ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢᠨ | ᠭᠤᠣᠯᠳᠠᠯᠭ᠎ᠠ ᠨᠢ ᠴᠢᠳᠠᠪᠤᠷᠢᠳᠠᠨ ᠪᠣᠯᠣᠨ᠎ᠠ᠂ ᠰᠢᠨ᠎ᠡ ᠴᠠᠭ ᠦᠶ᠎ᠡ ᠨᠢ ᠥᠷᠭᠡᠨ ᠣᠯᠠᠨ ᠵᠠᠯᠠᠭᠤᠴᠤᠳ ᠤᠨ ᠠᠪᠢᠶᠠᠰ | ᠴᠢᠳᠠᠪᠤᠷᠢ ᠪᠠᠨ ᠪᠠᠳᠠᠷᠠᠭᠤᠯᠵᠤ᠂ ᠬᠦᠴᠦᠨ ᠵᠢᠳᠬᠦᠯ ᠢᠶᠠᠨ ᠦᠵᠡᠭᠦᠯᠬᠦ ᠳᠤ ᠤᠷᠢᠳ ᠡᠮᠦᠨ᠎ᠡ ᠪᠠᠶᠢᠭ᠎ᠠ ᠦᠭᠡᠢ ᠯᠣᠲᠤ | ᠶᠡᠭᠡ ᠣᠷᠣᠨ ᠵᠠᠢ ᠬᠠᠩᠭᠠᠭᠰᠠᠨ ᠪᠦᠭᠡᠳ ᠨᠡᠩ ᠶᠡᠭᠡ ᠬᠠᠷᠢᠭᠤᠴᠠᠯᠭ᠎ᠠ ᠣᠯᠭᠤᠵᠤ᠂ ᠨᠡᠩ ᠦᠨᠳᠦᠷ ᠬᠦᠰᠡᠯ | ᠡᠷᠡᠮᠡᠯᠵᠡᠯ ᠲᠠᠯᠪᠢᠭᠰᠠᠨ ᠪᠠᠶᠢᠨ᠎ᠠ᠃ ᠬᠦᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠥᠷᠭᠡᠨ ᠳᠠᠪᠴᠠᠩ ᠳᠤ | ᠥᠷᠭᠡᠨ ᠣᠯᠠᠨ ᠵᠠᠯᠠᠭᠤᠴᠤᠳ ᠳᠠᠪᠲᠠᠨ ᠪᠤᠯᠪᠠᠰᠤᠷᠠᠵᠤ᠂ ᠰᠢᠨ᠎ᠡ ᠶᠢ ᠰᠡᠳᠬᠢᠵᠦ᠂ ᠰᠢᠨ᠎ᠡ ᠶᠢ ᠡᠭᠦᠳᠦᠨ᠂ ᠵᠤᠷᠢᠭᠲᠠᠢ | ᠪᠠᠷ ᠬᠠᠷᠢᠭᠤᠴᠠᠯᠭ᠎ᠠ ᠡᠭᠦᠷᠭᠡᠯᠡᠨ᠂ ᠰᠢᠨ᠎ᠡ ᠵᠢᠳᠬᠦᠯ ᠭᠠᠷᠭᠠᠬᠤ ᠪᠠᠷ ᠴᠢᠷᠮᠠᠶᠢᠨ᠂ ᠵᠠᠯᠠᠭᠤ ᠨᠠᠰᠤ ᠪᠠᠨ ᠬᠦᠳᠡᠯᠮᠦᠷᠢ | ᠦᠢᠯᠡᠰ ᠢᠶᠠᠷ ᠴᠢᠮᠡᠵᠦ ᠶᠠᠪᠤᠨ᠎ᠠ᠃ ᠳᠡᠯᠡᠬᠡᠶᠢᠬᠤᠩᠭᠤᠷ ᠪᠣᠯ ᠳᠠᠷᠤᠢ ᠳᠡᠳᠡᠨᠡᠷ ᠤᠨ ᠳᠤᠳᠤᠷᠠᠬᠢ ᠨᠢᠭᠡᠨ ᠪᠤᠯᠤᠨ᠎ᠠ᠃ | ᠲᠡᠷᠡᠪᠡᠷ ᠡᠨᠡ ᠵᠢᠯ ᠬᠥᠳᠡᠭᠡ ᠠᠵᠤ ᠠᠬᠤᠢ ᠬᠥᠳᠡᠭᠡ ᠲᠤᠰᠬᠤᠨ ᠤ ᠶᠠᠮᠤᠨ ᠠᠴᠠ ᠣᠯᠭᠤᠭᠰᠠᠨ ᠰᠢᠨ᠎ᠡ ᠨᠢᠭᠡᠨ | ᠡᠭᠡᠯᠵᠢ ᠶᠢᠨ ᠪᠦᠬᠦ ᠤᠯᠤᠰ ᠤᠨ ᠲᠠᠷᠢᠶᠠᠯᠠᠩ ᠤᠨ ᠮᠠᠰᠢᠨ ᠬᠡᠷᠡᠭᠯᠡᠬᠦ ᠨᠢᠭᠡᠳᠦᠭᠡᠷ ᠹᠷᠤᠨᠲ ᠤᠨ ︽ᠨᠤᠲᠤᠭ ᠤᠨ | ᠮᠡᠷᠭᠡᠵᠢᠯᠲᠡᠨ︾ ᠢᠶᠠᠷ ᠰᠤᠩᠭᠤᠭᠳᠠᠵᠤ᠂ ᠣᠷᠢ ᠵᠠᠯᠠᠭᠤ ᠨᠠᠰᠤᠨ ᠤ ᠭᠡᠷᠡᠯ ᠬᠢᠯᠪᠠᠭ᠎ᠠ ᠪᠠᠨ ᠰᠠᠴᠤᠷᠠᠭᠤᠯᠵᠤ᠂ | ᠤᠯᠤᠰ ᠤᠨ ᠳᠡᠰ ᠤᠨ ᠢᠷᠠᠭᠤ ᠠᠯᠳᠠᠷ ᠢ ᠲᠤᠰᠤᠨ᠂ ᠣᠷᠤᠨ ᠨᠤᠲᠤᠭ ᠤᠨ ᠢᠶᠠᠨ ᠠᠯᠳᠠᠷ ᠢ ᠤᠯᠤᠰ ᠳᠠᠶᠠᠭᠠᠷ ᠲᠤ | ᠳᠠᠭᠤᠷᠢᠰᠤᠭᠤᠯᠵᠣ ᠪᠢᠯᠡ᠃ | ᠰᠢᠨ᠎ᠡ ᠴᠠᠭ ᠦᠶ᠎ᠡ ᠶᠢᠨ ᠰᠢᠯᠢᠳᠡᠭ ᠵᠠᠯᠠᠭᠤ | ᠳᠡᠯᠡᠬᠡᠶᠢᠬᠤᠩᠭᠤᠷ ᠪᠣᠯ ᠠᠪᠠᠭ᠎ᠠ ᠬᠤᠰᠢᠭᠤᠨ ᠤ ᠴᠠᠭᠠᠨᠨᠠᠭᠤᠷ ᠪᠠᠯᠭᠠᠰᠣᠨ ᠤ ᠪᠠᠶᠠᠨᠨᠠᠭᠤᠷ ᠭᠠᠴᠠᠭ᠎ᠠ ᠪᠠᠷ | ᠨᠤᠲᠤᠭᠲᠠᠢ᠃ ᠮᠠᠯᠵᠢᠬᠤ ᠦᠢᠯᠡᠳᠪᠦᠷᠢᠯᠡᠯ ᠤᠨ ᠦᠢᠯᠡᠳᠦᠯᠭᠡ ᠳᠤᠮᠳᠠ ᠳᠤᠷᠰᠢᠯᠭ᠎ᠠ ᠪᠠᠨ ᠨᠠᠷᠢᠨ ᠬᠢᠨᠠᠮᠠᠭᠠᠢ | ᠳ᠋ᠦᠩᠨᠡᠵᠦ᠂ ᠲᠤᠰᠬᠠᠢ ᠮᠡᠷᠭᠡᠵᠢᠯ ᠤᠨ ᠰᠤᠷᠤᠭᠰᠠᠨ ᠮᠡᠳᠡᠯᠭᠡ ᠪᠠᠨ ᠪᠠᠳᠠᠷᠠᠭᠤᠯᠤᠨ᠂ ᠨᠤᠲᠤᠭ ᠤᠨ ᠠᠬ᠎ᠠ | ᠳᠡᠭᠦᠦᠨᠡᠷ ᠢᠶᠠᠨ ᠳᠠᠭᠠᠭᠤᠯᠤᠨ ᠰᠢᠨᠵᠢᠯᠡᠬᠦ ᠤᠬᠠᠭᠠᠨᠴᠢ ᠪᠠᠷ ᠪᠠᠶᠠᠵᠢᠬᠤ ᠰᠢᠨ᠎ᠡ ᠵᠠᠮ ᠢ ᠨᠡᠭᠡᠭᠡᠭᠰᠡᠨ ᠴᠢᠳᠠᠪᠤᠷᠢᠯᠢᠭ | ᠵᠠᠯᠠᠭᠤ ᠶᠢᠨ ᠨᠢᠭᠡᠨ ᠪᠢᠯᠡ᠃ ᠲᠡᠷᠡᠪᠡᠷ 2012 ᠣᠨ ᠳᠤ ᠥᠪᠦᠷ ᠮᠣᠩᠭᠤᠯ ᠤᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠲᠠᠷᠢᠶᠠᠯᠠᠩ ᠤᠨ ᠮᠠᠰᠢᠨ ᠮᠧᠬᠠᠨᠢᠭᠵᠢᠯᠲᠠ ᠵᠢᠴᠢ ᠠᠦ᠋ᠲ᠋ᠤᠴᠢᠯᠠᠯᠳᠠ ᠶᠢᠨ ᠲᠤᠰᠬᠠᠢ ᠮᠡᠷᠭᠡᠵᠢᠯ ᠢᠶᠠᠷ | ᠲᠡᠭᠦᠰᠴᠦ᠂ 2015 ᠣᠨ ᠳᠤ ᠰᠢᠯᠢ ᠶᠢᠨ ᠭᠤᠣᠯ ᠠᠶᠢᠮᠠᠭ ᠤᠨ ︽ ᠲᠠᠩᠰᠤᠭ ᠬᠠᠷᠠᠭ᠎ᠠ︾ ᠲᠠᠷᠢᠶᠠᠯᠠᠩ ᠮᠠᠯ | ᠠᠵᠤ ᠠᠬᠤᠢ ᠶᠢᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢ ᠪᠠᠶᠢᠭᠤᠯᠵᠡᠢ᠃ ᠡᠶᠢᠨᠬᠦ ᠪᠦᠬᠦ ᠤᠯᠤᠰ ᠤᠨ | ᠲᠠᠷᠢᠶᠠᠯᠠᠩ ᠤᠨ ᠮᠠᠰᠢᠨ ᠬᠡᠷᠡᠭᠯᠡᠬᠦ ᠨᠢᠭᠡᠳᠦᠭᠡᠷ ᠹᠷᠤᠨᠲ ᠤᠨ ︽ᠨᠤᠲᠤᠭ ᠤᠨ ᠮᠡᠷᠭᠡᠵᠢᠯᠲᠡᠨ︾ ᠢᠶᠠᠷ ᠦᠨᠡᠯᠡᠭᠳᠡᠭᠰᠡᠨ | ᠳᠡᠯᠡᠬᠡᠶᠢᠬᠤᠩᠭᠤᠷ 2023 ᠣᠨ ᠳᠤ ᠪᠦᠬᠦ ᠤᠯᠤᠰ ᠤᠨ ᠬᠦᠳᠡᠭᠡ ᠠᠵᠤ ᠠᠬᠤᠢ ᠬᠦᠳᠡᠭᠡ ᠲᠤᠰᠬᠤᠨ ᠤ | ᠬᠦᠳᠡᠯᠮᠦᠷᠢ ᠶᠢᠨ ᠵᠢᠱᠢᠶᠡᠴᠢ᠂ 2021 ᠣᠨ ᠳᠤ ᠪᠦᠬᠦ ᠠᠶᠢᠮᠠᠭ ᠤᠨ ᠬᠥᠳᠡᠭᠡ ᠲᠤᠰᠬᠤᠨ ᠢ ᠬᠦᠭᠵᠢᠭᠦᠯᠦᠨ | ᠮᠠᠨᠳᠤᠭᠤᠯᠬᠤ ᠵᠠᠯᠠᠭᠤᠴᠤᠳ ᠤᠨ ᠬᠤᠰᠢᠭᠤᠴᠢ ᠪᠠᠷ ᠦᠨᠡᠯᠡᠭᠳᠡᠵᠦ᠂ ᠪᠠᠰᠠ 2017 ᠣᠨ ᠳᠤ ᠪᠦᠬᠦ ᠬᠤᠰᠢᠭᠤᠨ ᠤ | ᠵᠠᠯᠠᠭᠤ ᠪᠠᠶᠠᠵᠢᠯ ᠤᠨ ᠳᠠᠭᠠᠭᠤᠯᠤᠭᠴᠢ᠂ ᠮᠦᠨ ᠲᠤᠰ ᠵᠢᠯ ᠠᠪᠠᠭ᠎ᠠ ᠬᠤᠰᠢᠭᠤᠨ ᠤ ᠰᠢᠯᠢᠳᠡᠭ ᠡᠪᠯᠡᠯ ᠤᠨ ᠭᠡᠰᠢᠭᠦᠨ | ᠵᠡᠷᠭᠡ ᠢᠷᠠᠭᠤ ᠠᠯᠳᠠᠷ ᠢᠶᠠᠷ ᠬᠥᠬᠢᠭᠦᠯᠦᠭᠳᠡᠵᠦ ᠦᠩᠭᠡᠷᠡᠪᠡ᠃ | ᠰᠢᠨ᠎ᠡ ᠶᠢ ᠰᠡᠳᠬᠢᠳᠡᠭ ᠪᠦᠲᠦᠭᠡᠯᠴᠢ ᠵᠠᠯᠠᠭᠤ | ᠰᠤᠷᠴᠣ ᠡᠵᠡᠮᠰᠢᠵᠦ ᠰᠤᠳᠤᠯᠵᠤ ᠨᠢᠭᠲᠠᠯᠠᠬᠤ ᠶᠢ ᠪᠠᠷᠢᠮᠲᠠᠯᠠᠵᠤ ᠶᠠᠪᠤᠳᠠᠭ ᠠᠵᠢᠭᠴᠢ ᠰᠢᠭᠤᠷᠬᠠᠢ | ᠳᠡᠯᠡᠬᠡᠶᠢᠬᠤᠩᠭᠤᠷ ᠶᠡᠭᠡ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ᠂ ᠨᠤᠲᠤᠭ ᠤᠰᠤᠨ ᠳᠠᠭᠠᠨ ᠬᠦᠴᠦ ᠪᠠᠨ | ᠡᠷᠭᠦᠵᠦ᠂ ᠬᠦᠳᠡᠭᠡ ᠨᠤᠲᠤᠭ ᠢᠶᠠᠨ ᠪᠦᠲᠦᠭᠡᠨ ᠪᠠᠶᠢᠭᠤᠯᠬᠤ ᠬᠦᠰᠡᠯᠡᠩ ᠢ ᠡᠪᠦᠷᠯᠡᠨ᠂ ᠡᠷᠡᠰ ᠰᠢᠭᠤᠷᠬᠠᠢ ᠪᠠᠷ | ᠨᠤᠲᠤᠭ ᠲᠠᠭᠠᠨ ᠪᠤᠴᠠᠪᠠ᠃ ᠲᠡᠷᠡᠪᠡᠷ ᠴᠠᠭᠠᠨᠨᠠᠭᠤᠷ ᠪᠠᠯᠭᠠᠰᠤᠨ ᠳᠤ ᠰᠠᠶᠢᠨ ᠳᠤᠷᠠᠴᠤᠤᠯ ᠢᠶᠠᠷ ᠵᠢᠯ ᠢᠯᠡᠭᠦᠦ | ᠠᠵᠢᠯᠯᠠᠨ ᠮᠠᠯᠵᠢᠬᠤ ᠦᠢᠯᠡᠳᠪᠦᠷᠢᠯᠡᠯ ᠤᠨ ᠦᠢᠯᠡᠳᠦᠯᠡᠭᠡ ᠳᠤᠮᠳᠠ ᠳᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠦ᠂ | ᠤᠳᠤᠬᠢᠴᠢᠯᠠᠭᠰᠠᠨ ᠮᠠᠯ ᠠᠵᠤ ᠠᠬᠤᠢ ᠶᠢ ᠠᠬᠢᠭᠤᠯᠵᠤ᠂ ᠮᠠᠯᠴᠢᠳ ᠢ ᠳᠠᠶᠢᠴᠢᠯᠠᠨ ᠳᠠᠭᠠᠭᠤᠯᠵᠤ ᠰᠢᠨᠵᠢᠯᠡᠬᠦ | ᠤᠬᠠᠭᠠᠨᠴᠢ ᠪᠠᠷ ᠪᠠᠶᠠᠵᠢᠬᠤ ᠰᠢᠨ᠎ᠡ ᠵᠠᠮ ᠪᠠᠷ ᠵᠤᠷᠢᠭᠲᠠᠢ ᠠᠵᠢᠯᠯᠠᠭᠰᠠᠨ ᠪᠠᠶᠢᠳᠠᠭ᠃ | ᠳᠡᠯᠡᠬᠡᠶᠢᠬᠤᠩᠭᠤᠷ ᠮᠠᠯᠵᠢᠬᠤ ᠦᠢᠯᠡᠳᠪᠦᠷᠢᠯᠡᠯ ᠤᠨ ᠦᠪᠡᠷ ᠤᠨ ᠦᠷᠲᠡᠭ ᠢ ᠪᠠᠭᠤᠷᠠᠭᠤᠯᠬᠤ ᠡᠭᠦᠳᠡᠨ ᠠᠴᠠ | ᠰᠤᠷᠤᠭᠰᠠᠨ ᠲᠤᠰᠬᠠᠢ ᠮᠡᠷᠭᠡᠵᠢᠯ ᠢᠶᠠᠨ ᠪᠤᠳᠠᠳᠤ ᠦᠢᠯᠡᠳᠦᠯᠭᠡ ᠲᠠᠢ ᠪᠠᠨ ᠤᠶᠠᠯᠳᠤᠭᠤᠯᠤᠨ᠂ ᠵᠢᠯ ᠢᠯᠡᠭᠦᠦ ᠶᠢᠨ | ᠬᠦᠴᠦ ᠵᠠᠷᠤᠴᠠᠭᠤᠯᠵᠤ ᠪᠠᠶᠢᠭᠠᠳ 2015 ᠣᠨ ᠳᠤ ᠮᠠᠯᠴᠢᠳ ᠲᠤ ᠳᠤᠬᠢᠷᠠᠭᠰᠠᠨ ᠤᠷᠤᠨ ᠵᠠᠢ ᠬᠢᠭᠡᠳ | ᠰᠦᠯᠵᠢᠶᠡᠨ ᠳᠤ ᠬᠦᠯᠢᠶᠡᠰᠦᠯᠡᠭᠳᠡᠬᠦ ᠦᠭᠡᠢ ᠪᠠᠷ ᠰᠢᠭᠤᠳ ᠪᠡᠯᠴᠢᠭᠡᠷ ᠲᠤ ᠪᠡᠯᠴᠢᠵᠦ ᠪᠠᠶᠢᠭ᠎ᠠ ᠬᠤᠨᠢ ᠮᠠᠯ ᠢᠶᠠᠨ | ᠭᠡᠷ ᠠᠴᠠ ᠪᠠᠨ ᠦᠵᠡᠵᠦ ᠴᠢᠳᠠᠬᠤ ᠬᠢᠨᠠᠭᠤᠷ ᠳᠤᠷᠠᠨ ᠢ ᠰᠤᠳᠤᠯᠤᠨ ᠦᠢᠯᠡᠳᠴᠦ ᠤᠯᠤᠰ ᠤᠨ ᠳᠤᠰᠬᠠᠢ ᠡᠷᠬᠡ ᠶᠢᠨ | ᠠᠰᠢᠭ ᠢ ᠣᠯᠵᠡᠢ᠃ ᠬᠢᠨᠠᠭᠤᠷ ᠳᠤᠷᠠᠨ ᠨᠢ ᠤᠲᠠᠰᠤ ᠦᠭᠡᠢ ᠬᠢᠨᠠᠭᠤᠷ ᠤᠨ ᠰᠢᠰᠲ᠋ᠧᠮ ᠢ ᠦᠨᠳᠦᠰᠦᠯᠡᠵᠦ᠂ ᠮᠠᠯᠵᠢᠬᠤ | ᠤᠷᠤᠨ ᠤ ᠠᠬᠤᠢ ᠪᠠᠶᠢᠳᠠᠯ ᠳᠤ ᠳᠤᠬᠢᠷᠠᠭᠤᠯᠤᠭᠰᠠᠨ ᠬᠢᠨᠠᠨ ᠡᠵᠡᠮᠰᠢᠬᠦ ᠰᠢᠰᠲ᠋ᠧᠮ ᠪᠤᠯᠤᠨ᠎ᠠ᠃ ᠲᠡᠷᠡ ᠨᠢ ᠬᠢᠨᠠᠨ | ᠡᠵᠡᠮᠰᠢᠬᠦ ᠮᠠᠰᠢᠨ ᠪᠠ ᠤᠲᠠᠰᠤ ᠦᠭᠡᠢ ᠪᠠᠷ ᠳᠠᠮᠵᠢᠭᠤᠯᠬᠤ ᠮᠡᠷᠭᠡᠵᠢᠯ ᠤᠨ ᠰᠠᠭᠤᠷᠢᠨ ᠳᠡᠭᠡᠷ᠎ᠡ ᠨᠠᠷᠠᠨ ᠤ ᠡᠨᠧᠷᠬᠢ ᠪᠠ | ᠴᠠᠬᠢᠯᠭᠠᠨ ᠬᠤᠷᠢᠶᠠᠭᠤᠷ ᠢᠶᠠᠷ ᠴᠠᠬᠢᠯᠭᠠᠨ ᠬᠠᠩᠭᠠᠬᠤ ᠰᠢᠰᠲ᠋ᠧᠮ ᠪᠤᠯᠭᠠᠨ ᠤᠶᠠᠯᠳᠤᠭᠤᠯᠤᠭᠰᠠᠨ ᠰᠢᠨ᠎ᠡ ᠮᠠᠶ᠋ᠢᠭ ᠤᠨ | ᠤᠲᠠᠰᠤ ᠦᠭᠡᠢ ᠪᠠᠷ ᠬᠢᠨᠠᠨ ᠡᠵᠡᠮᠰᠢᠬᠦ ᠳᠦᠬᠦᠭᠡᠷᠦᠮᠵᠢ ᠪᠤᠯᠤᠨ᠎ᠠ᠃ ᠡᠭᠦᠨ ᠠᠴᠠ ᠵᠠᠯᠭᠠᠭᠠᠳ ᠲᠡᠷᠡ ᠵᠤᠷᠢᠭᠲᠠᠢ | ᠰᠤᠳᠤᠯᠤᠨ ᠰᠢᠨᠳᠠᠷᠠᠰᠢ ᠦᠭᠡᠢ ᠰᠦᠪᠡᠭᠴᠢᠯᠡᠵᠦ᠂ 2017 ᠣᠨ ᠳᠤ ᠬᠤᠳᠳᠤᠭ ᠤᠨ ᠠᠯᠤᠰ ᠡᠵᠡᠮᠳᠡᠬᠦᠷ ᠤᠨ | ᠲᠤᠨᠤᠭ ᠢ ᠦᠢᠯᠡᠳᠴᠦ᠂ ᠤᠯᠤᠰ ᠤᠨ ᠲᠤᠰᠬᠠᠢ ᠠᠰᠢᠭ ᠤᠨ ᠡᠷᠬᠡ ᠶᠢ ᠣᠯᠪᠠ᠃ | ᠠᠯᠣᠰ ᠡᠵᠡᠮᠳᠡᠭᠦᠷ ᠬᠤᠳᠳᠤᠭ ᠨᠢ ᠮᠦᠨ ᠨᠠᠷᠠᠨ ᠤ ᠡᠨᠧᠷᠬᠢ ᠪᠠᠷ ᠤᠰᠤ ᠲᠠᠲᠠᠬᠤ ᠮᠠᠰᠢᠨ ᠪᠠ ᠪᠡᠯᠴᠢᠭᠡᠷ ᠤᠨ | ᠬᠢᠨᠠᠭᠤᠷ ᠳᠤᠷᠠᠨ ᠤ ᠰᠠᠭᠤᠷᠢᠨ ᠳᠡᠭᠡᠷ᠎ᠡ ᠠᠯᠣᠰ ᠡᠵᠡᠮᠳᠡᠭᠦᠷ ᠤᠨ ᠰᠢᠰᠲ᠋ᠧᠮ ᠪᠠ ᠠᠦ᠋ᠲ᠋ᠤ᠋ ᠡᠵᠡᠮᠳᠡᠭᠦᠷ ᠲᠠᠢ | ᠤᠶᠠᠯᠳᠤᠭᠤᠯᠵᠤ᠂ ᠭᠠᠷ ᠤᠲᠠᠰᠤ ᠪᠠᠷ ᠬᠤᠳᠳᠤᠭ ᠢ ᠡᠵᠡᠮᠳᠡᠵᠦ ᠳᠡᠶᠢᠯᠬᠦ ᠮᠦᠷᠲᠡᠭᠡᠨ ᠬᠠᠷᠠᠵᠤ ᠴᠢᠳᠠᠬᠤ ᠪᠣᠯᠭᠠᠵᠡᠢ᠃ | ᠲᠡᠷᠡ ᠪᠠᠰᠠ 2018 ᠣᠨ ᠳᠤ ᠤᠯᠠᠨ ᠬᠡᠷᠡᠭᠴᠡᠭᠡᠲᠦ ᠦᠬᠡᠷ ᠲᠡᠵᠢᠭᠡᠬᠦ ᠲᠦᠬᠦᠭᠡᠷᠦᠮᠵᠢ ᠦᠢᠯᠡᠳᠴᠦ ᠭᠤᠷᠪᠠᠳᠠᠬᠢ | ᠤᠯᠣᠰ ᠤᠨ ᠲᠤᠰᠬᠠᠢ ᠠᠰᠢᠭ ᠤᠨ ᠡᠷᠬᠡ ᠪᠠᠨ ᠣᠯᠵᠡᠢ᠃ ᠣᠯᠠᠨ ᠬᠡᠷᠡᠭᠴᠡᠭᠡᠲᠦ ᠦᠬᠡᠷ ᠲᠡᠵᠢᠭᠡᠬᠦ ᠲᠦᠬᠦᠭᠡᠷᠦᠮᠵᠢ | ᠨᠢ ᠭᠤᠣᠯᠳᠠᠭᠤ ᠦᠬᠡᠷ ᠲᠡᠵᠢᠭᠡᠬᠦ᠂ ᠦᠬᠡᠷ ᠲᠤ ᠲᠠᠷᠢᠯᠭ᠎ᠠ ᠬᠢᠬᠦ᠂ ᠦᠬᠡᠷ ᠤᠨ ᠡᠳᠦᠷ ᠪᠦᠷᠢ ᠶᠢᠨ ᠬᠦᠨᠳᠦ ᠶᠢᠨ | ᠬᠡᠮᠵᠢᠶ᠎ᠡ ᠶᠢ ᠲᠡᠮᠳᠡᠭᠯᠡᠨ ᠦᠬᠡᠷ ᠢ ᠲᠤᠬᠢᠷᠠᠮᠵᠢᠲᠠᠢ ᠲᠡᠵᠢᠭᠡᠬᠦ ᠵᠡᠷᠭᠡ ᠪᠠᠷ ᠠᠰᠢᠭᠯᠠᠵᠤ ᠪᠣᠯᠬᠤ ᠮᠦᠷᠲᠡᠭᠡᠨ | ᠪᠦᠷᠢᠮᠦᠰᠦᠨ ᠠᠦ᠋ᠲ᠋ᠤᠴᠢᠯᠠᠯ ᠪᠤᠶᠤ ᠬᠠᠭᠠᠰ ᠠᠦ᠋ᠲ᠋ᠤᠴᠢᠯᠠᠯ ᠬᠡᠯᠪᠡᠷᠢ ᠪᠠᠷ ᠠᠰᠢᠭᠯᠠᠵᠤ ᠪᠣᠯᠳᠠᠭ ᠶᠤᠮ ᠪᠠᠶᠢᠨ᠎ᠠ᠃ | ᠲᠡᠭᠦᠨ ᠤ ᠰᠤᠳᠤᠯᠤᠨ ᠦᠢᠯᠡᠳᠦᠭᠰᠡᠨ ᠭᠤᠷᠪᠠᠨ ᠡᠭᠦᠳᠦᠨ ᠪᠦᠲᠦᠭᠡᠯᠲᠡ ᠨᠢ 2015 ᠣᠨ ᠠᠴᠠ ᠡᠬᠢᠯᠡᠨ ᠮᠠᠨ ᠤ | ᠠᠶᠢᠮᠠᠭ ᠠᠴᠠ ᠭᠠᠳᠠᠨ᠎ᠠ ᠬᠦᠯᠦᠨ ᠪᠤᠶᠢᠷ ᠬᠤᠲᠠ᠂ ᠤᠷᠳᠤᠰ ᠬᠤᠲᠠ᠂ ᠪᠠᠶᠠᠨᠨᠠᠭᠤᠷ ᠬᠤᠲᠠ᠂ ᠤᠯᠠᠭᠠᠨᠬᠠᠳᠠ | ᠬᠤᠲᠠ᠂ ᠤᠯᠠᠭᠠᠨᠴᠠᠪ ᠬᠤᠲᠠ ᠵᠡᠷᠭᠡ ᠠᠶᠢᠮᠠᠭ ᠬᠤᠲᠠ ᠶᠢᠨ 1000 ᠭᠠᠷᠤᠢ ᠮᠠᠯᠵᠢᠬᠤ ᠡᠷᠦᠬᠡ ᠬᠡᠷᠡᠭᠯᠡᠵᠦ᠂ 3 | ᠵᠢᠯ ᠳᠤ ᠨᠡᠶᠢᠲᠡ ᠳ᠋ᠦᠩᠰᠢᠭᠤᠷ ᠭᠠᠷᠤᠢ ᠲᠦᠭᠦᠷᠢᠭ ᠤᠨ ᠦᠢᠯᠡᠳᠪᠦᠷᠢᠯᠡᠯ ᠤᠨ ᠵᠠᠷᠤᠳᠠᠯ ᠢ ᠠᠷᠪᠢᠯᠠᠭᠰᠠᠨ | ᠭᠠᠶᠢᠬᠠᠮᠰᠢᠭᠲᠤ ᠦᠷ᠎ᠡ ᠪᠦᠲᠦᠭᠡᠯ ᠢ ᠪᠢᠴᠢᠭᠯᠡᠭᠰᠡᠨ ᠢᠶᠠᠷ ᠢᠶᠠᠨ ᠰᠢᠯᠢ ᠨᠤᠲᠤᠭ ᠤᠨ ᠰᠢᠯᠢᠳᠡᠭ ᠴᠢᠳᠠᠪᠤᠷᠢᠯᠢᠭ ᠵᠠᠯᠠᠭᠤ | ᠭᠡᠮᠡᠨ ᠲᠠᠨᠢᠭᠳᠠᠭᠰᠠᠨ ᠪᠠᠶᠢᠳᠠᠭ᠃ | ︽ᠮᠢᠨᠤ ᠰᠤᠳᠤᠯᠤᠨ ᠦᠢᠯᠡᠳᠦᠭᠰᠡᠨ ᠭᠤᠷᠪᠠᠨ ᠵᠦᠢᠯ ᠤᠨ ᠡᠭᠦᠳᠦᠨ ᠪᠦᠲᠦᠭᠡᠯᠲᠡ ᠨᠢ ᠪᠦᠷ ᠦᠪᠡᠷ | ᠦᠪᠡᠷ ᠤᠨ ᠣᠨᠴᠠᠯᠢᠭ ᠲᠠᠢ ᠮᠦᠷᠲᠡᠭᠡᠨ ᠮᠠᠯᠵᠢᠬᠤ ᠤᠷᠤᠨ ᠳᠤ ᠯᠡ ᠣᠨᠴᠠᠭᠠᠢ ᠦᠢᠯᠡᠳᠦᠯ ᠬᠡᠷᠡᠭᠴᠡᠭᠡ ᠲᠠᠢ | ᠪᠠᠶᠢᠳᠠᠭ ᠢᠶᠠᠷ ᠢᠶᠠᠨ ᠣᠯᠠᠨ ᠲᠦᠮᠡᠨ ᠳᠤ ᠲᠠᠨᠢᠭᠲᠠᠵᠤ᠂ ᠶᠡᠬᠡᠪᠡᠷ ᠵᠠᠬ᠎ᠠ ᠳᠡᠯᠭᠡᠭᠦᠷ ᠲᠤ ᠭᠠᠷᠤᠭᠰᠠᠨ ᠪᠠᠶᠢᠳᠠᠭ᠃ | ᠬᠢᠨᠠᠭᠤᠷ ᠳᠤᠷᠠᠨ ᠨᠢ 360 ᠭᠷᠡᠳᠦ᠋ᠰ ᠢᠶᠠᠷ ᠡᠷᠭᠢᠯᠳᠦᠵᠦ ᠳᠡᠶᠢᠯᠬᠦ ᠮᠦᠷᠲᠡᠭᠡᠨ 10 ᠭᠠᠵᠠᠷ ᠤᠨ ᠬᠡᠪᠴᠢᠶᠡᠨ | ᠳᠤᠲᠤᠷᠠᠬᠢ ᠮᠠᠯ ᠰᠦᠷᠦᠭ ᠤᠨ ᠪᠠᠶᠢᠳᠠᠯ ᠢ ᠠᠵᠢᠭᠯᠠᠵᠤ ᠲᠡᠶᠢᠯᠬᠦ ᠴᠢᠳᠠᠮᠵᠢ ᠲᠠᠢ ᠪᠠᠶᠢᠳᠠᠭ ᠢᠶᠠᠷ ᠢᠶᠠᠨ ᠬᠡᠷᠡᠭᠯᠡᠭᠴᠢᠳ | ᠲᠤ ᠮᠠᠰᠢ ᠲᠠᠭᠠᠯᠠᠭᠳᠠᠭᠰᠠᠨ᠃ ᠠᠯᠤᠰ ᠡᠵᠡᠮᠳᠡᠭᠦᠷ ᠬᠤᠳᠳᠤᠭ ᠤᠨ ᠡᠵᠡᠮᠳᠡᠬᠦ ᠴᠢᠳᠠᠪᠬᠢ ᠨᠢ ᠭᠠᠷ ᠤᠲᠠᠰᠤ ᠪᠠᠷ | ᠡᠵᠡᠮᠳᠡᠨ ᠤᠰᠤ ᠲᠠᠲᠠᠬᠤ ᠪᠠ ᠠᠦ᠋ᠲ᠋ᠣ᠋ ᠡᠵᠡᠮᠳᠡᠭᠦᠷ ᠢᠶᠠᠷ ᠤᠰᠤ ᠲᠠᠲᠠᠬᠤ ᠵᠡᠷᠭᠡ ᠦᠢᠯᠡᠳᠦᠯ ᠲᠠᠢ ᠪᠠᠶᠢᠳᠠᠭ | ᠮᠦᠷᠲᠡᠭᠡᠨ ᠬᠢᠨᠠᠭᠤᠷ ᠳᠤᠷᠠᠨ ᠢᠶᠠᠷ ᠬᠤᠳᠳᠤᠭ ᠲᠠᠬᠢ ᠮᠠᠯ ᠤᠨ ᠪᠠᠶᠢᠳᠠᠯ᠂ ᠤᠩᠭᠤᠴᠠᠨ ᠲᠠᠬᠢ ᠤᠰᠤᠨ ᠤ | ᠪᠠᠶᠢᠳᠠᠯ ᠢ ᠦᠵᠡᠵᠦ ᠳᠡᠶᠢᠯᠳᠡᠭ᠃ ᠮᠦᠨᠴᠦ WIFI ᠪᠠ ᠲᠤᠤᠷ ᠰᠦᠯᠵᠢᠶᠡᠨ ᠤ ᠤᠳᠤᠬᠢᠴᠢᠯᠠᠭᠰᠠᠨ ᠰᠢᠨᠵᠢᠯᠡᠬᠦ | ᠤᠬᠠᠭᠠᠨ ᠢᠶᠠᠷ ᠳᠠᠮᠵᠢᠵᠤ ᠭᠠᠷ ᠤᠲᠠᠰᠤᠨ ᠳᠤ ᠤᠷᠤᠭᠤᠯᠵᠤ᠂ ᠬᠠᠮᠢᠭ᠎ᠠ ᠬᠦᠷᠦᠭᠰᠡᠨ ᠴᠦ ᠰᠠᠨᠠᠭ᠎ᠠ ᠠᠮᠤᠷ ᠮᠠᠯ | ᠰᠦᠷᠦᠭ᠂ ᠬᠤᠳᠳᠤᠭ ᠤᠰᠤ ᠪᠠᠨ ᠦᠵᠡᠵᠦ᠂ ᠡᠵᠡᠮᠳᠡᠵᠦ ᠳᠡᠶᠢᠯᠦᠨ᠎ᠡ᠃ ᠣᠯᠠᠨ ᠬᠡᠷᠡᠭᠴᠡᠭᠡᠲᠦ ᠦᠬᠡᠷ ᠲᠡᠵᠢᠭᠡᠬᠦ | ᠳᠦᠬᠦᠭᠡᠷᠦᠮᠵᠢ ᠨᠢ ᠮᠠᠯᠵᠢᠬᠤ ᠤᠷᠤᠨ ᠤ ᠦᠭᠡᠷ ᠲᠠᠵᠢᠭᠡᠬᠦ ᠴᠠᠭ ᠢ ᠶᠡᠭᠡᠪᠡᠷ ᠪᠠᠭᠠᠰᠬᠠᠵᠦ᠂ ᠬᠦᠮᠦᠨ ᠤ ᠬᠦᠴᠦ ᠪᠠ | ᠪᠤᠳᠠᠰ ᠤᠨ ᠬᠦᠴᠦᠨ ᠳᠤ ᠠᠷᠪᠢᠲᠠᠢ᠃ ᠮᠦᠨᠴᠦ ᠦᠬᠡᠷ ᠪᠤᠷᠳᠤᠭ᠎ᠠ ᠪᠤᠯᠢᠶᠠᠯᠴᠠᠵᠤ ᠬᠤᠭᠤᠷᠤᠨᠳᠣ ᠢᠶᠠᠨ | ᠮᠦᠷᠭᠦᠯᠳᠦᠨ ᠪᠡᠶ᠎ᠡ ᠪᠡᠶ᠎ᠡ ᠪᠠᠨ ᠭᠡᠮᠳᠦᠭᠡᠬᠦ ᠪᠤᠶᠤ ᠬᠦᠮᠦᠨ ᠰᠢᠷᠬᠠᠳᠤᠭᠤᠯᠬᠤ ᠪᠠᠶᠢᠳᠠᠯ ᠠᠴᠠ ᠵᠠᠶᠢᠯᠠᠰᠬᠢᠵᠦ ᠴᠢᠳᠠᠳᠠᠭ᠃ | ᠮᠢᠨᠤ ᠬᠤᠪᠢ ᠳᠤ ᠡᠨᠡ ᠭᠤᠷᠪᠠᠨ ᠡᠭᠦᠳᠦᠨ ᠪᠦᠲᠦᠭᠡᠯᠲᠡ ᠨᠢ ᠮᠠᠯᠴᠢᠨ ᠠᠷᠠᠳ ᠤᠨ ᠳᠤᠮᠳᠠ ᠶᠡᠭᠡ ᠨᠦᠯᠦᠭᠡ | ᠭᠠᠷᠤᠭᠰᠠᠨ︾ ᠭᠡᠵᠦ ᠳᠡᠯᠡᠬᠡᠶᠢᠬᠤᠩᠭᠤᠷ ᠤᠴᠢᠷᠲᠠᠶᠢᠬᠠᠨ ᠶᠠᠷᠢᠨ᠎ᠠ᠃ | ᠬᠦᠴᠦᠨ ᠵᠢᠳᠬᠦᠯ ᠲᠠᠢ ᠳᠠᠭᠠᠭᠤᠯᠤᠭᠴᠢ ᠵᠠᠯᠠᠭᠤ | ᠨᠤᠲᠤᠭ ᠲᠠᠭᠠᠨ ᠪᠤᠴᠠᠨ ᠠᠵᠢᠯ ᠦᠢᠯᠡᠰ ᠴᠤᠭᠴᠠᠯᠠᠵᠦ᠂ ᠮᠠᠯᠵᠢᠬᠤ ᠤᠷᠤᠨ ᠤ ᠤᠳᠤᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠵᠦ ᠶᠠᠪᠤᠭ᠎ᠠ ᠳᠡᠯᠡᠬᠡᠶᠢᠬᠤᠩᠭᠤᠷ ᠡᠳᠡᠭᠡᠷ ᠵᠢᠯ ᠤᠨ ᠲᠤᠷᠰᠢ | ᠮᠠᠯ ᠠᠵᠤ ᠠᠬᠤᠢ ᠳᠤ ᠬᠡᠷᠡᠭᠰᠡᠬᠦ ᠮᠠᠰᠢᠨ ᠮᠧᠬᠠᠨᠢᠭ ᠢ ᠰᠤᠳᠤᠯᠤᠨ ᠦᠢᠯᠡᠳᠬᠦ ᠵᠢᠴᠢ ᠤᠶᠤᠨᠳᠤ ᠮᠠᠯᠵᠢᠯ ᠤᠨ | ᠲᠠᠯᠠᠪᠠᠢ ᠶᠢᠨ ᠵᠦᠭᠡᠯᠡᠨ ᠲᠤᠨᠤᠭ ᠢ ᠨᠡᠭᠡᠭᠡᠨ ᠬᠦᠭᠵᠢᠭᠦᠯᠬᠦ ᠠᠵᠢᠯ ᠢ ᠴᠢᠷᠮᠠᠶᠢᠨ ᠬᠢᠵᠦ᠂ ᠠᠷᠪᠠᠭᠠᠳ ᠵᠦᠢᠯ ᠤᠨ | ᠵᠦᠭᠡᠯᠡᠨ ᠲᠣᠨᠤᠭ ᠨᠢ ᠣᠯᠣᠰ ᠤᠨ ᠲᠤᠰᠬᠠᠢ ᠠᠰᠢᠭ ᠤᠨ ᠡᠷᠬᠡ ᠶᠢ ᠡᠷᠡᠮᠡᠯᠵᠡᠯᠡᠨ ᠣᠯᠵᠡᠢ᠃ ᠡᠶᠢᠨᠬᠦ ᠮᠠᠯ ᠠᠵᠤ | ᠠᠬᠤᠢ ᠶᠢᠨ ᠮᠠᠰᠢᠨ ᠲᠤᠨᠤᠭᠯᠠᠯ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠤᠯᠠᠮᠵᠢᠯᠠᠯᠲᠤ ᠮᠠᠯ ᠠᠵᠤ | ᠠᠬᠤᠢ ᠶᠢ ᠤᠳᠤ ᠦᠶ᠎ᠡ ᠶᠢᠨ ᠮᠠᠯ ᠠᠵᠤ ᠠᠬᠤᠢ ᠲᠡᠶᠢᠰᠢ ᠬᠤᠪᠢᠷᠠᠭᠤᠯᠬᠤ ᠳᠤ ᠪᠠᠲᠤ ᠪᠠᠬᠢ ᠣᠨᠣᠯ ᠤᠨ ᠰᠠᠭᠤᠷᠢ | ᠪᠠ ᠬᠡᠷᠡᠭᠯᠡᠬᠡᠨ ᠤ ᠬᠡᠷᠡᠭ ᠤᠨ ᠵᠢᠱᠢᠶ᠎ᠡ ᠪᠣᠯᠣᠭᠰᠠᠨ ᠪᠠᠶᠢᠳᠠᠭ᠃ ᠲᠡᠷᠡ ᠨᠤᠲᠤᠭ ᠲᠠᠭᠠᠨ ᠪᠤᠴᠠᠭᠰᠠᠨ ᠤᠶᠤᠲᠠᠨ | ᠪᠤᠯᠤᠭᠰᠠᠨ ᠤ ᠬᠤᠪᠢ ᠳᠤ᠂ ᠮᠠᠯᠵᠢᠬᠤ ᠤᠷᠤᠨ ᠤ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠡᠯ᠎ᠡ | ᠭᠤᠭᠴᠤᠭ᠎ᠠ ᠶᠢ ᠮᠠᠰᠢ ᠰᠠᠶᠢᠨ ᠤᠶᠢᠯᠠᠭᠠᠵᠦ᠂ ᠰᠢᠨ᠎ᠡ ᠡᠭᠦᠳᠦᠯᠳᠡ ᠶᠢᠨ ᠰᠡᠳᠬᠢᠮᠵᠢ ᠨᠢᠭᠡᠪᠦᠷᠢ ᠨᠢ ᠮᠠᠯ ᠠᠵᠤ | ᠠᠬᠤᠢ ᠶᠢᠨ ᠦᠢᠯᠡᠳᠪᠦᠷᠢᠯᠡᠯ ᠲᠠᠢ ᠨᠢᠭᠲᠠ ᠬᠤᠯᠪᠤᠭ᠎ᠠ ᠲᠠᠢ ᠪᠠᠶᠢᠳᠠᠭ ᠢᠶᠠᠷ ᠢᠶᠠᠨ ᠣᠨᠴᠠᠯᠢᠭᠳᠠᠳᠠᠭ᠃ | ᠳᠡᠯᠡᠬᠡᠶᠢᠬᠤᠩᠭᠤᠷ ᠤᠨ ᠰᠢᠨ᠎ᠡ ᠮᠡᠷᠭᠡᠵᠢᠯ ᠢ ᠨᠢ ᠮᠠᠯᠵᠢᠬᠤ ᠦᠢᠯᠡᠳᠪᠦᠷᠢᠯᠡᠯ ᠳᠤ ᠲᠦᠭᠡᠮᠡᠯ ᠬᠡᠷᠡᠭᠯᠡᠵᠦ᠂ ᠮᠠᠯᠵᠢᠬᠤ | ᠦᠢᠯᠡᠳᠪᠦᠷᠢᠯᠡᠯ ᠤᠨ ᠦᠪᠡᠷ ᠤᠨ ᠦᠷᠲᠡᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠭᠰᠠᠨ ᠪᠠᠶᠢᠳᠠᠭ᠃ | ᠡᠶᠢᠨᠬᠦ ᠴᠠᠭ ᠦᠶ᠎ᠡ ᠲᠠᠢ ᠵᠡᠷᠭᠡᠴᠡᠨ ᠤᠷᠤᠭᠰᠢᠯᠠᠵᠤ᠂ ᠮᠠᠯᠵᠢᠬᠤ ᠦᠢᠯᠡᠳᠪᠦᠷᠢᠯᠡᠯ ᠤᠨ ᠮᠠᠰᠢᠨ ᠲᠤᠨᠤᠭ ᠢ | ᠠᠦ᠋ᠲ᠋ᠤᠴᠢᠯᠠᠬᠤ᠂ ᠤᠶᠤᠨᠴᠢᠯᠠᠬᠤ ᠲᠡᠶᠢᠰᠢ ᠬᠦᠭᠵᠢᠭᠦᠯᠵᠦ᠂ ᠮᠠᠯᠵᠢᠬᠤ ᠤᠷᠤᠨ ᠤ ᠳᠤᠰᠠᠯᠠᠬᠤ ᠠᠵᠤ ᠦᠢᠯᠡᠰ ᠢ | ᠬᠦᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠴᠠᠭ ᠦᠶ᠎ᠡ ᠲᠠᠢ ᠵᠤᠬᠢᠴᠠᠭᠤᠯᠤᠨ ᠵᠤᠷᠢᠭᠲᠠᠢ ᠰᠦᠪᠡᠭᠴᠢᠯᠡᠯᠲᠡ | ᠰᠢᠨᠡᠴᠢᠯᠡᠯᠲᠡ ᠬᠢᠵᠦ᠂ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠨᠢᠭᠡ ᠮᠦᠷᠦᠨ ᠤ ᠬᠦᠴᠦᠨ ᠢᠶᠠᠨ | ᠡᠷᠭᠦᠭᠰᠡᠭᠡᠷ ᠢᠷᠡᠪᠡ᠃ ᠲᠡᠷᠡ ᠰᠢᠨ᠎ᠡ ᠴᠠᠭ ᠦᠶ᠎ᠡ ᠶᠢᠨ ᠮᠠᠯᠴᠢᠨ ᠵᠠᠯᠠᠭᠤᠴᠤᠳ ᠤᠨ ᠰᠢᠯᠢᠳᠡᠭ ᠳᠠᠭᠠᠭᠤᠯᠤᠭᠴᠢ | ᠪᠤᠯᠤᠭᠰᠠᠨ ᠤ ᠬᠤᠪᠢ ᠳᠤ᠂ ᠲᠡᠳᠡ ᠨᠠᠷ ᠲᠠᠭᠠᠨ ᠳᠠᠭᠤᠷᠢᠶᠠᠯ ᠪᠤᠯᠵᠤ᠂ ᠬᠦᠰᠡᠯ ᠪᠤᠳᠤᠯ ᠨᠢᠭᠡᠲᠡᠢ | ᠵᠠᠯᠠᠭᠤᠴᠤᠳ ᠢᠶᠠᠨ ᠳᠠᠶᠢᠴᠢᠯᠠᠨ ᠳᠠᠭᠠᠭᠤᠯᠵᠤ᠂ ᠺᠤᠮᠫᠠᠨᠢ ᠳᠠᠭᠠᠨ ᠠᠵᠢᠯᠯᠠᠭᠤᠯᠤᠨ ᠤᠳᠤ ᠦᠶ᠎ᠡ ᠶᠢᠨ ᠮᠠᠯ ᠠᠵᠤ | ᠠᠬᠤᠢ ᠶᠢᠨ ᠬᠥᠭᠵᠢᠯᠲᠡ ᠲᠠᠢ ᠠᠯᠬᠤᠭ᠎ᠠ ᠪᠠᠨ ᠨᠢᠭᠡᠳᠬᠡᠨ᠂ ᠨᠢᠭᠡ ᠰᠡᠳᠬᠢᠯ ᠨᠢᠭᠡ ᠵᠣᠷᠢᠭ ᠢᠶᠠᠷ ᠨᠢᠭᠡ ᠦᠢᠯᠡᠰ ᠤᠨ | ᠲᠦᠯᠦᠭᠡ ᠵᠢᠳᠬᠦᠨ ᠴᠢᠷᠮᠠᠶᠢᠨ᠎ᠠ᠃ |