ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠠᠭ᠎ᠠ ᠵᠢᠵᠢᠭ | ᠡᠵᠡᠩᠨᠡᠯᠲᠡ ᠶᠢᠨ ᠭᠤᠤᠯ ᠴᠣᠭᠴᠠ ᠶᠢᠨ ᠭᠠᠶᠢᠯᠢ ᠰᠦᠢᠳᠬᠡᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠤᠨᠢᠨ ᠲᠡᠭᠡᠷ᠎ᠡ ᠨᠢ ᠲᠡᠳᠬᠦᠵᠦ᠂ ᠣᠶᠢᠷ᠎ᠠ | ᠵᠠᠢ ᠠᠴᠠ ᠦᠢᠯᠡᠴᠢᠯᠡᠭᠡ ᠬᠠᠩᠭᠠᠬᠤ ᠶᠢᠨ ᠲᠥᠯᠥᠭᠡ᠂ ᠠᠪᠠᠭ᠎ᠠ ᠬᠤᠰᠢᠭᠤᠨ ᠤ ᠭᠠᠶᠢᠯᠢ ᠶᠢᠨ ᠶᠠᠪᠤᠳᠠᠯ ᠤᠨ | ᠲᠣᠪᠴᠢᠶ᠎ᠠ ᠪᠣᠯᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠬᠠᠮᠲᠤᠷᠠᠨ ᠵᠠᠯᠠᠭᠤᠴᠤᠳ ᠤᠨ ᠦᠢᠯᠡᠰ ᠪᠤᠰᠬᠠᠬᠤ | ᠬᠦᠷᠢᠶᠡᠯᠡᠩ ᠳᠤ ︽ᠬᠠᠪᠤᠷ ᠤᠨ ᠬᠤᠷ᠎ᠠ ᠨᠢᠯᠬ᠎ᠠ ᠨᠠᠬᠢᠶ᠎ᠠ ᠶᠢ ᠤᠮᠳᠠᠯᠠᠬᠤ︾ ᠦᠢᠯᠡᠴᠢᠯᠡᠭᠡᠨ ᠤ ᠲᠥᠪ ᠢ ᠪᠠᠶᠢᠭᠤᠯᠵᠦ᠂ | 12 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨᠡᠬᠢ 10 ᠴᠠᠭ ᠲᠤ ᠫᠠᠶᠢᠰᠠ ᠰᠡᠬᠦᠬᠦ ᠶᠤᠰᠤᠯᠠᠯ | ᠶᠠᠪᠤᠭᠤᠯᠤᠭᠰᠠᠨ ᠪᠠᠶᠢᠨ᠎ᠠ᠃ | ᠠᠪᠠᠭ᠎ᠠ ᠬᠤᠰᠢᠭᠤᠨ ᠤ ᠵᠠᠯᠠᠭᠤᠴᠤᠳ ᠤᠨ ᠦᠢᠯᠡᠰ ᠪᠤᠰᠬᠠᠬᠤ ᠬᠦᠷᠢᠶᠡᠯᠡᠩ ᠨᠢ 68 ᠠᠵᠤ ᠠᠬᠤᠶᠢᠯᠠᠯ ᠢ | ᠬᠠᠮᠤᠷᠴᠤ᠂ ᠶᠡᠷᠦᠩᠬᠡᠢ ᠲᠠᠯᠠᠪᠠᠶ ᠨᠢ 5658 ᠬᠠᠪᠳᠠᠭᠠᠢ ᠳᠦᠷᠪᠡᠯᠵᠢᠨ ᠮᠧᠲᠷ ᠪᠠᠶᠢᠵᠦ᠂ 420 ᠭᠠᠷᠤᠢ ᠬᠥᠮᠥᠨ ᠤ | ᠠᠵᠢᠯ ᠣᠯᠭᠤᠯᠲᠠ ᠶᠢ ᠲᠠᠶᠢᠴᠢᠯᠠᠨ᠂ ᠠᠵᠤ ᠠᠬᠤᠢ ᠶᠢᠨ ᠬᠥᠭᠵᠢᠯᠲᠡ ᠶᠢᠨ ᠪᠠᠰᠠ ᠨᠢᠭᠡᠨ ᠭᠡᠰᠡᠭ ᠪᠤᠯᠤᠭᠰᠠᠨ ᠤ | ᠬᠤᠪᠢ ᠳᠤ᠂ ᠰᠢᠨ᠎ᠡ ᠶᠢ ᠡᠭᠦᠳᠬᠦ᠂ ᠠᠵᠢᠯ ᠣᠯᠭᠤᠬᠤ ᠪᠠ ᠠᠵᠤ ᠠᠬᠤᠢ ᠶᠢᠨ ᠨᠡᠮᠡᠭᠳᠡᠯ ᠤᠨ ᠴᠢᠬᠤᠯᠠ ᠡᠭᠦᠷᠭᠡ ᠶᠢ | ᠠᠴᠢᠶᠠᠯᠠᠵᠤ ᠪᠠᠶᠢᠳᠠᠭ᠃ ᠵᠠᠯᠠᠭᠤᠴᠤᠳ ᠤᠨ ᠦᠢᠯᠡᠰ ᠪᠤᠰᠬᠠᠬᠤ ᠬᠦᠷᠢᠶᠡᠯᠡᠩ ᠨᠢ ᠪᠠᠭ᠎ᠠ ᠵᠢᠵᠢᠭ ᠠᠵᠤ | ᠠᠬᠤᠶᠢᠯᠠᠯ ᠤᠨ ᠲᠥᠪᠯᠡᠷᠡᠭᠰᠡᠨ ᠭᠠᠵᠠᠷ ᠪᠣᠯᠤᠭᠰᠠᠨ ᠤ ᠬᠤᠪᠢ ᠳᠤ᠂ ᠲᠥᠷᠥ ᠶᠢᠨ ᠪᠣᠳᠣᠯᠭ᠎ᠠ ᠶᠢᠨ ᠯᠠᠪᠯᠠᠯᠳᠠ᠂ | ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ᠂ ᠬᠦᠰᠡᠯ ᠱᠠᠭᠠᠷᠳᠠᠯᠭ᠎ᠠ ᠶᠢ ᠬᠦᠯᠢᠶᠡᠨ ᠠᠪᠬᠤ ᠵᠡᠷᠭᠡ ᠲᠠᠯ᠎ᠠ ᠶᠢᠨ | ᠦᠢᠯᠡᠴᠢᠯᠡᠭᠡᠨ ᠤ ᠬᠡᠷᠡᠭᠴᠡᠭᠡ ᠨᠢ ᠮᠠᠰᠢ ᠲᠤᠯᠭᠠᠮ᠎ᠠ ᠪᠠᠶᠢᠳᠠᠭ᠃ ︽ᠬᠠᠪᠤᠷ ᠤᠨ ᠬᠤᠷ᠎ᠠ ᠨᠢᠯᠬ᠎ᠠ ᠨᠠᠬᠢᠶ᠎ᠠ ᠶᠢ | ᠤᠮᠳᠠᠯᠠᠬᠤ︾ ᠦᠢᠯᠡᠴᠢᠯᠡᠭᠡᠨ ᠤ ᠲᠥᠪ ᠨᠢ ᠨᠢᠭᠡ ᠥᠷᠲᠡᠭᠡ ᠮᠠᠶ᠋ᠢᠭ ᠤᠨ ᠭᠠᠶᠢᠯᠢ ᠰᠦᠢᠳᠬᠡᠯ ᠤᠨ | ᠦᠢᠯᠡᠴᠢᠯᠡᠭᠡ ᠪᠠᠷ ᠳᠠᠮᠵᠢᠭᠤᠯᠤᠨ᠂ ᠪᠠᠭ᠎ᠠ ᠵᠢᠵᠢᠭ ᠡᠵᠡᠩᠨᠡᠯᠲᠡ ᠶᠢᠨ ᠭᠤᠤᠯ ᠴᠣᠭᠴᠠ ᠶᠢᠨ ᠬᠥᠭᠵᠢᠯᠲᠡ ᠲᠤᠮᠳᠠᠬᠢ | ᠠᠰᠠᠭᠤᠳᠠᠯ ᠢ ᠰᠢᠢᠳᠪᠦᠷᠢᠯᠡᠵᠦ᠂ ︽ᠤᠷᠢᠬᠠᠨ ᠰᠠᠯᠬᠢ ᠥᠭᠭᠢᠶᠡᠮᠦᠷ ᠬᠤᠷ᠎ᠠ︾ ᠪᠠᠷ ︽ᠪᠠᠭ᠎ᠠ ᠵᠢᠵᠢᠭ | ᠡᠵᠡᠩᠨᠡᠯᠲᠡ ᠶᠢᠨ ᠨᠢᠯᠬ᠎ᠠ ᠨᠠᠬᠢᠶ᠎ᠠ︾ ᠶᠢ ᠤᠮᠳᠠᠯᠠᠵᠤ᠂ ᠲᠡᠳᠡᠨ ᠤ ᠯᠠᠪᠳᠠᠭᠤᠨ ᠢᠶᠠᠷ ᠤᠷᠤᠭᠰᠢᠯᠠᠬᠤ ᠳᠤ ᠬᠦᠴᠦᠨ | ᠨᠠᠮᠠᠷᠢᠯᠠᠨ᠂ ᠬᠥᠭᠵᠢᠭᠦᠯᠦᠨ ᠪᠤᠵᠠᠭᠠᠶᠢᠷᠠᠭᠤᠯᠬᠤ ᠪᠠᠷ ᠵᠤᠷᠢᠯᠭ᠎ᠠ ᠪᠠᠨ ᠪᠤᠯᠭᠠᠭᠰᠠᠨ ᠶᠤᠮ᠃ | ᠡᠨᠡ ᠵᠢᠯ ᠠᠴᠠ ᠨᠠᠰᠢ᠂ ᠠᠪᠠᠭ᠎ᠠ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠲᠠᠢ ᠬᠠᠮᠲᠤᠷᠠᠨ 2024 ᠣᠨ ᠤ ︽ᠬᠠᠪᠤᠷ ᠤᠨ ᠬᠤᠷ᠎ᠠ ᠨᠢᠯᠬ᠎ᠠ ᠨᠠᠬᠢᠶ᠎ᠠ ᠶᠢ | ᠤᠮᠳᠠᠯᠠᠬᠤ︾ ᠲᠤᠰᠬᠠᠶ ᠠᠵᠢᠯᠯᠠᠭ᠎ᠠ ᠥᠷᠨᠢᠭᠦᠯᠵᠦ᠂ ︽ᠬᠠᠷᠠᠭᠠᠯᠵᠠᠯ ᠦᠢᠯᠡᠴᠢᠯᠡᠭᠡ ᠪᠠᠷ ᠪᠠᠭ᠎ᠠ ᠵᠢᠵᠢᠭ ᠠᠵᠦ | ᠠᠬᠤᠶᠢᠯᠠᠯ ᠤᠨ ᠲᠤᠭᠳᠠᠭᠤᠨ ᠬᠦᠭᠵᠢᠯᠳᠡ ᠳᠤ ᠲᠤᠰᠠᠯᠠᠬᠤ︾ ᠭᠤᠤᠯ ᠰᠡᠳᠦᠪ ᠤᠨ ᠲᠣᠭᠤᠷᠢᠨ ᠳᠤ ᠬᠡᠷᠡᠭᠵᠢᠭᠦᠯᠬᠦ | ᠲᠥᠰᠦᠯ ᠢ ᠲᠣᠭᠲᠠᠭᠠᠪᠠ᠃ ᠠᠵᠢᠯᠯᠠᠭ᠎ᠠ ᠥᠷᠨᠢᠭᠦᠯᠦᠭᠰᠡᠨ ᠠᠴᠠ ᠨᠠᠰᠢ᠂ ᠪᠠᠭ᠎ᠠ ᠵᠢᠵᠢᠭ ᠡᠵᠡᠩᠨᠡᠯᠲᠡ ᠶᠢᠨ ᠭᠤᠤᠯ | ᠴᠣᠭᠴᠠ ᠶᠢᠨ ᠭᠠᠶᠢᠯᠢ ᠰᠦᠢᠳᠬᠡᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ᠂ ᠭᠠᠶᠢᠯᠢ | ᠰᠦᠢᠳᠬᠡᠯ ᠤᠨ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠤᠭᠰᠠᠨ | ᠬᠦᠷᠲᠡᠮᠵᠢ ᠶᠢᠨ ᠲᠥᠷᠥᠭᠳᠡᠯ ᠢᠯᠡᠳᠲᠡ ᠳᠡᠭᠡᠭᠰᠢᠯᠡᠪᠡ᠃ ᠡᠶᠢᠨᠬᠦ ᠲᠠᠳᠠᠪᠤᠷᠢᠯᠠᠬᠤ ᠲᠤᠰᠢᠶᠠᠬᠤ ᠦᠢᠯᠡᠳᠦᠯᠴᠡᠭᠰᠡᠨ | ᠠᠷᠭ᠎ᠠ ᠪᠠᠷ ᠭᠠᠶᠢᠯᠢ ᠰᠦᠢᠳᠭᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠨᠢᠨ ᠲᠡᠭᠡᠷ᠎ᠡ ᠨᠢ | ᠤᠬᠠᠭᠤᠯᠬᠤ᠂ ︽ᠠᠵᠢᠯ ᠡᠬᠢᠯᠡᠭᠦᠯᠬᠦ ᠠᠩᠬᠠᠨ ᠤ ᠬᠢᠴᠢᠶᠡᠯ︾ ᠤᠨ ᠪᠣᠯᠪᠠᠰᠤᠷᠠᠯ ᠡᠷᠬᠢᠯᠡᠬᠦ᠂ ︽ᠥᠯᠥ | ᠣᠶᠢᠷᠠᠲᠤᠯᠴᠠᠬᠤ ᠬᠡᠯᠪᠡᠷᠢ︾ ᠪᠠᠷ ᠭᠠᠶᠢᠯᠢ ᠭᠦᠢᠴᠡᠳᠭᠡᠬᠦ ᠶᠢ ᠳᠡᠯᠭᠡᠷᠡᠭᠦᠯᠬᠦ᠂ ᠡᠮᠬᠢᠳᠭᠡᠭᠰᠡᠨ ᠮᠠᠶ᠋ᠢᠭ ᠤᠨ | ᠦᠪᠡᠷᠲᠡᠭᠡᠨ ᠦᠢᠯᠡᠴᠢᠯᠡᠬᠦ ᠳᠠᠪᠴᠠᠩ ᠢ ᠠᠰᠢᠭᠯᠠᠨ ︽24 ᠴᠠᠭ ᠡᠭᠦᠳᠡ ᠪᠠᠨ ᠬᠠᠭᠠᠬᠤ ᠥᠬᠡᠶ︾ ᠦᠢᠯᠡᠴᠢᠯᠡᠭᠡ | ᠵᠡᠷᠭᠡ ᠶᠢ ᠬᠠᠩᠭᠠᠭᠰᠠᠨ︔ ᠭᠠᠶᠢᠯᠢ ᠰᠦᠢᠳᠬᠡᠯ ᠲᠤ ᠬᠤᠯᠪᠣᠭᠳᠠᠬᠤ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ | ᠬᠠᠨᠳᠤᠭᠤᠯᠵᠦ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠪᠤᠯᠤᠨ ᠠᠵᠤ ᠠᠬᠤᠶᠢᠯᠠᠯ ᠤᠨ ᠨᠡᠪᠲᠡᠷᠡᠯᠴᠡᠭᠡ ᠶᠢ | ᠴᠢᠩᠭᠠᠳᠬᠠᠵᠤ᠂ ︽ᠠᠷᠠᠳ ᠱᠠᠭᠠᠷᠳᠠᠬᠤ ᠳᠤ ᠪᠢᠳᠡ ᠦᠢᠯᠡᠴᠢᠯᠡᠬᠦ︾᠂ ︽ᠠᠰᠠᠭᠤᠳᠠᠯ ᠲᠤᠰᠴᠦ ᠲᠠᠷᠤᠶᠢᠬᠠᠨ | ᠰᠢᠢᠳᠪᠦᠷᠢᠯᠡᠬᠦ︾᠂ ︽ᠠᠰᠠᠭᠤᠳᠠᠯ ᠭᠠᠷᠭᠠᠬᠤ ᠦᠭᠡᠢ ᠪᠠᠷ ᠤᠷᠢᠳᠠᠪᠠᠷ ᠰᠢᠢᠳᠪᠦᠷᠢᠯᠡᠬᠦ︾ ᠲᠣᠭᠲᠠᠴᠠ ᠶᠢ | ᠬᠦᠨᠵᠡᠭᠡᠶᠢᠷᠡᠬᠦᠯᠦᠨ᠂ ᠪᠠᠭ᠎ᠠ ᠵᠢᠵᠢᠭ ᠡᠵᠡᠩᠨᠡᠯᠲᠡ ᠶᠢᠨ ᠪᠡᠶᠡᠴᠢ ᠴᠣᠭᠴᠠ ᠶᠢᠨ ᠤᠯᠠᠨ ᠲᠦᠮᠡᠨ ᠤ ᠲᠤᠯᠭᠠᠮ᠎ᠠ | ᠰᠢᠢᠳᠪᠤᠷᠢᠯᠡᠬᠦᠰᠢᠳᠠᠢ᠂ ᠬᠦᠴᠢᠷ ᠲᠦᠪᠡᠭᠳᠠᠢ᠂ ᠤᠯᠠᠨ ᠲᠦᠮᠡᠨ ᠤ ᠰᠠᠨᠠᠭᠠᠰᠢᠷᠠᠵᠦ ᠪᠠᠶᠢᠭ᠎ᠠ᠂ ᠬᠦᠰᠡᠨ ᠬᠦᠯᠢᠶᠡᠵᠦ | ᠪᠠᠶᠢᠭ᠎ᠠ ᠠᠰᠠᠭᠤᠳᠠᠯ ᠢ ᠬᠠᠪᠰᠤᠷᠤᠨ ᠰᠢᠢᠳᠪᠤᠷᠢᠯᠡᠭᠰᠡᠨ︔ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ | ᠲᠦᠷᠦ ᠶᠢᠨ ᠪᠣᠳᠣᠯᠭ᠎ᠠ ᠶᠢ ᠰᠢᠭᠤᠳ ᠲᠦᠷᠭᠡᠨ ᠭᠥᠷᠳᠡᠬᠦ ᠶᠢ ᠠᠬᠢᠭᠤᠯᠵᠤ᠂ ᠤᠯᠠᠨ ᠠᠷᠭ᠎ᠠ ᠵᠠᠮ ᠢᠶᠠᠷ ᠤᠬᠠᠭᠤᠯᠤᠨ | ᠵᠢᠯᠣᠭᠤᠳᠴᠤ᠂ ᠰᠦᠯᠵᠢᠶ᠎ᠡ᠂ ᠬᠠᠯᠠᠮᠰᠢᠯ ᠤᠲᠠᠰᠤ᠂ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠠᠯᠠᠪᠤᠷ ᠵᠡᠷᠭᠡ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠭ᠎ᠠ ᠵᠠᠮ ᠢᠶᠠᠷ ᠲᠥᠷᠥ ᠶᠢᠨ ᠪᠣᠳᠣᠯᠭ᠎ᠠ ᠪᠠᠷ ᠬᠠᠪᠰᠤᠷᠤᠨ | ᠵᠢᠯᠣᠭᠤᠳᠬᠤ ᠡᠷᠴᠢᠮ ᠢ ᠴᠢᠩᠭᠠᠷᠠᠭᠤᠯᠤᠭᠰᠠᠨ ᠪᠠᠶᠢᠨ᠎ᠠ᠃ | ︽ᠬᠠᠪᠤᠷ ᠤᠨ ᠬᠤᠷ᠎ᠠ ᠨᠢᠯᠬ᠎ᠠ ᠨᠠᠬᠢᠶ᠎ᠠ ᠶᠢ ᠤᠮᠳᠠᠯᠠᠬᠤ︾ ᠦᠢᠯᠡᠴᠢᠯᠡᠭᠡᠨ ᠤ ᠲᠥᠪ ᠤᠨ ᠵᠢᠩᠬᠢᠨᠢ ᠪᠠᠷ ᠠᠵᠢᠯ | ᠡᠬᠢᠯᠡᠬᠦ ᠶᠢ ᠳᠠᠭᠠᠯᠳᠤᠨ᠂ ᠨᠠᠩ ᠣᠯᠠᠨ ᠪᠠᠭ᠎ᠠ ᠵᠢᠵᠢᠭᠠᠵᠤ ᠠᠬᠤᠶᠢᠯᠠᠯ ᠡᠨᠡ ᠬᠦ ᠰᠢᠨ᠎ᠡ ᠶᠢ ᠡᠭᠦᠳᠬᠦ | ᠦᠢᠯᠡᠴᠢᠯᠡᠭᠡᠨ ᠤ ᠬᠡᠪ ᠵᠠᠭᠪᠤᠷ ᠤᠨ ᠠᠰᠢᠭ ᠢ ᠭᠥᠷᠳᠡᠵᠦ᠂ ᠠᠪᠠᠭ᠎ᠠ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃ |