ᠠᠷᠪᠠᠨ ᠨᠢᠭᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ
ᠨᠡᠶᠢᠲᠡᠯᠡᠭᠰᠡᠨ ᠴᠠᠭ᠄
2024/12/24
   ᠣᠷᠴᠢᠮ ᠤᠨ ᠵᠢᠯ ᠤᠳ ᠲᠤ᠂ ᠮᠠᠯ ᠤᠨ ᠦᠨ᠎ᠡ ᠬᠠᠩᠰᠢ ᠲᠤᠤᠷ᠎ᠠ ᠪᠤᠯᠤᠭᠰᠠᠨ ᠠᠴᠠ ᠮᠠᠯᠴᠢᠳ ᠤᠨ ᠣᠷᠣᠯᠭ᠎ᠠ ᠪᠠᠭ᠎ᠠ ᠪᠤᠰᠤ ᠨᠥᠯᠦᠭᠡ ᠳᠤ ᠤᠴᠠᠷᠠᠭᠰᠠᠨ ᠨᠢ ᠦᠨᠡᠨ᠃ ᠡᠶᠢᠮᠦᠷᠬᠦ ᠪᠠᠶᠢᠳᠠᠯ ᠲᠤᠤᠷ᠎ᠠ ᠮᠠᠯᠴᠢᠳ ᠦᠵᠡᠯᠲᠡ ᠲᠠᠨᠢᠯᠲᠠ ᠪᠠᠨ ᠬᠤᠪᠢᠷᠠᠭᠤᠯᠵᠤ᠂ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠢᠳᠡᠪᠬᠢᠲᠡᠶ ᠬᠠᠶᠢᠨ ᠰᠦᠪᠡᠭᠴᠢᠯᠡᠬᠦ ᠪᠤᠯᠤᠭᠰᠠᠨ ᠶᠤᠮ᠃    ᠲᠡᠵᠢᠭᠡᠯ ᠡᠪᠡᠰᠦ ᠪᠣᠯ ᠮᠠᠯ ᠤᠨᠤᠭᠠᠨ ᠤ ᠠᠮᠢᠨ ᠲᠡᠵᠢᠭᠡᠯ᠂ ᠮᠠᠯ ᠤᠨ ᠪᠤᠷᠤᠯᠠᠭᠤᠯᠭ᠎ᠠ ᠪᠣᠯ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠤ ᠢᠯᠡᠷᠡᠯ ᠮᠥᠨ᠃ ᠡᠶᠢᠨᠬᠦ ᠨᠠᠷᠠᠨᠪᠤᠯᠠᠭ ᠰᠤᠮᠤᠨ ᠤ ᠮᠠᠯᠴᠢᠳ ᠵᠠᠬ᠎ᠠ ᠲᠡᠯᠭᠡᠬᠦᠷ ᠤᠨ ᠪᠠᠶᠢᠳᠠᠯ ᠢ ᠰᠡᠷᠭᠡᠭ ᠢᠶᠠᠷ ᠲᠠᠨᠢᠵᠦ᠂ ᠤᠶᠤᠨ ᠤᠬᠠᠭᠠᠨ ᠢᠶᠠᠨ ᠰᠢᠪᠬᠠᠨ᠂ ᠬᠦᠴᠦ ᠬᠦᠳᠡᠯᠮᠤᠷᠢ ᠪᠠᠨ ᠰᠢᠩᠭᠡᠭᠡᠨ ᠪᠠᠶᠢᠵᠦ᠂ ᠤᠷᠣᠯᠭ᠎ᠠ ᠪᠠᠨ ᠨᠡᠮᠡᠭᠳᠡᠬᠦᠯᠬᠦ ᠰᠢᠨ᠎ᠡ ᠵᠠᠮ ᠢ ᠡᠷᠢᠯᠬᠢᠯᠡᠭᠰᠡᠨ ᠨᠢ ᠵᠦᠩᠳᠡᠭᠡᠨ ᠪᠠᠶᠢᠯ᠎ᠠ᠃    ᠠᠯᠳᠠᠨᠳᠤᠭᠤᠭᠠᠳᠤ ᠭᠠᠴᠠᠭᠠᠨ ᠤ ᠮᠠᠯᠴᠢᠨ ᠰᠤᠨᠢᠨᠰᠤᠳᠤ ᠦᠨᠦ ᠵᠢᠯ ᠡᠪᠡᠰᠦ ᠪᠤᠷᠳᠤᠭ᠎ᠠ ᠲᠡᠭᠡᠭᠡᠵᠦ ᠪᠠᠭᠤᠯᠭᠠᠬᠤ ᠠᠵᠢᠯ ᠬᠢᠵᠦ᠂ ᠡᠪᠡᠰᠦ ᠪᠤᠷᠳᠤᠭ᠎ᠠ ᠳᠦᠭᠦᠷᠲᠡᠯ᠎ᠡ ᠲᠡᠭᠡᠭᠰᠡᠨ ᠠᠴᠢᠶᠠᠨ ᠤ ᠮᠠᠰᠢᠨ ᠲᠡᠷᠭᠡ ᠭᠠᠴᠠᠭᠠᠨ ᠳᠤ ᠢᠷᠡᠬᠦ ᠳᠤ ᠯᠡ  ᠲᠡᠬᠦᠨ ᠤ ᠠᠵᠢᠯ ᠡᠬᠢᠯᠡᠳᠡᠭ᠃ ᠲᠡᠷᠡ ᠪᠤᠭᠤᠯᠲᠠ ᠪᠤᠭᠤᠯᠲᠠ ᠡᠪᠡᠰᠦ ᠶᠢ ᠡᠪᠡᠰᠦ ᠬᠠᠳᠠᠭᠠᠯᠠᠬᠤ ᠫᠧᠩ ᠳᠤ ᠤᠷᠤᠭᠤᠯᠤᠨ ᠳᠡᠷᠢ ᠲᠡᠭᠰᠢ ᠬᠤᠷᠢᠶᠠᠵᠤ ᠲᠠᠯᠪᠢᠨ᠎ᠠ᠃ ᠡᠶᠢᠨᠬᠦ ᠲᠡᠷᠡ ᠡᠳᠦᠷ ᠪᠦᠷᠢ 500 ᠭᠠᠷᠤᠶ ᠲᠦᠭᠦᠷᠢᠭ ᠤᠨ ᠤᠷᠤᠯᠭ᠎ᠠ ᠤᠯᠵᠦ᠂ ᠰᠠᠷ᠎ᠠ ᠳᠤ 2 ᠲᠦᠮᠡᠨ ᠲᠦᠭᠦᠷᠢᠭ ᠤᠨ ᠣᠷᠣᠯᠭ᠎ᠠ ᠡᠬᠦᠳᠦᠭᠰᠡᠨ ᠪᠠᠶᠢᠨ᠎ᠠ᠃ ᠡᠨᠡ ᠬᠦ ᠣᠷᠣᠯᠭ᠎ᠠ ᠨᠢ ᠲᠡᠭᠦᠨ ᠤ ᠠᠵᠤ ᠠᠬᠤᠶ ᠶᠢᠨ ᠲᠠᠷᠤᠭᠠᠰᠤ ᠶᠢ ᠬᠦᠩᠭᠡᠯᠡᠭᠰᠡᠨ ᠢᠶᠠᠷ ᠪᠠᠷᠠᠬᠤ ᠥᠬᠡᠶ᠂ ᠨᠠᠩ ᠴᠤ ᠤᠷᠤᠯᠭ᠎ᠠ ᠪᠠᠨ ᠨᠡᠮᠡᠭᠳᠡᠬᠦᠯᠬᠦ ᠪᠠᠰᠠ ᠨᠢᠭᠡᠨ ᠠᠷᠭ᠎ᠠ ᠵᠡᠮ ᠢ ᠵᠢᠭᠠᠵᠦ᠂ ᠲᠡᠭᠦᠨ ᠤ ᠠᠮᠢᠳᠤᠷᠠᠯ ᠳᠤ ᠰᠢᠨ᠎ᠡ ᠠᠮᠢᠵᠢᠷᠠᠯ ᠤᠨ ᠬᠦᠴᠦᠨ ᠪᠠ ᠢᠲᠡᠭᠡᠯ ᠵᠣᠷᠢᠭ ᠢ ᠤᠯᠭᠤᠭᠰᠠᠨ ᠨᠢ ᠲᠠᠮᠵᠢᠭ ᠦᠭᠡᠢ᠃    ᠨᠠᠷᠠᠲᠤ ᠭᠠᠴᠠᠭᠠᠨ ᠤ ᠮᠠᠯᠴᠢᠨ ᠤᠯᠠᠭᠠᠨᠪᠠᠷᠰ ᠪᠣᠯᠤᠨ ᠠᠯᠳᠠᠨᠳᠤᠭᠤᠭᠠᠳᠤ ᠭᠠᠴᠠᠭᠠᠨ ᠤ ᠮᠠᠯᠴᠢᠨ ᠦᠨᠢᠪᠠᠲᠤ ᠬᠠᠷᠢᠨ ᠮᠠᠯ ᠤᠨ ᠵᠠᠷᠤᠴᠠᠭᠤᠯᠤᠯᠳᠠ ᠶᠢᠨ ᠦᠶ᠎ᠡ ᠪᠠᠷ ᠮᠠᠯ ᠤᠨᠤᠭ᠎ᠠ ᠵᠦᠭᠡᠭᠡᠪᠤᠷᠢᠯᠡᠵᠦ᠂ ᠤᠷᠤᠯᠭ᠎ᠠ ᠪᠠᠨ ᠨᠡᠮᠡᠭᠳᠡᠬᠦᠯᠬᠦ ᠤᠨᠳᠤᠤ ᠨᠢᠭᠡ ᠠᠷᠭ᠎ᠠ ᠵᠠᠮ ᠢ ᠬᠠᠶᠢᠵᠦ᠂ ᠮᠠᠯᠴᠢᠨ ᠲᠦᠮᠡᠨ ᠳᠤ ᠪᠠᠨ ᠲᠦᠬᠦᠮ ᠦᠵᠡᠬᠦᠯᠦᠭᠰᠡᠨ ᠢᠶᠠᠷ ᠪᠠᠷᠠᠬᠤ ᠦᠭᠡᠢ ᠦᠪᠡᠷᠰᠡᠳ ᠢᠶᠠᠨ ᠴᠦ ᠵᠤᠬᠢᠬᠤ ᠤᠷᠤᠯᠭ᠎ᠠ ᠡᠬᠦᠳᠦᠭᠰᠡᠨ ᠪᠠᠶᠢᠯ᠎ᠠ᠃  ᠮᠠᠯᠴᠢᠳ ᠲᠡᠳᠡᠨ ᠲᠠᠢ ᠬᠠᠷᠢᠯᠴᠠᠬᠤ  ᠶᠢᠨ ᠬᠢᠷᠢ ᠳᠤ ᠲᠦᠬᠦᠮ ᠲᠦᠳᠡ᠂ ᠠᠮᠤᠷ ᠲᠦᠪᠰᠢᠨ ᠦᠢᠯᠡᠴᠢᠯᠡᠭᠡ ᠪᠠᠨ ᠡᠬᠢᠯᠡᠬᠦᠯᠵᠦ᠂ ᠣᠶᠢᠷᠠᠬᠠᠨ ᠵᠠᠢ ᠳᠤ ᠺᠢᠯᠤᠮᠧᠲᠷ ᠪᠦᠷᠢ ᠠᠴᠠ 8 ᠲᠥᠭᠦᠷᠢᠭ ᠤᠨ ᠰᠦᠢᠳᠬᠡᠯ ᠬᠤᠷᠢᠶᠠᠨ᠂ ᠬᠤᠯᠠ ᠵᠠᠢ ᠳᠤ ᠵᠠᠮ ᠤᠨ ᠪᠠᠶᠢᠳᠠᠯ ᠢ ᠦᠨᠳᠦᠰᠦᠯᠡᠨ᠂  ᠺᠢᠯᠤᠮᠧᠲᠷ ᠪᠦᠷᠢ ᠠᠴᠠ 6—7 ᠲᠥᠭᠦᠷᠢᠭ ᠬᠤᠷᠢᠶᠠᠳᠠᠭ᠃ ᠡᠨᠡ ᠬᠦ ᠵᠦᠶ ᠵᠣᠬᠢᠰᠲᠠᠶ ᠦᠨ᠎ᠡ ᠬᠠᠩᠰᠢ ᠨᠢ ᠲᠡᠳᠡᠨ ᠤ ᠣᠷᠣᠯᠭ᠎ᠠ ᠶᠢ ᠪᠠᠲᠤᠯᠠᠭᠰᠠᠨ ᠮᠥᠷᠲᠡᠭᠡᠨ ᠪᠠᠰᠠ ᠮᠠᠯᠴᠢᠳ ᠲᠤ ᠦᠨᠡᠨ ᠪᠣᠳᠠᠲᠠᠶ ᠠᠰᠢᠭ ᠬᠦᠷᠲᠡᠭᠡᠵᠦ᠂ ᠲᠡᠳᠡᠨ ᠤ ᠣᠬᠤᠷᠬᠠᠨ ᠬᠤᠶᠠᠷ ᠰᠠᠷ᠎ᠠ ᠶᠢᠨ ᠣᠷᠣᠯᠭ᠎ᠠ 1 ᠲᠦᠮᠡᠨ ᠲᠦᠬᠦᠷᠢᠭ ᠠᠴᠠ 1 ᠲᠦᠮᠡ 5000 ᠲᠥᠭᠦᠷᠢᠭ ᠲᠤ ᠬᠦᠷᠴᠡᠶ᠃ ᠡᠭᠦᠨ ᠤ ᠬᠠᠮᠲᠤ᠂ ᠲᠡᠳᠡ ᠬᠤᠶᠠᠭᠤᠯᠠ ᠪᠠᠨ ᠨᠡᠶᠢᠭᠡᠮᠴᠢᠯᠡᠭᠰᠡᠨ  ᠦᠢᠯᠡᠴᠢᠯᠡᠭᠡᠨ ᠤ ᠠᠩᠭᠢ ᠶᠢᠨ ᠭᠡᠰᠢᠭᠦᠨ ᠪᠣᠯᠤᠭᠰᠠᠨ ᠤ ᠬᠤᠪᠢ ᠳᠤ᠂ ︽ᠮᠠᠯᠴᠢᠳ ᠲᠤ ᠦᠢᠯᠡᠴᠢᠯᠡᠵᠦ᠂ ᠲᠠᠯ᠎ᠠ ᠨᠤᠲᠤᠭ ᠲᠤ ᠬᠤᠪᠢ ᠨᠡᠮᠡᠷᠢ ᠦᠵᠡᠭᠦᠯᠬᠦ︾ ᠡᠭᠦᠷᠭᠡ ᠶᠢ ᠪᠣᠳᠠᠲᠤ ᠠᠵᠢᠯᠯᠠᠭ᠎ᠠ ᠪᠠᠷ ᠢᠶᠠᠨ ᠦᠢᠯᠡᠳᠦᠯᠭᠡᠵᠢᠭᠦᠯᠵᠦ᠂ ᠮᠠᠯᠴᠢᠳ ᠤᠨ ᠮᠠᠯ ᠤᠨᠤᠭ᠎ᠠ ᠶᠢ ᠲᠡᠭᠡᠭᠡᠵᠦ ᠪᠠᠭᠤᠯᠭᠠᠬᠤ ᠳᠤ ᠬᠠᠷᠠᠮᠵᠢ ᠦᠭᠡᠢ ᠬᠠᠪᠰᠤᠷᠴᠤ᠂ ᠮᠠᠯᠴᠢᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃    ᠨᠠᠷᠠᠨᠪᠤᠯᠠᠭ ᠰᠤᠮᠤᠨ ᠤ ᠮᠠᠯᠴᠢᠳ ᠬᠦᠴᠢᠷ ᠪᠡᠷᠬᠡᠰᠢᠶᠡᠯ ᠤᠨ ᠡᠮᠦᠨ᠎ᠡ ᠨᠤᠭᠤᠷᠠᠰᠢ ᠦᠭᠡᠶ ᠴᠢᠷᠮᠠᠶᠢᠵᠤ᠂ ᠠᠵᠢᠯᠴᠢ ᠬᠥᠳᠡᠯᠮᠦᠷᠢᠴᠢ ᠬᠤᠶᠠᠷ ᠭᠠᠷ ᠪᠣᠯᠤᠨ ᠰᠠᠴᠡᠨ ᠰᠡᠷᠬᠦᠯᠡᠩ ᠣᠶᠤᠨ ᠤᠬᠠᠭᠠᠨ ᠢᠶᠠᠷ ᠢᠶᠠᠨ ᠲᠠᠯ᠎ᠠ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠢ ᠨᠠᠮᠠᠷᠢᠯᠠᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号