12 ᠰᠠᠷ᠎ᠠ ᠶᠢᠨ 18 ᠤ ᠡᠳᠦᠷ᠂ ᠠᠪᠠᠭ᠎ᠠ ᠬᠤᠰᠢᠭᠤ ᠪᠥᠬᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠴᠢ ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢᠨ | ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤᠨ ᠤ | ᠨᠢᠭᠡᠳᠦᠮᠡᠯ ᠹᠷᠣᠨᠲ ᠤᠨ ᠭᠡᠰᠢᠭᠦᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠵᠡᠷᠭᠡ ᠬᠠᠮᠢᠶ᠎ᠠ ᠪᠥᠬᠦᠶ | ᠠᠵᠢᠯᠲᠠᠨ ᠨᠡᠶᠢᠲᠡ 100 ᠭᠠᠷᠤᠶ ᠬᠥᠮᠦᠨ ᠪᠣᠯᠪᠠᠰᠤᠷᠠᠯ ᠤᠨ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠤᠤ ᠽᠢ ᠨᠠᠨ ᠰᠤᠷᠤᠯᠭ᠎ᠠ ᠡᠬᠢᠯᠡᠬᠦ | ᠶᠣᠰᠣᠯᠠᠯ ᠢ ᠡᠷᠭᠢᠯᠡᠵᠦ ᠶᠠᠷᠢᠶ᠎ᠠ ᠲᠠᠯᠪᠢᠪᠠ᠃ | ᠪᠣᠯᠪᠠᠰᠤᠷᠠᠯ ᠳᠤ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ | ᠳᠡᠳ᠋ ᠳᠠᠷᠤᠭ᠎ᠠ᠂ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ | ᠰᠢᠯᠢ ᠶᠢᠨ ᠭᠤᠣᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠦᠨᠡᠨᠴᠢ ᠶᠢ ᠣᠨᠴᠠᠭᠠᠶᠢᠯᠠᠨ | ᠤᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠨᠢᠭᠡᠳᠦᠮᠡᠯ | ᠹᠷᠣᠨᠲ ᠤᠨ ᠮᠡᠳᠡᠭᠡ ᠵᠠᠩᠭᠢ ᠶᠢᠨ ᠠᠵᠢᠯ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠨᠠᠷᠢᠨ | ᠲᠠᠶᠢᠯᠤᠮᠵᠢ ᠬᠢᠯᠭᠡᠪᠡ᠃ ᠬᠢᠴᠢᠶᠡᠯᠯᠡᠭᠡ ᠶᠢᠨ ᠭᠤᠣᠯ ᠰᠡᠳᠦᠪ ᠲᠣᠪᠤᠶᠢᠮ᠎ᠠ᠂ ᠠᠭᠤᠯᠤᠭᠳᠠᠬᠤᠨ ᠡᠯᠪᠡᠭ ᠪᠠᠶᠠᠯᠢᠭ | ᠪᠠᠶᠢᠵᠤ᠂ ᠤᠨᠤᠯ ᠤᠨ ᠦᠨᠳᠦᠷᠴᠡ ᠲᠠᠢ ᠪᠥᠭᠡᠳ ᠮᠠᠰᠢ ᠴᠢᠩᠭ᠎ᠠ ᠵᠢᠯᠣᠭᠤᠳᠬᠤ ᠴᠢᠨᠠᠷ ᠲᠠᠢ᠂ ᠬᠤᠷᠠᠯ ᠳᠤ | ᠣᠷᠣᠯᠴᠠᠭᠰᠠᠳ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠭᠤᠣᠯ ᠱᠤᠭᠤᠮ ᠤᠨ ᠱᠠᠭᠠᠷᠳᠠᠯᠭ᠎ᠠ ᠶᠢ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠳᠤ ᠢᠳᠡᠪᠬᠢᠲᠡᠢ | ᠠᠬᠢᠭᠤᠯᠬᠤ ᠦᠢᠯᠡᠳᠦᠯ ᠦᠵᠡᠭᠦᠯᠬᠦ ᠶᠢᠨ ᠬᠠᠮᠲᠤ ᠮᠠᠨ ᠤ ᠬᠤᠰᠢᠭᠤᠨ ᠤ ᠮᠡᠳᠡᠭᠡ ᠵᠠᠩᠭᠢ ᠶᠢᠨ ᠠᠵᠢᠯ ᠳᠤ | ᠲᠦᠢᠯ ᠤᠨ ᠴᠢᠩᠭ᠎ᠠ ᠵᠢᠯᠣᠭᠤᠳᠬᠤ ᠠᠴᠢ ᠬᠤᠯᠪᠣᠭᠳᠠᠯ ᠪᠠ ᠪᠣᠳᠠᠲᠤ ᠴᠢᠨᠠᠷᠲᠠᠢ ᠬᠠᠪᠰᠤᠷᠤᠯᠭ᠎ᠠ ᠦᠵᠡᠭᠦᠯᠪᠡ᠃ | ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠬᠤᠷᠠᠯ ᠳᠤ ᠣᠷᠣᠯᠴᠠᠭᠰᠠᠳ ᠮᠡᠳᠡᠭᠡ ᠵᠠᠩᠭᠢ ᠶᠢᠨ | ᠠᠵᠢᠯ ᠤᠨ ᠲᠤᠬᠠᠶ ᠲᠠᠨᠢᠯᠲᠠ ᠪᠠᠨ ᠳᠡᠭᠡᠭᠰᠢᠯᠡᠭᠦᠯᠵᠦ᠂ ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢᠨ ᠠᠵᠢᠯ ᠤᠨ | ᠰᠢᠨ᠎ᠡ ᠶᠢ ᠡᠭᠦᠳᠦᠨ ᠬᠥᠭᠵᠢᠬᠦ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠪᠥᠬᠦ ᠬᠤᠰᠢᠭᠤᠨ ᠤ ᠨᠢᠭᠡᠳᠦᠮᠡᠯ | ᠹᠷᠣᠨᠲ ᠤᠨ ᠮᠡᠳᠡᠭᠡ ᠵᠠᠩᠭᠢ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃ |