ᠦᠩᠭᠡᠷᠡᠭᠰᠡᠨ ᠳᠤ ᠡᠪᠡᠰᠦᠨ ᠤ ᠦᠨᠳᠦᠰᠦ᠂ ᠠᠮᠢᠲᠠᠨ ᠤ ᠪᠠᠷ᠎ᠠ ᠬᠠᠷᠠᠭᠳᠠᠬᠤ ᠦᠭᠡᠢ ᠡᠯᠡᠰᠦᠨ ᠳᠤ ᠣᠳᠣ | 426 ᠵᠦᠢᠯ ᠤᠨ ᠤᠷᠭᠤᠮᠠᠯ ᠤᠷᠭᠤᠬᠤ ᠪᠤᠯᠤᠭᠰᠠᠨ ᠲᠡᠳᠦᠢ ᠦᠭᠡᠢ᠂ ᠬᠤᠨ ᠭᠠᠯᠠᠭᠤ᠂ ᠪᠣᠷᠣ ᠬᠦᠷᠦᠭᠡᠰᠦ᠂ | ᠦᠨᠡᠭᠡ᠂ ᠠᠯ ᠰᠡᠭᠦᠯ ᠵᠡᠷᠭᠡ ᠬᠡᠭᠡᠷ᠎ᠡ ᠶᠢᠨ ᠠᠮᠢᠲᠠᠳ ᠦᠷᠭᠦᠯᠵᠢ ᠬᠠᠷᠠᠭᠳᠠᠬᠤ ᠪᠤᠯᠵᠤ᠂ ᠦᠴᠦᠭᠡᠳᠦᠷ ᠤᠨ ᠡᠮᠨᠢᠭ | ᠲᠤᠭᠰᠢᠨ ᠡᠯᠡᠰᠦ ᠬᠦᠮᠦᠨ ᠮᠠᠯ ᠤᠨ ᠤᠷᠤᠰᠢᠨ ᠲᠤᠭᠲᠠᠨᠢᠬᠤ ᠶᠢ ᠰᠦᠷᠳᠡᠭᠦᠯᠵᠦ ᠪᠠᠶᠢᠭᠰᠠᠨ ᠪᠣᠯ ᠦᠨᠦᠳᠦᠷ ᠬᠠᠷᠢᠨ | ᠡᠨᠡ ᠨᠤᠲᠤᠭ ᠤᠨ ᠠᠮᠢᠲᠠᠨ ᠤᠷᠭᠤᠮᠠᠯ ᠢ ᠰᠡᠷᠭᠦᠭᠡᠨ ᠳᠠᠭᠤᠳᠠᠵᠤ᠂ ᠠᠮᠢᠯᠠᠭᠤᠯᠤᠨ ᠤᠷᠭᠤᠭᠤᠯᠬᠤ ᠪᠤᠯᠤᠯ᠎ᠠ᠃ ᠡᠨᠡᠬᠦ | ᠬᠤᠪᠢᠷᠠᠯᠲᠠ ᠪᠣᠯ ᠠᠪᠠᠭ᠎ᠠ ᠬᠤᠰᠢᠭᠤᠨ ᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠠᠵᠢᠯ | ᠳᠤᠮᠳᠠᠬᠢ ᠠᠮᠵᠢᠯᠲᠠ ᠪᠦᠲᠦᠮᠵᠢ ᠶᠢᠨ ᠠᠮᠢᠳᠤᠯᠢᠭ ᠲᠠᠶᠢᠯᠪᠤᠷᠢ ᠪᠤᠯᠤᠨ᠎ᠠ᠃ | ᠤᠶᠢᠷ᠎ᠠ ᠶᠢᠨ ᠵᠢᠯ ᠠᠴᠠ ᠨᠠᠭᠠᠰᠢ᠂ ᠠᠪᠠᠭ᠎ᠠ ᠬᠤᠰᠢᠭᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ | ᠵᠠᠰᠠᠯᠲᠠ ᠶᠢ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠭᠤᠤᠯᠳᠠᠯᠭ᠎ᠠ ᠪᠤᠯᠭᠠᠨ | ᠡᠯᠡᠰᠦᠷᠬᠡᠭᠵᠢᠯ ᠢ ᠰᠡᠷᠭᠡᠶᠢᠯᠡᠵᠦ᠂ ᠡᠯᠡᠰᠦ ᠶᠢ ᠵᠠᠰᠠᠬᠤ ᠬᠦᠴᠦᠯᠡᠴᠡ ᠪᠠᠨ ᠦᠷᠭᠦᠯᠵᠢᠯᠡᠨ ᠴᠢᠩᠭᠠᠳᠬᠠᠵᠤ᠂ ︽ᠡᠯᠡᠰᠦ | ᠨᠦᠷᠢᠵᠦ᠂ ᠬᠦᠮᠦᠨ ᠤᠬᠤᠷᠢᠵᠤ︾ ᠪᠠᠶᠢᠭᠰᠠᠨ ᠠᠴᠠ ︽ᠡᠯᠡᠰᠦ ᠶᠢ ᠨᠤᠭᠲᠤᠯᠵᠤ ᠡᠯᠡᠰᠦ ᠶᠢ ᠨᠤᠭᠤᠭᠠᠷᠠᠭᠤᠯᠬᠤ︾ | ᠲᠡᠶᠢᠰᠢ ᠬᠤᠪᠢᠷᠠᠭᠤᠯᠵᠤ᠂ ᠡᠬᠡ ᠤᠯᠤᠰ ᠤᠨ ᠤᠮᠠᠷᠠᠲᠤ ᠬᠢᠯᠢ ᠵᠢᠨᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ ᠢᠷᠡᠵᠡᠢ᠃ ᠠᠪᠠᠭ᠎ᠠ ᠬᠤᠰᠢᠭᠤᠨ ᠳᠠᠬᠢ | ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠨᠢ ᠭᠤᠤᠯᠳᠠᠭᠤ ᠡᠮᠦᠨ᠎ᠡ ᠪᠡᠶ᠎ᠡ ᠶᠢᠨ ᠰᠤᠮᠤ ᠪᠠᠯᠭᠠᠰᠤᠨ ᠳᠤ | ᠬᠤᠯᠪᠤᠭᠳᠠᠵᠤ᠂ ᠶᠡᠷᠦᠩᠬᠡᠢ ᠲᠠᠯᠠᠪᠠᠢ ᠨᠢ 596.8 ᠲᠦᠮᠡᠨ ᠮᠦ ᠪᠠᠶᠢᠵᠦ᠂ ᠡᠯᠡᠰᠦᠷᠬᠡᠭ ᠭᠠᠵᠠᠷ ᠲᠤ ᠨᠡᠶᠢᠲᠡ | 1321 ᠮᠠᠯᠵᠢᠬᠤ ᠡᠷᠦᠬᠡ ᠰᠠᠭᠤᠷᠢᠰᠢᠵᠤ ᠪᠤᠢ᠃ 2000 ᠣᠨ ᠳᠤ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ | ᠡᠬᠢ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠭᠠᠰᠢ᠂ ᠠᠪᠠᠭ᠎ᠠ ᠬᠤᠰᠢᠭᠤ ᠠᠮᠢ ᠠᠬᠤᠢ ᠶᠢᠨ | ᠬᠠᠮᠠᠭᠠᠯᠠᠯᠳᠠ ᠪᠤᠯᠤᠨ ᠰᠡᠷᠬᠦᠭᠡᠯᠳᠡ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠤᠨᠴᠠᠭᠠᠶᠢᠯᠠᠨ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ | ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ | ᠵᠠᠰᠠᠬᠤ ᠶᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠬᠠᠮᠠᠭᠠᠯᠠᠯᠲᠠ ᠶᠢ ᠤᠷᠢᠳ ᠢᠶᠠᠷ | ᠪᠤᠳᠤᠯᠬᠢᠯᠠᠬᠤ᠂ ᠠᠶᠠᠨᠳᠠᠭᠠᠨ ᠰᠡᠷᠭᠦᠭᠡᠬᠦ ᠪᠠᠷ ᠭᠤᠤᠯᠯᠠᠭᠤᠯᠤᠨ ᠠᠵᠢᠯᠯᠠᠵᠤ᠂ ᠮᠡᠳᠡᠭᠳᠡᠮ᠎ᠡ ᠦᠷ᠎ᠡ ᠪᠦᠲᠦᠮᠵᠢ ᠣᠯᠪᠠ᠃ | ᠭᠤᠣᠯᠳᠠᠯᠭ᠎ᠠ ᠲᠠᠢ ᠣᠷᠣᠨ ᠪᠦᠰᠡ ᠶᠢᠨ ᠡᠯᠡᠰᠦᠷᠬᠡᠭᠵᠢᠯ ᠢ ᠪᠦᠲᠦᠮᠵᠢᠲᠡᠢ ᠬᠤᠷᠢᠭᠯᠠᠨ ᠤᠷᠭᠤᠮᠠᠯ ᠤᠨ ᠬᠤᠴᠢᠯᠭ᠎ᠠ | ᠮᠡᠳᠡᠭᠳᠡᠮ᠎ᠡ ᠰᠠᠶᠢᠵᠢᠷᠠᠵᠤ᠂ ᠣᠳᠤ ᠪᠤᠯᠳᠠᠯ᠎ᠠ ᠤᠯᠤᠰ ᠤᠨ ᠤᠢ ᠰᠢᠭᠤᠢ ᠶᠢᠨ ᠦᠢᠯᠡᠰ ᠲᠠᠬᠢ ᠪᠡᠯᠡ ᠤᠷᠤᠭᠤᠯᠤᠯᠲᠠ | ᠨᠡᠶᠢᠲᠡ 2.01 ᠳ᠋ᠦᠩᠰᠢᠭᠤᠷ ᠲᠦᠭᠦᠷᠢᠭ ᠬᠦᠷᠴᠦ᠂ ᠶᠡᠷᠦᠩᠬᠡᠢ ᠵᠠᠰᠠᠯᠲᠠ ᠶᠢᠨ ᠲᠠᠯᠠᠪᠠᠢ 212.37 ᠲᠦᠮᠡᠨ ᠮᠦ | ᠬᠦᠷᠦᠭᠰᠡᠨ ᠪᠠᠶᠢᠨ᠎ᠠ᠃ | ᠴᠠᠭᠠᠨᠨᠠᠭᠤᠷ ᠪᠠᠯᠭᠠᠰᠤ ᠶᠢᠨ ᠪᠠᠶᠠᠨᠨᠠᠭᠤᠷ ᠭᠠᠴᠠᠭ᠎ᠠ ᠨᠢ ᠬᠤᠯᠠᠨ ᠰᠢᠷᠭ᠎ᠠ ᠳᠠᠭ᠎ᠠ ᠶᠢᠨ ᠬᠤᠶᠢᠲᠤ ᠬᠡᠰᠡᠭ ᠲᠤ | ᠪᠠᠶᠢᠷᠢᠯᠠᠵᠤ᠂ ᠪᠦᠬᠦ ᠭᠠᠴᠠᠭᠠᠨ ᠤ 61 ᠲᠦᠮᠡᠨ ᠮᠦ ᠨᠤᠲᠤᠭ ᠪᠡᠯᠴᠢᠭᠡᠷ ᠤᠨ 90% ᠠᠴᠠ ᠳᠡᠭᠡᠭᠰᠢ ᠨᠢ | ᠡᠯᠡᠰᠦᠷᠬᠡᠭᠵᠢᠭᠰᠡᠨ ᠪᠤᠯᠬᠤᠷ ᠠᠳᠡᠬᠢ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠬᠠᠲᠠᠭᠤᠵᠢᠯᠲᠠᠢ | ᠭᠡᠳᠡᠭ ᠨᠢ ᠮᠡᠳᠡᠭᠡᠵᠢ᠃ 2000 ᠣᠨ ᠳᠤ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ | ᠢᠨᠵᠧᠨᠧᠷᠢᠩ ᠢ ᠡᠬᠢᠯᠡᠭᠦᠯᠦᠭᠰᠡᠨ ᠤ ᠳᠠᠷᠠᠭ᠎ᠠ᠂ ᠪᠠᠶᠠᠨᠨᠠᠭᠤᠷ ᠭᠠᠴᠠᠭᠠᠨ ᠤ 2.4 ᠲᠦᠮᠡᠨ ᠮᠦ ᠲᠠᠴᠢᠷᠰᠢᠭᠰᠠᠨ | ᠨᠤᠲᠤᠭ ᠡᠯᠡᠰᠦ ᠶᠢ ᠵᠠᠰᠠᠬᠤ ᠲᠦᠷᠦᠯ ᠵᠦᠢᠯ ᠤᠨ ᠤᠷᠤᠨ ᠳᠤ ᠬᠠᠮᠤᠷᠤᠭᠳᠠᠭᠰᠠᠨ ᠪᠦᠭᠡᠳ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠪᠠᠷ ᠳᠠᠮᠵᠢᠨ᠂ ᠲᠤᠰ ᠭᠠᠴᠠᠭᠠᠨ ᠤ ᠮᠠᠯᠴᠢᠳ ᠠᠮᠢ ᠠᠬᠤᠢ ᠶᠢᠨ ᠬᠠᠮᠠᠭᠠᠯᠠᠯᠲᠠ ᠶᠢᠨ | ᠴᠢᠬᠤᠯᠠ ᠴᠢᠨᠠᠷ ᠢ ᠨᠡᠩ ᠭᠦᠨᠵᠡᠭᠡᠢ ᠲᠠᠨᠢᠵᠡᠢ᠃ ᠭᠠᠴᠠᠭᠠᠨ ᠤ ᠨᠠᠮ ᠤᠨ ᠡᠭᠦᠷ ᠪᠤᠯᠤᠨ ᠠᠷᠠᠳ ᠤᠨ ᠵᠦᠪᠯᠠᠯ ᠤᠨ | ᠳᠠᠭᠠᠭᠤᠯᠭ᠎ᠠ ᠪᠠᠷ ᠭᠡᠷᠡᠯᠪᠠᠭᠠᠲᠤᠷ᠂ ᠦᠨᠢᠪᠠᠲᠤ ᠵᠡᠷᠭᠡ ᠮᠠᠯᠴᠢᠳ ᠡᠯᠡᠰᠦ ᠶᠢ ᠵᠠᠰᠠᠬᠤ ᠠᠵᠢᠯ ᠳᠤ ᠢᠳᠡᠪᠬᠢᠯᠠᠨ | ᠤᠷᠤᠯᠴᠠᠵᠤ᠂ ᠲᠡᠳᠡ ᠦᠪᠡᠷᠰᠡᠳ ᠤᠨ ᠨᠤᠲᠤᠭ ᠪᠡᠯᠴᠢᠭᠡᠷ ᠳᠡᠭᠡᠷ᠎ᠡ ᠪᠠᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ | ᠵᠠᠰᠠᠬᠤ ᠡᠯ᠎ᠡ ᠵᠦᠢᠯ ᠤᠨ ᠤᠷᠭᠤᠮᠠᠯ ᠲᠠᠷᠢᠬᠤ ᠪᠠᠷ ᠳᠠᠮᠵᠢᠭᠤᠯᠤᠨ ᠪᠦᠬᠦ ᠭᠠᠴᠭᠠᠠᠨ ᠤ ᠠᠮᠢ ᠠᠬᠤᠢ ᠶᠢᠨ ᠤᠷᠴᠢᠨ | ᠲᠤᠭᠤᠷᠢᠨ ᠶᠡᠷᠦᠩᠬᠡᠢ ᠳᠡᠭᠡᠨ ᠰᠠᠶᠢᠵᠢᠷᠠᠭᠰᠠᠨ ᠪᠠᠶᠢᠳᠠᠯ ᠢᠯᠡᠷᠡᠭᠰᠡᠨ ᠶᠤᠮ᠃ 20 ᠭᠠᠷᠤᠢ ᠵᠢᠯ ᠤᠨ ᠲᠤᠷᠰᠢ᠂ | ᠲᠤᠰ ᠭᠠᠴᠠᠭ᠎ᠠ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠲᠦᠷᠦᠯ ᠵᠦᠢᠯ᠂ ᠨᠤᠲᠤᠭ | ᠪᠡᠯᠴᠢᠭᠡᠷ ᠤᠨ ᠠᠮᠢ ᠠᠬᠤᠢ ᠶᠢ ᠰᠡᠷᠬᠦᠭᠡᠬᠦ᠂ ᠮᠠᠯ ᠪᠠᠯᠴᠢᠭᠡᠷ ᠤᠨ ᠲᠡᠩᠴᠡᠬᠦᠷᠢ ᠶᠢ ᠪᠠᠳᠤᠯᠠᠬᠤ᠂ ᠪᠠᠯᠴᠢᠭᠡᠷᠯᠡᠬᠦᠯᠬᠦ ᠶᠢ | ᠵᠤᠭᠰᠤᠭᠠᠵᠦ ᠡᠪᠡᠰᠦ ᠲᠠᠷᠢᠬᠤ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ | ᠵᠠᠯᠭᠠᠪᠠᠷ ᠬᠡᠷᠡᠭᠵᠢᠭᠦᠯᠵᠦ ᠢᠷᠡᠭᠰᠡᠨ ᠢᠶᠠᠷ ᠪᠦᠬᠦ ᠭᠠᠴᠠᠭᠠᠨ ᠤ ᠤᠷᠭᠤᠮᠠᠯ ᠤᠨ ᠪᠦᠷᠬᠦᠴᠡ ᠥᠩᠭᠡᠷᠡᠭᠰᠡᠨ ᠳᠤ | 20% ᠬᠦᠷᠬᠦ ᠦᠭᠡᠢ ᠪᠠᠶᠢᠭᠰᠠᠨ ᠠᠴᠠ ᠣᠳᠤ 80% ᠣᠷᠴᠢᠮ ᠪᠤᠯᠵᠤ᠂ ᠬᠦᠮᠦᠨ ᠮᠠᠯ ᠤᠷᠤᠰᠢᠨ | ᠲᠤᠭᠲᠠᠨᠢᠬᠤ ᠳᠤ ᠬᠦᠴᠢᠷᠲᠡᠢ ᠪᠠᠶᠢᠭᠰᠠᠨ ᠲᠤᠭᠰᠢᠨ ᠡᠯᠡᠰᠦᠨ ᠳᠤ ᠦᠨᠦᠳᠦᠷ ᠬᠠᠷᠢᠨ ᠬᠡᠭᠡᠷ᠎ᠡ ᠶᠢᠨ ᠠᠮᠢᠲᠠᠳ | ᠪᠠᠶᠢᠩᠭᠤ ᠬᠠᠷᠠᠭᠳᠠᠬᠤ ᠳᠡᠳᠦᠢ ᠦᠭᠡᠢ ᠣᠯᠠᠨ ᠵᠦᠢᠯ ᠤᠨ ᠤᠷᠭᠤᠮᠠᠯ ᠤᠷᠭᠤᠵᠤ ᠡᠬᠢᠯᠡᠪᠡ᠃ | ᠵᠠᠭ ᠮᠤᠳᠤ ᠨᠢ ᠬᠠᠯᠠᠭᠤᠨ ᠬᠦᠢᠲᠡᠨ ᠭᠠᠩ ᠬᠠᠭᠤᠷᠠᠢ ᠳᠤ ᠳᠡᠰᠪᠦᠷᠢᠲᠡᠢ᠂ ᠬᠤᠵᠢᠷᠯᠢᠭ ᠱᠤᠷᠪᠤᠯᠢᠭ ᠭᠠᠵᠠᠷ ᠲᠤ | ᠠᠮᠠᠷᠬᠠᠨ ᠤᠷᠭᠤᠳᠠᠭ ᠰᠠᠯᠬᠢᠨ ᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ ᠦᠢᠯᠡᠳᠦᠯ ᠲᠠᠢ ᠨᠢᠭᠡ ᠵᠦᠢᠯ ᠤᠨ | ᠮᠣᠳᠣ ᠪᠠᠶᠢᠵᠤ᠂ ᠨᠢᠭᠡ ᠰᠠᠭᠤᠷᠢ ᠵᠠᠭ ᠮᠣᠳᠣ ᠨᠢ ᠬᠡᠳᠦᠨ ᠠᠷᠪᠠᠨ ᠪᠤᠰᠤᠭ᠎ᠠ ᠳᠦᠷᠪᠡᠯᠵᠢᠨ ᠮᠧᠲᠷ ᠴᠢᠨᠠᠭᠰᠢᠯᠠᠨ | ᠭᠡᠳᠦᠨ ᠵᠠᠭᠤᠨ ᠪᠤᠰᠤᠭ᠎ᠠ ᠲᠦᠷᠪᠡᠯᠵᠢᠨ ᠮᠧᠲᠷ ᠤᠨ ᠡᠯᠡᠰᠦ ᠶᠢ ᠲᠤᠭᠳᠠᠪᠤᠷᠢᠵᠢᠭᠤᠯᠵᠤ ᠳᠡᠶᠢᠯᠳᠡᠭ᠃ ᠴᠠᠭᠠᠨᠨᠠᠭᠤᠷ | ᠪᠠᠯᠭᠠᠰᠤ ᠶᠢᠨ ᠤᠯᠠᠭᠠᠨᠲᠤᠶᠠᠭ᠎ᠠ ᠭᠠᠴᠠᠭ᠎ᠠ ᠬᠦᠷᠦᠰᠦ ᠤᠰᠤᠨ ᠤ ᠤᠨᠴᠠᠯᠢᠭ ᠲᠠᠭᠠᠨ ᠳᠤᠬᠢᠷᠠᠭᠤᠯᠤᠨ ᠵᠠᠭ ᠮᠣᠳᠣ ᠶᠢ | ᠣᠷᠣᠭᠤᠯᠵᠤ ᠲᠠᠷᠢᠭᠠᠳ ᠤᠷᠭᠤᠴᠠ ᠲᠤᠩ ᠰᠠᠶᠢᠨ ᠪᠠᠶᠢᠵᠤ᠂ ᠣᠳᠣ ᠵᠠᠭ ᠮᠤᠳᠤ ᠲᠠᠷᠢᠬᠤ ᠰᠠᠭᠤᠷᠢᠨ ᠭᠠᠵᠠᠷ ᠨᠢ | 6000 ᠮᠦ ᠪᠤᠯᠵᠤ ᠦᠷᠭᠡᠵᠢᠵᠡᠢ᠃ ᠡᠭᠦᠨ ᠤ ᠬᠠᠮᠲᠤ ᠵᠠᠭ ᠮᠤᠳᠤᠨ ᠤ ᠦᠨᠳᠦᠰᠦᠨ ᠳᠤᠨᠢ ᠴᠠᠭᠠᠨ ᠭᠤᠶᠤᠤ | ᠵᠠᠯᠭᠠᠵᠤ ᠲᠠᠷᠢᠭᠠᠳ ᠠᠮᠢ ᠠᠬᠤᠢ ᠶᠢᠨ ᠬᠤᠣᠰ ᠠᠰᠢᠭ ᠢ ᠪᠡᠶᠡᠯᠡᠭᠦᠯᠪᠡ᠃ ᠴᠠᠭᠠᠨ ᠭᠤᠶᠤᠤ ᠨᠢ ᠡᠯᠡᠰᠦᠨ | ᠳᠤᠲᠤᠷᠠᠬᠢ ᠤᠷᠬᠤᠲᠠᠢ ᠭᠡᠰᠡᠨ ᠰᠠᠶᠢᠬᠠᠨ ᠠᠯᠲᠠᠷ ᠲᠠᠢ ᠨᠢᠭᠡ ᠵᠦᠢᠯ ᠤᠨ ᠬᠢᠲᠠᠳ ᠡᠮ ᠤᠨ ᠮᠠᠲ᠋ᠧᠷᠢᠶᠠᠯ ᠪᠠᠶᠢᠵᠤ᠂ | ᠨᠡᠯᠢᠶᠡᠳ ᠦᠨᠳᠣᠷ ᠠᠵᠤ ᠠᠬᠤᠢ ᠶᠢᠨ ᠦᠷᠲᠡᠭ ᠪᠤᠯᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ᠃ | ᠲᠤᠰ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠥᠷᠲᠡᠭᠡᠨ ᠠᠴᠠ | ᠤᠶᠢᠯᠠᠭᠠᠭᠰᠠᠨ ᠢᠶᠠᠷ᠂ ᠠᠪᠠᠭᠠᠬᠤᠰᠢᠭᠤ 2001 ᠣᠨ ᠠᠴᠠ ᠵᠠᠭ ᠮᠤᠳᠤ ᠶᠢ ᠤᠷᠤᠭᠤᠯᠵᠤ ᠲᠠᠷᠢᠭᠰᠠᠨ ᠪᠦᠭᠡᠳ | ᠦᠨᠳᠦᠰᠦᠨ ᠳᠤᠨᠢ ᠴᠠᠭᠠᠨ ᠭᠤᠶᠤᠤ ᠵᠠᠯᠭᠠᠬᠤ ᠳᠤᠷᠰᠢᠯᠲᠠ ᠬᠢᠭᠡᠳ ᠠᠮᠵᠢᠯᠲᠠ ᠤᠯᠵᠤ᠂ ᠣᠳᠤ ᠨᠢᠭᠡᠨᠲᠡ ︽ᠵᠠᠭ | ᠮᠤᠳᠤ + ᠴᠠᠭᠠᠨ ᠭᠤᠶᠤᠤ︾ ᠭᠡᠬᠦ ᠡᠯᠡᠰᠦ ᠶᠢ ᠲᠤᠭᠳᠠᠪᠤᠷᠢᠵᠢᠭᠤᠯᠬᠤ ᠵᠠᠭᠪᠤᠷ ᠢ ᠪᠦᠷᠢᠯᠳᠦᠭᠦᠯᠵᠡᠢ᠃ | ᠠᠪᠠᠭ᠎ᠠ ᠬᠤᠰᠢᠭᠤ ᠪᠠᠶᠢᠭᠠᠯᠢ ᠶᠢᠨ ᠵᠢᠮ᠎ᠡ ᠬᠠᠤᠯᠢ ᠶᠢ ᠬᠦᠨᠳᠦᠳᠬᠡᠭᠰᠡᠨ ᠰᠠᠭᠤᠷᠢᠨ ᠳᠡᠭᠡᠷ᠎ᠡ ᠬᠤᠯᠠᠨ ᠰᠢᠷᠭ᠎ᠠ | ᠳᠠᠭ᠎ᠠ ᠶᠢᠨ ᠡᠯᠡᠰᠦᠷᠬᠡᠭ ᠭᠠᠵᠠᠷ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ᠂ ᠰᠢᠨᠵᠢᠯᠡᠬᠦ ᠤᠬᠠᠭᠠᠨᠴᠢ ᠵᠠᠰᠠᠯᠲᠠ | ᠪᠤᠯᠤᠨ ᠰᠢᠰᠲ᠋ᠧᠮ ᠲᠠᠢ ᠵᠠᠰᠠᠯᠲᠠ ᠶᠢᠨ ᠵᠠᠮ ᠢᠶᠠᠷ ᠵᠠᠮᠨᠠᠵᠤ᠂ ᠠᠮᠢ ᠠᠬᠤᠢ ᠶᠢ ᠬᠠᠮᠠᠭᠠᠯᠠᠬᠤ᠂ ᠦᠢᠯᠡᠳᠪᠦᠷᠢᠯᠡᠯ ᠢ | ᠬᠦᠭᠵᠢᠬᠦᠯᠬᠦ ᠪᠤᠯᠤᠨ ᠠᠮᠢᠳᠤᠷᠠᠯ ᠢ ᠰᠠᠶᠢᠵᠢᠷᠠᠭᠤᠯᠬᠤ ᠤᠷᠭᠠᠨᠢᠭ ᠨᠢᠭᠡᠳᠦᠯ ᠢ ᠪᠡᠶᠡᠯᠡᠭᠦᠯᠵᠡᠢ᠃ ᠬᠤᠩᠭᠤᠷᠭᠤᠤᠯ | ᠪᠠᠯᠭᠠᠰᠤ ᠶᠢᠨ ᠪᠠᠶᠠᠨᠪᠦ᠋ᠷᠢᠳᠦ ᠭᠠᠴᠠᠭᠠᠨ ᠳᠤ ᠪᠠᠶᠢᠷᠢᠯᠠᠵᠤ ᠪᠠᠶᠢᠭ᠎ᠠ ᠬᠦᠮᠦᠨ ᠤ ᠬᠦᠴᠦ ᠪᠠᠷ ᠤᠶᠢᠵᠢᠭᠤᠯᠬᠤ ᠲᠦᠷᠦᠯ | ᠵᠦᠢᠯ ᠤᠨ ᠤᠷᠤᠨ ᠤ ᠵᠠᠰᠠᠯᠲᠠ ᠶᠢᠨ ᠲᠠᠯᠠᠪᠠᠢ ᠨᠢ 2900 ᠮᠦ ᠪᠠᠶᠢᠵᠤ᠂ ᠶᠡᠷᠦᠩᠬᠡᠢ ᠪᠡᠯᠡ ᠤᠷᠤᠭᠤᠯᠤᠯᠲᠠ ᠨᠢ | 31.77 ᠲᠦᠮᠡᠨ ᠲᠦᠭᠦᠷᠢᠭ ᠬᠦᠷᠪᠡ᠃ ᠲᠦᠷᠦᠯ ᠵᠦᠢᠯ ᠤᠨ ᠤᠷᠤᠨ ᠳᠤ ᠬᠦᠮᠦᠨ ᠤ ᠬᠦᠴᠦ ᠪᠠᠷ ᠰᠢᠷ᠎ᠠ | ᠪᠤᠷᠭᠠᠰᠤ᠂ ᠨᠠᠶᠢᠯᠵᠠᠭᠤᠷ ᠬᠠᠷᠭᠠᠨ᠎ᠠ᠂ ᠮᠣᠩᠭᠤᠯ ᠬᠤᠨᠴᠢᠷ ᠵᠡᠷᠭᠡ ᠲᠦᠷᠦᠯ ᠤᠨ ᠮᠤᠳᠤ ᠶᠢ ᠲᠠᠷᠢᠭᠰᠠᠨ ᠠᠴᠠ | ᠭᠠᠳᠠᠨ᠎ᠠ ᠪᠠᠰᠠ ︽ᠡᠯᠡᠰᠦ ᠶᠢ ᠪᠢᠲᠡᠭᠦᠮᠵᠢᠯᠡᠵᠦ ᠪᠤᠭ ᠮᠠᠯ ᠪᠡᠯᠴᠢᠭᠡᠷᠯᠡᠬᠦᠯᠬᠦ ᠶᠢ ᠵᠤᠭᠰᠤᠭᠠᠬᠤ︾ ᠪᠠᠶᠢᠯᠳᠤᠬᠤ | ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠰᠠᠶᠢᠲᠤᠷ ᠬᠢᠵᠦ᠂ ᠠᠮᠢ ᠠᠬᠤᠢ ᠶᠢᠨ ᠤᠷᠴᠢᠨ ᠲᠤᠭᠤᠷᠢᠨ ᠢ | ᠬᠠᠮᠠᠭᠠᠯᠠᠵᠤ᠂ ᠮᠠᠯᠴᠢᠳ ᠤᠨ ᠤᠷᠤᠯᠭ᠎ᠠ ᠶᠢ ᠨᠡᠮᠡᠭᠳᠡᠭᠦᠯᠦᠭᠰᠡᠨ ᠪᠠᠶᠢᠨ᠎ᠠ᠃ ᠵᠠᠰᠠᠯᠲᠠ ᠶᠢᠨ ᠳᠠᠷᠠᠭ᠎ᠠ ᠲᠦᠷᠦᠯ | ᠵᠦᠢᠯ ᠤᠨ ᠤᠷᠤᠨ ᠤ ᠤᠢ ᠰᠢᠭᠤᠢ ᠡᠪᠡᠰᠦᠨ ᠤ ᠤᠷᠭᠤᠮᠠᠯ ᠤᠨ ᠪᠦᠷᠬᠦᠴᠡ 54% ᠠᠴᠠ ᠳᠡᠭᠡᠭᠰᠢ ᠪᠤᠯᠵᠤ᠂ | ᠣᠳᠣ ᠨᠢᠭᠡᠨᠲᠡ ᠰᠢᠷ᠎ᠠ ᠪᠤᠷᠭᠠᠰᠤ ᠶᠢᠨ ᠮᠦᠴᠢᠷ ᠠᠪᠬᠤ ᠰᠠᠭᠤᠷᠢᠨ ᠭᠠᠵᠠᠷ ᠪᠤᠯᠵᠡᠢ᠃ ᠵᠢᠷᠭᠤᠳᠤᠭᠠᠷ ᠤᠳᠠᠭᠠᠨ ᠤ | ᠡᠯᠡᠰᠦᠷᠬᠡᠭᠵᠢᠵᠦ ᠳᠠᠴᠢᠷᠰᠢᠭᠰᠠᠨ ᠭᠠᠵᠠᠷ ᠰᠢᠷᠦᠢ ᠶᠢᠨ ᠬᠢᠨᠠᠨ ᠬᠡᠮᠵᠢᠯᠲᠠ ᠶᠢᠨ ᠳ᠋ᠦᠩ ᠳᠤ ᠢᠯᠡᠷᠡᠭᠰᠡᠨ ᠢᠶᠠᠷ᠂ | ᠠᠪᠠᠭ᠎ᠠ ᠬᠤᠰᠢᠭᠤᠨ ᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭᠵᠢᠵᠦ ᠴᠥᠯᠯᠡᠷᠬᠡᠭᠵᠢᠭᠰᠡᠨ ᠭᠠᠵᠠᠷ ᠦᠷᠭᠦᠯᠵᠢᠯᠡᠨ | ᠪᠠᠭᠠᠰᠴᠤ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠤᠤᠯ ᠤᠨ 0.3% ᠠᠴᠠ ᠳᠡᠭᠡᠭᠰᠢᠯᠡᠭᠡᠳ 2.94% | ᠪᠤᠯᠪᠠ᠃ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠤᠨ ᠤᠷᠤᠨ ᠤ ᠤᠷᠭᠤᠮᠠᠯ ᠤᠨ ᠪᠦᠷᠬᠦᠴᠡ ᠵᠠᠰᠠᠬᠤ ᠠᠴᠠ | ᠡᠮᠦᠨᠡᠬᠢ 15 % ᠠᠴᠠ ᠳᠡᠭᠡᠭᠰᠢᠯᠡᠭᠡᠳ 54% ᠪᠣᠯᠵᠤ᠂ ᠵᠠᠷᠢᠮ ᠭᠠᠵᠠᠷ ᠠᠴᠠ ᠨᠢ ᠬᠠᠳᠤᠯᠠᠩ ᠠᠪᠬᠤ᠂ ᠦᠷ᠎ᠡ | ᠲᠡᠭᠦᠬᠦ ᠪᠤᠶᠤ ᠮᠦᠴᠢᠷ ᠠᠪᠴᠤ ᠠᠰᠢᠭᠯᠠᠬᠤ ᠪᠤᠯᠤᠭᠰᠠᠨ ᠪᠠᠶᠢᠨ᠎ᠠ᠃ ᠠᠪᠠᠭ᠎ᠠ ᠬᠤᠰᠢᠭᠤᠨ ᠤ ᠤᠢ ᠰᠢᠭᠤᠢ ᠪᠤᠯᠤᠨ | ᠨᠤᠲᠤᠭ ᠪᠡᠯᠴᠢᠭᠡᠷ ᠤᠨ ᠳᠤᠪᠴᠢᠶᠠᠨ ᠤ ᠲᠡᠳ᠋ ᠲᠠᠷᠤᠭ᠎ᠠ ᠳ᠋ᠠᠩ ᠬᠤᠢ ᠮᠢᠨ᠄ ︽ᠡᠨᠡ ᠵᠢᠯ ᠪᠦᠬᠦ ᠬᠤᠰᠢᠭᠤᠨ ᠳᠠᠬᠢ | ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠲᠡ ᠶᠢᠨ ᠳᠠᠶᠢᠯᠠᠯᠳᠤᠭᠠᠨ ᠤ ᠲᠠᠯᠠᠪᠠᠢ ᠨᠡᠶᠢᠲᠡ 38. | 7 ᠲᠦᠮᠡᠨ ᠮᠦ ᠪᠠᠶᠢᠵᠤ᠂ ᠦᠨᠳᠦᠰᠦᠨ ᠳᠡᠭᠡᠨ ᠪᠦᠬᠦᠨ ᠢ ᠪᠡᠶᠡᠯᠡᠭᠦᠯᠪᠡ᠃ ᠳᠠᠷᠠᠭᠠᠴᠢ ᠪᠠᠷ ᠪᠢᠳᠡ ᠴᠢᠬᠤᠯᠠ ᠶᠡᠭᠡ | ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢᠨ ᠢᠨᠵᠧᠨᠧᠷᠢᠩ ᠤᠨ ᠲᠦᠷᠦᠯ ᠵᠦᠢᠯ ᠢ ᠰᠢᠨᠵᠢᠯᠡᠬᠦ ᠤᠬᠠᠭᠠᠨᠴᠢ | ᠪᠠᠷ ᠲᠦᠯᠦᠪᠵᠢᠭᠦᠯᠦᠨ ᠬᠡᠷᠡᠭᠵᠢᠭᠦᠯᠵᠦ᠂ ᠤᠢ ᠰᠢᠭᠤᠢ ᠡᠪᠡᠰᠦᠨ ᠤ ᠤᠷᠭᠤᠮᠠᠯ ᠤᠨ ᠪᠦᠷᠬᠦᠴᠡ ᠶᠢ | ᠲᠤᠭᠲᠠᠭᠤᠨ ᠢᠶᠠᠷ ᠳᠡᠭᠡᠭᠰᠢᠯᠡᠭᠦᠯᠵᠦ᠂ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ | ᠦᠷ᠎ᠡ ᠪᠦᠲᠦᠮᠵᠢ ᠣᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠴᠤᠭᠴᠠᠯᠠᠬᠤ ᠳᠤ ᠰᠢᠨ᠎ᠡ ᠬᠤᠪᠢ ᠨᠡᠮᠡᠷᠢ ᠡᠷᠭᠦᠨ᠎ᠡ︾ ᠭᠡᠵᠦ ᠲᠠᠨᠢᠯᠴᠠᠭᠤᠯᠪᠠ ᠃ |