ᠦᠭᠡᠳᠡᠯᠡᠬᠦ ᠠᠶᠢᠯ ᠤᠨ ᠦᠭᠡ ᠨᠢ ᠨᠢᠭᠡ
ᠨᠡᠶᠢᠲᠡᠯᠡᠭᠰᠡᠨ ᠴᠠᠭ᠄
2024/12/24
   ᠠᠪᠠᠭ᠎ᠠ ᠬᠤᠰᠢᠭᠤᠨ ᠤ ᠴᠠᠭᠠᠠᠨᠠᠭᠤᠷ ᠪᠠᠯᠭᠠᠰᠤᠨ ᠤ ᠤᠯᠠᠭᠠᠨᠳᠤᠶᠠᠭ᠎ᠠ ᠭᠠᠴᠠᠭᠠᠨ ᠤ ᠵᠠᠯᠠᠭᠤ ᠮᠠᠯᠴᠢᠨ ᠬᠠᠰᠪᠠᠷᠰ ᠭᠡᠷᠭᠡᠢ ᠮᠦᠷᠡᠠᠭᠤᠸ᠎ᠠ ᠶᠢᠨ ᠦᠭᠡᠳᠡᠷᠭᠡᠭ ᠠᠮᠢᠳᠤᠷᠠᠯ ᠤᠨ ᠴᠠᠭᠠᠳᠤᠬᠢ ᠰᠢᠷᠭᠠᠭᠤ ᠬᠦᠳᠡᠯᠮᠤᠷᠢ ᠪᠠ ᠤᠢ ᠤᠬᠠᠭᠠᠨ ᠢ ᠦᠢᠯᠡᠳᠦᠯᠭᠡ ᠶᠢᠨ ᠬᠢᠨᠢ ᠲᠠᠯ᠎ᠠ ᠠᠴᠠ ᠮᠦᠴᠢᠳ ᠰᠤᠷᠪᠤᠯᠵᠢᠯᠠᠯ᠎ᠠ᠃    ᠠᠶᠢᠯ ᠡᠷᠦᠭᠡ ᠳᠤ ᠪᠠᠨ ᠵᠢᠷᠭᠤᠭᠤᠯᠠ᠂ ᠬᠤᠶᠠᠷ ᠨᠠᠰᠤᠳᠠᠨ ᠨᠢ ᠠᠪᠠᠭ᠎ᠠ ᠬᠤᠰᠢᠭᠤᠨ ᠤ ᠲᠦᠪ ᠲᠤ ᠪᠠᠭ᠎ᠠ ᠤᠮᠪᠤᠯᠤ ᠪᠠᠨ ᠬᠠᠷᠠᠵᠦ ᠰᠠᠭᠤᠳᠠᠭ᠃ ᠶᠡᠭᠡ ᠤᠮᠪᠤᠯᠤ ᠨᠢ ᠮᠤᠩᠭᠤᠯ ᠤᠯᠤᠰ ᠤᠨ ᠨᠡᠶᠢᠰᠯᠡᠯ ᠤᠯᠠᠭᠠᠨᠪᠠᠭᠠᠳᠤᠷ ᠬᠤᠳᠠ ᠳᠤ ᠠᠨᠠᠭᠠᠬᠤ ᠤᠬᠠᠭᠠᠨ ᠤ ᠮᠡᠷᠭᠡᠵᠢᠯ ᠢᠶᠠᠷ ᠰᠤᠷᠤᠯᠴᠠᠵᠦ ᠪᠠᠶᠢᠭ᠎ᠠ᠃    ᠨᠤᠳᠤᠭ ᠪᠠᠯᠴᠢᠭᠡᠷ ᠤᠨ ᠲᠠᠯ᠎ᠠ ᠪᠠᠷ ᠶᠠᠷᠢᠪᠠᠯ ᠲᠡᠳᠡᠨ ᠤ ᠬᠢ 7000 ᠮᠤ᠋ ᠪᠠᠯᠴᠢᠭᠡᠷ ᠢᠶᠠᠨ ᠬᠤᠶᠠᠷ ᠭᠡᠰᠡᠭᠯᠡᠵᠦ ᠰᠡᠯᠬᠦᠨ ᠮᠠᠯᠵᠢᠳᠠᠭ᠃ ᠲᠡᠳᠡ ᠡᠪᠤᠯᠵᠢᠶᠠᠨ ᠤ ᠪᠠᠨ ᠪᠠᠭ᠎ᠠ ᠰᠠᠭ᠎ᠠ ᠪᠤᠷᠭᠠᠰᠤ ᠶᠢ ᠠᠵᠢᠷᠭᠠᠰᠢᠵᠦ ᠰᠦᠨᠦᠬᠦ ᠠᠴᠠ ᠰᠡᠷᠭᠡᠶᠢᠯᠡᠵᠦ᠂ ᠲᠤᠮᠤᠷᠠᠭᠰᠠᠨ ᠢ ᠨᠢ ᠬᠠᠳᠤᠵᠦ ᠠᠷᠠᠴᠢᠯᠠᠳᠠᠭ᠃ ᠡᠬᠦᠨ ᠤ ᠵᠡᠷᠭᠡᠴᠡᠭᠡ ᠪᠠᠷ ᠰᠢᠷ᠎ᠠ ᠪᠤᠷᠭᠠᠰᠤ ᠪᠠ ᠤᠯᠢᠶᠠᠰᠤ ᠮᠤᠳᠤ ᠲᠠᠷᠢᠵᠦ᠂ ᠤᠷᠴᠢᠨ ᠲᠤᠭᠤᠷᠢᠨ ᠢᠶᠠᠨ ᠨᠤᠭᠤᠭᠠᠷᠠᠭᠤᠯᠬᠤ ᠶᠢᠨ ᠲᠦᠯᠦᠭᠡ 2005 ᠤᠨ ᠠᠴᠠ ᠴᠢᠷᠮᠠᠶᠢᠭᠰᠠᠭᠠᠷ ᠪᠠᠶᠢᠵᠦ᠂ ᠡᠳᠦᠭᠡ ᠪᠤᠯᠬᠤ ᠳᠤ ᠨᠡᠯᠢᠶᠡᠳ ᠠᠮᠵᠢᠯᠳᠠ ᠳᠤ ᠬᠦᠷᠦᠭᠰᠡᠨ ᠠᠵᠢ᠃ ᠡᠨᠡ ᠲᠠᠯ᠎ᠠ ᠪᠠᠷ ᠬᠤᠶᠢᠰᠢᠳᠡ ᠴᠦ ᠴᠢᠷᠮᠠᠶᠢᠨ ᠠᠵᠢᠯᠯᠠᠬᠤ ᠪᠠᠷ ᠲᠦᠯᠦᠪᠯᠡᠵᠦ ᠪᠠᠶᠢᠭ᠎ᠠ ᠪᠠᠨ ᠢᠯᠡᠷᠭᠡᠶᠢᠯᠡᠭᠰᠡᠨ ᠶᠤᠮ᠃ ᠮᠠᠯ ᠮᠠᠯᠵᠢᠯ  ᠤᠨ ᠲᠠᠯ᠎ᠠ ᠪᠠᠷ ᠶᠠᠷᠢᠪᠠᠯ ᠦᠩᠭᠡᠷᠡᠭᠰᠡᠨ ᠤ ᠪᠠᠶᠢᠭᠠᠯᠢ ᠳᠤ ᠪᠠᠨ ᠲᠦᠰᠢᠵᠦ᠂ ᠲᠤᠭ᠎ᠠ ᠲᠤᠯᠤᠭᠠᠢ ᠶᠢ ᠬᠦᠭᠡᠭᠡᠴᠡᠯᠳᠦᠬᠦ ᠠᠷᠭ᠎ᠠ ᠮᠠᠶ᠋ᠢᠭ ᠢᠶᠠᠨ ᠦᠭᠡᠷᠡᠴᠢᠯᠡᠵᠦ᠂ ᠪᠤᠭ ᠮᠠᠯ ᠢᠶᠠᠨ ᠴᠦᠭᠡᠳᠭᠡᠵᠦ ᠪᠤᠳᠠ ᠮᠠᠯ ᠢᠶᠠᠷ ᠭᠤᠤᠯᠴᠢᠯᠠᠵᠦ᠂ 2002 ᠤᠨ ᠠᠴᠠ ᠡᠬᠢᠯᠡᠨ ᠢᠴᠡᠭᠡᠯ ᠦᠷ᠎ᠡ ᠶᠢᠨ ᠭᠡᠭᠡᠯᠳᠦᠬᠦᠯᠭᠡ ᠬᠢᠵᠦ᠂ ᠦᠭᠡᠷ ᠤᠨ ᠢᠶᠠᠨ ᠡᠬᠦᠯᠳᠡᠷ ᠢ ᠰᠢᠯᠢᠳᠡᠭᠵᠢᠬᠦᠯᠦᠨ᠂ ᠴᠦᠬᠡᠨ ᠮᠠᠯ ᠠᠴᠠ ᠦᠨᠳᠦᠷ ᠦᠷ᠎ᠡ ᠠᠰᠢᠭ ᠢ ᠤᠯᠬᠤ ᠴᠢᠭᠯᠡᠯ ᠢᠶᠠᠷ ᠠᠵᠢᠯᠯᠠᠵᠦ᠂ ᠤᠷᠤᠯᠭ᠎ᠠ  ᠶᠢᠨ ᠲᠠᠯ᠎ᠠ ᠪᠠᠷ ᠠᠰᠢᠭ ᠲᠤᠰᠠ ᠪᠠᠨ ᠪᠠᠳᠤᠯᠠᠵᠦ ᠴᠢᠳᠠᠭᠰᠠᠨ ᠶᠤᠮ᠃    ᠨᠠᠰᠤᠳᠠᠨ ᠨᠢ ᠬᠤᠰᠢᠭᠤᠨ ᠤ ᠲᠦᠪ ᠲᠤ ᠤᠮᠪᠤᠯᠤ ᠪᠠᠨ ᠬᠠᠷᠠᠵᠦ ᠰᠤᠷᠭᠠᠭᠤᠯᠢ ᠳᠤ ᠰᠠᠭᠤᠯᠭᠠᠵᠦ᠂ ᠪᠠᠰᠠ ᠨᠢᠭᠡ ᠬᠡᠤᠭᠡᠳ ᠨᠢ ᠭᠠᠳᠠᠭᠠᠳᠦ ᠳᠤ ᠰᠤᠷᠤᠯᠴᠠᠬᠤ ᠶᠢᠨ ᠵᠡᠷᠭᠡᠴᠡᠭᠡ ᠡᠪᠡᠰᠦ ᠪᠤᠷᠳᠤᠭᠠᠨ ᠤ ᠦᠨ᠎ᠡ ᠦᠰᠦᠭᠡᠳ᠂ ᠮᠠᠯ  ᠤᠨ ᠦᠨ᠎ᠡ ᠪᠠᠭᠤᠷᠠᠭᠰᠠᠨ ᠪᠠᠶᠢᠳᠠᠯ ᠳᠤ ᠵᠤᠬᠢᠴᠠᠭᠤᠯᠤᠨ ᠠᠮᠢᠳᠤᠷᠠᠨ᠎ᠠ ᠭᠡᠳᠡᠭ ᠨᠢ ᠬᠡᠯᠡᠬᠦ ᠳᠤ ᠬᠢᠯᠪᠠᠷ ᠬᠢᠬᠦ ᠳᠤ ᠪᠡᠷᠭᠡ ᠶᠠᠪᠤᠳᠠᠯ ᠶᠤᠮ᠃ ᠤᠯᠠᠨ ᠠᠶᠢᠯ ᠪᠠᠩᠬᠢ ᠳᠤ ᠦᠷᠢ ᠲᠠᠢ ᠪᠠᠶᠢᠬᠤ ᠳᠤ ᠡᠨᠡ ᠠᠶᠢᠯ ᠬᠠᠷᠢᠨ ᠡᠰᠡᠷᠬᠦ ᠪᠠᠷ ᠵᠢᠭᠡᠯᠡᠯᠭᠡ ᠪᠠᠶᠢᠳᠠᠭ ᠦᠭᠡᠢ ᠮᠦᠷᠳᠡᠭᠡᠨ ᠴᠢᠨᠡᠭᠡᠯᠢᠭ ᠠᠮᠢᠳᠤᠷᠠᠯ ᠢᠶᠠᠨ ᠪᠠᠳᠤᠯᠠᠵᠦ ᠴᠢᠳᠠᠭᠰᠠᠨ ᠨᠢ ᠬᠦᠮᠦᠨ ᠠᠷᠠᠳ᠂ ᠨᠡᠶᠢᠭᠡᠮ ᠨᠡᠶᠢᠳᠡ ᠶᠢᠨ ᠦᠨᠡᠯᠡᠯᠳᠡ ᠶᠢ ᠬᠦᠷᠳᠡᠭᠰᠡᠨ ᠶᠤᠮ᠃ ᠠᠷᠠᠳ ᠤᠨ ᠵᠢᠷ ᠤᠨ ᠦᠭᠡ ᠳᠤ ︽ᠰᠠᠶᠢᠨ ᠬᠦᠮᠦᠨ  ᠤ ᠦᠷ᠎ᠡ᠂ ᠰᠤᠤᠳᠤ ᠭᠡᠬᠦᠦ ᠶᠢᠨ ᠤᠨᠠᠭ᠎ᠠ︾ ᠭᠡᠵᠦ ᠬᠡᠯᠡᠭᠰᠡᠨ ᠪᠠᠶᠢᠳᠠᠭ᠃ ᠡᠳᠡᠨ ᠤ ᠬᠤᠶᠠᠷ ᠨᠠᠰᠤᠳᠠᠨ ᠴᠢᠯᠠᠭᠤ ᠵᠢᠪᠰᠦᠮ᠎ᠡ ᠬᠤᠶᠠᠷ ᠭᠡᠵᠦ ᠨᠠᠷᠠᠳᠠᠢ ᠠᠵᠢᠯᠴᠢ ᠬᠦᠳᠡᠯᠮᠤᠷᠢᠴᠢ ᠬᠦᠮᠦᠰ ᠪᠠᠶᠢᠵᠦ᠂ ᠤᠯᠠᠨ ᠢᠶᠠᠷ ᠢᠶᠠᠨ ᠲᠡᠳᠡᠨ ᠢ ᠱᠠᠭᠰᠢᠨ ᠮᠠᠭᠳᠠᠳᠠᠭ ᠪᠢᠯᠡ᠃    ᠦᠷ᠎ᠡ ᠬᠡᠤᠭᠡᠳ ᠲᠤ ᠪᠠᠨ ᠲᠠᠭᠤᠷᠢᠶᠠᠯ ᠪᠤᠯᠤᠭᠰᠠᠨ ᠤ ᠰᠠᠶᠢᠨ ᠢᠶᠠᠷ ᠬᠦᠦ ᠬᠠᠰᠪᠠᠷᠰ᠂ ᠪᠠᠷᠢ ᠮᠦᠷᠡᠠᠭᠤᠸ᠎ᠠ ᠬᠤᠶᠠᠷ ᠨᠢ ᠴᠦ ᠲᠦᠮᠡᠨ ᠳᠤ ᠪᠠᠨ ᠮᠠᠭᠳᠠᠭᠳᠠᠭᠰᠠᠨ ᠬᠦᠳᠡᠯᠮᠤᠷᠢᠴᠢ ᠬᠤᠶᠠᠷ ᠵᠠᠯᠭᠠᠮᠵᠢᠯᠠᠭᠴᠢ ᠪᠤᠯᠵᠦ ᠶᠠᠪᠤᠭ᠎ᠠ  ᠠᠵᠢ᠃ ᠦᠨᠡᠨ ᠪᠢᠰᠢᠷᠡᠯᠳᠠᠢ᠃ ᠲᠤᠷᠠᠳᠤᠭᠤᠰᠢᠳᠠᠢ ᠤᠴᠢᠷ ᠬᠡᠪᠡᠯ ᠭᠡᠮᠵᠢᠶ᠎ᠡ ᠲᠠᠢ ᠪᠠᠯᠴᠢᠭᠡᠷ ᠢᠶᠠᠨ ᠲᠤᠬᠢᠷᠠᠮᠵᠢᠳᠠᠢ ᠠᠰᠢᠭᠯᠠᠭᠰᠠᠨ ᠠᠴᠠ ᠵᠢᠯ ᠪᠦᠷᠢ ᠪᠠᠭ᠎ᠠ ᠰᠠᠭ᠎ᠠ ᠬᠠᠳᠤᠯᠠᠩ ᠬᠠᠳᠤᠵᠦ᠂ ᠮᠠᠯᠵᠢᠯ ᠤᠨ ᠦᠪᠡᠷ ᠤᠨ ᠦᠷᠳᠡᠭ ᠢ ᠨᠢ ᠪᠠᠭᠤᠷᠠᠭᠤᠯᠵᠦ ᠴᠢᠳᠠᠭᠰᠠᠨ ᠨᠢ ᠰᠤᠨᠤᠰᠬᠤ ᠳᠤ ᠶᠠᠯᠢᠮ ᠦᠭᠡᠢ ᠰᠢᠭ ᠪᠤᠯᠪᠠᠴᠦ ᠪᠤᠳᠠᠳᠦ ᠶᠠᠪᠤᠳᠠᠯ ᠤᠨ ᠦᠢᠯᠡᠳᠦᠯᠭᠡ ᠲᠡᠭᠡᠷ᠎ᠡ ᠪᠠᠨ ᠪᠤᠯ ᠮᠠᠯ ᠤᠨ ᠤᠷᠤᠯᠭ᠎ᠠ ᠶᠢᠨ ᠦᠷᠳᠡᠭ ᠢ ᠲᠠᠯᠳᠠ ᠪᠠᠷ ᠨᠡᠮᠡᠭᠳᠡᠬᠦᠯᠦᠭᠰᠡᠨ ᠨᠢ ᠵᠠᠶᠢᠯᠠᠰᠢ ᠦᠭᠡᠢ ᠭᠡᠷᠡᠭ ᠶᠤᠮ᠃ ᠡᠨᠡ ᠨᠢ ᠵᠠᠷᠤᠳᠠᠯ ᠢᠶᠠᠨ ᠪᠠᠭᠠᠰᠬᠠᠵᠦ ᠴᠢᠳᠠᠭᠰᠠᠨ ᠲᠠᠢ ᠰᠢᠭᠤᠳ ᠬᠤᠯᠪᠤᠭ᠎ᠠ ᠲᠠᠢ ᠪᠢᠯᠡ᠃    ᠵᠠᠷᠤᠯᠭ᠎ᠠ ᠪᠠᠨ ᠪᠠᠭᠠᠰᠬᠠᠬᠤ ᠪᠤᠯ ᠤᠳᠤ ᠦᠶ᠎ᠡ ᠶᠢᠨ ᠮᠠᠯᠴᠢᠳ ᠤᠨ ᠵᠠᠪᠠᠯ ᠪᠤᠳᠤᠯᠬᠢᠯᠠᠬᠤ ᠴᠢᠬᠤᠯᠠᠳᠠᠢ ᠤᠴᠢᠷ ᠮᠦᠷᠳᠡᠭᠡᠨ ᠵᠠᠪᠠᠯ ᠶᠠᠪᠤᠬᠤ ᠶᠤᠰᠤᠳᠠᠢ ᠭᠠᠷᠬᠤ ᠵᠠᠮ᠃ ᠡᠨᠡ ᠠᠶᠢᠯ ᠢᠶᠠᠷ ᠰᠤᠷᠪᠤᠯᠵᠢᠯᠠᠭ᠎ᠠ ᠬᠢᠵᠦ᠂ ᠲᠠᠶᠠᠭᠠᠷ ᠤᠯᠠᠨ ᠮᠠᠯᠴᠢᠨ ᠲᠦᠮᠡᠨ ᠳᠤ ᠪᠠᠨ ᠶᠠᠭᠤ ᠨᠢᠭᠡ ᠶᠢ ᠤᠴᠢᠷᠯᠠᠵᠦ ᠪᠠᠶᠢᠭ᠎ᠠ ᠶᠢᠨ ᠵᠤᠷᠢᠯᠭ᠎ᠠ ᠪᠤᠯ ᠤᠳᠤ ᠶᠢᠨ ᠲᠦᠷᠦ ᠶᠢᠨ ᠪᠤᠳᠤᠯᠭ᠎ᠠ ᠶᠢ ᠨᠠᠷᠢᠨ ᠤᠶᠢᠯᠠᠭᠠᠵᠦ᠂ ᠮᠠᠯ ᠠᠵᠦ ᠠᠬᠤᠢ ᠶᠢᠨ ᠵᠦᠪ ᠬᠠᠨᠳᠤᠰᠢ ᠲᠡᠶᠢᠰᠢ ᠤᠳᠤᠷᠢᠳᠬᠤ ᠶᠢᠨ ᠲᠠᠭᠤᠷᠢᠶᠠᠯ ᠪᠤᠯᠭᠠᠵᠦ ᠪᠠᠶᠢᠭ᠎ᠠ ᠶᠤᠮᠰᠠᠨ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号