᠦᠷᠢᠯᠡᠵᠦ ᠲᠡᠶᠢᠯᠦᠨ᠎ᠡ ᠭᠡᠳᠡᠭ ᠲᠤ ᠢᠳᠡᠬᠡᠯ ᠲᠠᠢ ᠪᠠᠶᠢᠨ᠎ᠠ᠃    ᠬᠤᠶᠠᠷ᠂ ᠲᠦᠪᠡᠭᠲᠡᠢ ᠠᠰᠠᠭᠤᠳᠠᠯ ᠢ ᠵᠦᠢ ᠵᠣᠬᠢᠰᠲᠠᠢ ᠰᠢᠢᠳᠪᠦᠷᠢᠯᠡᠬᠦ ᠲᠠᠯ᠎ᠠ ᠪᠠᠷ    ᠲᠤᠰ ᠬᠤᠭᠤᠴᠠᠭᠠᠨ ᠤ ᠵᠠᠰᠠᠭ ᠤᠨ ᠤᠷᠳᠤᠨ ᠵᠦᠪ ᠤᠨᠤᠪᠴᠢᠲᠠᠢ ᠠᠵᠢᠯ ᠤᠨ ᠪᠦᠳᠦᠮᠵᠢ ᠶᠢᠨ ᠦᠵᠡᠯᠲᠡ ᠶᠢ ᠪᠠᠲᠤ ᠪᠠᠬᠢ ᠪᠣᠢ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠢᠳᠡᠪᠬᠢᠲᠡᠢ ᠦᠢᠯᠡᠳᠦᠯᠭᠡᠵᠢᠭᠦᠯᠦᠨ᠂ ᠲᠦᠪᠡᠭᠲᠡᠢ ᠠᠰᠠᠭᠤᠳᠠᠯ ᠳᠤ ᠵᠦᠪ ᠢᠶᠠᠷ ᠬᠠᠨᠳᠤᠵᠤ᠂ ᠣᠴᠢᠷ ᠶᠠᠪᠤᠳᠠᠯ ᠳᠤ ᠬᠠᠷᠢᠭᠤᠴᠠᠬᠤ ᠣᠪᠤᠷ ᠢᠶᠠᠷ ︽ᠬᠠᠭᠤᠴᠢᠨ ᠳᠠᠩᠰᠠ︾ ᠶᠢ ᠯᠠᠪᠳᠠᠭᠤᠨ ᠪᠣᠯᠭᠤᠮᠵᠢᠲᠠᠢ ᠰᠢᠢᠳᠪᠦᠷᠢᠯᠡᠨ᠂ ︽ᠬᠠᠭᠤᠴᠢᠨ ᠳᠠᠩᠰᠠ︾ ᠶᠢ ᠰᠢᠢᠳᠪᠤᠷᠢᠯᠡᠬᠦ ᠳᠤᠮᠳᠠ ᠰᠢᠨ᠎ᠡ ᠦᠷ᠎ᠡ ᠪᠦᠳᠦᠮᠵᠢ ᠣᠯᠬᠤ ᠪᠠᠷ ᠴᠢᠷᠮᠠᠶᠢᠪᠠ᠃ ᠨᠢᠭᠡ ᠳᠤ᠂ ᠲᠡᠭᠡᠷ᠎ᠡ ᠬᠤᠭᠤᠴᠠᠭᠠᠨ ᠤ ᠤᠳᠤᠷᠢᠳᠤᠯᠭ᠎ᠠ ᠳᠤᠰᠢᠶᠠᠯ ᠠᠴᠠ ᠪᠠᠭᠤᠬᠤ ᠦᠶᠡᠰ ᠤᠨ ᠬᠢᠨᠠᠨ ᠪᠤᠳᠤᠯᠲᠠ ᠶᠢᠨ ᠮᠡᠳᠡᠭᠦᠯᠦᠯᠲᠡ ᠳᠤ ᠳᠤᠷᠠᠳᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠶᠢ ᠪᠡᠯᠡ ᠬᠤᠷᠠᠮᠳᠤᠭᠤᠯᠬᠤ ᠲᠠᠪᠴᠠᠩ ᠤᠨ ᠺᠤᠮᠫᠠᠨᠢ ᠳᠤ ᠵᠣᠬᠢᠰ ᠦᠭᠡᠶ ᠤᠷᠤᠭᠤᠯᠤᠭᠰᠠᠨ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠡᠷᠡᠰ ᠴᠡᠭᠴᠡᠯᠡᠨ ᠰᠠᠶᠢᠵᠢᠷᠠᠭᠤᠯᠵᠤ᠂ 7300 ᠲᠦᠮᠡᠨ ᠲᠥᠭᠦᠷᠢᠭ ᠤᠨ ᠬᠤᠯᠪᠤᠭᠳᠠᠯ ᠪᠦᠬᠦᠢ ᠵᠢᠭᠡᠯᠡᠯᠭᠡ ᠶᠢ ᠤᠷᠢᠳᠴᠢᠯᠠᠨ ᠪᠣᠴᠠᠭᠠᠭᠰᠠᠨ ᠤ ᠬᠠᠮᠲᠤ 16 ᠭᠡᠰᠡᠭ ᠭᠠᠵᠠᠷ ᠰᠢᠷᠣᠶ ᠶᠢᠨ ᠤᠤᠯ ᠤᠨ ᠰᠢᠨᠵᠢ ᠴᠢᠨᠠᠷ ᠢ ᠰᠡᠷᠭᠦᠭᠡᠵᠦ᠂ ᠡᠳ᠋ ᠬᠥᠷᠥᠩᠭᠡ ᠶᠢᠨ ᠲᠣᠬᠢᠷᠠᠭᠤᠯᠤᠯᠲᠠ ᠶᠢᠨ ᠵᠦᠢ ᠶᠤᠰᠤᠴᠢ ᠴᠢᠨᠠᠷ ᠪᠠ ᠲᠦᠷᠢᠮᠵᠢᠲᠦ ᠴᠢᠨᠠᠷ ᠢ ᠦᠨᠡᠨᠬᠦ ᠪᠠᠲᠤᠯᠠᠪᠠ᠃ ᠬᠤᠶᠠᠷ ᠲᠤ᠂ ᠠᠭᠤᠷᠬᠠᠢ ᠶᠢᠨ ᠰᠠᠭᠤᠭᠠᠯᠢᠴᠢᠳ ᠢ ᠪᠣᠰᠤᠳ ᠭᠠᠵᠠᠷ ᠲᠤ ᠨᠡᠭᠦᠯᠭᠡᠬᠦ ᠪᠠ ᠡᠬᠢ ᠪᠠᠶᠠᠯᠢᠭ ᠢ ᠨᠡᠭᠡᠭᠡᠨ ᠠᠰᠢᠭᠯᠠᠬᠤ ᠠᠰᠠᠭᠤᠳᠠᠯ ᠢ ᠵᠦᠢ ᠵᠤᠬᠢᠰᠲᠠᠢ ᠰᠢᠢᠳᠪᠦᠷᠢᠯᠡᠪᠡ᠃ ᠲᠤᠬᠠᠢ ᠶᠢᠨ ᠥᠶ᠎ᠡ ᠶᠢᠨ ᠲᠦᠷᠦ ᠶᠢᠨ ᠪᠣᠳᠣᠯᠭ᠎ᠠ ᠶᠢᠨ ᠰᠤᠳᠤᠯᠤᠨ ᠮᠠᠭᠠᠳᠯᠠᠯᠲᠠ ᠭᠦᠨᠵᠡᠭᠡᠢ ᠪᠣᠰᠤ ᠠᠴᠠ ᠪᠣᠯᠵᠤ᠂ ᠬᠠᠮᠢᠶ᠎ᠠ ᠪᠦᠬᠦᠢ ᠢᠨᠵᠧᠨᠧᠷᠢᠩ ᠢ ᠤᠷᠤᠭᠰᠢᠲᠠᠢ ᠬᠡᠷᠡᠭᠵᠢᠭᠦᠯᠵᠦ ᠲᠡᠶᠢᠯᠦᠭᠰᠡᠨ ᠦᠭᠡᠢ ᠪᠠᠶᠢᠳᠠᠯ ᠳᠤ ᠴᠢᠭᠯᠡᠭᠦᠯᠦᠨ᠂ ᠦᠨᠡᠨᠴᠢ ᠢᠲᠡᠭᠡᠮᠵᠢᠲᠦ ᠵᠠᠰᠠᠭ ᠤᠨ ᠤᠷᠳᠤᠨ ᠤ ᠪᠠᠶᠢᠭᠤᠯᠤᠯᠲᠠ ᠶᠢ ᠦᠢᠯᠡᠳᠦᠯᠭᠡᠵᠢᠭᠦᠯᠵᠦ᠂ ︽ᠰᠢᠨ᠎ᠡ ᠳᠤᠰᠢᠶᠠᠯ ᠳᠤ ᠭᠠᠷᠬᠤ ᠳᠠᠷᠤᠭ᠎ᠠ ᠬᠠᠭᠤᠴᠢᠨ ᠳᠠᠩᠰᠠ ᠶᠢ ᠰᠢᠢᠳᠪᠦᠷᠢᠯᠡᠬᠦ︾ ᠱᠠᠭᠠᠷᠳᠠᠯᠭ᠎ᠠ ᠶᠤᠰᠤᠭᠠᠷ᠂ ᠵᠢᠭᠤᠷᠠᠭᠠᠨ ᠤ ᠭᠤᠣᠯ ᠴᠤᠭᠴᠠ  ᠲᠠᠢ ᠢᠳᠡᠪᠬᠢᠲᠡᠢ ᠵᠦᠪᠳᠡᠯᠴᠡᠵᠦ᠂ ᠲᠡᠭᠡᠷ᠎ᠡ ᠳᠤᠷᠠᠳᠤᠭᠰᠠᠨ 7000 ᠲᠦᠮᠡᠨ ᠲᠦᠭᠦᠷᠢᠭ ᠤᠨ ᠠᠵᠤ ᠠᠬᠤᠢ ᠶᠢᠨ ᠥᠷᠢ ᠥᠭᠴᠡᠭᠡ ᠶᠢ ᠵᠢᠯ ᠬᠤᠭᠤᠴᠠᠭ᠎ᠠ ᠬᠤᠪᠢᠶᠠᠨ ᠲᠦᠯᠦᠬᠦ ᠲᠤᠬᠠᠢ ᠠᠰᠠᠭᠤᠳᠠᠯ ᠳᠤ ᠰᠠᠨᠠᠯ ᠨᠢᠭᠡᠳᠪᠡ᠃ ᠭᠤᠷᠪᠠ ᠳᠤ᠂ ᠲᠦᠭᠦᠮ ᠪᠦᠳᠦᠴᠡᠲᠦ ᠤᠷᠤᠨ ᠰᠠᠭᠤᠴᠠ ᠶᠢ ᠦᠭᠡᠷᠡᠴᠢᠯᠡᠨ ᠰᠠᠶᠢᠵᠢᠷᠠᠭᠤᠯᠬᠤ ᠠᠵᠢᠯ ᠤᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠪᠡ᠃ ᠲᠤᠰ ᠠᠰᠠᠭᠤᠳᠠᠯ ᠳᠤ ᠬᠤᠯᠪᠤᠭᠳᠠᠭᠰᠠᠨ ᠲᠦᠪᠡᠭᠲᠡᠢ ᠵᠦᠢᠯ ᠣᠯᠠᠨ᠂ ᠪᠡᠯᠡ ᠮᠦᠩᠬᠦ ᠶᠢᠨ ᠲᠤᠭ᠎ᠠ ᠶᠡᠭᠡ᠂ ᠪᠦᠷᠢᠮᠦᠰᠦᠨ ᠰᠢᠢᠳᠪᠦᠷᠢᠯᠡᠬᠦ ᠳᠤ ᠬᠦᠴᠢᠷᠲᠡᠯ ᠠᠷᠪᠢᠨ ᠪᠠᠶᠢᠵᠤ᠂ ᠲᠤᠬᠠᠶᠢᠯᠠᠪᠠᠯ ᠨᠡᠭᠦᠯᠭᠡᠨ ᠰᠢᠯᠵᠢᠭᠦᠯᠦᠭᠰᠡᠨ ᠡᠷᠦᠬᠡ ᠶᠢᠨ ᠭᠡᠷ ᠪᠠᠶᠢᠰᠢᠩ ᠢ ᠲᠦᠪᠬᠢᠨᠡᠭᠦᠯᠬᠦ ᠠᠵᠢᠯ ᠤᠨ ᠳᠤᠮᠳᠠ᠂ ᠭᠡᠷ ᠪᠠᠶᠢᠰᠢᠩ ᠳᠤᠬᠢᠷᠠᠭᠤᠯᠵᠤ ᠠᠮᠵᠢᠭ᠎ᠠ ᠦᠭᠡᠢ ᠦᠮᠴᠢᠯᠡᠭᠴᠢ ᠠᠴᠠ ᠣᠯᠠᠨ ᠣᠳᠠᠭ᠎ᠠ ᠲᠡᠷᠢᠭᠦᠯᠡᠭᠴᠢ ᠶᠢᠨ ᠵᠠᠬᠢᠳᠠᠯ ᠤᠨ  ᠬᠠᠶᠢᠷᠴᠠᠭ᠂ 12345 ᠤᠲᠠᠰᠤ ᠵᠡᠷᠭᠡ ᠠᠷᠭ᠎ᠠ ᠵᠠᠮ ᠢᠶᠠᠷ ᠲᠡᠭᠡᠲᠦ ᠱᠠᠳᠤᠨ ᠳᠤ ᠰᠠᠨᠠᠯ ᠢᠶᠠᠨ ᠳᠤᠰᠬᠠᠵᠤ᠂ ᠵᠠᠰᠠᠭ ᠤᠨ ᠤᠷᠳᠤᠨ ᠠᠴᠠ ᠪᠡᠯᠡ ᠮᠦᠩᠭᠦ ᠭᠠᠷᠭᠠᠵᠤ ᠬᠤᠳᠠᠯᠳᠤᠨ ᠠᠪᠬᠤ ᠶᠢ ᠱᠠᠭᠠᠷᠳᠠᠪᠠ᠃ ᠵᠠᠰᠠᠭ ᠤᠨ ᠤᠷᠳᠤᠨ ᠠᠴᠠ ᠣᠯᠠᠨ ᠣᠳᠠᠭ᠎ᠠ ᠡᠳᠡᠭᠡᠷ ᠬᠦᠮᠦᠰ ᠲᠠᠢ ᠬᠠᠷᠢᠴᠠᠨ᠂ ᠳᠠᠷᠠᠭᠠᠴᠢ ᠶᠢᠨ ᠠᠯᠬᠤᠮ ᠤᠨ ᠳᠤᠬᠢᠷᠠᠭᠤᠯᠤᠯᠲᠠ ᠳᠤ ᠣᠷᠢᠳᠴᠢᠯᠠᠨ ᠰᠢᠢᠳᠪᠦᠷᠢᠯᠡᠬᠦ ᠪᠠᠷ ᠠᠮᠠᠯᠳᠤᠵᠤ᠂ ᠵᠦᠷᠢᠴᠡᠯ ᠵᠢᠭᠤᠷᠠᠭᠠᠨ ᠰᠢᠷᠦᠭᠦᠰᠬᠦ ᠶᠢ ᠪᠦᠳᠦᠮᠵᠢᠲᠡᠢ ᠨᠠᠮᠳᠠᠭᠠᠪᠠ᠃ ᠲᠥᠷᠪᠡ  ᠳᠤ᠂ ᠬᠤᠰᠢᠭᠤ ᠬᠡᠪᠴᠢᠶᠡᠨ ᠤ ᠨᠠᠰᠣᠵᠢᠯ ᠤᠨ ᠦᠢᠯᠡᠴᠢᠯᠡᠭᠡᠨ ᠤ ᠴᠢᠳᠠᠮᠵᠢ ᠲᠤᠲᠠᠭᠳᠠᠵᠤ ᠪᠠᠶᠢᠭ᠎ᠠ ᠠᠰᠠᠭᠤᠳᠠᠯ ᠢ ᠪᠦᠳᠦᠮᠵᠢᠲᠡᠢ ᠰᠢᠢᠳᠪᠦᠷᠢᠯᠡᠪᠡ᠃ ᠬᠠᠯᠠᠮᠵᠢ ᠨᠠᠰᠣᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠨᠢ ᠬᠠᠭᠤᠴᠢᠨ ᠠᠰᠠᠷ ᠢ ᠰᠡᠯᠪᠢᠨ ᠵᠠᠰᠠᠵᠤ ᠪᠠᠶᠢᠭᠤᠯᠤᠭᠰᠠᠨ ᠪᠣᠯᠬᠤᠷ᠂ ᠰᠠᠭᠤᠷᠢ ᠲᠥᠬᠦᠭᠡᠷᠦᠮᠵᠢ ᠨᠢ ᠡᠯᠡᠭᠳᠡᠵᠦ ᠬᠠᠭᠤᠴᠢᠷᠠᠨ᠂ ᠦᠢᠯᠡᠴᠢᠯᠡᠭᠡᠨ ᠤ ᠪᠠᠲᠤᠯᠠᠪᠤᠷᠢ ᠶᠢᠨ ᠴᠢᠳᠠᠪᠤᠷᠢ ᠨᠢ ᠨᠠᠰᠤᠲᠠᠶᠢᠴᠤᠳ ᠤᠨ ᠬᠠᠷᠠᠭᠠᠯᠵᠠᠯ᠂ ᠡᠮ ᠡᠮᠨᠡᠯᠭᠡ ᠡᠷᠡᠭᠦᠯ ᠬᠠᠮᠠᠭᠠᠯᠠᠯ᠂ ᠡᠷᠡᠭᠦᠯᠵᠢᠯ ᠰᠤᠪᠢᠯᠠᠯᠲᠠ ᠵᠡᠷᠭᠡ ᠲᠠᠯ᠎ᠠ ᠶᠢᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠣᠳᠠᠲᠠᠢ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠣᠯᠤᠭᠰᠠᠨ ᠪᠥᠭᠡᠳ ᠠᠮᠤᠷ ᠲᠦᠪᠰᠢᠨ ᠤ ᠭᠡᠮ ᠰᠣᠭᠤᠭ ᠣᠷᠣᠰᠢᠵᠤ ᠪᠠᠶᠢᠭ᠎ᠠ ᠪᠠᠶᠢᠳᠠᠯ ᠳᠤ ᠴᠢᠭᠯᠡᠭᠦᠯᠦᠨ ᠲᠣᠰ ᠬᠤᠭᠤᠴᠠᠭᠠᠨ ᠤ ᠵᠠᠰᠠᠭ ᠤᠨ ᠣᠷᠳᠣᠨ ᠪᠥᠬᠦ ᠬᠤᠰᠢᠭᠤᠨ ᠤ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ 7746 ᠲᠦᠮᠡᠨ ᠲᠥᠭᠦᠷᠢᠭ ᠤᠨ ᠪᠡᠯᠡ ᠤᠷᠤᠭᠤᠯᠵᠤ᠂ ᠠᠪᠠᠭ᠎ᠠ ᠬᠤᠰᠢᠭᠤᠨ ᠤ ᠭᠡᠷ ᠲᠡᠭᠡᠨ ᠰᠠᠭᠤᠬᠤ ᠨᠠᠰᠤᠵᠢᠯ ᠤᠨ ᠠᠰᠠᠷᠠᠮᠵᠢ ᠬᠦᠷᠲᠡᠭᠡᠬᠦ ᠦᠢᠯᠡᠴᠢᠯᠡᠭᠡᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠤ ᠬᠠᠮᠲᠤ ︽ᠨᠡᠶᠢᠲᠡ ᠶᠢᠨ ᠪᠠᠶᠢᠷᠢ᠂ ᠨᠡᠶᠢᠭᠡᠮ ᠲᠣᠭᠤᠷᠢᠭ᠂ ᠲᠥᠪ᠂ ᠭᠡᠷ  ᠲᠡᠭᠡᠨ ᠰᠠᠭᠤᠬᠤ︾ ᠳᠥᠷᠪᠡᠨ ᠲᠡᠰ ᠤᠨ ᠭᠡᠷ ᠲᠡᠭᠡᠨ ᠰᠠᠭᠤᠬᠤ ᠨᠠᠰᠤᠵᠢᠯ ᠤᠨ ᠠᠰᠠᠷᠠᠮᠵᠢ ᠬᠦᠷᠲᠡᠭᠡᠬᠦ ᠦᠢᠯᠡᠴᠢᠯᠡᠭᠡᠨ ᠤ ᠬᠠᠮᠢᠶᠠᠷᠤᠯᠲᠠ ᠶᠢᠨ ᠲᠤᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠠᠯᠵᠢᠬᠤ ᠣᠷᠣᠨ ᠤ ᠨᠠᠰᠤᠲᠠᠶᠢᠴᠤᠳ ᠲᠤ ᠣᠯᠠᠨ ᠡᠰᠢᠲᠦ ᠨᠠᠰᠤᠵᠢᠯ ᠤᠨ ᠠᠰᠠᠷᠠᠮᠵᠢ ᠶᠢᠨ ᠳᠠᠪᠴᠠᠩ ᠪᠠ ᠨᠠᠩ ᠴᠢᠨᠠᠷ ᠰᠠᠶᠢᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠪᠠ᠃ ᠲᠠᠪᠤ ᠳᠤ᠂ ᠪᠠᠶᠠᠨᠴᠠᠭᠠᠨ ᠰᠠᠭᠤᠭᠠᠯᠢ ᠲᠣᠭᠤᠷᠢᠭ ᠤᠨ ᠠᠲᠠᠯ ᠠᠬᠤᠢ ᠶᠢᠨ ᠬᠠᠮᠢᠶᠠᠷᠤᠯᠲᠠ ᠶᠢᠨ ᠶᠠᠰᠤ ᠴᠢᠨᠠᠷ ᠠᠨᠠᠢ ᠪᠠᠶᠢᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠪᠠᠶᠠᠨᠴᠠᠭᠠᠨ ᠰᠠᠭᠤᠭᠠᠯᠢ ᠲᠣᠭᠤᠷᠢᠭ ᠨᠢ ᠪᠥᠬᠦ ᠬᠤᠰᠢᠭᠤᠨ ᠤ ᠰᠠᠭᠤᠭᠠᠯᠢ ᠬᠥᠮᠥᠨ ᠠᠮᠠ ᠬᠠᠮᠤᠭ ᠣᠯᠠᠨ᠂ ᠣᠷᠣᠯᠭ᠎ᠠ ᠪᠠᠭᠠᠲᠠᠢ ᠬᠥᠮᠥᠨ ᠠᠮᠠ ᠲᠥᠪᠯᠡᠷᠡᠭᠰᠡᠨ ᠰᠠᠭᠤᠭᠠᠯᠢ ᠲᠣᠭᠤᠷᠢᠭ ᠮᠦᠷᠲᠡᠭᠡᠨ ᠪᠦᠳᠦᠭᠡᠨ ᠪᠠᠶᠢᠭᠤᠯᠤᠯᠲᠠ ᠶᠢᠨ ᠣᠨ ᠵᠢᠯ ᠣᠳᠠᠭᠰᠠᠨ ᠤ ᠬᠠᠷᠠᠭ᠎ᠠ ᠪᠠᠷ᠂ ᠤᠰᠤ ᠬᠠᠩᠭᠠᠬᠤ ᠤᠰᠤ ᠭᠠᠳᠠᠭᠰᠢᠯᠠᠭᠤᠯᠬᠤ ᠬᠤᠭᠤᠯᠠᠢ ᠪᠠ ᠶᠠᠪᠤᠵᠤ ᠰᠠᠭᠤᠬᠤ ᠵᠠᠮ ᠤᠨ ᠭᠠᠳᠠᠷᠭᠤ ᠨᠢ ᠡᠯᠡᠭᠳᠡᠨ ᠬᠠᠭᠤᠴᠢᠷᠠᠵᠤ᠂ ᠲᠡᠷᠭᠡᠨ ᠵᠤᠭᠰᠤᠭᠠᠯ ᠡᠮᠬᠢ ᠵᠢᠷᠤᠮ ᠦᠭᠡᠢ᠂ ᠵᠠᠮ ᠤᠨ ᠳ᠋ᠧᠩ ᠪᠦᠳᠡᠭᠢ᠂ ᠬᠠᠮᠢᠶᠠᠷᠤᠯᠲᠠ ᠡᠮᠬᠢ ᠲᠢᠭᠯᠢᠮ ᠦᠭᠡᠢ ᠵᠡᠷᠭᠡ ᠠᠯᠢ ᠣᠯᠠᠨ ᠠᠰᠠᠭᠤᠳᠠᠯ ᠣᠷᠣᠰᠢᠵᠤ ᠪᠠᠶᠢᠭ᠎ᠠ ᠪᠠᠶᠢᠳᠠᠯ ᠳᠤ ᠴᠢᠭᠯᠡᠭᠦᠯᠦᠨ ᠲᠤᠰ ᠬᠤᠭᠤᠴᠠᠭᠠᠨ ᠤ ᠵᠠᠰᠠᠭ ᠤᠨ ᠣᠷᠳᠣᠨ ︽ᠦᠢᠯᠡᠴᠢᠯᠡᠭᠡᠨ ᠤ ᠬᠡᠪᠴᠢᠶ᠎ᠡ ᠬᠠᠮᠤᠭ ᠥᠷᠭᠡᠨ᠂ ᠠᠰᠢᠭ ᠬᠦᠷᠲᠡᠭᠡᠬᠦ ᠬᠥᠮᠥᠰ ᠬᠠᠮᠤᠭ ᠣᠯᠠᠨ︾ ᠰᠡᠳᠬᠢᠴᠡ  ᠪᠠᠷ᠂ ᠬᠤᠲᠠ ᠪᠠᠯᠭᠠᠰᠤ ᠶᠢ ᠰᠢᠨᠡᠳᠭᠡᠨ ᠪᠠᠶᠢᠭᠤᠯᠬᠤ ᠠᠵᠢᠯᠯᠠᠭ᠎ᠠ ᠲᠠᠢ ᠤᠶᠠᠯᠳᠤᠭᠤᠯᠤᠨ᠂ 2000 ᠲᠦᠮᠡᠨ ᠲᠥᠭᠦᠷᠢᠭ ᠤᠨ ᠪᠡᠯᠡ ᠴᠤᠭᠯᠠᠭᠤᠯᠤᠨ ᠪᠠᠶᠠᠨᠴᠠᠭᠠᠨ ᠰᠠᠭᠤᠭᠠᠯᠢ ᠲᠣᠭᠤᠷᠢᠭ ᠢ ᠦᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂  ᠪᠡᠯᠭᠦᠳᠡᠢ ᠪᠠᠯᠭᠠᠰᠤᠨ ᠤ 1/3 ᠣᠷᠴᠢᠮ ᠤᠨ ᠬᠥᠮᠥᠨ ᠠᠮᠠ ᠶᠢᠨ ᠤᠷᠤᠰᠢᠨ ᠰᠠᠭᠤᠷᠢᠰᠢᠬᠤ ᠣᠷᠴᠢᠨ ᠢ ᠪᠦᠲᠦᠮᠵᠢᠲᠡᠶ ᠰᠠᠶᠢᠵᠢᠷᠠᠭᠤᠯᠵᠤ᠂ ᠡᠮᠬᠢ ᠲᠢᠭᠯᠢᠮ ᠲᠠᠢ᠂ ᠳᠤᠬᠢᠯᠢᠭ ᠳᠠᠭᠠᠯᠠᠮᠵᠢᠲᠠᠢ ᠰᠢᠨ᠎ᠡ ᠬᠡᠯᠪᠡᠷᠢ ᠶᠢᠨ ᠤᠶᠤᠨᠴᠢᠯᠠᠭᠰᠠᠨ ᠰᠠᠭᠤᠭᠠᠯᠢ ᠲᠤᠭᠤᠷᠢᠭ ᠢ ᠪᠣᠢ ᠪᠣᠯᠭᠠᠬᠤ ᠶᠢ ᠠᠬᠢᠭᠤᠯᠪᠠ᠃ ᠵᠢᠷᠭᠤᠭ᠎ᠠ ᠳᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠠᠯᠪᠠᠯᠠᠬᠤ ᠠᠰᠠᠷ ᠤᠨ ᠠᠰᠠᠭᠤᠳᠠᠯ ᠢ ᠪᠦᠳᠦᠮᠵᠢᠲᠡᠢ ᠰᠢᠢᠳᠪᠦᠷᠢᠯᠡᠪᠡ᠃ ᠪᠡᠯᠭᠦᠳᠡᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠷᠲᠤ ᠬᠤᠭᠤᠴᠠᠭ᠎ᠠ ᠪᠠᠷ ᠨᠡᠶᠢᠭᠡᠮ ᠤᠨ ᠠᠵᠤ ᠠᠬᠤᠶᠢᠯᠠᠯ ᠤᠨ ᠭᠡᠷ ᠪᠠᠶᠢᠰᠢᠩ ᠢ ᠲᠦᠷᠢᠶᠡᠰᠦᠯᠡᠨ ᠠᠯᠪᠠᠯᠠᠵᠤ ᠪᠠᠶᠢᠭᠰᠠᠨ ᠠᠴᠠ ᠠᠯᠪᠠᠯᠠᠬᠤ ᠨᠥᠬᠦᠴᠡᠯ ᠪᠠ ᠲᠤᠨᠤᠭ ᠲᠦᠬᠦᠭᠡᠷᠦᠮᠵᠢ ᠲᠤᠶᠢᠯ ᠤᠨ ᠬᠤᠴᠤᠷᠤᠩᠭᠤᠢ ᠪᠠᠶᠢᠵᠤ ᠤᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠳᠠᠯ ᠳᠤ ᠴᠢᠭᠯᠡᠭᠦᠯᠦᠨ ᠲᠤᠰ ᠬᠤᠭᠤᠴᠠᠭᠠᠨ ᠤ ᠵᠠᠰᠠᠭ ᠤᠨ ᠣᠷᠳᠣᠨ ᠨᠡᠶᠢᠭᠡᠮ ᠲᠣᠭᠤᠷᠢᠭ ᠪᠣᠯᠣᠨ ᠡᠯ᠎ᠡ ᠡᠲᠡᠭᠡᠳ ᠤᠨ ᠰᠠᠨᠠᠭᠠᠰᠢᠷᠠᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠪᠠᠷ ᠬᠠᠷᠢᠭᠤᠯᠲᠠ ᠥᠭᠴᠦ᠂ ᠤᠯᠠᠨ ᠲᠠᠯ᠎ᠠ ᠠᠴᠠ ᠪᠡᠯᠡ ᠮᠥᠩᠭᠦ ᠴᠤᠭᠯᠠᠭᠤᠯᠤᠨ᠂ 1500 ᠲᠦᠮᠡᠨ ᠲᠥᠭᠦᠷᠢᠭ ᠤᠨ ᠪᠡᠯᠡ ᠣᠷᠣᠭᠤᠯᠵᠤ ᠰᠢᠨ᠎ᠡ ᠪᠠᠷ ᠪᠠᠶᠢᠭᠤᠯᠤᠭᠰᠠᠨ ᠶᠡᠷᠦᠩᠬᠡᠶᠢᠯᠡᠭᠰᠡᠨ ᠠᠰᠠᠷ ᠢ ᠬᠤᠳᠠᠯᠳᠤᠨ ᠠᠪᠴᠤ ᠪᠡᠯᠭᠦᠳᠡᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠠᠯᠪᠠᠯᠠᠬᠤ ᠠᠰᠠᠷ ᠪᠣᠯᠭᠠᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠯᠪᠠᠯᠠᠬᠤ ᠨᠦᠬᠦᠴᠡᠯ ᠪᠣᠯᠣᠨ ᠡᠪᠡᠳᠴᠢᠨ ᠦᠵᠡᠭᠦᠯᠬᠦ ᠨᠥᠬᠦᠴᠡᠯ ᠢ ᠢᠯᠡᠳᠲᠡ ᠰᠠᠶᠢᠵᠢᠷᠠᠭᠤᠯᠵᠤ᠂ ᠤᠯᠠᠨ ᠲᠦᠮᠡᠨ ᠤ ᠬᠠᠯᠠᠭᠤᠨ ᠬᠦᠷᠢᠶᠡᠯᠡᠯ ᠢ ᠣᠯᠪᠠ᠃ ᠲᠤᠯᠤᠭ᠎ᠠ ᠳᠤ᠂ ᠬᠠᠷᠠᠨᠠᠭᠤᠷ ᠴᠡᠴᠡᠷᠯᠢᠭ ᠤᠨ ᠲᠥᠷᠢ ᠲᠦᠷᠬᠦ ᠶᠢ ᠬᠦᠴᠦᠯᠡᠨ ᠰᠠᠶᠢᠵᠢᠷᠠᠭᠤᠯᠪᠠ᠃ ᠬᠠᠷᠠᠨᠠᠭᠤᠷ ᠴᠡᠴᠡᠷᠯᠢᠭ ᠢ 2015 ᠣᠨ ᠠᠴᠠ ᠡᠬᠢᠯᠡᠨ ᠪᠠᠶᠢᠭᠤᠯᠤᠭᠰᠠᠨ ᠪᠣᠯᠪᠠᠴᠦ᠂ ᠴᠡᠴᠡᠷᠯᠢᠭ ᠤᠨ ᠪᠠᠶᠢᠷᠢ ᠲᠣᠭᠲᠠᠭᠠᠯᠲᠠ ᠲᠤᠳᠤᠷᠬᠠᠢ ᠦᠭᠡᠢ᠂ ᠲᠤᠨᠤᠭ ᠲᠥᠬᠦᠭᠡᠷᠦᠮᠵᠢ ᠢᠵᠢ ᠪᠦᠷᠢᠨ ᠪᠤᠰᠤ᠂ ᠬᠠᠮᠠᠭᠠᠯᠠᠯᠲᠠ ᠬᠠᠮᠢᠶᠠᠷᠤᠯᠲᠠ ᠬᠤᠴᠤᠷᠤᠩᠭᠤᠢ ᠵᠡᠷᠭᠡ ᠰᠢᠯᠲᠠᠭᠠᠨ ᠠᠴᠠ ᠪᠣᠯᠵᠤ ᠴᠡᠴᠡᠷᠯᠢᠭ ᠤᠨ ᠣᠯᠠᠨ ᠴᠢᠳᠠᠮᠵᠢᠲᠤ ᠦᠢᠯᠡᠳᠦᠯ ᠠᠨᠠᠢ ᠪᠠᠶᠢᠳᠠᠯ ᠳᠤ ᠴᠢᠭᠯᠡᠭᠦᠯᠦᠨ ᠲᠣᠰ ᠬᠤᠭᠤᠴᠠᠭᠠᠨ ᠤ ᠵᠠᠰᠠᠭ ᠤᠨ ᠣᠷᠳᠣᠨ ᠥᠷᠭᠡᠨ ᠣᠯᠠᠨ ᠲᠦᠮᠡᠨ ᠤ ᠰᠣᠶᠣᠯ ᠪᠡᠶ᠎ᠡ ᠲᠠᠮᠢᠷ ᠵᠤᠭ᠎ᠠ ᠴᠡᠩᠭᠡᠭᠦᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠬᠠᠷᠠᠨᠠᠭᠤᠷ ᠴᠡᠴᠡᠷᠯᠢᠭ ᠤᠨ ᠴᠢᠳᠠᠮᠵᠢ ᠶᠢ ᠰᠢᠨ᠎ᠡ ᠪᠠᠷ ᠲᠦᠰᠦᠪᠯᠡᠨ ᠴᠤᠭᠴᠠᠯᠠᠵᠤ᠂ 1800 ᠲᠦᠮᠡᠨ ᠲᠥᠭᠦᠷᠢᠭ ᠤᠨ ᠪᠡᠯᠡ ᠣᠷᠣᠭᠤᠯᠤᠨ᠂ ᠣᠣᠯ ᠤᠨ ᠠᠭᠲᠠ ᠶᠢᠨ ᠲᠤᠭᠤᠷᠠᠢ ᠠᠭᠤᠳᠠᠮ ᠲᠠᠯᠠᠪᠠᠶ᠂ ᠨᠠᠭᠤᠷ ᠤᠨ ᠬᠥᠪᠡᠭᠡᠨ ᠤ ᠰᠡᠯᠡᠭᠦᠴᠡᠯ ᠠᠮᠠᠷᠠᠯᠲᠠ ᠶᠢᠨ ᠴᠡᠭ ᠢ ᠲᠠᠰ ᠳᠡᠪᠰᠢᠭᠦᠯᠦᠨ ᠥᠭᠡᠷᠡᠴᠢᠯᠡᠭᠰᠡᠨ ᠤ ᠬᠠᠮᠲᠤ ᠡᠶ᠎ᠡ ᠵᠣᠬᠢᠴᠠᠯ ᠲᠠᠢ ᠤᠯᠠᠭ᠎ᠠ ᠥᠷᠲᠡᠭᠡ᠂ ᠴᠡᠩᠭᠡᠯ ᠪᠠᠶᠠᠰᠣᠯ ᠤᠨ ᠬᠦᠷᠢᠶᠡᠯᠡᠩ᠂ ᠬᠦᠳᠡᠯᠭᠡᠭᠡᠨ ᠤ ᠲᠠᠯᠠᠪᠠᠢ ᠵᠡᠷᠭᠡ ᠶᠢ ᠰᠢᠨ᠎ᠡ ᠪᠠᠷ ᠪᠠᠶᠢᠭᠤᠯᠵᠤ᠂ ᠴᠡᠴᠡᠷᠯᠢᠭ ᠤᠨ ᠲᠥᠷᠢ ᠲᠦᠷᠬᠦ ᠶᠢ ᠪᠥᠬᠦ ᠲᠠᠯ᠎ᠠ ᠪᠠᠷ ᠰᠠᠶᠢᠵᠢᠷᠠᠭᠤᠯᠤᠨ᠂ ᠥᠷᠭᠡᠨ ᠣᠯᠠᠨ ᠲᠦᠮᠡᠨ ᠳᠤ ᠳᠣᠬᠢᠯᠢᠭ ᠲᠠᠭᠠᠯᠠᠮᠵᠢᠲᠠᠢ ᠰᠡᠯᠡᠭᠦᠴᠡᠯ ᠵᠤᠭᠠᠴᠠᠯ ᠤᠨ ᠤᠷᠴᠢᠨ ᠢ ᠬᠠᠩᠭᠠᠭᠰᠠᠨ ᠪᠠᠶᠢᠨ᠎ᠠ᠃   ᠭᠤᠷᠪᠠ᠂ ᠴᠠᠯᠢᠩ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠵᠢᠴᠢ ᠦᠨᠳᠦᠰᠦᠨ ᠱᠠᠲᠤᠨ ᠤ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠲᠠᠯ᠎ᠠ ᠪᠠᠷ    ᠲᠣᠰ ᠬᠤᠭᠤᠴᠠᠭᠠᠨ ᠤ ᠵᠠᠰᠠᠭ ᠤᠨ ᠣᠷᠳᠣᠨ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠤᠱᠯᠠᠭᠤᠯᠵᠤ᠂ ᠴᠠᠯᠢᠩ ᠤᠨ ᠨᠥᠬᠦᠪᠥᠷᠢ ᠲᠠᠷᠬᠠᠭᠠᠬᠤ ᠪᠠᠷᠢᠮᠵᠢᠶ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ︽ᠴᠠᠯᠢᠩ ᠢ ᠪᠠᠲᠤᠯᠠᠬᠤ︾ ᠵᠠᠷᠤᠯᠭ᠎ᠠ ᠶᠢᠨ ᠵᠤᠬᠢᠴᠠᠮᠵᠢ ᠶᠢ ᠲᠣᠭᠲᠠᠪᠤᠷᠢᠵᠢᠭᠤᠯᠵᠤ᠂ ᠺᠠᠳ᠋ᠷ ᠠᠵᠢᠯᠲᠠᠨ ᠠᠵᠢᠯᠴᠢᠨ ᠤ ᠠᠰᠢᠭ ᠲᠤᠰᠠ ᠶᠢ ᠦᠨᠡᠡᠬᠦ ᠪᠦᠲᠦᠮᠵᠢᠲᠡᠶ ᠪᠠᠲᠤᠯᠠᠪᠠ᠃ ᠥᠩᠭᠡᠷᠡᠭᠰᠡᠨ ᠭᠤᠷᠪᠠᠨ ᠵᠢᠯ ᠳᠤ ᠬᠤᠰᠢᠭᠤ ᠵᠠᠰᠠᠭ ᠤᠨ ᠣᠷᠳᠣᠨ ᠦᠨᠳᠦᠰᠦᠨ ᠱᠠᠲᠤᠨ ᠤ ᠪᠠᠶᠢᠭᠤᠯᠭ᠎ᠠ ᠨᠢᠭᠡᠴᠡ ᠳᠤ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠰᠤᠮᠤ ᠪᠠᠯᠭᠠᠰᠤᠨ ᠤ ᠠᠯᠪᠠᠨ ᠵᠠᠷᠤᠳᠠᠯ ᠤᠨ ᠪᠠᠷᠢᠮᠵᠢᠶ᠎ᠠ ᠪᠣᠯᠤᠨ ᠰᠠᠭᠤᠭᠠᠯᠢ ᠣᠷᠴᠢᠨ ᠤ ᠵᠠᠷᠤᠳᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠰᠤᠮᠤ ᠪᠠᠯᠭᠠᠰᠤᠨ ᠤ ᠰᠠᠭᠤᠭᠠᠯᠢ ᠣᠷᠴᠢᠨ ᠵᠢᠴᠢ ᠠᠯᠪᠠᠯᠠᠬᠤ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠴᠠᠯᠢᠩ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠠᠯ᠎ᠠ ᠪᠠᠷ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠰᠠᠭᠤᠷᠢ ᠠᠵᠢᠯ ᠤᠨ ᠪᠦᠲᠦᠮᠵᠢ ᠶᠢᠨ ᠱᠠᠩᠨᠠᠯ ᠤᠨ ᠮᠥᠩᠭᠦ᠂ ᠰᠤᠮᠤ ᠪᠠᠯᠭᠠᠰᠤᠨ ᠤ ᠠᠵᠢᠯ ᠦᠢᠯᠡᠰ ᠤᠨ ᠨᠢᠭᠡᠴᠡ ᠶᠢᠨ ᠠᠯᠪᠠᠨ ᠲᠡᠷᠭᠡ ᠶᠢᠨ ᠨᠥᠬᠦᠪᠥᠷᠢ ᠪᠠ ᠰᠤᠮᠤ ᠪᠠᠯᠭᠠᠰᠤᠨ ᠤ ᠨᠥᠬᠦᠪᠥᠷᠢ ᠶᠢ ᠲᠠᠷᠬᠠᠭᠠᠬᠤ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠡᠷᠡᠭᠦᠯ ᠬᠠᠮᠠᠭᠠᠯᠠᠯ ᠤᠨ ᠰᠢᠰᠲ᠋ᠧᠮ ᠳᠤ ᠡᠮᠴᠢ ᠰᠣᠪᠢᠯᠠᠭᠴᠢ 32᠂ ᠲᠤᠳᠤᠭᠠᠲᠤ ᠶᠢ ᠬᠠᠮᠠᠭᠠᠯᠠᠬᠤ ᠰᠢᠰᠲ᠋ᠧᠮ ᠳᠤ ᠳᠤᠰᠠᠯᠠᠭᠴᠢ ᠴᠠᠭᠳᠠᠭ᠎ᠠ 80᠂ ᠣᠯᠠᠭᠠᠨᠮᠦ᠋ᠴᠢᠷ ᠤᠨ ᠠᠵᠢᠯᠲᠠᠨ 16 ᠡᠯᠰᠡᠪᠡ᠃ ᠰᠤᠷᠭᠠᠨ ᠬᠦᠮᠦᠵᠢᠯ ᠤᠨ ᠰᠢᠰᠲ᠋ᠧᠮ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ 54 ᠨᠡᠷ᠎ᠡ ᠴᠡᠴᠡᠷᠯᠢᠭ ᠤᠨ ᠪᠠᠭᠰᠢ ᠶᠢᠨ ᠬᠦᠯᠦᠰᠦ ᠣᠯᠭᠤᠮᠵᠢ ᠶᠢ ᠠᠳᠠᠯᠢ ᠠᠵᠢᠯ ᠲᠦᠷᠦᠯ ᠳᠤ ᠠᠳᠠᠯᠢ ᠴᠠᠯᠢᠩ ᠬᠦᠯᠦᠰᠦ ᠣᠯᠭᠤᠬᠤ ᠪᠠᠷ ᠨᠠᠶᠢᠳᠠᠪᠤᠷᠢᠵᠢᠭᠤᠯᠵᠤ᠂ ᠰᠠᠷ᠎ᠠ ᠶᠢᠨ ᠴᠠᠯᠢᠩ ᠢ 2500 ᠲᠦᠭᠦᠷᠢᠭ ᠪᠠᠶᠢᠭᠰᠠᠨ ᠠᠴᠠ 6091 ᠲᠦᠭᠦᠷᠢᠭ ᠪᠣᠯᠭᠠᠨ ᠳᠡᠭᠡᠭᠰᠢᠯᠡᠬᠦᠯᠪᠡ᠃ ᠪᠥᠬᠦ ᠬᠤᠰᠢᠭᠤᠨ ᠤ ᠴᠠᠯᠢᠩ ᠤᠨ ᠴᠢᠨᠠᠷᠲᠠᠶ ᠵᠠᠷᠤᠯᠭ᠎ᠠ 2021 ᠣᠨ ᠤ 3.39 ᠳ᠋ᠦᠩᠰᠢᠭᠤᠷ ᠲᠥᠭᠦᠷᠢᠭ ᠠᠴᠠ 2023 ᠣᠨ ᠳᠤ 4.41 ᠳ᠋ᠦᠩᠰᠢᠭᠤᠷ ᠲᠥᠭᠦᠷᠢᠭ ᠪᠣᠯᠤᠨ ᠨᠡᠮᠡᠭᠳᠡᠵᠦ᠂ 30.09 % ᠪᠠᠷ ᠨᠡᠮᠡᠭᠳᠡᠪᠡ᠃ ᠦᠨᠳᠦᠰᠦᠨ ᠱᠠᠲᠤᠨ ᠤ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠲᠠᠯ᠎ᠠ ᠪᠠᠷ᠂ ᠰᠤᠮᠤ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠠᠭᠤᠭᠠᠯᠢ ᠣᠷᠴᠢᠨ ᠢ ᠴᠡᠭᠴᠡᠯᠡᠨ ᠵᠠᠰᠠᠬᠤ ᠵᠡᠷᠭᠡ ᠠᠵᠢᠯ ᠤᠨ ᠬᠡᠷᠡᠭᠴᠡᠭᠡ ᠱᠠᠭᠠᠷᠳᠠᠯᠭ᠎ᠠ ᠪᠠ ᠨᠠᠷᠢᠨ ᠪᠤᠳᠤᠯᠢᠶᠠᠨᠲᠤ ᠴᠢᠨᠠᠷ ᠢ ᠶᠡᠷᠦᠩᠬᠡᠶᠢᠯᠡᠨ ᠪᠣᠳᠣᠯᠬᠢᠯᠠᠵᠤ᠂ ᠠᠯᠪᠠᠨ ᠶᠠᠪᠤᠳᠠᠯ ᠤᠨ ᠵᠠᠷᠤᠳᠠᠯ᠂ ᠤᠷᠤᠰᠢᠨ ᠰᠠᠭᠤᠷᠢᠰᠢᠬᠤ ᠣᠷᠴᠢᠨ ᠢ ᠴᠡᠭᠴᠡᠯᠡᠨ ᠵᠠᠰᠠᠬᠤ ᠵᠠᠷᠤᠳᠠᠯ ᠤᠨ ᠬᠡᠮᠵᠢᠶ᠎ᠡ ᠶᠢ ᠳᠡᠭᠡᠭᠰᠢᠯᠡᠭᠦᠯᠦᠨ᠂ ᠶᠡᠷᠦᠩᠬᠡᠶ ᠳᠡᠭᠡᠨ 2021 ᠣᠨ ᠤ 357 ᠲᠦᠮᠡᠨ ᠲᠦᠭᠦᠷᠢᠭ ᠠᠴᠠ 2023 ᠣᠨ ᠳᠤ 696 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ 94.96 % ᠪᠠᠷ ᠨᠡᠮᠡᠭᠳᠡᠵᠦ᠂ ᠦᠨᠳᠦᠰᠦᠨ ᠱᠠᠲᠤᠨ ᠤ ᠪᠠᠶᠢᠭᠤᠯᠭ᠎ᠠ ᠨᠢᠭᠡᠴᠡ ᠶᠢᠨ ᠡᠳᠦᠷ ᠲᠤᠲᠤᠮ ᠤᠨ ᠠᠯᠪᠠᠯᠠᠬᠤ ᠤᠷᠴᠢᠨ ᠪᠠ ᠬᠠᠮᠢᠶᠠᠷᠤᠯᠲᠠ ᠶᠢ ᠦᠨᠡᠨᠬᠦ ᠪᠠᠲᠤᠯᠠᠪᠠ᠃    ᠲᠥᠷᠪᠡ᠂ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠬᠤ ᠪᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠲᠠᠯ᠎ᠠ ᠪᠠᠷ    ᠲᠣᠰ ᠬᠤᠭᠤᠴᠠᠭᠠᠨ ᠤ ᠵᠠᠰᠠᠭ ᠤᠨ ᠣᠷᠳᠣᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠲᠡᠷᠢᠭᠦᠨ ᠴᠢᠬᠤᠯᠠ ᠡᠭᠦᠷᠭᠡ ᠬᠠᠷᠢᠭᠤᠴᠠᠯᠭ᠎ᠠ ᠪᠣᠯᠭᠠᠬᠤ ᠶᠢ ᠪᠠᠷᠢᠮᠲᠠᠯᠠᠵᠤ᠂ ᠬᠢᠵᠠᠭᠠᠷ ᠲᠠᠢ ᠡᠳ᠋ ᠤᠨ ᠵᠠᠰᠠᠭ ᠤᠨ ᠬᠦᠴᠦᠨ ᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠯ᠎ᠠ ᠳᠤ ᠨᠠᠩ ᠣᠯᠠᠨ ᠬᠡᠷᠡᠭᠯᠡᠵᠦ᠂ ᠥᠷᠭᠡᠨ ᠣᠯᠠᠨ ᠲᠦᠮᠡᠨ ᠤ ᠬᠦᠷᠲᠡᠮᠵᠢᠲᠦ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠣᠯᠠᠮ ᠴᠢᠨᠠᠭᠰᠢᠳᠠ ᠨᠡᠮᠡᠭᠳᠡᠭᠦᠯᠬᠦ ᠪᠠᠷ ᠴᠢᠷᠮᠠᠶᠢᠪᠠ᠃    ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠬᠦᠴᠦᠯᠡᠨ ᠰᠠᠶᠢᠵᠢᠷᠠᠭᠤᠯᠪᠠ᠃ ︽ᠳᠣᠯᠠᠭᠠᠨ  ︾ ᠢᠨᠵᠧᠨᠧᠷᠢᠩ ᠤᠨ ᠲᠠᠯ᠎ᠠ ᠪᠠᠷ᠂ ᠲᠤᠰ ᠬᠤᠭᠤᠴᠠᠭᠠᠨ ᠤ ᠵᠠᠰᠠᠭ ᠤᠨ ᠣᠷᠳᠣᠨ ᠳᠣᠯᠠᠭᠠᠯᠭ᠎ᠠ ᠬᠠᠩᠭᠠᠬᠤ ᠢᠨᠵᠧᠨᠧᠷᠢᠩ ᠤᠨ ᠡᠯ᠎ᠡ ᠲᠠᠯ᠎ᠠ ᠶᠢᠨ ᠲᠦᠪᠡᠭᠲᠡᠢ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠵᠤ᠂ ᠬᠤᠰᠢᠭᠤ ᠱᠠᠲᠤᠨ ᠤ ᠪᠠᠨ ᠡᠳ᠋ ᠤᠨ ᠬᠦᠴᠦᠨ ᠳᠤ ᠲᠦᠰᠢᠭᠯᠡᠨ᠂ ᠦᠩᠭᠡᠷᠡᠭᠰᠡᠨ ᠵᠢᠯ ᠤᠳ ᠤᠨ ᠥᠷᠢᠲᠦᠵᠦ ᠪᠠᠶᠢᠭᠰᠠᠨ 4979 ᠲᠦᠮᠡᠨ ᠲᠥᠭᠦᠷᠢᠭ ᠤᠨ ᠳᠤᠯᠠᠭᠠᠯᠭ᠎ᠠ ᠶᠢᠨ ᠵᠠᠷᠤᠳᠠᠯ ᠢ ᠴᠠᠶᠢᠷᠠᠭᠤᠯᠵᠤ᠂ ᠰᠠᠭᠤᠭᠠᠯᠢ ᠠᠷᠠᠳ ᠤᠨ ᠳᠤᠯᠠᠭᠠᠯᠭ᠎ᠠ ᠶᠢᠨ ᠨᠥᠬᠦᠪᠦᠷᠢ ᠶᠢ 0.7 ᠲᠥᠭᠦᠷᠢᠭ ᠪᠠᠶᠢᠭᠰᠠᠨ ᠠᠴᠠ 1.5 ᠲᠥᠭᠦᠷᠢᠭ ᠪᠣᠯᠭᠠᠨ ᠳᠡᠭᠡᠭᠰᠢᠯᠡᠭᠦᠯᠵᠦ᠂ ᠨᠡᠶᠢᠲᠡ 9193 ᠲᠦᠮᠡᠨ ᠲᠥᠭᠦᠷᠢᠭ ᠤᠨ ᠪᠡᠯᠡ ᠤᠷᠤᠭᠤᠯᠤᠨ᠂ ᠳᠤᠯᠠᠭᠠᠯᠭ᠎ᠠ ᠶᠢᠨ ᠬᠤᠭᠤᠯᠠᠢ ᠲᠣᠣᠷ ᠢ 54.8 ᠺᠢᠯᠣᠮᠧᠲᠷ ᠰᠢᠨᠡᠳᠭᠡᠨ ᠣᠭᠰᠠᠷᠠᠪᠠ᠃ ᠢᠯᠴᠢ ᠰᠣᠯᠢᠯᠴᠠᠬᠤ ᠥᠷᠲᠡᠭᠡ ᠶᠢ ᠰᠢᠨ᠎ᠡ ᠪᠠᠷ 1 ᠶᠢ ᠪᠠᠶᠢᠭᠤᠯᠵᠤ᠂ ᠳᠣᠯᠠᠭᠠᠯᠭ᠎ᠠ ᠬᠠᠩᠭᠠᠬᠤ ᠨᠥᠬᠦᠪᠦᠷᠢ ᠶᠢᠨ ᠵᠠᠷᠤᠳᠠᠯ ᠢ ᠭᠦᠢᠴᠡᠳ ᠲᠤᠭ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠨ᠂ ᠳᠣᠯᠠᠭᠠᠯᠭ᠎ᠠ ᠬᠠᠩᠭᠠᠬᠤ ᠠᠵᠤ ᠠᠬᠤᠶᠢᠯᠠᠯ ᠤᠨ ᠪᠡᠯᠡ ᠮᠥᠩᠭᠦ ᠳᠤᠲᠠᠭᠳᠠᠬᠤ᠂ ᠳᠣᠯᠠᠭᠠᠯᠭ᠎ᠠ ᠬᠠᠩᠭᠠᠬᠤ ᠬᠤᠭᠤᠯᠠᠢ ᠲᠤᠤᠷ ᠬᠠᠭᠤᠴᠢᠷᠠᠭᠰᠠᠨ᠂ ᠵᠦᠢ ᠵᠣᠬᠢᠰ ᠦᠭᠡᠢ ᠲᠦᠰᠦᠪᠯᠡᠭᠰᠡᠨ ᠵᠡᠷᠭᠡ ᠬᠦᠴᠢᠷ ᠲᠦᠪᠡᠭᠲᠡᠢ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠪᠠ᠃ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠲᠠᠯ᠎ᠠ ᠪᠠᠷ᠂ 2021 ᠣᠨ ᠠᠴᠠ ᠨᠠᠰᠢ᠂ 6776 ᠲᠦᠮᠡᠨ ᠲᠥᠭᠦᠷᠢᠭ ᠤᠨ ᠳᠡᠭᠡᠳᠦ ᠱᠠᠲᠤᠨ ᠤ ᠤᠰᠤᠨ ᠠᠰᠢᠭᠯᠠᠯᠲᠠ ᠶᠢᠨ ᠪᠠᠯᠠ ᠮᠥᠩᠭᠦ ᠭᠤᠶᠤᠴᠢᠯᠠᠨ ᠣᠯᠵᠤ᠂ ᠨᠡᠶᠢᠲᠡ 419 ᠰᠠᠤᠷᠢ ᠤᠰᠤᠨ ᠰᠤᠷᠪᠤᠯᠵᠢ ᠶᠢᠨ ᠬᠤᠳᠳᠤᠭ᠂ 642 ᠰᠠᠤᠷᠢ 5 ᠲᠣᠨ ᠤ ᠤᠰᠤ ᠬᠠᠳᠠᠭᠠᠯᠠᠬᠤ ᠵᠣᠭᠤᠷᠢ᠂ 84 ᠰᠠᠤᠷᠢ 20 ᠳᠤᠨ ᠤ ᠤᠰᠤ ᠬᠠᠳᠠᠭᠠᠯᠠᠬᠤ ᠵᠣᠭᠤᠷᠢ ᠪᠠᠶᠢᠭᠤᠯᠵᠤ᠂ 121 ᠢᠵᠢ ᠠᠦ᠋ᠲ᠋ᠣᠴᠢᠯᠠᠭᠰᠠᠨ ᠤᠰᠤ ᠲᠠᠲᠠᠬᠤ ᠲᠥᠬᠦᠭᠡᠷᠦᠮᠵᠢ ᠣᠭᠰᠠᠷᠠᠨ᠂ ᠲᠥᠪᠯᠡᠷᠡᠭᠦᠯᠦᠨ ᠤᠰᠤ ᠬᠠᠩᠭᠠᠬᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠢᠨᠵᠧᠨᠧᠷᠢᠩ 4 ᠶᠢ ᠬᠡᠷᠡᠭᠵᠢᠭᠦᠯᠪᠡ᠃ ︽ᠴᠠᠭᠠᠨ ᠨᠠᠭᠤᠷ ᠤᠨ ᠤᠰᠤ ᠶᠢ  ᠬᠤᠶᠢᠰᠢ ᠲᠠᠳᠠᠬᠤ︾ ᠢᠨᠵᠧᠨᠧᠷᠢᠩ ᠤᠨ ᠪᠠᠶᠢᠴᠠᠭᠠᠨ ᠰᠤᠳᠤᠯᠤᠯᠲᠠ᠂ ᠵᠠᠮ ᠱᠤᠭᠤᠮ ᠤᠨ ᠲᠥᠯᠥᠪᠵᠢᠭᠦᠯᠭᠡ᠂ ᠲᠥᠷᠥᠯ ᠵᠦᠢᠯ ᠤᠨ ᠳᠦᠰᠦᠪ᠂ ᠪᠠᠯᠠ ᠮᠥᠩᠭᠦ ᠭᠤᠶᠤᠴᠢᠯᠠᠬᠤ ᠠᠵᠢᠯ ᠢ ᠡᠬᠢᠯᠡᠭᠦᠯᠵᠦ᠂ ᠬᠤᠶᠢᠲᠤ ᠪᠠᠶ᠎ᠠ ᠶᠢᠨ ᠰᠤᠮᠤᠨ ᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠴᠢᠳᠠᠮᠵᠢ ᠶᠢ ᠥᠷᠭᠡᠳᠬᠡᠬᠦ᠂ ᠮᠠᠯ ᠠᠵᠤ ᠠᠬᠤᠶ ᠶᠢᠨ ᠬᠡᠪᠴᠢᠶᠡᠵᠢᠭᠰᠡᠨ ᠬᠥᠭᠵᠢᠯᠲᠡ ᠶᠢᠨ ᠤᠰᠤ ᠬᠡᠷᠡᠭᠯᠡᠬᠦ ᠳᠤᠲᠠᠭᠤᠳᠠᠯ ᠢ ᠪᠥᠬᠦ ᠬᠦᠴᠦᠨ ᠢᠶᠠᠷ ᠨᠥᠬᠦᠪᠥᠷᠢᠯᠡᠪᠠ᠃ ᠰᠢᠨ᠎ᠡ ᠡᠨᠧᠷᠭᠢ ᠢ ᠴᠠᠬᠢᠯᠭᠠᠨ ᠲᠤᠤᠷ ᠲᠤ ᠰᠢᠯᠵᠢᠭᠦᠯᠬᠦ ᠲᠠᠯ᠎ᠠ ᠪᠠᠷ᠂ ᠬᠥᠳᠡᠭᠡ ᠲᠣᠰᠬᠤᠨ ᠤ ᠴᠠᠬᠢᠯᠭᠠᠨ ᠲᠣᠤᠷ ᠢ ᠲᠠᠰ ᠳᠡᠪᠰᠢᠭᠦᠯᠦᠨ ᠥᠭᠡᠷᠡᠴᠢᠯᠡᠬᠦ ᠵᠠᠮ ᠱᠤᠭᠤᠮ ᠢ ᠤᠷᠲᠤᠳᠬᠠᠬᠤ ᠠᠰᠢᠭᠲᠠᠶ ᠠᠵᠠ ᠲᠣᠬᠢᠶᠠᠯ ᠢ ᠡᠵᠡᠮᠳᠡᠵᠦ᠂ ᠪᠤᠶᠢᠳᠠ ᠪᠥᠭᠯᠡᠭᠦᠤ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠢ ᠲᠠᠰ ᠳᠡᠪᠰᠢᠭᠦᠯᠬᠦ᠂ ᠰᠢᠨ᠎ᠡ ᠡᠨᠧᠷᠭᠢ ᠶᠢ ᠴᠠᠬᠢᠯᠭᠠᠨ ᠲᠣᠤᠷ ᠲᠤ ᠤᠷᠤᠭᠤᠯᠬᠤ᠂ ᠰᠢᠨ᠎ᠡ ᠡᠨᠧᠷᠭᠢ ᠶᠢᠨ ᠴᠠᠬᠢᠯᠭᠠᠨ ᠬᠠᠩᠭᠠᠬᠤ ᠲᠥᠬᠦᠭᠡᠷᠦᠮᠵᠢ ᠶᠢ ᠲᠠᠰ ᠳᠡᠪᠰᠢᠭᠦᠯᠬᠦ ᠢᠨᠵᠧᠨᠧᠷᠢᠩ ᠢ ᠰᠠᠶᠢᠳᠤᠷ ᠬᠡᠷᠡᠭᠵᠢᠭᠦᠯᠵᠦ᠂ ᠣᠶᠢᠷ᠎ᠠ ᠶᠢᠨ ᠭᠤᠷᠪᠠᠨ ᠵᠢᠯ ᠳᠤ 1017 ᠡᠷᠦᠬᠡ ᠳᠤ ᠴᠠᠬᠢᠯᠭᠠᠨ ᠨᠡᠪᠲᠡᠷᠡᠭᠦᠯᠵᠦ᠂ ᠪᠥᠬᠦ ᠬᠤᠰᠢᠭᠤᠨ ᠤ ᠴᠠᠬᠢᠯᠭᠠᠨ ᠲᠤᠤᠷ ᠲᠤ ᠤᠷᠤᠵᠤ ᠴᠠᠬᠢᠯᠭᠠᠨ ᠨᠡᠪᠲᠡᠷᠡᠭᠰᠡᠨ ᠡᠷᠦᠬᠡ ᠶᠢ 2021 ᠣᠨ ᠤ 2110 ᠡᠷᠦᠬᠡ ᠠᠴᠠ 2024 ᠣᠨ ᠳᠤ 3127 ᠡᠷᠦᠬᠡ ᠪᠣᠯᠭᠠᠨ ᠨᠡᠮᠡᠭᠳᠡᠭᠦᠯᠵᠦ᠂ ᠴᠠᠬᠢᠯᠭᠠᠨ ᠲᠤᠤᠷ ᠲᠤ ᠤᠷᠤᠭᠤᠯᠤᠨ ᠴᠠᠬᠢᠯᠭᠠᠨ ᠨᠡᠪᠲᠡᠷᠡᠭᠰᠡᠨ ᠬᠠᠷᠢᠴᠠᠯ ᠨᠢ 2021 ᠣᠨ ᠤ 37 % ᠠᠴᠠ 55 % ᠪᠣᠯᠪᠠ᠃ ᠮᠠᠯᠵᠢᠬᠤ ᠡᠷᠦᠬᠡ ᠳᠤ 10 ᠺᠢᠯᠣᠸᠠᠲ ᠤᠨ ᠨᠠᠷᠡ ᠰᠠᠯᠬᠢᠨ ᠬᠠᠷᠢᠯᠴᠠᠨ ᠨᠥᠬᠦᠪᠥᠷᠢᠯᠡᠬᠦ ᠲᠥᠬᠦᠭᠡᠷᠦᠮᠵᠢ 91 ᠢᠵᠢ ᠤᠭᠰᠠᠷᠠᠵᠤ᠂ 975 ᠬᠠᠷᠠᠭᠤᠯ ᠤᠨ ᠴᠡᠭ ᠲᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠢ ᠤᠷᠤᠭᠰᠢᠲᠠᠶ ᠪᠡᠶᠡᠯᠡᠭᠦᠯᠪᠡ᠃ ᠵᠠᠮ ᠬᠠᠷᠢᠯᠴᠠᠭᠠᠨ ᠤ ᠲᠠᠯ᠎ᠠ ᠪᠠᠷ᠂ 2021 ᠣᠨ ᠠᠴᠠ ᠨᠠᠰᠢ᠂ ᠪᠥᠬᠦ ᠬᠤᠰᠢᠭᠤ ᠨᠢ ᠨᠡᠶᠢᠲᠡ 4.52 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠪᠠ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠡᠭᠦᠨ ᠳᠤ ᠳᠡᠭᠡᠳᠦ ᠱᠠᠲᠤᠨ ᠤ ᠨᠥᠬᠦᠪᠥᠷᠢ ᠪᠠᠯᠠ ᠮᠥᠩᠭᠦ ᠶᠢ 1.77 ᠳ᠋ᠦᠩᠰᠢᠭᠤᠷ ᠲᠥᠭᠦᠷᠢᠭ᠂ ᠨᠡᠶᠢᠭᠡᠮ ᠤᠨ 8677 ᠲᠦᠮᠡᠨ ᠲᠥᠭᠦᠷᠢᠭ ᠤᠨ ᠪᠡᠯᠡ ᠮᠦᠩᠭᠦ ᠶᠢ ᠠᠰᠢᠭᠯᠠᠵᠤ᠂ ᠨᠡᠶᠢᠲᠡ 1004 ᠺᠢᠯᠤᠮᠧᠲᠷ ᠤᠨ ᠵᠠᠮ ᠢ ᠰᠠᠶᠢᠵᠢᠷᠠᠭᠤᠯᠤᠨ ᠵᠠᠰᠠᠪᠠ᠃ ᠣᠨ ᠵᠢᠯ ᠣᠳᠠᠭᠰᠠᠨ ᠶᠠᠪᠤᠵᠤ ᠰᠠᠭᠤᠬᠤ ᠳᠤ ᠲᠦᠭᠦᠮ ᠦᠭᠡᠢ ᠪᠣᠯᠣᠭᠰᠠᠨ ᠦᠨᠳᠦᠰᠦᠨ ᠱᠠᠳᠤᠨ ᠤ ᠵᠠᠮ ᠱᠣᠭᠤᠮ ᠳᠤ ᠬᠠᠨᠳᠤᠭᠤᠯᠤᠨ᠂ ᠤᠷᠢᠳ ᠬᠤᠵᠢᠳ ᠠᠯᠲᠠᠨᠬᠠᠩᠭᠠᠢ ᠠᠴᠠ ᠴᠠᠭᠠᠨᠨᠠᠭᠤᠷ ᠤᠨ ᠵᠢᠩ ᠨᠧᠩ ᠴᠠᠬᠢᠯᠭᠠᠨ ᠦᠢᠯᠡᠳᠪᠦᠷᠢ ᠬᠦᠷᠬᠦ ᠬᠡᠰᠡᠭ ᠤᠨ ᠵᠠᠰᠠᠮᠠᠯ ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ᠂ ᠯᠦᠩ ᠰᠢᠩ ᠠᠭᠤᠷᠬᠠᠢ ᠶᠢᠨ ᠦᠢᠯᠡᠰ ᠠᠴᠠ ᠪᠠᠶᠠᠨᠲᠤᠭ ᠰᠤᠮᠤ ᠬᠦᠷᠬᠦ ᠵᠠᠰᠠᠮᠠᠯ ᠵᠠᠮ᠂ ᠴᠠᠭᠠᠨᠨᠠᠭᠤᠷ ᠪᠠᠯᠭᠠᠰᠤᠨ ᠤ ᠪᠠᠶᠠᠨᠨᠠᠭᠤᠷ ᠭᠠᠴᠠᠭ᠎ᠠ ᠬᠦᠷᠬᠦ ᠭᠡᠰᠡᠭ ᠤᠨ ᠵᠠᠰᠠᠮᠠᠯ ᠵᠠᠮ᠂ ᠶᠡᠬᠡᠭᠤᠣᠯ ᠰᠤᠮᠤ ᠠᠴᠠ ᠵᠢᠷᠭᠠᠯᠠᠩᠲᠤ ᠰᠤᠮᠤ ᠬᠦᠷᠬᠦ ᠬᠡᠰᠡᠭ ᠵᠠᠰᠠᠮᠠᠯ ᠵᠠᠮ᠂ 331 ᠤᠯᠤᠰ ᠤᠨ ᠲᠡᠰ ᠤᠨ ᠵᠠᠰᠠᠮᠠᠯ ᠵᠠᠮ ᠠᠴᠠ ᠨᠠᠷᠠᠨᠪᠤᠯᠠᠭ ᠰᠤᠮᠤ ᠬᠦᠷᠬᠦ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠪᠡᠯᠭᠦᠳᠡᠢ ᠪᠠᠯᠭᠠᠰᠤ ᠠᠴᠠ ᠶᠡᠬᠡᠭᠤᠣᠯ ᠰᠤᠮᠤ ᠬᠦᠷᠬᠦ ᠬᠡᠰᠡᠭ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ 303 ᠤᠯᠤᠰ ᠤᠨ ᠲᠡᠰ ᠤᠨ ᠵᠠᠰᠠᠮᠠᠯ ᠵᠠᠮ ᠠᠴᠠ ᠪᠠᠶᠠᠨᠲᠠᠯ᠎ᠠ ᠭᠠᠴᠠᠭ᠎ᠠ ᠬᠦᠷᠬᠦ ᠬᠡᠰᠡᠭ ᠢ ᠠᠷᠠᠴᠢᠯᠠᠨ ᠬᠠᠮᠠᠭᠠᠯᠠᠬᠤ᠂ ᠤᠯᠠᠡᠪᠤᠯᠠᠭ ᠭᠠᠴᠠᠭᠠᠨ ᠤ ᠬᠡᠰᠡᠭ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠵᠡᠷᠬᠡ 24 ᠲᠦᠷᠤᠯ ᠤᠨ ᠰᠠᠭᠤᠷᠢ ᠶᠢ ᠪᠠᠬᠢᠵᠢᠭᠦᠯᠬᠦ᠂ ᠠᠯᠤᠰ ᠬᠡᠲᠦ ᠶᠢᠨ ᠠᠰᠢᠭ ᠳᠤᠰᠠ ᠳᠤ ᠬᠤᠯᠪᠤᠭᠳᠠᠬᠤ ᠬᠦᠳᠡᠭᠡ ᠲᠤᠰᠬᠤᠨ ᠮᠠᠯᠵᠢᠬᠤ ᠤᠷᠤᠨ ᠤ ᠵᠠᠰᠠᠮᠠᠯ ᠵᠠᠮ ᠤᠨ ᠪᠦᠳᠤᠬᠡᠨ ᠪᠠᠶᠢᠭᠤᠯᠤᠯᠳᠠ ᠪᠠ ᠠᠷᠠᠴᠢᠯᠠᠨ ᠬᠠᠮᠠᠭᠠᠯᠠᠬᠤ ᠢᠡᠵᠧᠨᠧᠷᠢᠩ ᠤᠨ ᠲᠦᠷᠤᠯ ᠵᠥᠢᠯ ᠢ ᠬᠡᠷᠡᠭᠵᠢᠭᠦᠯᠦᠨ᠂ ᠮᠠᠯᠴᠢᠨ ᠲᠦᠮᠡᠨ ᠤ ︽ᠪᠠᠶᠠᠵᠢᠯ ᠤᠨ ᠵᠠᠮ︾ ︽ᠵᠢᠷᠭᠠᠯ ᠤᠨ ᠵᠠᠮ︾ ᠢ ᠤᠯᠠᠮ ᠴᠢᠨᠠᠭᠰᠢᠳᠠ ᠰᠢᠯᠤᠭᠤᠳᠬᠠᠪᠠ᠃ ᠡᠭᠦᠨ ᠤ ᠬᠠᠮᠲᠤ᠂ 331ᠤᠯᠤᠰ ᠤᠨ ᠲᠡᠰ ᠤᠨ ᠵᠠᠰᠠᠮᠠᠯ ᠵᠠᠮ ᠤᠨ ᠠᠪᠠᠭ᠎ᠠ ᠬᠤᠰᠢᠭᠤᠨ ᠳᠠᠬᠢ ᠬᠡᠰᠡᠭ ᠢ ᠨᠢᠭᠡᠨᠲᠡ ᠪᠥᠬᠦ ᠲᠠᠯ᠎ᠠ ᠪᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ 312 ᠮᠤᠵᠢ ᠶᠢᠨ ᠵᠠᠮ ᠢ ᠤᠯᠤᠰ ᠤᠨ ᠵᠠᠮ ᠱᠤᠭᠤᠮ ᠤᠨ ᠲᠥᠯᠥᠪᠵᠢᠭᠦᠯᠭᠡ ᠳᠤ ᠤᠷᠤᠭᠤᠯᠤᠭᠰᠠᠨ ᠤ ᠬᠠᠮᠲᠤ 625 ᠤᠯᠤᠰ ᠤᠨ ᠲᠡᠰ ᠤᠨ ᠵᠠᠮ ᠪᠣᠯᠭᠠᠨ ᠲᠡᠰ ᠳᠡᠪᠰᠢᠭᠦᠯᠬᠦ ᠰᠤᠳᠤᠯᠭᠠᠨ ᠤ ᠮᠡᠳᠡᠬᠦᠯᠤᠯᠳᠠ ᠶᠢ ᠨᠢᠭᠡᠨᠲᠡ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠪᠡ︔ 516 ᠰᠢᠶᠠᠨ ᠤ ᠵᠠᠮ ᠪᠠ 511ᠰᠢᠶᠠᠨ ᠤ ᠵᠠᠮ ᠢ ᠴᠥᠮ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠵᠠᠮ ᠱᠣᠭᠤᠮ ᠤᠨ ᠲᠥᠯᠥᠪᠵᠢᠭᠦᠯᠭᠡ ᠳᠤ ᠤᠷᠤᠭᠤᠯᠵᠤ᠂ ᠲᠣᠰ ᠲᠣᠰ ᠮᠤᠵᠢ ᠶᠢᠨ 234 ᠪᠠ 321 ᠵᠠᠰᠠᠮᠠᠯ ᠵᠠᠮ ᠪᠣᠯᠭᠠᠨ ᠲᠡᠰ ᠲᠠᠪᠰᠢᠬᠦᠯᠤᠨ᠂ ᠪᠥᠬᠦ ᠬᠤᠰᠢᠭᠤᠨ ᠤ ᠵᠠᠮ ᠱᠣᠭᠤᠮ ᠤᠨ ᠪᠦᠲᠦᠴᠡ ᠶᠢ ᠴᠢᠨᠠᠭᠰᠢᠳᠠ ᠰᠢᠯᠢᠳᠡᠭᠵᠢᠭᠦᠯᠪᠡ᠃ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠲᠠᠯ᠎ᠠ ᠪᠠᠷ᠂ ᠪᠦᠬᠦ ᠬᠤᠰᠢᠭᠤᠨ ᠳᠤ ᠨᠡᠶᠢᠲᠡ 173 ᠲᠡᠮᠦᠷ ᠰᠤᠪᠤᠷᠭ᠎ᠠ ᠪᠠᠶᠢᠭᠤᠯᠤᠨ᠂ 394 ᠰᠠᠭᠤᠷᠢ ᠥᠷᠲᠡᠭᠡ ᠶᠢ ᠨᠡᠮᠡᠵᠦ᠂ ᠣᠶᠢᠷ᠎ᠠ ᠶᠢᠨ ᠭᠤᠷᠪᠠᠨ ᠵᠢᠯ ᠳᠤ 49 ᠰᠠᠭᠤᠷᠢ ᠥᠷᠲᠡᠭᠡ ᠶᠢ ᠰᠢᠨ᠎ᠡ ᠪᠠᠷ ᠪᠠᠶᠢᠭᠤᠯᠤᠨ ᠲᠠᠰ ᠳᠡᠪᠰᠢᠭᠦᠯᠵᠦ᠂ ᠬᠠᠷᠢᠴᠠᠯ ᠨᠢ 13 % ᠶᠢ ᠡᠵᠡᠯᠡᠪᠠ︔ ᠮᠠᠯᠵᠢᠬᠤ ᠣᠷᠣᠨ ᠤ 6403 ᠡᠷᠦᠬᠡ ᠳᠤ ᠦᠷᠭᠡᠨ ᠪᠦᠰᠡᠲᠦ ᠲᠤᠤᠷ ᠰᠦᠯᠵᠢᠶ᠎ᠡ ᠤᠭᠰᠠᠷᠠᠵᠤ᠂ ᠣᠶᠢᠷ᠎ᠠ ᠶᠢᠨ ᠭᠤᠷᠪᠠᠨ ᠵᠢᠯ ᠳᠤ 2179 ᠡᠷᠤᠬᠡ ᠳᠤ ᠦᠷᠭᠡᠨ ᠪᠦᠰᠡᠲᠦ ᠲᠤᠤᠷ ᠰᠦᠯᠵᠢᠶ᠎ᠡ ᠨᠠᠪᠳᠠᠷᠠᠭᠦᠯᠦᠨ᠂ ᠬᠠᠷᠢᠴᠠᠯ ᠨᠢ 34 % ᠳᠤ ᠬᠦᠷᠪᠡ᠃    ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠃ 2022 ᠣᠨ ᠳᠤ ᠬᠤᠰᠢᠭᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠴᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠢᠯᠧᠲ ᠢᠶᠠᠷ ᠲᠣᠭᠲᠠᠭᠠᠬᠤ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠦᠭᠰᠡᠨ ᠠᠴᠠ ᠨᠠᠰᠢ᠂ ᠬᠤᠰᠢᠭᠤ ᠵᠠᠰᠠᠭ ᠤᠨ ᠣᠷᠳᠣᠨ ︽ᠠᠷᠠᠳ ᠤᠨ ᠰᠠᠨᠠᠯ︾ ᠢ ᠴᠤᠭᠯᠠᠭᠤᠯᠬᠤ᠂ ᠠᠩᠬ᠎ᠠ ᠲᠣᠭᠲᠠᠭᠠᠬᠤ᠂ ᠬᠢᠨᠠᠨ ᠵᠥᠪᠯᠡᠬᠦ᠂ ᠪᠢᠯᠧᠲ ᠢᠶᠠᠷ ᠲᠣᠭᠲᠠᠭᠠᠬᠤ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠡᠯ᠎ᠡ ᠱᠠᠲᠤᠨ ᠳᠤ ᠲᠤᠤᠱᠯᠠᠭᠤᠯᠵᠤ᠂ ᠨᠡᠶᠢᠲᠡ 3.4154 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠠᠷᠠᠳ ᠤᠨ ᠠᠮᠢᠳᠤᠷᠠᠯ ᠤᠨ 27 ᠲᠥᠷᠥᠯ ᠵᠦᠢᠯ ᠢ ᠬᠡᠷᠡᠭᠵᠢᠭᠦᠯᠪᠡ᠃ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ᠂ ᠰᠠᠭᠤᠭᠠᠯᠢ ᠤᠷᠴᠢᠨ ᠤ ᠰᠠᠶᠢᠵᠢᠷᠠᠭᠤᠯᠤᠯᠲᠠ᠂ ᠮᠠᠯᠵᠢᠬᠤ ᠣᠷᠣᠨ ᠤ ᠰᠠᠭᠤᠷᠢ ᠲᠦᠬᠦᠬᠡᠷᠤᠮᠵᠢ᠂ ᠨᠠᠰᠤᠵᠢᠯ ᠪᠠ ᠨᠢᠯᠬᠠᠰ ᠤᠨ ᠠᠰᠠᠷᠠᠮᠵᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠡᠯ᠎ᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠬᠠᠮᠤᠷᠪᠠ᠃ ᠣᠳᠣᠬᠠᠨ ᠪᠣᠯᠲᠠᠯ᠎ᠠ᠂ 2022 ᠣᠨ -2023 ᠣᠨ ᠳᠤ ᠬᠡᠷᠡᠭᠵᠢᠭᠦᠯᠦᠭᠰᠡᠨ 20 ᠲᠦᠷᠤᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠦᠬᠦᠨ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠣᠨᠴᠠᠭᠠᠶᠢᠯᠠᠨ ᠳᠡᠭᠡᠳᠦ ᠱᠠᠲᠤᠨ ᠤ ᠵᠠᠰᠠᠭ ᠤᠨ ᠣᠷᠳᠣᠨ ᠤ ᠴᠢᠨᠠᠷᠲᠠᠶ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠬᠤᠪᠢᠷᠠᠯᠲᠠ ᠪᠠ ᠲᠣᠰ ᠱᠠᠲᠤᠨ ᠤ ᠡᠳ᠋ ᠤᠨ ᠵᠠᠰᠠᠭ ᠬᠦᠴᠢᠷᠳᠡᠯ ᠲᠠᠢ ᠪᠠᠶᠢᠬᠤ ᠪᠠᠶᠢᠳᠠᠯ ᠳᠣᠣᠷ᠎ᠠ᠂ 2024 ᠣᠨ ᠳᠤ 1.03 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 7 ᠲᠥᠷᠥᠯ ᠵᠦᠢᠯ ᠢ ᠬᠡᠷᠡᠭᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ᠂ ᠪᠡᠶ᠎ᠡ ᠲᠠᠮᠢᠷ ᠤᠨ ᠲᠥᠬᠦᠭᠡᠷᠦᠮᠵᠢ᠂ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠵᠡᠷᠭᠡ ᠬᠦᠷᠢᠶ᠎ᠡ ᠴᠠᠷ᠎ᠠ ᠶᠢ ᠬᠠᠮᠤᠷᠪᠠ᠃ ᠣᠳᠣᠬᠠᠨ ᠳᠤ ᠨᠢᠭᠡᠨᠲᠡ 1 ᠲᠦᠷᠤᠯ ᠢ ᠠᠰᠢᠭᠯᠠᠯᠲᠠ ᠳᠤ ᠣᠷᠣᠭᠤᠯᠵᠤ᠂ 4 ᠲᠦᠷᠤᠯ ᠢ ᠪᠠᠷᠢᠯᠭ᠎ᠠ ᠡᠬᠢᠯᠡᠭᠦᠯᠦᠨ᠂ 2 ᠲᠦᠷᠦᠯ ᠨᠢ ᠪᠡᠯᠡᠳᠭᠡᠯ ᠱᠠᠳᠤᠨ ᠳᠤ ᠪᠣᠢ᠃ ᠲᠤᠰ ᠲᠤᠰ᠄ ① ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠣᠷᠳᠣᠨ ᠳᠤᠲᠤᠷᠠᠬᠢ ᠲᠦᠬᠦᠭᠡᠷᠦᠮᠵᠢ ᠶᠢ ᠰᠠᠶᠢᠵᠢᠷᠠᠭᠤᠯᠵᠤ ᠲᠥᠷᠥᠯ ᠵᠦᠢᠯ ᠢ ᠨᠢᠭᠡᠨᠲᠡ ᠠᠰᠢᠭᠯᠠᠯᠲᠠ ᠳᠤ ᠣᠷᠣᠭᠤᠯᠪᠠ︔② ᠵᠢᠷᠭᠠᠯᠠᠩᠲᠤ ᠰᠣᠮᠣᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠤᠬᠠᠶᠢᠯᠠᠭᠰᠠᠨ ᠠᠵᠢᠯ ᠤᠨ ᠭᠡᠷ ᠪᠠᠶᠢᠰᠢᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠰᠠᠭᠤᠷᠢ ᠲᠠᠯᠪᠢᠬᠤ ᠢᠨᠵᠧᠨᠧᠷᠢᠩ ᠢ ᠲᠠᠭᠤᠰᠬᠠᠵᠤ᠂ ᠭᠤᠣᠯ ᠴᠤᠭᠴᠠ ᠶᠢᠨ ᠪᠠᠷᠢᠯᠭ᠎ᠠ ᠶᠢ ᠡᠬᠢᠯᠡᠭᠦᠯᠵᠦ᠂ 10 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠲᠠᠭᠤᠰᠬᠠᠬᠤ ᠪᠠᠷ ᠲᠦᠯᠦᠪᠯᠡᠵᠦ ᠪᠣᠢ︔ ③ᠴᠠᠭᠠᠡᠨᠠᠭᠤᠷ ᠪᠠᠯᠭᠠᠰᠤᠨ ᠤ ᠪᠠᠶᠠᠠᠨᠠᠭᠤᠷ ᠭᠠᠴᠠᠭ᠎ᠠ ᠬᠦᠷᠬᠦ ᠵᠠᠰᠠᠮᠠᠯ ᠵᠠᠮ  ᠤᠨ ᠲᠦᠷᠦᠯ ᠵᠦᠢᠯ ᠤᠨ ᠪᠦᠬᠦ ᠵᠠᠮ ᠱᠣᠭᠤᠮ ᠤᠨ ᠰᠠᠭᠤᠷᠢ ᠶᠢ ᠳᠡᠪᠢᠰᠴᠦ᠂ 7 ᠰᠠᠷ᠎ᠠ ᠶᠢᠨ ᠰᠡᠭᠦᠯᠴᠢ ᠪᠠᠷ ᠰᠠᠭᠤᠷᠢ  ᠶᠢ ᠳᠡᠪᠢᠰᠦᠨ᠂ 10 ᠰᠠᠷ᠎ᠠ ᠳᠤ ᠪᠠᠷᠢᠯᠭ᠎ᠠ ᠲᠠᠭᠤᠰᠬᠠᠬᠤ ᠪᠠᠷ ᠪᠣᠢ᠃ ④331ᠤᠯᠤᠰ ᠤᠨ ᠲᠡᠰ ᠤᠨ ᠵᠠᠰᠠᠮᠠᠯ ᠵᠠᠮ ᠠᠴᠠ ᠨᠠᠷᠠᠨᠪᠤᠯᠠᠭ ᠰᠤᠮᠤ ᠬᠦᠷᠬᠦ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠲᠦᠷᠦᠯ ᠵᠦᠢᠯ ᠢ ᠨᠢᠭᠡᠨᠲᠡ ᠪᠦᠬᠦ ᠱᠤᠭᠤᠮ ᠤᠨ ᠵᠠᠮ ᠤᠨ ᠭᠠᠳᠠᠷᠭᠤ ᠶᠢ ᠵᠠᠰᠠᠨ ᠰᠡᠯᠪᠢᠵᠦ᠂ 9 ᠰᠠᠷ᠎ᠠ ᠶᠢᠨ ᠰᠠᠬᠦᠯᠴᠢ ᠪᠠᠷ ᠪᠠᠷᠢᠯᠭ᠎ᠠ ᠲᠠᠭᠤᠰᠬᠠᠬᠤ ᠪᠠᠷ ᠲᠦᠯᠦᠪᠯᠡᠵᠦ ᠪᠣᠢ᠃ ⑤ 2024 ᠣᠨ ᠳᠤ ᠴᠠᠬᠢᠯᠭᠠᠨ ᠬᠤᠯᠪᠣᠭᠠᠨ ᠤ ᠦᠢᠯᠡᠴᠢᠯᠡᠭᠡᠨ ᠤ ᠲᠥᠷᠥᠯ ᠵᠦᠢᠯ ᠤᠨ 3 ᠰᠠᠭᠤᠷᠢ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠳᠠᠭᠤᠰᠬᠠᠵᠤ᠂ 11 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠲᠠᠭᠤᠰᠬᠠᠬᠤ ᠪᠠᠷ ᠲᠦᠯᠦᠪᠯᠡᠵᠦ ᠪᠠᠶᠢᠨ᠎ᠠ︔⑥2024 ᠤᠨ ᠤ ᠠᠩᠬᠠᠳᠤᠭᠠᠷ ᠪᠦᠯᠦᠭ ᠤᠨ 10 ᠺᠢᠯᠤᠸᠤᠯᠲ ᠪᠠ 10 ᠺᠢᠯᠤᠸᠤᠯᠲ ᠠᠴᠠ ᠲᠤᠷᠤᠭᠰᠢᠬᠢ ᠬᠦᠳᠡᠭᠡ ᠳᠤᠰᠬᠤᠨ ᠤ ᠴᠠᠬᠢᠯᠭᠠᠨ ᠲᠤᠤᠷ ᠢ ᠪᠠᠬᠢᠵᠢᠭᠦᠯᠦᠨ ᠳᠡᠭᠡᠭᠰᠢᠯᠡᠬᠦᠯᠬᠦ ᠢᠨᠵᠧᠨᠧᠷᠢᠩ ︵ᠬᠤᠲᠠ ᠪᠠᠯᠭᠠᠰᠣᠨ ᠤ ᠴᠠᠬᠢᠯᠭᠠᠨ ᠲᠤᠤᠷ︶ ᠤᠨ ᠲᠥᠷᠥᠯ ᠵᠦᠢᠯ ᠢ ᠨᠢᠭᠡᠨᠲᠡ ᠳᠠᠭᠠᠭᠠᠴᠢᠯᠠᠯᠲᠠ ᠵᠠᠷᠯᠠᠵᠤ᠂ ᠲᠣᠨᠤᠭ ᠲᠥᠬᠦᠭᠡᠷᠦᠮᠵᠢ ᠶᠢᠨ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠬᠤ ᠱᠠᠲᠤ ᠪᠠᠨ ᠪᠡᠶᠡᠯᠡᠭᠦᠯᠦᠨ᠂ 8 ᠰᠠᠷ᠎ᠠ ᠶᠢᠨ ᠳᠤᠮᠳᠠᠴᠢ ᠪᠠᠷ ᠪᠠᠷᠢᠯᠭ᠎ᠠ ᠡᠬᠢᠯᠡᠭᠦᠯᠬᠦ ᠪᠠᠷ ᠲᠦᠯᠦᠪᠯᠡᠨ᠂ ᠵᠢᠯ ᠤᠨ ᠳᠣᠲᠣᠷ᠎ᠠ ᠪᠠᠷᠢᠯᠭ᠎ᠠ ᠲᠠᠭᠤᠰᠬᠠᠨ᠎ᠠ︔ ⑦ ᠮᠠᠯᠵᠢᠬᠤ ᠣᠷᠣᠨ ᠤ 10 ᠺᠢᠯᠤᠸᠤᠯᠲ ᠤᠨ ᠴᠠᠬᠢᠯᠭᠠᠨ ᠲᠣᠣᠷ ᠢ ᠥᠭᠡᠷᠡᠴᠢᠯᠡᠨ ᠲᠠᠰ ᠳᠡᠪᠰᠢᠭᠦᠯᠬᠦ ᠢᠨᠵᠧᠨᠧᠷᠢᠩ ︵ᠬᠥᠳᠡᠭᠡ ᠲᠣᠰᠬᠤᠨ ᠤ ᠴᠠᠬᠢᠯᠭᠠᠨ ᠲᠣᠣᠷ︶ ᠤᠨ ᠳᠠᠭᠠᠭᠠᠴᠢᠯᠠᠯᠲᠠ ᠵᠠᠷᠯᠠᠬᠤ ᠠᠵᠢᠯ ᠢ ᠨᠢᠭᠡᠨᠲᠡ ᠪᠡᠶᠡᠯᠡᠭᠦᠯᠦᠨ᠂ ᠤᠳᠤ ᠲᠣᠨᠤᠭ ᠲᠥᠬᠦᠭᠡᠷᠦᠮᠵᠢ ᠶᠢᠨ ᠳᠠᠭᠠᠭᠠᠴᠢᠯᠠᠯᠲᠠ ᠵᠠᠷᠯᠠᠬᠤ ᠬᠤᠭᠤᠴᠠᠭᠠᠨ ᠳᠤ ᠪᠠᠶᠢᠵᠤ᠂ 8 ᠰᠠᠷ᠎ᠠ ᠶᠢᠨ ᠳᠤᠮᠳᠠᠴᠢ ᠪᠠᠷ ᠪᠠᠷᠢᠯᠭ᠎ᠠ ᠡᠬᠢᠯᠡᠭᠦᠯᠵᠦ᠂ ᠵᠢᠯ ᠤᠨ ᠲᠤᠳᠤᠷ᠎ᠠ ᠪᠠᠷᠢᠯᠭ᠎ᠠ ᠲᠠᠭᠤᠰᠬᠠᠨ᠎ᠠ᠃ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠦᠯ ᠵᠦᠢᠯ ᠤᠨ ᠶᠠᠪᠤᠴᠠ ᠳᠤ᠂ ᠦᠨᠳᠦᠰᠦᠨ ᠱᠠᠳᠤᠨ ᠤ ᠮᠠᠯᠵᠢᠬᠤ ᠤᠷᠤᠨ ᠤ ᠪᠠᠴᠢᠮ ᠱᠠᠭᠠᠷᠳᠠᠯᠭ᠎ᠠ᠂ ᠠᠷᠠᠳ ᠤᠨ ᠠᠮᠢᠳᠤᠷᠠᠯ ᠤᠨ ᠱᠠᠭᠠᠷᠳᠠᠯᠭ᠎ᠠ ᠳᠤ ᠴᠢᠭᠯᠡᠭᠦᠯᠦᠨ᠂ ᠨᠢᠭᠡ ᠪᠦᠯᠦᠭ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠱᠠᠳᠤᠴᠢ ᠴᠢᠨᠠᠷᠲᠠᠶ ᠦᠷ᠎ᠡ ᠪᠦᠲᠦᠮᠵᠢ ᠤᠯᠪᠠ᠃ ᠵᠢᠱᠢᠶᠡᠯᠡᠪᠡᠯ᠂ 2022 ᠣᠨ ᠳᠤ ᠵᠢᠷᠭᠠᠯᠠᠩᠲᠤ ᠰᠤᠮᠤ ᠶᠢᠨ ᠪᠠᠶᠠᠨᠵᠢᠷᠭᠠᠯᠠᠩᠲᠤ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠥᠢᠯ ᠢ ᠬᠥᠭᠵᠢᠭᠦᠯᠦᠨ ᠪᠤᠵᠠᠭᠠᠶᠢᠷᠠᠭᠤᠯᠬᠤ ᠪᠠᠷ ᠳᠠᠮᠵᠢᠭᠤᠯᠤᠨ᠂ 30 ᠲᠤᠯᠤᠭᠠᠢ 2 ᠨᠠᠰᠤᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠷᠤᠭᠤᠯᠵᠤ᠂ ︽ᠨᠠᠮ ᠤᠨ ᠡᠭᠦᠷ + ᠬᠤᠷᠰᠢᠶᠠᠵᠢᠯ + ᠮᠠᠯᠵᠢᠬᠤ ᠡᠷᠦᠬᠡ︾ ᠶᠢᠨ  ᠬᠡᠯᠪᠡᠷᠢ ᠪᠠᠷ ᠡᠵᠡᠩᠨᠡᠨ᠂ ᠵᠠᠬ᠎ᠠ ᠳᠡᠯᠭᠡᠭᠦᠷ ᠤᠨ ᠦᠨ᠎ᠡ ᠠᠴᠠ ᠳᠣᠤᠷ᠎ᠠ ᠦᠨ᠎ᠡ ᠪᠠᠷ ᠮᠠᠯᠵᠢᠯ ᠤᠨ ᠲᠤᠷᠰᠢᠯᠭ᠎ᠠ ᠲᠠᠢ ᠲᠡᠵᠢᠭᠡᠨ ᠦᠷᠡᠵᠢᠭᠦᠯᠬᠦ ᠡᠷᠦᠬᠡ ᠳᠤ ᠲᠦᠷᠢᠶᠡᠰᠦᠯᠡᠭᠦᠯᠵᠦ᠂ 2022 ᠣᠨ ᠳᠤ ᠭᠠᠴᠠᠭᠠᠨ ᠤ ᠬᠠᠮᠲᠤ ᠶᠢᠨ ᠠᠰᠢᠭ ᠣᠷᠣᠯᠭ᠎ᠠ ᠶᠢᠨ ᠲᠦᠷᠢᠶᠡᠰᠦᠨ ᠮᠥᠩᠭᠦ 30 ᠲᠦᠮᠡᠨ ᠲᠥᠭᠦᠷᠢᠭ ᠲᠤ ᠬᠦᠷᠴᠦ᠂ ᠭᠠᠴᠠᠭᠠᠨ ᠤ ᠬᠠᠮᠲᠤ ᠶᠢᠨ ᠠᠵᠤ ᠠᠬᠤᠶ ᠪᠠᠷ ᠮᠠᠯᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ ᠪᠤᠳᠠᠳᠤ ᠦᠷ᠎ᠡ ᠪᠦᠲᠦᠮᠵᠢ ᠣᠯᠪᠠ᠃ ᠪᠠᠰᠠ  ᠵᠢᠱᠢᠶᠡᠯᠡᠪᠡᠯ᠄ 2023 ᠣᠨ ᠳᠤ ᠪᠡᠯᠭᠦᠳᠡᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠵᠤ᠂ ᠠᠯᠪᠠᠯᠠᠬᠤ ᠣᠷᠴᠢᠨ ᠪᠠ ᠡᠪᠡᠳᠴᠢᠲᠡᠨ ᠤ ᠡᠮᠨᠡᠭᠦᠯᠬᠦ ᠨᠥᠬᠦᠴᠡᠯ ᠢ ᠪᠦᠲᠦᠮᠵᠢᠲᠡᠢ ᠰᠠᠶᠢᠵᠢᠷᠠᠭᠤᠯᠵᠤ᠂ ᠬᠠᠷᠢᠶᠠᠲᠤ ᠤᠷᠤᠨ ᠤ 2.09 ᠲᠦᠮᠡᠨ ᠬᠥᠮᠥᠨ ᠤ ᠡᠪᠡᠳᠴᠢᠨ ᠦᠵᠡᠭᠦᠯᠬᠦ ᠱᠠᠭᠠᠷᠳᠠᠯᠭ᠎ᠠ ᠶᠢ ᠬᠠᠩᠭᠠᠨ᠂ ᠣᠯᠠᠨ ᠨᠡᠶᠢᠲᠡ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠭᠲᠠᠯᠴᠠᠭ᠎ᠠ ᠶᠢᠨ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠴᠢᠳᠠᠪᠬᠢ ᠶᠢ ᠪᠠᠬᠢᠵᠢᠭᠦᠯᠬᠦ ᠴᠢᠬᠤᠯᠠ ᠠᠷᠭ᠎ᠠ ᠬᠡᠮᠵᠢᠶ᠎ᠡ ᠪᠤᠯᠤᠭᠰᠡᠨ ᠪᠠᠶᠢᠨ᠎ᠠ᠃    ᠲᠠᠪᠤ᠂ ᠰᠣᠶᠣᠯ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠤᠨ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠲᠠᠯ᠎ᠠ ᠪᠠᠷ    ᠣᠶᠢᠷ᠎ᠠ ᠶᠢᠨ ᠭᠤᠷᠪᠠᠨ ᠵᠢᠯ ᠳᠤ᠂ ᠪᠥᠬᠦ ᠬᠤᠰᠢᠭᠤᠨ ᠤ ᠰᠣᠶᠣᠯ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠵᠠᠷᠤᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃ ᠨᠢᠭᠡ ᠳᠤ᠂ ᠰᠣᠶᠣᠯ ᠤᠨ ᠦᠢᠯᠡᠰ ᠤᠨ ᠬᠥᠭᠵᠢᠯᠲᠡ ᠶᠢ ᠠᠬᠢᠭᠤᠯᠪᠠ᠃    2021 ᠣᠨ ᠠᠴᠠ ᠨᠠᠰᠢ᠂ ᠰᠣᠶᠣᠯ ᠪᠡᠶ᠎ᠡ ᠲᠠᠮᠢᠷ ᠤᠨ ᠲᠠᠯ᠎ᠠ ᠪᠠᠷ ᠨᠡᠶᠢᠲᠡ 1.68 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠠᠪᠠᠭ᠎ᠠ ᠠᠭᠤᠳᠠᠮ ᠲᠠᠯᠠᠪᠠᠶ ᠶᠢ ᠲᠠᠰ ᠳᠡᠪᠰᠢᠭᠦᠯᠦᠨ ᠥᠭᠡᠷᠡᠴᠢᠯᠡᠬᠦ᠂ ᠤᠯᠠᠭᠠᠨᠮᠥ᠋ᠴᠢᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠪᠡᠯᠭᠦᠳᠡᠢ ᠦᠨᠳᠦᠰᠦᠲᠡᠨ ᠤ ᠪᠡᠶ᠎ᠡ ᠲᠠᠮᠢᠷ ᠤᠨ ᠣᠷᠳᠣᠨ ᠤ ᠪᠦᠲᠦᠭᠡᠨ ᠪᠠᠶᠢᠭᠤᠯᠤᠯᠲᠠ ᠵᠡᠷᠭᠡ ᠠᠷᠠᠳ ᠤᠨ ᠰᠡᠳᠬᠢᠯ ᠳᠤ ᠳᠠᠭᠠᠰᠢᠶᠠᠭᠳᠠᠭᠰᠠᠨ ᠨᠢᠭᠡ ᠪᠦᠯᠦᠭ ᠰᠣᠶᠣᠯ ᠵᠤᠭᠠᠴᠠᠯ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠪᠡ᠃ ᠢᠯᠠᠩᠭᠤᠶ᠎ᠠ ᠲᠤᠰ ᠬᠤᠭᠤᠴᠠᠭᠠᠨ ᠤ ᠵᠠᠰᠠᠭ ᠤᠨ ᠣᠷᠳᠣᠨ ᠠᠴᠠ ᠠᠳᠤᠭᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠪᠦᠬᠦ ᠴᠤᠭᠴᠠ ᠶᠢᠨ ᠪᠠᠶᠢᠷᠢᠯᠠᠭᠤᠯᠤᠯᠲᠠ ᠶᠢᠨ ᠰᠢᠰᠲ᠋ᠧᠮᠲᠦ ᠴᠢᠨᠠᠷ ᠬᠦᠷᠦᠯᠴᠡᠬᠦ ᠦᠭᠡᠢ᠂ ᠰᠠᠭᠤᠷᠢ ᠲᠥᠬᠦᠭᠡᠷᠦᠮᠵᠢ ᠪᠦᠷᠢᠨ ᠲᠥᠭᠦᠷ ᠪᠣᠰᠤ᠂ ᠴᠢᠳᠠᠮᠵᠢ ᠨᠢ ᠳᠠᠩ ᠴᠤᠯᠭᠤᠢ᠂ ᠠᠰᠢᠭᠯᠠᠯᠲᠠ ᠶᠢᠨ ᠨᠤᠷᠮ᠎ᠠ ᠦᠨᠳᠦᠷ ᠪᠣᠰᠤ᠂ ᠴᠢᠨᠠᠭᠰᠢᠯᠠᠪᠠᠯ ᠡᠬᠢ ᠪᠠᠶᠠᠯᠢᠭ ᠢᠶᠠᠨ ᠠᠰᠢᠭᠯᠠᠬᠤ ᠦᠭᠡᠢ ᠰᠣᠯᠠ ᠪᠠᠶᠢᠯᠭᠠᠬᠤ ᠵᠡᠷᠭᠡ ᠪᠠᠶᠢᠳᠠᠯ ᠳᠤ ᠴᠢᠭᠯᠡᠭᠦᠯᠦᠨ᠂ ᠪᠥᠬᠦ ᠬᠤᠰᠢᠭᠤᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠰᠢᠨ᠎ᠡ ᠬᠠᠭᠤᠳᠠᠰᠤ ᠪᠣᠯᠬᠤ ︽ᠬᠡᠦᠬᠡᠳ ᠪᠠ ᠮᠣᠷᠢ︾ ᠭᠤᠣᠯ ᠰᠡᠳᠦᠪᠲᠦ ᠰᠣᠶᠣᠯ ᠤᠨ ᠬᠦᠷᠢᠶᠡᠯᠡᠩ ᠤᠨ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠪᠥᠬᠦ ᠠᠶᠢᠮᠠᠭ ᠤᠨ ︽pony︾ ᠮᠣᠷᠢ ᠪᠣᠶᠢᠵᠢᠭᠤᠯᠬᠤ ᠪᠠ ︽ᠮᠤᠩᠭᠤᠯ ᠮᠤᠷᠢᠨ ᠤ ᠰᠢᠨᠳᠠᠰᠤ ᠰᠢᠯᠭᠠᠬᠤ︾ ᠬᠤᠯᠪᠣᠭᠠᠲᠤ ᠤᠷᠤᠯᠳᠤᠭᠠᠨ ᠳᠤ ᠠᠭᠤᠰᠤᠯᠴᠠᠭᠤᠯᠬᠤ ᠳᠤ ᠬᠦᠴᠦᠲᠡᠢ ᠲᠤᠯᠭᠠᠭᠤᠷᠢᠯᠠᠬᠤ ᠦᠢᠯᠡᠳᠦᠯ ᠬᠠᠩᠭᠠᠬᠤ ᠶᠢᠨ ᠬᠠᠮᠲᠤ᠂ ᠴᠡᠭᠡ ᠶᠢᠨ ᠡᠷᠡᠭᠦᠯᠵᠢᠯ ᠰᠣᠪᠢᠯᠠᠯᠲᠠ ᠪᠠ ᠬᠦᠳᠡᠭᠡ ᠬᠡᠭᠡᠷ᠎ᠡ ᠪᠠᠭᠤᠳᠠᠯᠯᠠᠬᠤ ᠵᠤᠭᠠᠴᠠᠯ ᠲᠠᠢ ᠢᠳᠡᠪᠬᠢᠲᠡᠢ ᠠᠭᠤᠰᠤᠯᠴᠠᠭᠤᠯᠵᠤ᠂ ᠠᠵᠤ ᠦᠢᠯᠡᠰ ᠤᠨ ᠠᠭᠤᠰᠤᠯᠴᠠᠯ ᠪᠠ ᠬᠤᠲᠠ ᠪᠠᠯᠭᠠᠰᠤᠨ ᠤ ᠴᠢᠳᠠᠮᠵᠢ ᠶᠢ ᠲᠠᠰ ᠳᠡᠪᠰᠢᠭᠦᠯᠬᠦ ᠲᠠᠢ ᠣᠷᠭᠠᠨᠢᠭ ᠢᠶᠠᠷ ᠵᠣᠯᠭᠠᠭᠤᠯᠬᠤ ᠶᠢ ᠬᠦᠴᠦᠯᠡᠨ ᠠᠬᠢᠭᠤᠯᠪᠠ᠃ ᠨᠠᠢᠮᠠᠳᠤᠭᠠᠷ ᠬᠤᠭᠤᠴᠠᠭᠠᠨ ᠤ ᠠᠷᠠᠳ ᠤᠨ ᠶᠡᠭᠡ ᠨᠠᠭᠠᠳᠤᠮ᠂ ᠴᠡᠭᠡ ᠰᠣᠶᠣᠯ ᠤᠨ ᠨᠠᠶᠢᠷ᠂ Mini ᠬᠡᠦᠬᠡᠳ ᠤᠨ ᠨᠠᠭᠠᠳᠤᠮ᠂ ︽ᠮᠣᠩᠭᠤᠯ ᠮᠣᠷᠢᠨ ᠤ ᠰᠢᠨᠳᠠᠰᠤ ᠰᠢᠯᠭᠠᠬᠤ ᠬᠤᠯᠪᠣᠭᠠᠲᠤ ᠤᠷᠤᠯᠳᠤᠭᠠᠨ ᠤ ᠠᠪᠠᠭ᠎ᠠ ᠬᠤᠰᠢᠭᠤᠨ ᠤ ᠥᠷᠲᠡᠭᠡ︾ ᠶᠢᠨ ᠭᠤᠷᠪᠠᠨ ᠳᠡᠰ ᠤᠨ ᠬᠤᠯᠪᠣᠭᠠᠲᠤ ᠤᠷᠤᠯᠳᠤᠭᠠᠨ᠂ ︽ᠬᠡᠶᠢᠮᠦᠷᠢ ᠬᠤᠨᠳᠠᠭᠠᠲᠤ︾ ᠴᠠᠭᠠᠨ ᠰᠠᠷ᠎ᠠ ᠶᠢᠨ ᠪᠥᠬᠡ ᠶᠢᠨ ᠤᠷᠤᠯᠳᠤᠭᠠᠨ ᠵᠡᠷᠭᠡ ᠣᠯᠠᠨ ᠲᠦᠮᠡᠨ ᠤ ᠳᠤᠷ᠎ᠠ ᠰᠣᠨᠢᠷᠬᠠᠯ ᠢ ᠲᠠᠲᠠᠭᠰᠠᠨ ᠤᠷᠤᠯᠳᠤᠭᠠᠨ ᠢ ᠡᠷᠬᠢᠯᠡᠨ ᠶᠠᠪᠤᠭᠳᠠᠭᠤᠯᠵᠤ᠂ ᠠᠪᠠᠭ᠎ᠠ ᠬᠤᠰᠢᠭᠤᠨ ᠤ  ︽ᠡᠷ᠎ᠡ ᠶᠢᠨ ᠭᠤᠷᠪᠠᠨ ᠨᠠᠭᠠᠳᠤᠮ︾ ᠤᠨ ᠲᠠᠮᠢᠷᠴᠢᠳ ᠤᠨ ᠰᠤᠷᠢᠶ᠎ᠠ ᠪᠣᠯᠪᠠᠰᠣᠷᠠᠯ ᠪᠢᠷ᠎ᠠ ᠴᠢᠳᠠᠯ ᠢ ᠪᠦᠲᠦᠮᠵᠢᠲᠡᠶ ᠳᠡᠭᠡᠭᠰᠢᠯᠡᠬᠦᠯᠦᠭᠰᠡᠨ ᠢᠶᠠᠷ ᠪᠠᠷᠠᠬᠤ ᠥᠬᠡᠶ᠂ ︽ᠠᠵᠠ ᠬᠡᠶᠢᠮᠦᠷᠢᠲᠦ ᠠᠪᠠᠭ᠎ᠠ︾ ᠰᠣᠶᠣᠯ ᠵᠤᠭᠠᠴᠠᠯ ᠤᠨ ᠨᠠᠷᠠᠲᠤ ᠲᠡᠮᠳᠡᠭᠲᠦ ᠶᠢᠨ ᠳᠦᠷᠢ ᠲᠥᠷᠬᠦ ᠶᠢ ᠱᠣᠭᠤᠪᠠ᠃ ᠳᠠᠷᠠᠭ᠎ᠠ ᠶᠢᠨ ᠠᠯᠬᠤᠮ ᠳᠤ ᠬᠤᠰᠢᠭᠤ ᠵᠠᠰᠠᠭ ᠤᠨ ᠣᠷᠳᠣᠨ ᠠᠴᠠ ᠭᠤᠤᠯᠳᠠᠯᠭ᠎ᠠ ᠲᠠᠢ ᠠᠵᠢᠯ ᠲᠦᠷᠦᠯ ᠳᠤ ᠰᠢᠪᠲᠤᠯᠤᠯᠲᠠ ᠭᠠᠷᠭᠠᠬᠤ ᠱᠠᠭᠠᠷᠳᠠᠯᠭ᠎ᠠ ᠶᠣᠰᠣᠭᠠᠷ᠂ ︽ᠴᠢᠩᠭᠢᠰ ᠪᠤᠭᠲᠠ ᠠᠭᠤᠯᠠ ᠪᠠᠨ ᠰᠦᠰᠦᠭᠯᠡᠨ  ᠪᠠᠷᠠᠯᠠᠬᠤ︾᠂ ᠬᠤᠷᠭᠤ ᠠᠭᠤᠯᠠ ᠶᠢᠨ ᠦᠵᠡᠮᠵᠢ ᠶᠢᠨ ᠲᠤᠭᠤᠷᠢᠭ ᠢ ᠭᠤᠤᠯᠳᠠᠯᠭ᠎ᠠ ᠲᠠᠢ ᠪᠠᠶᠢᠭᠤᠯᠤᠨ ᠴᠤᠭᠴᠠᠯᠠᠵᠤ᠂ ᠠᠮᠢ ᠠᠬᠤᠶ ᠶᠢᠨ ᠪᠣᠯᠪᠠᠰᠤᠨ ᠤ ᠬᠥᠮᠦᠵᠢᠯ ᠤᠨ ᠵᠤᠭᠠᠴᠠᠯ ᠤᠨ ᠵᠠᠮ ᠱᠤᠭᠤᠮ ᠤᠨ ᠬᠡᠯᠬᠢᠶᠡᠵᠢᠯ ᠢ ᠤᠷᠲᠤᠳᠬᠠᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠣᠳᠣᠨ ᠵᠤᠭᠠᠴᠠᠯ ᠤᠨ ᠵᠠᠮ ᠱᠤᠭᠤᠮ ᠢ ᠴᠤᠭᠴᠠᠯᠠᠵᠤ᠂ ᠠᠪᠠᠭ᠎ᠠ ᠶᠢᠨ ᠵᠤᠭᠠᠴᠠᠯ ᠤᠨ ᠦᠢᠯᠡᠰ ᠢ ᠬᠤᠯᠠ ᠤᠶᠢᠷ᠎ᠠ ᠳᠤ ᠠᠯᠳᠠᠷᠰᠢᠵᠤ ᠬᠤᠳᠠᠯᠠ ᠳᠠᠶᠠᠭᠠᠷ ᠲᠤ ᠲᠠᠭᠠᠰᠢᠶᠠᠭᠳᠠᠭᠰᠠᠨ ᠬᠡᠯᠬᠢᠶᠡᠵᠢᠯ ᠤᠨ ᠠᠵᠤ ᠦᠢᠯᠡᠰ ᠪᠣᠯᠭᠠᠨ ᠴᠤᠭᠴᠠᠯᠠᠨ ᠪᠠᠶᠢᠭᠤᠯᠤᠨ᠎ᠠ᠃ ᠬᠤᠶᠠᠷ ᠲᠤ᠂ ᠰᠤᠷᠭᠠᠨ ᠬᠥᠮᠦᠵᠢᠯ ᠢ ᠬᠥᠭᠵᠢᠭᠦᠯᠬᠦ ᠪᠡᠯᠡ ᠤᠷᠤᠭᠤᠯᠤᠯᠲᠠ ᠶᠢᠨ ᠡᠷᠴᠢᠮ ᠢ ᠴᠢᠩᠭᠠᠷᠠᠭᠤᠯᠪᠠ᠃ 2021 ᠣᠨ ᠠᠴᠠ ᠨᠠᠰᠢ᠂ ᠰᠤᠷᠭᠠᠨ ᠬᠥᠮᠦᠵᠢᠯ ᠤᠨ ᠦᠢᠯᠡᠰ ᠲᠤ 6108 ᠲᠦᠮᠡᠨ ᠲᠥᠭᠦᠷᠢᠭ ᠤᠨ ᠲᠥᠷᠥᠯ ᠵᠦᠢᠯ ᠢ ᠳᠦᠰᠦᠪᠯᠡᠨ ᠬᠡᠷᠡᠭᠵᠢᠭᠦᠯᠵᠦ᠂ ᠬᠤᠩᠭᠤᠷᠭᠤᠤᠯ᠂ ᠴᠠᠭᠠᠨᠨᠠᠭᠤᠷ᠂ ᠨᠠᠷᠠᠨᠪᠤᠯᠠᠭ᠂ ᠶᠡᠬᠡᠭᠤᠣᠯ ᠳᠥᠷᠪᠡᠨ ᠬᠡᠤᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠤᠷᠰᠢᠯᠲᠠ ᠶᠢᠨ ᠠᠰᠠᠷ᠂ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠬᠤ ᠪᠠ ᠪᠠᠶᠢᠷᠢ ᠶᠢᠨ ᠠᠰᠠᠷ ᠤᠨ ᠭᠡᠷ ᠪᠠᠶᠢᠰᠢᠩ ᠢ ᠰᠡᠯᠪᠢᠨ ᠵᠠᠰᠠᠵᠤ ᠦᠭᠡᠷᠡᠴᠢᠯᠡᠨ ᠰᠠᠶᠢᠵᠢᠷᠠᠭᠤᠯᠬᠤ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠢ ᠶᠢᠨ ᠭᠦᠶᠦᠯᠲᠡ ᠶᠢᠨ ᠵᠠᠮ ᠢ ᠦᠭᠡᠷᠡᠴᠢᠯᠡᠨ ᠪᠠᠶᠢᠭᠤᠯᠬᠤ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠤᠭᠤᠯᠠᠨ ᠭᠡᠷ ᠤᠨ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ᠂ ᠨᠢᠭᠡᠳᠦᠭᠡᠷ ᠪᠠᠭ᠎ᠠ ᠰᠤᠷᠭᠠᠭᠤᠯᠢ ᠶᠢᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠳᠡᠰ ᠳᠡᠪᠰᠢᠭᠦᠯᠬᠦ ᠵᠡᠷᠭᠡ ᠲᠥᠷᠥᠯ ᠵᠦᠢᠯ ᠢ ᠭᠤᠤᠯᠳᠠᠯᠭ᠎ᠠ ᠲᠠᠢ ᠪᠡᠶᠡᠯᠡᠭᠦᠯᠵᠦ᠂ ᠪᠦᠬᠦ ᠬᠤᠰᠢᠭᠤᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠨᠥᠬᠦᠴᠡᠯ ᠢ ᠢᠯᠡᠳᠲᠡ ᠰᠠᠶᠢᠵᠢᠷᠠᠭᠤᠯᠬᠤ ᠶᠢ ᠠᠬᠢᠭᠤᠯᠪᠠ᠃ ᠭᠤᠷᠪᠠ ᠳᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢ ᠳᠡᠮᠵᠢᠪᠡ᠃ 2021 ᠣᠨ ᠠᠴᠠ ᠨᠠᠰᠢ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠠᠯ᠎ᠠ ᠪᠠᠷ 5548 ᠲᠦᠮᠡᠨ ᠲᠥᠭᠦᠷᠢᠭ ᠤᠨ ᠲᠥᠷᠥᠯ ᠵᠦᠢᠯ ᠢ ᠰᠦᠪᠡᠭᠴᠢᠯᠡᠨ ᠬᠡᠷᠡᠭᠵᠢᠭᠦᠯᠪᠡ᠃ ᠮᠣᠩᠭᠤᠯ ᠡᠮᠨᠡᠯᠭᠡ ᠶᠢᠨ ᠬᠤᠷᠢᠶᠠᠨ ᠤ ᠡᠷᠡᠭᠦᠯᠵᠢᠯ ᠰᠤᠪᠢᠯᠠᠯᠲᠠ ᠶᠢᠨ ᠰᠢᠯᠭᠠᠨ ᠪᠠᠶᠢᠴᠠᠭᠠᠬᠤ ᠲᠥᠪ᠂ ᠪᠡᠯᠭᠦᠳᠡᠢ ᠪᠠᠯᠭᠠᠰᠤᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠡᠷᠡᠭᠯᠡᠭᠡᠨ ᠤ ᠬᠡᠷ ᠪᠠᠶᠢᠰᠢᠩ ᠪᠠ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠣᠶᠤᠨᠴᠢᠯᠠᠭᠰᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠤᠤᠯᠳᠠᠯᠭ᠎ᠠ ᠲᠠᠢ ᠬᠡᠷᠡᠭᠵᠢᠭᠦᠯᠵᠦ᠂ ᠪᠥᠬᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠨᠥᠬᠦᠴᠡᠯ ᠢᠯᠡᠳᠲᠡ ᠳᠡᠭᠡᠭᠰᠢᠯᠡᠪᠡ᠃ ︽ᠠᠪᠠᠭ᠎ᠠ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠳᠤᠰᠬᠠᠢ ᠮᠡᠷᠭᠡᠵᠢᠯ ᠤᠨ ᠴᠢᠳᠠᠪᠦᠷᠢᠲᠠᠨ ᠢ ᠣᠷᠢᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ︵ᠳᠤᠷᠰᠢᠨ ᠬᠡᠷᠡᠭᠯᠡᠬᠦ︶︾ ᠶᠢ ᠳᠠᠷᠤᠮᠠᠯᠯᠠᠨ ᠳᠠᠷᠬᠠᠭᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠦᠷᠢᠲᠠᠨ 2 ᠢ ᠤᠷᠢᠨ ᠬᠡᠷᠡᠭᠯᠡᠵᠦ᠂ ᠮᠣᠩᠭᠤᠯ ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠳᠡᠰ ᠤᠨ ᠬᠥᠬᠡ ᠲᠠᠰ ᠤᠨ ᠡᠮᠨᠡᠯᠭᠡ ᠶᠢᠨ ᠬᠤᠷᠢᠶ᠎ᠠ ᠪᠠᠷ ᠦᠨᠡᠯᠡᠭᠳᠡᠵᠦ᠂ ᠡᠪᠡᠳᠴᠢᠲᠡᠨ ᠢ ᠭᠥᠯᠢᠶᠡᠨ ᠠᠪᠴᠤ ᠡᠮᠨᠡᠬᠦ ᠨᠤᠷᠮ᠎ᠠ ᠠᠳᠠᠯᠢ ᠬᠤᠭᠤᠴᠠᠭᠠᠨ ᠤ ᠬᠢ ᠠᠴᠠ 66 % ᠪᠠᠷ ᠨᠡᠮᠡᠭᠳᠡᠪᠡ︔ ᠪᠡᠯᠭᠦᠳᠡᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠦᠯᠢᠶᠡᠨ ᠠᠪᠴᠤ ᠡᠮᠴᠢᠯᠡᠭᠰᠡᠨ ᠡᠪᠡᠳᠴᠢᠲᠡᠨ ᠠᠳᠠᠯᠢ ᠬᠤᠭᠤᠴᠠᠭᠠᠨ ᠤ ᠬᠢ ᠠᠴᠠ 43 % ᠪᠠᠷ ᠨᠡᠮᠡᠭᠳᠡᠵᠦ᠂ ᠬᠤᠰᠢᠭᠤ ᠡᠮᠨᠡᠯᠭᠡ ᠶᠢᠨ ᠬᠤᠷᠢᠶᠠᠨ ᠤ ᠴᠢᠰᠤ ᠨᠡᠪᠴᠢᠭᠦᠯᠬᠦ ᠲᠠᠰᠤᠭ ᠪᠣᠯᠤᠨ ᠳᠣᠲᠣᠷ ᠡᠷᠬᠡᠲᠡᠨ ᠢ ᠪᠠᠶᠢᠴᠠᠭᠠᠬᠤ ᠳᠤᠷᠠᠨ ᠤ ᠲᠠᠰᠤᠭ ᠢ ᠪᠠᠶᠢᠭᠤᠯᠵᠤ᠂ ᠪᠦᠬᠦ ᠬᠤᠰᠢᠭᠤᠨ ᠤ ᠡᠮᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠭᠰᠡᠨ ᠤ ᠬᠠᠮᠲᠤ ᠬᠥᠷᠰᠢ ᠵᠡᠷᠭᠡᠯᠡᠳᠡᠭᠡ ᠬᠤᠰᠢᠭᠤ ᠰᠢᠶᠠᠨ ᠤ ᠤᠯᠠᠨ ᠲᠦᠮᠡᠨ ᠳᠤ ᠦᠢᠯᠡᠴᠢᠯᠡᠭᠡ ᠬᠠᠩᠭᠠᠵᠤ᠂ ᠣᠨᠣᠰᠢᠯᠠᠨ ᠡᠮᠨᠡᠬᠦ ᠴᠢᠳᠠᠪᠤᠷᠢ ᠨᠢ ᠣᠯᠠᠨ ᠲᠦᠮᠡᠨ ᠳᠤ ᠥᠷᠭᠡᠨ ᠢᠶᠠᠷ ᠮᠡᠳᠡᠷᠡᠭᠳᠡᠭᠰᠡᠨ ᠪᠠᠶᠢᠨ᠎ᠠ᠃    ᠵᠢᠷᠭᠤᠭ᠎ᠠ᠂ ᠪᠡᠯᠴᠢᠭᠡᠷ ᠤᠨ ᠳᠠᠭᠠᠭᠠᠴᠠ ᠠᠴᠠ ᠬᠡᠳᠦᠷᠡᠭᠦᠯᠦᠨ ᠮᠠᠯᠵᠢᠬᠤ ᠵᠢᠴᠢ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ    ᠣᠶᠢᠷ᠎ᠠ ᠶᠢᠨ ᠵᠢᠯ ᠠᠴᠠ ᠨᠠᠰᠢ᠂ ᠬᠤᠰᠢᠭᠤ ᠵᠠᠰᠠᠭ ᠤᠨ ᠣᠷᠳᠣᠨ ᠨᠢ ᠳᠡᠭᠡᠳᠦ ᠱᠠᠲᠤᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠤᠰᠤᠭᠠᠷ᠂ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠷᠢᠳ ᠬᠤᠵᠢᠳ ︽ᠠᠪᠠᠭ᠎ᠠ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠯ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ︵2021 ᠣᠨ-2025 ᠣᠨ︶︾᠂ ︽ᠠᠪᠠᠭ᠎ᠠ ᠬᠤᠰᠢᠭᠤᠨ ᠤ ᠪᠡᠯᠴᠢᠭᠡᠷᠯᠡᠭᠦᠯᠬᠦ ᠶᠢ ᠵᠤᠭᠰᠤᠭᠠᠬᠤ ᠲᠤᠭᠤᠷᠢᠭ ᠤᠨ ᠬᠠᠮᠢᠶᠠᠷᠤᠯᠲᠠ ᠶᠢᠨ ᠠᠷᠭ᠎ᠠ︾᠂ ︽ᠠᠪᠠᠭ᠎ᠠ ᠬᠤᠰᠢᠭᠤᠨ ᠤ 2023 ᠣᠨ- 2025 ᠣᠨ ᠤ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠤᠨ ᠬᠡᠷᠡᠭᠵᠢᠭᠦᠯᠬᠦ ᠲᠥᠰᠦᠯ︾ ᠵᠡᠷᠭᠡ ᠲᠦᠷᠢᠮ ᠲᠣᠭᠲᠠᠭᠠᠯ ᠢ ᠲᠣᠭᠲᠠᠭᠠᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠤᠨ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠪᠠ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠤᠷᠤᠭᠤᠯᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠨᠥᠬᠦᠪᠥᠷᠢ ᠪᠠ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠰᠡᠷᠭᠦᠭᠡᠬᠦ ᠨᠥᠬᠦᠪᠥᠷᠢ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠮᠠᠯ ᠪᠡᠯᠴᠢᠭᠡᠷ ᠤᠨ ᠳᠡᠩᠴᠡᠭᠦᠷᠢ ᠶᠢ ᠪᠠᠲᠤᠯᠠᠬᠤ ᠶᠢ ᠠᠬᠢᠭᠤᠯᠬᠤ ᠪᠠᠷ ᠳᠠᠮᠵᠢᠨ ︽ᠪᠦᠬᠦᠯᠢ ᠴᠣᠭᠴᠠ ᠶᠢᠨ ᠲᠡᠩᠴᠡᠭᠦᠷᠢ ᠶᠢ ᠪᠠᠲᠤᠯᠠᠬᠤ︾ ᠰᠠᠶᠢᠨ ᠦᠷ᠎ᠡ ᠪᠦᠲᠦᠮᠵᠢ ᠣᠯᠪᠠ᠃ ᠭᠡᠪᠡᠴᠦ ᠳᠡᠭᠡᠳᠦ ᠱᠠᠲᠤᠨ ᠤ ᠬᠢᠨᠠᠨ ᠬᠡᠮᠵᠢᠯᠲᠡ ᠶᠢᠨ ᠬᠠᠷᠢᠭᠤ ᠳᠤᠰᠬᠠᠭᠰᠠᠨ ᠠᠴᠠ ᠦᠵᠡᠪᠡᠯ᠂ ᠪᠥᠬᠦ ᠬᠤᠰᠢᠭᠤᠨ ᠤ 2023 ᠣᠨ ᠪᠠ 2024 ᠣᠨ ᠤ ᠬᠠᠪᠤᠷ ᠤᠨ ᠤᠯᠠᠷᠢᠯ ᠳᠤ ᠪᠡᠯᠴᠢᠭᠡᠷᠯᠡᠭᠦᠯᠬᠦ ᠶᠢ ᠵᠤᠭᠰᠤᠭᠠᠬᠤ ᠲᠣᠭᠲᠠᠭᠠᠯ ᠠᠴᠠ ᠵᠥᠷᠢᠴᠡᠨ  ᠮᠠᠯᠵᠢᠭᠰᠠᠨ ᠨᠣᠷᠮ᠎ᠠ ᠨᠢ ᠲᠣᠰ ᠲᠣᠰ 18.71 % ᠪᠠ 14.39 % ᠳᠤ ᠬᠦᠷᠴᠦ᠂ ᠲᠣᠭᠲᠠᠭᠠᠯ ᠠᠴᠠ ᠵᠥᠷᠢᠴᠡᠨ ᠮᠠᠯᠵᠢᠭᠰᠠᠨ ᠬᠢᠨᠠᠨ ᠬᠡᠮᠵᠢᠯᠲᠡ ᠶᠢᠨ ᠪᠦᠷᠢᠳᠭᠡᠯ ᠪᠥᠬᠦ ᠠᠶᠢᠮᠠᠭ ᠤᠨ ᠵᠢᠷᠭᠤᠳᠤᠭᠠᠷ ᠲᠤ ᠵᠢᠭᠰᠠᠭᠠᠭᠳᠠᠪᠠ᠃ 2024 ᠣᠨ ᠤ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠠᠬᠢ ᠲᠡᠵᠢᠭᠡᠯ ᠡᠪᠡᠰᠦᠨ ᠤ ᠳᠤᠮᠳᠠᠴᠢ ᠤᠷᠭᠤᠴᠠ ᠨᠢ 5 ᠰᠠᠨᠲ᠋ᠢᠮᠧᠲᠷ᠂ ᠳᠤᠮᠳᠠᠴᠢ ᠪᠦᠷᠬᠦᠴᠡ ᠶᠢᠨ ᠬᠡᠮᠵᠢᠶ᠎ᠡ ᠨᠢ 13.7 %᠂ ᠰᠣᠷᠭᠤᠭ ᠡᠪᠡᠰᠦᠨ ᠤ ᠮᠥ ᠪᠦᠷᠢ ᠶᠢᠨ ᠳᠤᠮᠳᠠᠴᠢ ᠣᠨᠠᠯᠲᠠ ᠨᠢ 15.8 ᠺᠢᠯᠣᠭ᠍ᠷᠠᠮ᠂ ᠬᠠᠭᠤᠷᠠᠶ ᠡᠪᠡᠰᠦᠨ ᠤ ᠮᠥ ᠪᠦᠷᠢ ᠶᠢᠨ ᠳᠤᠮᠳᠠᠴᠢ ᠣᠨᠠᠯᠲᠠ ᠨᠢ 6 ᠺᠢᠯᠣᠭ᠍ᠷᠠᠮ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠲᠡᠵᠢᠭᠡᠯ ᠡᠪᠡᠰᠦᠨ ᠤ ᠳᠤᠮᠳᠠᠴᠢ ᠣᠷᠭᠤᠴᠠ ᠶᠢᠨ ᠬᠡᠮᠵᠢᠶ᠎ᠡ ᠨᠢ 4.2 ᠰᠠᠨᠲ᠋ᠢᠮᠧᠲᠷ ᠪᠠᠭᠠᠰᠴᠤ᠂ ᠳᠤᠮᠳᠠᠴᠢ ᠪᠦᠷᠬᠦᠴᠡ ᠶᠢᠨ ᠬᠡᠮᠵᠢᠶ᠎ᠡ ᠨᠢ 21.3 % ᠪᠠᠷ ᠪᠠᠭᠠᠰᠴᠤ᠂  ᠰᠣᠷᠭᠤᠭ ᠡᠪᠡᠰᠦᠨ ᠤ ᠮᠦ ᠪᠦᠷᠢ ᠶᠢᠨ ᠳᠤᠮᠳᠠᠴᠢ ᠤᠨᠠᠯᠲᠠ ᠨᠢ 21.4 ᠺᠢᠯᠣᠭ᠍ᠷᠠᠮ ᠪᠠᠭᠠᠰᠴᠤ᠂ ᠬᠠᠭᠤᠷᠠᠶ ᠡᠪᠡᠰᠦᠨ ᠤ ᠮᠦ ᠪᠦᠷᠢ ᠶᠢᠨ ᠳᠤᠮᠳᠠᠴᠢ ᠤᠨᠠᠯᠲᠠ ᠨᠢ 10.46 ᠺᠢᠯᠣᠭ᠍ᠷᠠᠮ ᠪᠠᠭᠤᠷᠠᠪᠠ᠃ ᠪᠥᠬᠦ ᠬᠤᠰᠢᠭᠤᠨ ᠤ ᠲᠣᠭᠲᠠᠭᠠᠯ ᠠᠴᠠ ᠵᠥᠷᠢᠴᠡᠨ ᠮᠠᠯᠵᠢᠭᠰᠠᠨ ᠨᠣᠷᠮ᠎ᠠ ᠨᠡᠯᠢᠶᠡᠳ ᠥᠨᠳᠥᠷ ᠪᠠ ᠨᠤᠭᠤᠭ᠎ᠠ ᠭᠠᠷᠬᠤ ᠬᠤᠭᠤᠴᠠᠭᠠᠨ ᠤ ᠪᠡᠯᠴᠢᠭᠡᠷ ᠰᠡᠷᠭᠦᠭᠡᠬᠦ ᠬᠤᠶᠠᠷ ᠵᠦᠢᠯ ᠤᠨ ᠲᠤᠭ᠎ᠠ ᠪᠠᠷᠢᠮᠲᠠ ᠠᠴᠠ ᠦᠵᠡᠪᠡᠯ ᠮᠠᠨ ᠤ ᠬᠤᠰᠢᠭᠤᠨ ᠳᠤ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠦᠭᠰᠡᠨ ᠠᠵᠢᠯᠯᠠᠭ᠎ᠠ ᠮᠦᠨ ᠯᠡ ᠤᠷᠤᠰᠢᠵᠤ᠂ ᠮᠠᠯᠴᠢᠳ ᠤᠨ ᠠᠮᠢ ᠠᠬᠤᠢ ᠶᠢ ᠬᠠᠮᠠᠭᠠᠯᠠᠬᠤ ᠲᠠᠨᠢᠯᠲᠠ ᠣᠬᠠᠮᠰᠠᠷ ᠲᠤᠤᠷ᠎ᠠ ᠪᠠ ᠬᠠᠤᠯᠢ ᠬᠡᠷᠡᠭᠵᠢᠬᠦᠯᠬᠦ ᠬᠢᠨᠠᠨ ᠬᠠᠮᠢᠶᠠᠷᠤᠯᠲᠠ ᠰᠣᠯᠠ ᠪᠠᠶᠢᠭ᠎ᠠ ᠵᠡᠷᠭᠡ ᠠᠰᠠᠭᠤᠳᠠᠯ ᠢ ᠭᠦᠢᠴᠡᠳ ᠬᠠᠷᠠᠭᠤᠯᠵᠤ ᠪᠠᠶᠢᠨ᠎ᠠ᠃    ᠭᠠᠩ ᠬᠠᠭᠰᠠᠷᠠᠭᠠᠨ ᠠᠴᠠ ᠪᠣᠯᠵᠤ ᠮᠢᠬᠠᠨ ᠤ ᠦᠬᠡᠷ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠠᠨᠠᠢ ᠪᠠᠶᠢᠬᠤ ᠪᠠ ᠡᠪᠡᠰᠦ ᠪᠣᠷᠳᠤᠭ᠎ᠠ ᠶᠢᠨ ᠨᠥᠭᠡᠴᠡ ᠬᠦᠷᠦᠯᠴᠡᠬᠦ ᠥᠬᠡᠶ ᠪᠠᠶᠢᠬᠤ ᠠᠰᠠᠭᠤᠳᠠᠯ ᠳᠤ ᠴᠢᠭᠯᠡᠭᠦᠯᠦᠨ᠂ ᠬᠤᠰᠢᠭᠤ ᠵᠠᠰᠠᠭ ᠤᠨ ᠣᠷᠳᠣᠨ ᠭᠠᠩ ᠬᠠᠭᠰᠠᠷᠠᠭᠠᠨ ᠲᠠᠢ ᠲᠡᠮᠡᠴᠡᠵᠦ ᠬᠤᠬᠢᠷᠠᠯ ᠢ ᠪᠠᠭᠠᠰᠬᠠᠬᠤ ᠶᠢ ᠡᠯ᠎ᠡ ᠲᠦᠷᠦᠯ ᠤᠨ ᠠᠵᠢᠯ ᠤᠨ ᠭᠤᠤᠯᠳᠠᠯᠭ᠎ᠠ ᠪᠣᠯᠭᠠᠵᠤ᠂ ᠠᠶᠢᠮᠠᠭ ᠤᠨ ᠳᠣᠲᠣᠷ᠎ᠠ ᠭᠠᠳᠠᠨᠠᠬᠢ ᠡᠯ᠎ᠡ ᠲᠥᠷᠥᠯ ᠤᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠮᠡᠳᠡᠭᠡ ᠵᠠᠩᠭᠢ ᠶᠢ ᠵᠣᠬᠢᠴᠠᠭᠤᠯᠤᠨ ᠴᠤᠭᠯᠠᠭᠤᠯᠵᠤ᠂ ᠲᠤᠬᠠᠢ ᠶᠢᠨ ᠭᠠᠵᠠᠷ ᠲᠤ ᠪᠠᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠨᠡᠭᠡᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠯᠴᠢᠳ ᠢ ᠬᠠᠪᠰᠤᠷᠤᠨ ᠲᠣᠰ ᠲᠣᠰ ᠤᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠲᠣᠬᠢᠷᠠᠮᠵᠢᠲᠠᠶ ᠠᠷᠠᠯᠵᠢᠶᠠᠨ ᠤ ᠵᠠᠬ᠎ᠠ ᠶᠢ ᠰᠣᠩᠭᠤᠨ ᠵᠠᠷᠤᠴᠠᠭᠤᠯᠬᠤ ᠶᠢ ᠲᠦᠷᠭᠡᠳᠬᠡᠪᠡ᠃ ᠡᠭᠦᠨ ᠤ ᠬᠠᠮᠲᠤ ︽ᠬᠥᠲᠥᠯᠥᠨ ᠵᠢᠯᠣᠭᠤᠳᠬᠤ ᠪᠠᠷ ᠭᠤᠣᠯᠳᠠᠯᠭ᠎ᠠ ᠪᠣᠯᠭᠠᠬᠤ᠂ ᠵᠠᠩᠭᠢᠯᠠᠭ᠎ᠠ ᠶᠢ ᠨᠦᠬᠦᠪᠦᠷᠢᠯᠡᠬᠦ︾ ᠠᠵᠢᠯ ᠤᠨ ᠰᠡᠳᠬᠢᠴᠡ ᠶᠣᠰᠣᠭᠠᠷ᠂ ︽ᠠᠪᠠᠭ᠎ᠠ ᠬᠤᠰᠢᠭᠤᠨ ᠤ 2024 ᠣᠨ ᠤ ᠮᠢᠬᠠᠨ ᠤ ᠦᠬᠡᠷ ᠢ ᠨᠠᠶᠢᠳᠠᠨ ᠬᠠᠮᠢᠶᠠᠷᠤᠭᠤᠯᠵᠤ ᠣᠷᠣᠯᠠᠨ ᠲᠡᠵᠢᠭᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠲᠡᠳᠬᠦᠨ ᠳᠡᠮᠵᠢᠬᠦ ᠲᠦᠷ ᠬᠡᠷᠡᠭᠵᠢᠭᠦᠯᠬᠦ ᠠᠷᠭ᠎ᠠ︾᠂ ︽ᠠᠪᠠᠭ᠎ᠠ ᠬᠤᠰᠢᠭᠤᠨ ᠤ 2024 ᠣᠨ ᠤ ︿ᠭᠤᠷᠪᠠᠨ ᠱᠠᠳᠤᠨ︶ ᠤ ᠪᠠᠴᠢᠮ ᠪᠠᠶᠢᠳᠠᠯ ᠢ ᠠᠷᠭᠠᠴᠠᠭᠠᠬᠤ ᠬᠤᠯᠢᠮᠠᠭ ᠲᠡᠵᠢᠭᠡᠯ ᠪᠤᠷᠳᠤᠭ᠎ᠠ ᠨᠦᠭᠡᠴᠡᠯᠡᠬᠦ ᠨᠥᠬᠦᠪᠥᠷᠢ ᠶᠢᠨ ᠲᠦᠷ ᠬᠡᠷᠡᠭᠵᠢᠭᠦᠯᠬᠦ ᠠᠷᠭ᠎ᠠ︾᠂ ︽ᠠᠪᠠᠭ᠎ᠠ ᠬᠤᠰᠢᠭᠤᠨ ᠤ ᠮᠥᠩᠭᠦᠨ ᠭᠦᠢᠯᠭᠡᠭᠡᠨ ᠢᠶᠠᠷ ᠭᠤᠣᠯᠯᠠᠭᠴᠢ ᠠᠵᠤ ᠦᠢᠯᠡᠰ ᠤᠨ ᠲᠦᠭᠰᠢᠭᠦᠷᠢ ᠶᠢ ᠳᠡᠳᠭᠦᠨ ᠳᠡᠮᠵᠢᠬᠦ ᠨᠥᠬᠦᠪᠥᠷᠢ ᠮᠥᠩᠭᠦ ᠶᠢ ᠬᠡᠷᠡᠭᠯᠡᠬᠦ ᠲᠥᠰᠦᠯ︾ ᠢ ᠲᠣᠭᠲᠠᠭᠠᠨ ᠨᠡᠶᠢᠲᠡᠯᠡᠵᠦ᠂ ᠮᠢᠬᠠᠨ ᠤ ᠦᠬᠡᠷ ᠢ ᠨᠠᠶᠢᠳᠠᠨ ᠬᠠᠮᠢᠶᠠᠷᠤᠭᠤᠯᠵᠤ ᠣᠷᠣᠯᠠᠨ ᠲᠡᠵᠢᠭᠡᠬᠦ ᠨᠥᠬᠦᠪᠥᠷᠢ᠂ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠶᠢ ᠪᠠᠲᠤᠯᠠᠬᠤ᠂ ᠮᠥᠩᠭᠦᠨ ᠭᠦᠢᠯᠭᠡᠭᠡ ᠪᠠᠷ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠠᠷᠢᠯᠢᠭ ᠤᠨᠤᠪᠴᠢᠲᠠᠢ ᠪᠠᠷ ᠲᠡᠳᠬᠦᠬᠦ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠯᠴᠢᠳ ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ᠂ ᠴᠠᠭ ᠳᠤᠬᠢᠶᠠᠯ ᠢ ᠠᠮᠵᠢᠨ ᠮᠠᠯ ᠤᠨ ᠭᠠᠷᠭᠠᠯᠲᠠ ᠶᠢ ᠲᠦᠷᠭᠡᠳᠬᠡᠬᠦ ᠪᠠ ᠲᠡᠵᠢᠭᠡᠯ ᠡᠪᠡᠰᠦ ᠪᠣᠷᠳᠤᠭ᠎ᠠ ᠶᠢ ᠭᠦᠢᠴᠡᠳ ᠨᠥᠭᠡᠴᠡᠯᠡᠬᠦ ᠶᠢ ᠠᠬᠢᠭᠤᠯᠵᠤ᠂ ᠮᠠᠯᠴᠢᠨ ᠲᠦᠮᠡᠨ ᠤ ᠦᠢᠯᠡᠳᠪᠦᠷᠢᠯᠡᠯ ᠡᠵᠡᠩᠨᠡᠯᠲᠡ ᠶᠢᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂ ᠲᠡᠵᠢᠭᠡᠯ ᠡᠪᠡᠰᠦ ᠪᠤᠷᠳᠤᠭ᠎ᠠ ᠶᠢᠨ ᠦᠨ᠎ᠡ ᠬᠠᠩᠰᠢ ᠶᠢᠨ ᠲᠣᠭᠲᠠᠭᠤᠨ ᠪᠠ ᠬᠠᠩᠭᠠᠯᠭ᠎ᠠ ᠭᠦᠢᠴᠡᠳ ᠪᠠᠶᠢᠬᠤ ᠶᠢ ᠪᠠᠲᠤᠯᠠᠪᠠ᠃    ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳ ᠨᠠᠶᠢᠳᠠᠪᠤᠷᠢᠵᠢᠭᠤᠯᠤᠭᠰᠠᠨ ᠥᠬᠡᠶ ᠪᠠᠶᠢᠳᠠᠯ ᠳᠤ ᠴᠢᠭᠯᠡᠭᠦᠯᠦᠨ᠂ ᠬᠤᠰᠢᠭᠤ ᠵᠠᠰᠠᠭ ᠤᠨ ᠣᠷᠳᠣᠨ ᠦᠨᠳᠦᠰᠦᠨ ᠠᠴᠠ  ᠨᠢ ᠠᠳᠬᠤᠬᠤ᠂ ᠠᠯᠤᠰ ᠬᠡᠲᠦ ᠶᠢᠨ ᠠᠰᠢᠭ ᠳᠤᠰᠠ ᠶᠢ ᠪᠣᠳᠣᠯᠬᠢᠯᠠᠬᠤ ᠡᠭᠦᠳᠡᠨ ᠠᠴᠠ ᠡᠯ᠎ᠡ ᠰᠤᠮᠤ ᠪᠠᠯᠭᠠᠰᠤ ᠲᠠᠢ ︽2024 ᠣᠨ ᠤ ᠨᠠᠮᠤᠷ ᠤᠨ ᠤᠯᠠᠷᠢᠯ ᠤᠨ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠠᠵᠢᠯ ᠤᠨ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠥᠰᠥᠭ ᠵᠢᠷᠤᠵᠤ᠂ ᠡᠯ᠎ᠡ ᠰᠤᠮᠤ ᠪᠠᠯᠭᠠᠰᠣᠨ ᠤ ᠮᠠᠯᠵᠢᠯ ᠤᠨ ᠣᠨ ᠤ ᠮᠠᠯ ᠤᠨ ᠲᠤᠭ᠎ᠠ ᠲᠤᠯᠤᠭᠠᠢ ᠶᠢ ᠴᠦᠬᠡᠳᠬᠡᠬᠦ ᠪᠠ ᠡᠪᠡᠰᠦ ᠪᠣᠷᠳᠤᠭ᠎ᠠ ᠨᠥᠭᠡᠴᠡᠯᠡᠬᠦ ᠡᠭᠦᠷᠭᠡ ᠪᠠᠨ ᠪᠡᠶᠡᠯᠡᠬᠦᠯᠬᠦ ᠶᠢ ᠴᠢᠩᠭ᠎ᠠ ᠱᠠᠭᠠᠷᠳᠠᠬᠤ ᠶᠢᠨ ᠬᠠᠮᠲᠤ ᠪᠡᠶᠡᠯᠡᠭᠦᠯᠦᠭᠰᠡᠨ ᠪᠠᠶᠢᠳᠠᠯ ᠢ ᠣᠨ ᠤ ᠬᠢᠨᠠᠨ ᠰᠢᠯᠭᠠᠯᠲᠠ ᠳᠤ ᠤᠷᠤᠭᠤᠯᠪᠠ᠃ ᠡᠳᠡᠭᠡᠷ ᠠᠷᠭ᠎ᠠ ᠬᠡᠮᠵᠢᠶ᠎ᠡ ᠨᠢ ᠨᠢᠭᠡ ᠲᠠᠯ᠎ᠠ ᠪᠠᠷ ᠮᠠᠯᠴᠢᠨ ᠲᠦᠮᠡᠨ ᠢ ᠬᠥᠲᠥᠯᠥᠨ ᠵᠢᠯᠣᠭᠤᠳᠴᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠲᠤᠭᠲᠠᠭᠤᠨ ᠪᠤᠰᠤ ᠪᠠᠶᠢᠬᠤ ᠪᠠᠶᠢᠳᠠᠯ ᠢ ᠵᠥᠪ ᠢᠶᠠᠷ ᠲᠠᠨᠢᠭᠤᠯᠵᠤ᠂ ᠰᠢᠯᠢᠳᠡᠭ ᠡᠭᠦᠯᠳᠡᠷ ᠤᠨ ᠰᠠᠭᠤᠷᠢ ᠡᠬᠡ ᠮᠠᠯ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠪᠠᠷ ᠦᠯᠡᠳᠡᠭᠡᠭᠰᠡᠨ ᠤᠷᠢᠲᠠᠯ ᠳᠣᠤᠷ᠎ᠠ ᠮᠠᠯ ᠤᠨ ᠭᠠᠷᠭᠠᠯᠲᠠ ᠶᠢᠨ ᠡᠷᠴᠢᠮ ᠢ ᠴᠢᠩᠭᠠᠷᠠᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠳᠠᠷᠤᠯᠲᠠ ᠶᠢ ᠬᠦᠩᠭᠡᠷᠡᠭᠦᠯᠦᠨ᠂ ᠴᠥᠭᠡᠨ ᠲᠡᠵᠢᠭᠡᠵᠦ ᠨᠠᠷᠢᠯᠢᠭ ᠠᠷᠠᠴᠢᠯᠠᠬᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠶᠢ ᠦᠨᠡᠨᠬᠦ ᠪᠡᠶᠡᠯᠡᠭᠦᠯᠪᠡ᠃ ᠨᠡᠩ ᠴᠢᠬᠤᠯᠠ ᠨᠢ ᠮᠠᠯᠴᠢᠨ ᠲᠦᠮᠡᠨ ᠳᠤ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠭᠴᠢ ᠪᠣᠯ ᠨᠤᠲᠤᠭ ᠪᠡᠯᠴᠢᠭᠡᠷ ᠢ ᠬᠠᠮᠠᠭᠠᠯᠠᠬᠤ ᠭᠤᠤᠯ ᠴᠣᠭᠴᠠ ᠪᠣᠯᠬᠤ ᠶᠢ ᠭᠦᠨᠵᠡᠭᠡᠶ ᠲᠠᠨᠢᠭᠤᠯᠵᠤ᠂ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠬᠤ ᠪᠠ ᠵᠦᠢ ᠵᠣᠬᠢᠰᠲᠠᠶ ᠠᠰᠢᠭᠯᠠᠨ᠂ ᠮᠠᠯ ᠪᠡᠯᠴᠢᠭᠡᠷ ᠤᠨ ᠳᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠰᠡᠷᠭᠦᠭᠡᠬᠦ ᠳᠦᠷᠢᠮ ᠲᠤᠭᠲᠠᠭᠠᠯ ᠢ ᠴᠢᠩᠭ᠎ᠠ ᠵᠢᠷᠤᠮᠯᠠᠨ᠂ ᠨᠤᠲᠤᠭ ᠪᠡᠯᠴᠢᠭᠡᠷ ᠢ ᠬᠠᠮᠠᠭᠠᠯᠠᠬᠤ ᠡᠭᠦᠷᠭᠡ ᠶᠢ ᠰᠠᠶᠢᠳᠤᠷ ᠪᠡᠶᠡᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠠ᠃ ᠲᠠᠷᠠᠭᠠᠴᠢ ᠶᠢᠨ ᠠᠯᠬᠤᠮ ᠳᠤ ᠬᠤᠰᠢᠭᠤ ᠵᠠᠰᠠᠭ ᠤᠨ ᠣᠷᠳᠣᠨ ᠪᠠᠰᠠ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠡᠶᠢᠭᠡᠮ ᠨᠡᠶᠢᠲᠡ ᠠᠴᠠ ᠡᠯᠰᠡᠬᠦ᠂ ᠺᠠᠳ᠋ᠷ ᠤᠨ ᠪᠣᠯᠪᠠᠰᠣᠷᠠᠯ᠂ ᠭᠠᠴᠠᠭᠠᠨ ᠤ ᠬᠤᠶᠠᠷ ᠵᠥᠪᠯᠡᠯ ᠪᠠ ᠬᠠᠮᠢᠶᠠᠷᠤᠯᠲᠠ ᠶᠢᠨ ᠠᠵᠢᠯᠲᠠᠨ ᠢ ᠳᠠᠶᠢᠴᠢᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠡᠩᠨᠡᠭᠡ ᠶᠢᠨ ᠠᠵᠢᠯᠲᠠᠨ ᠬᠦᠷᠦᠯᠴᠡᠬᠦ ᠥᠬᠡᠶ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠵᠦ᠂ ᠰᠤᠮᠤ ᠪᠠᠯᠭᠠᠰᠤᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠬᠤᠭᠤᠴᠠᠭᠠᠨ ᠳᠤ ᠪᠤᠰᠤᠳ ᠭᠠᠵᠠᠷ ᠲᠤ ᠬᠠᠤᠯᠢ ᠬᠡᠷᠡᠭᠵᠢᠭᠦᠯᠬᠦ᠂ ᠬᠠᠤᠯᠢ ᠬᠡᠷᠡᠭᠵᠢᠭᠦᠯᠦᠯᠲᠡ ᠶᠢᠨ ᠲᠤᠷᠭᠠᠭᠤᠯᠢ ᠶᠢᠨ ᠮᠦᠩᠭᠦ ᠶᠢ ᠬᠠᠷᠢᠴᠠᠯ ᠢᠶᠠᠷ ᠦᠯᠡᠳᠡᠭᠡᠵᠦ ᠬᠠᠤᠯᠢ ᠬᠡᠷᠡᠭᠵᠢᠭᠦᠯᠬᠦ ᠵᠠᠷᠤᠳᠠᠯ ᠪᠣᠯᠭᠠᠬᠤ ᠵᠡᠷᠭᠡ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠮᠠᠯᠴᠢᠨ ᠲᠦᠮᠡᠨ ᠢ ᠬᠥᠲᠥᠯᠦᠨ ᠵᠢᠯᠣᠭᠤᠳᠴᠤ ᠠᠮᠢ ᠠᠬᠤᠶ ᠶᠢᠨ ᠬᠠᠮᠠᠭᠠᠯᠠᠯᠲᠠ ᠶᠢᠨ ᠤᠬᠠᠮᠰᠠᠷ ᠢ ᠨᠢ ᠳᠡᠭᠡᠭᠰᠢᠯᠡᠭᠦᠯᠦᠨ᠂ ᠮᠠᠯᠵᠢᠬᠤ ᠦᠢᠯᠡᠳᠪᠦᠷᠢᠯᠡᠯ ᠤᠨ ᠨᠤᠲᠤᠭ ᠪᠡᠯᠴᠢᠭᠡᠷ ᠤᠨ ᠠᠮᠢ ᠠᠬᠤᠶ ᠳᠤ ᠦᠵᠡᠭᠦᠯᠬᠦ ᠨᠥᠯᠥᠭᠡ ᠶᠢ ᠪᠠᠭᠠᠰᠬᠠᠪᠠ᠃   ᠲᠤᠯᠤᠭ᠎ᠠ᠂ ᠬᠢᠨᠠᠨ ᠪᠤᠳᠤᠵᠤ ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠲᠠᠯ᠎ᠠ ᠪᠠᠷ    ᠬᠤᠰᠢᠭᠤ ᠵᠠᠰᠠᠭ ᠤᠨ ᠣᠷᠳᠣᠨ ᠶᠡᠷᠦᠩᠬᠡᠶ ᠱᠦᠵᠢ ᠰᠢ ᠶᠢᠨ ᠫᠢᠩ ᠤᠨ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠦᠪ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ 2021 ᠣᠨ ᠠᠴᠠ ᠨᠠᠰᠢ ᠬᠢᠨᠠᠨ ᠪᠤᠳᠤᠬᠤ ᠪᠠ ᠬᠢᠨᠠᠨ ᠪᠣᠳᠤᠵᠤ ᠪᠠᠶᠢᠴᠠᠭᠠᠬᠤ ᠲᠥᠷᠥᠯ ᠵᠦᠢᠯ ᠢ ᠨᠡᠶᠢᠲᠡ 64 ᠶᠢ ᠪᠡᠶᠡᠯᠡᠭᠦᠯᠵᠦ᠂ ᠡᠯ᠎ᠡ ᠲᠥᠷᠥᠯ ᠤᠨ ᠠᠰᠠᠭᠤᠳᠠᠯ ᠢ 170 ᠬᠤᠪᠢ ᠪᠠᠶᠢᠴᠠᠭᠠᠨ ᠢᠯᠡᠷᠡᠭᠦᠯᠵᠦ᠂ ᠬᠤᠯᠪᠣᠭᠳᠠᠭᠰᠠᠨ ᠮᠦᠩᠭᠦ ᠶᠢᠨ ᠲᠤᠭ᠎ᠠ 30.19 ᠳ᠋ᠦᠩᠰᠢᠭᠤᠷ ᠲᠥᠭᠦᠷᠢᠭ ᠲᠤ ᠬᠦᠷᠪᠡ᠃ 2024 ᠣᠨ ᠤ 6 ᠰᠠᠷ᠎ᠠ ᠶᠢᠨ ᠰᠡᠭᠦᠯᠴᠢ ᠪᠣᠯᠲᠠᠯ᠎ᠠ᠂ ᠨᠢᠭᠡᠨᠲᠡ 127 ᠬᠤᠪᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 74.71 % ᠳᠤ ᠬᠦᠷᠪᠡ᠃ ᠡᠭᠡᠭᠦᠯᠦᠨ ᠬᠤᠷᠢᠶᠠᠵᠤ ᠴᠢᠯᠦᠭᠡᠲᠡᠢ ᠬᠡᠷᠡᠭᠯᠡᠬᠦ᠂ ᠤᠤᠯ ᠪᠠᠯᠠ ᠮᠥᠩᠭᠦ ᠶᠢ ᠪᠤᠴᠠᠭᠠᠬᠤ᠂ ᠤᠯᠤᠰ ᠤᠨ ᠬᠥᠮᠥᠷᠭᠡ ᠳᠤ ᠴᠠᠭ ᠲᠤᠬᠠᠶ ᠳᠤᠨᠢ ᠲᠤᠰᠢᠶᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠣᠷᠣᠯᠭ᠎ᠠ ᠪᠠᠨ ᠨᠡᠮᠡᠭᠳᠡᠭᠦᠯᠵᠦ ᠵᠠᠷᠤᠯᠭ᠎ᠠ ᠪᠠᠨ ᠪᠠᠭᠠᠰᠬᠠᠭᠰᠠᠨ ᠮᠦᠩᠭᠦ 13.59 ᠳ᠋ᠦᠩᠰᠢᠭᠤᠷ ᠲᠥᠭᠦᠷᠢᠭ ᠲᠤ ᠬᠦᠷᠪᠡ᠃ ᠦᠷᠭᠦᠯᠵᠢᠯᠡᠨ ᠴᠡᠭᠴᠡᠯᠡᠨ ᠰᠠᠶᠢᠵᠢᠷᠠᠭᠤᠯᠤᠭᠰᠠᠨ 43 ᠬᠤᠪᠢ ᠠᠰᠠᠭᠤᠳᠠᠯ ᠳᠤ ᠴᠥᠮ ᠠᠷᠭ᠎ᠠ ᠬᠡᠮᠵᠢᠶ᠎ᠡ ᠪᠠ ᠲᠥᠯᠥᠪᠯᠡᠭᠡ ᠲᠣᠭᠲᠠᠭᠠᠵᠤ᠂ ᠤᠳᠤ ᠶᠠᠭ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃ ᠴᠡᠭᠴᠡᠯᠡᠨ ᠰᠠᠶᠢᠵᠢᠷᠠᠭᠤᠯᠬᠤ ᠪᠠᠷ ᠳᠡᠮᠵᠢᠨ᠂ ᠨᠡᠶᠢᠲᠡ 10 ᠲᠦᠷᠦᠯ ᠢ ᠲᠣᠭᠲᠠᠭᠠᠨ ᠨᠡᠶᠢᠲᠡᠯᠡᠵᠦ᠂ ᠵᠠᠰᠠᠪᠤᠷᠢ ᠤᠷᠤᠭᠤᠯᠵᠤ ᠲᠡᠭᠦᠯᠳᠡᠷᠵᠢᠭᠦᠯᠦᠨ᠂ 4 ᠺᠠᠳ᠋ᠷ ᠠᠴᠠ ᠬᠤᠯᠪᠤᠭᠳᠠᠯ ᠪᠦᠬᠦᠢ ᠬᠠᠷᠢᠭᠤᠴᠠᠯᠭ᠎ᠠ ᠠᠰᠠᠭᠤᠵᠤ᠂ 1 ᠺᠠᠳ᠋ᠷ ᠲᠠᠢ ᠰᠡᠷᠡᠮᠵᠢᠯᠡᠭᠦᠯᠬᠦ ᠶᠠᠷᠢᠯᠴᠠᠭ᠎ᠠ ᠬᠢᠵᠦ᠂ ᠬᠤᠯᠪᠤᠭᠳᠠᠯ ᠪᠦᠬᠦᠢ 4 ᠪᠠᠶᠢᠭᠤᠯᠭ᠎ᠠ ᠨᠢᠭᠡᠴᠡ ᠶᠢ ᠪᠦᠬᠦ ᠬᠤᠰᠢᠭᠤᠨ ᠤ ᠬᠡᠪᠴᠢᠶᠡᠨ ᠳᠤ ᠢᠯᠡ ᠪᠠᠷ ᠨᠡᠶᠢᠲᠡᠯᠡᠪᠡ᠃    ᠳᠠᠷᠠᠭᠠᠴᠢ ᠶᠢᠨ ᠠᠯᠬᠤᠮ ᠳᠤ᠂ ᠵᠠᠰᠠᠭ ᠤᠨ ᠣᠷᠳᠣᠨ ᠠᠴᠠ ᠲᠤᠰ ᠤᠳᠠᠭ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠨ ᠵᠥᠪᠯᠡᠭᠰᠡᠨ ᠰᠠᠨᠠᠯ ᠢ ᠨᠠᠷᠢᠨ ᠬᠢᠨᠠᠮᠠᠭᠠᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠭᠦᠢᠴᠡᠳᠭᠡᠨ᠂ ︽ᠵᠢᠷᠭᠤᠭᠠᠨ ᠢᠨᠵᠧᠨᠧᠷᠢᠩ︾ ᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠠᠵᠢᠯ ᠤᠨ ᠰᠡᠳᠬᠢᠴᠡ ᠪᠠᠨ ᠦᠷᠭᠡᠳᠬᠡᠨ᠂ ᠠᠷᠭ᠎ᠠ ᠬᠡᠮᠵᠢᠶ᠎ᠡ ᠪᠠᠨ ᠴᠢᠩᠭᠠᠳᠬᠠᠨ᠂ ᠠᠷᠠᠳ ᠲᠦᠮᠡᠨ ᠰᠡᠳᠬᠢᠯ ᠬᠠᠨᠤᠮᠵᠢᠲᠠᠢ ᠪᠠᠶᠢᠬᠤ ᠪᠠᠷ ᠪᠠᠷᠢᠮᠵᠢᠶ᠎ᠠ ᠪᠣᠯᠭᠠᠵᠤ᠂ ᠡᠯ᠎ᠡ ᠲᠦᠷᠦᠯ ᠤᠨ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠴᠢᠷᠮᠠᠶᠢᠨ ᠠᠬᠢᠭᠤᠯᠵᠤ᠂ ᠴᠡᠴᠡᠭᠯᠡᠨ ᠬᠥᠭᠵᠢᠭᠰᠡᠨ᠂ ᠪᠣᠯᠪᠠᠰᠤᠨ᠂ ᠡᠶ᠎ᠡ ᠵᠤᠬᠢᠴᠠᠯ ᠲᠠᠢ᠂ ᠦᠵᠡᠰᠬᠦᠯᠡᠩᠲᠦ ᠰᠠᠶᠢᠬᠠᠨ᠂ ᠵᠣᠯ ᠵᠢᠷᠭᠠᠯᠲᠤ ᠠᠪᠠᠭ᠎ᠠ ᠨᠣᠳᠤᠭ ᠢᠶᠠᠨ ᠪᠦᠬᠦ ᠲᠠᠯ᠎ᠠ ᠪᠠᠷ ᠴᠣᠭᠴᠠᠯᠠᠨ ᠪᠠᠶᠢᠭᠤᠯᠬᠤ ᠪᠠᠷ ᠪᠦᠯᠬᠦᠮᠳᠡᠨ ᠲᠡᠮᠡᠴᠡᠵᠡᠭᠡᠶ᠎ᠡ︕
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号