ᠠᠪᠠᠭ᠎ᠠ ᠬᠤᠰᠢᠭᠤᠨ ᠤ ᠪᠠᠶᠠᠨᠲᠤᠭ ᠰᠤᠮᠤᠨ ᠤ ᠨᠤᠮᠤᠭᠠᠨ ᠭᠠᠴᠠᠭ᠎ᠠ ᠪᠠᠷ ᠨᠤᠲᠤᠭᠲᠠᠢ ᠤᠰᠬᠠᠯ ᠪᠣᠯ ᠬᠤᠯᠠ | ᠣᠶᠢᠷ᠎ᠠ ᠳᠠᠭᠠᠨ ᠠᠯᠳᠠᠷᠲᠠᠢ ᠰᠢᠲᠠᠷᠠᠴᠢᠨ ᠦᠬᠢᠨ ᠪᠢᠯᠡ᠃ ᠬᠠᠷᠠᠬᠠᠨ ᠪᠠᠭ᠎ᠠ ᠠᠴᠠ ᠪᠠᠨ ᠰᠢᠲᠠᠷ᠎ᠠ ᠲᠤᠭᠯᠠᠬᠤ | ᠳᠤᠷᠠᠲᠠᠢ ᠤᠰᠬᠠᠯ ᠳᠤᠯᠤᠭᠠᠨ ᠨᠠᠰᠤᠨ ᠠᠴᠠ ᠪᠠᠨ ᠡᠪᠦᠭᠡ ᠡᠮᠡᠭᠡ ᠲᠠᠢ ᠪᠠᠨ ᠰᠢᠲᠠᠷ᠎ᠠ ᠲᠣᠭᠯᠠᠳᠠᠭ ᠪᠠᠶᠢᠪᠠ᠃ ᠪᠠᠭ᠎ᠠ | ᠰᠤᠷᠭᠠᠭᠤᠯᠢ ᠶᠢᠨ ᠳᠦᠷᠪᠡᠳᠦᠭᠡᠷ ᠣᠨ ᠠᠴᠠ ᠪᠠᠨ ᠰᠤᠷᠭᠠᠭᠤᠯᠢ ᠶᠢᠨ ᠰᠢᠲᠠᠷ᠎ᠠ ᠶᠢᠨ ᠠᠩᠭᠢ ᠳᠤ ᠤᠷᠤᠯᠴᠠᠵᠤ | ᠲᠤᠰᠬᠠᠢ ᠪᠤᠯᠪᠠᠰᠤᠷᠠᠯ ᠬᠦᠷᠲᠡᠭᠰᠡᠨ ᠪᠠᠶᠢᠨ᠎ᠠ᠃ ᠡᠳᠡᠭᠡᠷ ᠵᠢᠯ ᠳᠤ ᠲᠡᠷᠡ ᠬᠤᠰᠢᠭᠤ ᠠᠶᠢᠮᠠᠭ ᠤᠨ ᠶᠡᠭᠡ ᠪᠠᠭ᠎ᠠ | ᠬᠡᠪᠴᠢᠶᠡᠨ ᠤ ᠤᠷᠤᠯᠳᠤᠭᠠᠨ ᠳᠤ ᠤᠯᠠᠨᠲᠠ ᠤᠷᠤᠯᠴᠠᠭᠠᠳ ᠰᠢᠯᠢᠳᠡᠭ ᠬᠢᠷᠢ ᠪᠦᠲᠦᠮᠵᠢ ᠤᠯᠵᠤ᠂ ᠢᠯᠠᠩᠭᠤᠶ᠎ᠠ | ᠤᠶᠢᠷ᠎ᠠ ᠶᠢᠨ ᠬᠡᠳᠦᠨ ᠵᠢᠯ ᠠᠴᠠ ᠬᠢᠷᠢ ᠪᠦᠲᠦᠮᠵᠢ ᠨᠢ ᠳᠡᠭᠡᠭᠰᠢᠯᠡᠭᠡᠳ ᠤᠯᠤᠰ ᠤᠨ ᠳᠡᠰ ᠤᠨ ᠤᠷᠤᠯᠳᠤᠭᠠᠨ ᠳᠤ | ᠲᠡᠷᠢᠭᠦᠯᠡᠬᠦ ᠪᠤᠯᠤᠭᠰᠠᠨ ᠶᠤᠮ᠃ | ᠤᠰᠬᠠᠯ ᠬᠠᠮᠤᠭ ᠤᠨ ᠠᠩᠬ᠎ᠠ 2015 ᠣᠨ ᠤ 5 ᠰᠠᠷ᠎ᠠ ᠳᠤ ᠤᠷᠤᠯᠳᠤᠭᠠᠨ ᠳᠤ ᠤᠷᠤᠯᠴᠠᠭᠰᠠᠨ ᠠᠵᠢ᠃ | ᠠᠪᠠᠭ᠎ᠠ ᠬᠤᠰᠢᠭᠤᠨ ᠤ ︽ᠴᠢᠩᠭᠢᠰ ᠪᠣᠭᠳᠠ ᠠᠭᠤᠯᠠ ᠶᠢᠨ ᠳᠠᠬᠢᠯᠭ᠎ᠠ︾ ᠶᠢᠨ ᠨᠠᠶᠢᠷ ᠤᠨ ᠰᠢᠲᠠᠷ᠎ᠠ ᠶᠢᠨ | ᠤᠷᠤᠯᠳᠤᠭᠠᠨ ᠳᠤ ᠲᠤᠮᠤ ᠬᠦᠮᠦᠨ ᠤ ᠳᠤᠭᠤᠶᠢᠯᠠᠩ ᠳᠤ ᠤᠷᠤᠯᠳᠤᠵᠤ ᠪᠠᠶᠢᠭᠰᠠᠨ ᠨᠢ ᠤᠰᠬᠠᠯ ᠤᠨ ᠤᠯᠠᠨ ᠣᠯᠠᠨ | ᠤᠷᠤᠯᠳᠤᠭᠠᠨ ᠳᠤ ᠣᠳᠤ ᠬᠡᠶᠢᠮᠦᠷᠢ ᠲᠠᠢ ᠤᠷᠤᠯᠴᠠᠬᠤ ᠶᠢᠨ ᠬᠢᠨᠢ ᠡᠬᠢᠯᠡᠯ ᠪᠠᠶᠢᠵᠡᠢ᠃ ᠲᠡᠷᠡ 2015 ᠣᠨ ᠳᠤ | ᠰᠢᠯᠢ ᠶᠢᠨ ᠭᠤᠣᠯ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠨᠠᠢᠮᠠᠳᠤᠭᠠᠷ ᠤᠳᠠᠭᠠᠨ ᠤ | ︽ᠪᠢᠯᠢᠭ ᠤᠨ ᠰᠤᠶᠢᠯᠭᠠ︾ ᠮᠣᠩᠭᠤᠯ ᠰᠢᠲᠠᠷ᠎ᠠ ᠶᠢᠨ ᠤᠷᠤᠯᠳᠤᠭᠠᠨ ᠳᠤ ᠰᠣᠷᠭᠠᠭᠤᠯᠢ ᠪᠠᠨ ᠲᠥᠯᠦᠭᠡᠯᠡᠨ | ᠣᠷᠣᠯᠴᠠᠵᠡᠢ᠃ 2016 ᠣᠨ ᠤ 3 ᠰᠠᠷ᠎ᠠ ᠳᠤ ᠠᠪᠠᠭ᠎ᠠ ᠬᠤᠰᠢᠭᠤᠨ ᠤ ᠮᠣᠩᠭᠤᠯ ᠦᠨᠳᠦᠰᠦᠲᠡᠨ ᠤ ᠪᠠᠭ᠎ᠠ | ᠰᠤᠷᠭᠠᠭᠤᠯᠢ ᠶᠢᠨ ︽ᠣᠶᠣᠨ ᠳᠠᠮᠢᠷ︾ ᠰᠠᠷ᠎ᠠ ᠶᠢᠨ ᠮᠠᠩᠯᠠᠢ ᠰᠢᠯᠠᠭᠠᠷᠭᠤᠯᠬᠤ ᠠᠩᠬᠠᠳᠤᠭᠠᠷ ᠤᠳᠠᠭᠠᠨ ᠤ | ᠤᠷᠤᠯᠳᠤᠭᠠᠨ ᠳᠤ ᠲᠡᠷᠢᠭᠦᠨ ᠨᠡᠷ᠎ᠡ ᠳᠤ ᠰᠢᠯᠭᠠᠷᠠᠵᠠᠢ᠃ ᠡᠨᠡ ᠮᠡᠲᠦ ᠪᠠᠷ ᠤᠰᠬᠠᠯ ᠤᠨ ᠱᠠᠩᠨᠠᠯ ᠬᠥᠬᠢᠭᠦᠯᠦᠯ ᠢ | ᠳᠤᠷᠠᠳᠬᠤ ᠳᠤ ᠬᠠᠭᠤᠲᠠᠰᠤ ᠪᠠᠭᠠᠳᠠᠬᠤ ᠮᠡᠳᠦ ᠰᠠᠨᠠᠭᠳᠠᠨ᠎ᠠ᠃ ᠲᠡᠷᠡ 2017 ᠣᠨ ᠤ 1 ᠰᠠᠷ᠎ᠠ ᠳᠤ | ᠬᠥᠬᠡᠬᠤᠳᠠ ᠳᠤ ᠪᠤᠯᠤᠭᠰᠠᠨ ︽ ᠬᠥᠬᠡᠬᠤᠳᠠ ᠬᠤᠨᠳᠠᠭᠠᠲᠤ︾ ᠪᠦᠬᠦ ᠤᠯᠤᠰ ᠤᠨ ᠳᠡᠯᠡᠬᠡᠢ ᠶᠢᠨ ᠰᠢᠲᠠᠷ᠎ᠠ ᠶᠢᠨ | ᠤᠷᠤᠯᠳᠤᠭᠠᠨ ᠳᠤ 12 ᠨᠠᠰᠤᠨ ᠤ ᠡᠮᠡᠭᠲᠡᠢ ᠶᠢᠨ ᠳᠤᠭᠤᠶᠢᠯᠠᠩ ᠳᠤ ᠪᠦᠷᠢᠨ ᠬᠤᠪᠢ ᠪᠠᠷ ᠲᠡᠷᠢᠭᠦᠯᠡᠵᠦ᠂ ᠳᠤᠮᠳᠠᠳᠤ | ᠤᠯᠤᠰ ᠤᠨ ᠳᠡᠯᠡᠬᠡᠢ ᠶᠢᠨ ᠰᠢᠲᠠᠷ᠎ᠠ ᠶᠢᠨ ᠶᠢᠰᠦᠳᠦᠭᠡᠷ ᠳᠡᠰ ᠤᠨ ᠰᠢᠲᠠᠷᠠᠴᠢᠨ ᠤ ᠦᠨᠡᠮᠯᠡᠯ ᠢ ᠰᠢᠯᠭᠠᠨ ᠠᠪᠤᠭᠰᠠᠨ | ᠪᠠᠶᠢᠨ᠎ᠠ ᠃ | ᠤᠰᠬᠠᠯ ᠵᠢᠯ ᠠᠴᠠ ᠵᠢᠯ ᠭᠠᠷᠮᠠᠭᠠᠢ ᠰᠢᠳᠠᠷᠠᠴᠢᠨ ᠪᠣᠯᠵᠤ᠂ ᠳᠡᠰ ᠢᠶᠠᠨ ᠴᠦ ᠳᠡᠪᠰᠢᠭᠦᠯᠵᠦ ᠪᠠᠶᠢᠭ᠎ᠠ ᠶᠤᠮ᠃ | 2017 ᠣᠨ ᠤ 2 ᠰᠠᠷ᠎ᠠ ᠳᠤ ᠪᠤᠭᠤᠳᠦ ᠬᠤᠳᠠ ᠳᠤ ᠪᠤᠯᠤᠭᠰᠠᠨ ᠪᠤᠭᠤᠲᠤ ᠤᠷᠳᠤᠰ ᠤᠨ ᠵᠠᠯᠠᠭᠤ ᠪᠠᠭᠠᠴᠣᠳ ᠤᠨ | ᠳᠡᠯᠡᠬᠡᠢ ᠶᠢᠨ ᠰᠢᠲᠠᠷ᠎ᠠ ᠶᠢᠨ ᠤᠷᠤᠯᠳᠤᠭᠠᠨ ᠤ ᠪᠤᠭᠤᠲᠤ ᠶᠢᠨ ᠲᠠᠯᠠᠪᠠᠢ ᠳᠠᠬᠢ B ᠳᠤᠭᠤᠶᠢᠯᠠᠩ ᠤᠨ 12 ᠨᠠᠰᠤᠨ ᠤ | ᠲᠤᠭᠤᠶᠢᠯᠠᠩ ᠤᠨ ᠳᠡᠳ᠋ ᠨᠡᠷ᠎ᠡ ᠳᠤ ᠰᠢᠯᠭᠠᠷᠠᠵᠤ᠂ ᠳᠤᠮᠳᠠᠳᠤ ᠤᠯᠤᠰ ᠤᠨ ᠳᠡᠯᠡᠬᠡᠢ ᠶᠢᠨ ᠰᠢᠲᠠᠷ᠎ᠠ ᠶᠢᠨ ᠳᠣᠯᠣᠳᠤᠭᠠᠷ | ᠳᠡᠰ ᠤᠨ ᠰᠢᠲᠠᠷᠠᠴᠢᠨ ᠤ ᠦᠨᠡᠮᠯᠡᠯ ᠢ ᠰᠢᠯᠭᠠᠨ ᠠᠪᠤᠭᠰᠠᠨ ᠶᠤᠮ᠃ ᠣᠰᠬᠠᠯ ᠵᠢᠯ ᠤᠨ ᠵᠢᠯ ᠬᠠᠮᠢᠭ᠎ᠠ ᠤᠷᠤᠯᠳᠤᠭᠠᠨ | ᠪᠠᠶᠢᠪᠠᠯ ᠪᠦᠷ ᠤᠷᠤᠯᠴᠠᠳᠠᠭ᠃ ᠠᠪᠠᠭ᠎ᠠ ᠬᠤᠰᠢᠭᠤᠨ ᠤ ︽ᠵᠢᠭᠦᠷ ᠬᠤᠨᠳᠠᠭᠠᠲᠤ︾ ᠠᠩᠬᠠᠳᠤᠭᠠᠷ ᠤᠳᠠᠭᠠᠨ ᠤ | ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠮᠤᠩᠭᠤᠯ ᠰᠢᠲᠠᠷ᠎ᠠ ᠶᠢᠨ ᠤᠷᠤᠯᠳᠤᠭᠠᠨ᠂ ᠰᠠᠯᠢ ᠶᠢᠨ ᠭᠤᠣᠯ | ᠠᠶᠢᠮᠠᠭ ᠤᠨ ᠬᠤᠶᠠᠳᠤᠭᠠᠷ ᠤᠳᠠᠭᠠᠨ ᠤ ᠨᠠᠰᠤᠲᠠᠶᠢᠴᠤᠳ ᠤᠨ ᠲᠠᠮᠢᠷ ᠤᠨ ᠰᠤᠯᠢᠯᠴᠠᠭᠠᠨ ᠤ ᠰᠢᠲᠠᠷ᠎ᠠ ᠶᠢᠨ | ᠤᠷᠤᠯᠳᠤᠭᠠᠨ ᠤ ᠪᠠᠭ᠎ᠠ ᠰᠤᠷᠭᠠᠭᠤᠯᠢ ᠶᠢᠨ ᠳᠤᠭᠤᠶᠢᠯᠠᠩ ᠤᠨ ᠤᠷᠤᠯᠳᠤᠭᠠᠨ᠂ ᠡᠷᠢᠶᠡᠨ ᠬᠤᠲᠠ ᠶᠢᠨ ︽ᠨᠢᠭᠡ | ᠪᠦᠰᠡ ᠨᠢᠭᠡ ᠵᠠᠮ︾ ᠲᠠᠯ᠎ᠠ ᠨᠤᠲᠤᠭ ᠤᠨ ᠰᠤᠶᠤᠯ ᠤᠨ ᠰᠤᠳᠤᠯᠭᠠᠨ ᠤ ᠨᠡᠶᠢᠭᠡᠮᠯᠢᠭ ᠠᠴᠠ ᠡᠷᠬᠢᠯᠡᠨ | ᠶᠠᠪᠤᠭᠳᠠᠭᠤᠯᠤᠭᠰᠠᠨ ︽ᠢ ᠯᠢᠨ ᠬᠤᠨᠳᠠᠭᠠᠲᠤ︾ ᠣᠯᠠᠨ ᠤᠯᠤᠰ ᠤᠨ ᠮᠣᠩᠭᠤᠯ ᠰᠢᠲᠠᠷ᠎ᠠ ᠶᠢᠨ ᠤᠷᠤᠯᠳᠤᠭᠠᠨ᠂ | ᠰᠠᠩ ᠤᠨ ᠲᠠᠯᠠᠢ ᠪᠠᠯᠭᠠᠰᠤᠨ ᠳᠤ ᠶᠠᠪᠤᠭᠳᠠᠭᠰᠠᠨ ︽ ᠲᠣᠭᠤᠨᠤᠲᠤ ᠨᠤᠲᠤᠭ︾ ᠪᠦᠬᠦ ᠣᠷᠣᠨ ᠤ ᠪᠠᠭᠠᠴᠤᠳ | ᠬᠡᠦᠬᠡᠳ ᠤᠨ ᠳᠡᠯᠡᠬᠡᠢ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠰᠢᠯᠢ ᠶᠢᠨ ᠭᠤᠣᠯ ᠠᠶᠢᠮᠠᠭ ᠤᠨ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠷᠪᠠᠳᠤᠭᠠᠷ ᠤᠳᠠᠭᠠᠨ ᠤ ︽ᠪᠢᠯᠢᠭ ᠤᠨ ᠰᠣᠶᠢᠯᠭ᠎ᠠ︾ ᠮᠣᠩᠭᠤᠯ | ᠰᠢᠲᠠᠷ᠎ᠠ ᠶᠢᠨ ᠤᠷᠤᠯᠳᠤᠭᠠᠨ᠂ ᠰᠢᠯᠢ ᠶᠢᠨ ᠬᠤᠲᠠ ᠳᠤ ᠪᠤᠯᠤᠭᠰᠠᠨ ︽ᠲᠠᠯ᠎ᠠ ᠨᠤᠲᠤᠭ ᠤᠨ ᠸᠠᠩ ᠠᠷᠢᠬᠢ︾ | ᠬᠤᠨᠳᠠᠭᠠᠲᠤ ᠮᠣᠩᠭᠤᠯ ᠰᠢᠲᠠᠷ᠎ᠠ ᠶᠢᠨ ᠤᠷᠤᠯᠳᠤᠭᠠᠨ ᠵᠡᠷᠭᠡ ᠤᠷᠤᠯᠳᠤᠭᠠᠨ ᠳᠤ ᠱᠠᠩᠨᠠᠯ ᠲᠤᠰᠴᠣ ᠪᠠᠶᠢᠭᠰᠠᠨ ᠢ ᠨᠢ | ᠳᠣᠷᠠᠳᠬᠤ ᠳᠤ ᠤᠷᠮᠠᠲᠠᠢ ᠪᠠᠶᠢᠨ᠎ᠠ᠃ | ᠤᠰᠬᠠᠯ ᠠᠪᠠᠭ᠎ᠠ ᠨᠤᠲᠤᠭ ᠤᠨ ᠢᠶᠠᠨ ᠬᠡᠪᠴᠢᠶᠡᠨ ᠳᠤ ᠮᠡᠳᠡᠷᠡᠭᠳᠡᠵᠦ ᠪᠠᠶᠢᠭᠰᠠᠨ ᠪᠣᠯ ᠣᠳᠣ ᠪᠣᠯᠬᠤ ᠳᠤ ᠪᠦᠬᠦ | ᠣᠷᠣᠨ ᠴᠢᠨᠠᠭᠰᠢᠯᠠᠭᠠᠳ ᠪᠦᠬᠦ ᠣᠯᠣᠰ ᠤᠨ ᠣᠷᠣᠯᠳᠣᠭᠠᠨ ᠳᠤ ᠣᠷᠣᠯᠴᠠᠭᠠᠳ ᠴᠦ ᠳᠡᠭᠡᠭᠦᠷ ᠪᠠᠶᠢᠷᠢ ᠡᠵᠡᠯᠡᠬᠦ | ᠪᠣᠯᠵᠡᠢ᠃ ︽ᠶᠤᠸᠠᠨ ᠵᠢᠶᠦ᠋ᠨ ᠬᠤᠨᠳᠠᠭᠠᠲᠤ︾ ᠬᠥᠬᠡᠬᠤᠳᠠ᠂ ᠪᠤᠭᠤᠲᠤ᠂ ᠤᠷᠳᠤᠰ ᠬᠤᠲᠠ ᠶᠢᠨ ᠵᠠᠯᠠᠭᠤᠴᠤᠳ | ᠪᠠᠭᠠᠴᠣᠳ ᠤᠨ ᠳᠡᠯᠡᠬᠡᠢ ᠶᠢᠨ ᠰᠢᠲᠠᠷ᠎ᠠ ᠶᠢᠨ ᠨᠡᠭᠡᠭᠡᠯᠲᠡᠲᠡᠢ ᠤᠷᠤᠯᠳᠤᠭᠠᠨ᠂ ᠠᠩᠬᠠᠳᠤᠭᠠᠷ ᠤᠳᠠᠭᠠᠨ ᠤ ︽ᠡᠵᠡᠨ | ᠰᠤᠷᠭᠠᠨ ᠬᠦᠮᠦᠵᠢᠯ︾ ᠬᠤᠨᠳᠠᠭᠠᠲᠤ ᠪᠦᠬᠦ ᠤᠷᠤᠨ ᠤ ᠤᠷᠤᠯᠳᠤᠭᠠᠨ ᠤ ᠮᠣᠩᠭᠤᠯ ᠰᠢᠲᠠᠷ᠎ᠠ ᠶᠢᠨ ᠤᠷᠤᠯᠳᠤᠭᠠᠨ᠂ | ᠠᠩᠬᠠᠳᠤᠭᠠᠷ ᠤᠳᠠᠭᠠᠨ ᠤ ︽ᠶᠤᠸᠠᠨ ᠤ ᠳᠡᠭᠡᠲᠦ ᠨᠡᠶᠢᠰᠯᠡᠯ︾ ᠪᠦᠬᠦ ᠤᠯᠤᠰ ᠤᠨ ᠳᠡᠯᠡᠬᠡᠢ ᠶᠢᠨ ᠰᠢᠲᠠᠷ᠎ᠠ ᠶᠢᠨ | ᠤᠷᠤᠯᠳᠤᠭᠠᠨ᠂ ᠥᠪᠦᠷ ᠮᠣᠩᠭᠤᠯ ᠤᠨ ᠳᠡᠯᠡᠬᠡᠢ ᠶᠢᠨ ᠰᠢᠲᠠᠷ᠎ᠠ ᠶᠢᠨ ᠰᠢᠲᠠᠷ᠎ᠠ ᠶᠢᠨ ᠬᠠᠭᠠᠨ᠂ ᠰᠢᠲᠠᠷ᠎ᠠ ᠶᠢᠨ ᠬᠠᠲᠤᠨ | ᠰᠢᠯᠭᠠᠷᠠᠭᠤᠯᠬᠤ ᠤᠷᠤᠯᠳᠤᠭᠠᠨ᠂ ᠪᠦᠬᠦ ᠤᠷᠤᠨ ᠤ ᠣᠶᠣᠨ ᠤ ᠲᠠᠮᠢᠷ ᠤᠨ ᠴᠤᠭᠯᠠᠭᠠᠨ᠂ ᠠᠩᠬᠠᠳᠤᠭᠠᠷ ᠤᠳᠠᠭᠠᠨ ᠤ | ᠣᠶᠤᠨ ᠤ ᠲᠠᠮᠢᠷ ᠤᠨ ᠴᠤᠭᠯᠠᠭᠠᠨ ᠤ ᠮᠣᠩᠭᠤᠯ ᠰᠢᠲᠠᠷ᠎ᠠ ᠶᠢᠨ ᠤᠷᠤᠯᠳᠤᠭᠠᠨ ᠳᠤ ᠲᠡᠷᠡ ᠠᠯᠳᠠᠯ ᠦᠭᠡᠢ | ᠤᠷᠤᠯᠴᠠᠭᠰᠠᠨ ᠮᠦᠷᠲᠡᠭᠡᠨ ᠪᠦᠷ ᠳᠡᠭᠡᠭᠦᠷ ᠱᠠᠩᠨᠠᠯ ᠳᠤᠰᠴᠡᠢ᠃ ᠤᠨᠴᠠᠭᠠᠶᠢᠯᠠᠨ ᠳᠤᠷᠠᠳᠤᠭᠤᠰᠢᠲᠠᠢ ᠨᠢ ︽ᠲᠦᠮᠡᠳ | ᠬᠤᠨᠳᠠᠭᠠᠲᠤ︾ ᠳᠡᠯᠡᠬᠡᠢ ᠶᠢᠨ ᠤᠷᠤᠯᠳᠤᠭᠠᠨ ︵ᠥᠪᠦᠷ ᠮᠣᠩᠭᠤᠯ︶ ᠳᠤ ᠲᠡᠷᠢᠭᠦᠯᠡᠭᠰᠡᠨ ᠨᠢ ᠲᠡᠭᠦᠨ ᠢ ᠤᠯᠠᠮ | ᠵᠤᠷᠢᠭᠵᠢᠭᠤᠯᠤᠭᠰᠠᠨ ᠠᠵᠢ᠃ ᠲᠡᠷᠡ ᠰᠢᠯᠢ ᠶᠢᠨ ᠬᠤᠲᠠ ᠳᠤ ᠪᠤᠯᠤᠭᠰᠠᠨ ᠠᠩᠬᠠᠳᠤᠭᠠᠷ ᠤᠳᠠᠭᠠᠨ ᠤ ︽ᠰᠢᠯᠢᠨ︾ | ᠬᠤᠨᠳᠠᠭᠠᠲᠤ ᠳᠡᠯᠡᠬᠡᠢ ᠶᠢᠨ ᠰᠢᠲᠠᠷ᠎ᠠ ᠶᠢᠨ ᠤᠷᠤᠯᠳᠤᠭᠠᠨ ᠵᠢᠴᠢ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ | ᠣᠶᠤᠨ ᠤ ᠲᠠᠮᠢᠷ ᠤᠨ ᠴᠤᠭᠯᠠᠭᠠᠨ ᠤ ᠳᠡᠯᠡᠬᠡᠢ ᠶᠢᠨ ᠰᠢᠲᠠᠷ᠎ᠠ ᠶᠢᠨ ᠥᠪᠦᠷ ᠮᠣᠩᠭᠤᠯ ᠤᠨ ᠥᠪᠡᠷᠲᠡᠭᠡᠨ ᠵᠠᠰᠠᠬᠤ | ᠤᠷᠣᠨ ᠤ ᠲᠦᠯᠦᠭᠡᠯᠡᠭᠴᠢ ᠰᠢᠯᠭᠠᠷᠠᠭᠤᠯᠬᠤ ᠤᠷᠤᠯᠳᠤᠭᠠᠨ ᠳᠤ ᠡᠮᠡᠭᠲᠡᠢ ᠶᠢᠨ A ᠳᠤᠭᠤᠶᠢᠯᠠᠩ ᠳᠤ ᠲᠡᠷᠢᠭᠦᠯᠡᠵᠦ᠂ | ᠬᠦᠬᠡᠬᠤᠲᠠᠨ᠎ᠠ ᠪᠤᠯᠤᠭᠰᠠᠨ ᠪᠦᠬᠦ ᠤᠯᠤᠰ ᠤᠨ ︽ᠲᠦᠮᠡᠳ ᠬᠤᠨᠳᠠᠭᠠᠲᠤ︾ ᠤᠷᠤᠯᠳᠤᠭᠠᠨ ᠳᠤ ᠲᠡᠷᠢᠭᠦᠯᠡᠭᠰᠡᠨ ᠢᠶᠠᠷ | ᠳᠡᠳ᠋ ᠮᠠᠰᠲ᠋ᠧᠷ ᠴᠤᠯᠠ ᠬᠠᠮᠠᠭᠠᠯᠠᠭᠰᠠᠨ ᠪᠠᠶᠢᠨ᠎ᠠ᠃ ᠲᠡᠷᠡ ᠥᠪᠦᠷ ᠮᠣᠩᠭᠤᠯ ᠢᠶᠠᠨ ᠲᠦᠯᠦᠭᠡᠯᠡᠨ ᠳᠦᠷᠪᠡᠳᠦᠭᠡᠷ | ᠤᠳᠠᠭᠠᠨ ᠤ ᠪᠦᠬᠦ ᠤᠯᠤᠰ ᠤᠨ ᠣᠶᠤᠨ ᠤ ᠲᠠᠮᠢᠷ ᠤᠨ ᠴᠤᠭᠯᠠᠭᠠᠨ ᠳᠤ ᠤᠷᠤᠯᠴᠠᠨ ᠲᠡᠷᠢᠭᠦᠯᠡᠵᠦ᠂ ᠨᠤᠲᠤᠭ ᠤᠰᠤ | ᠲᠡᠳᠦᠢ ᠦᠭᠡᠢ᠂ ᠪᠦᠬᠦ ᠤᠷᠤᠨ ᠳᠠᠭᠠᠨ ᠢᠷᠠᠭᠤ ᠠᠯᠳᠠᠷ ᠠᠪᠴᠢᠷᠠᠭᠰᠠᠨ ᠪᠠᠶᠢᠨ᠎ᠠ᠃ ᠲᠡᠷᠡ 2019 ᠣᠨ ᠳᠤ | ᠬᠠᠷᠪᠢᠨ ᠬᠤᠲᠠ ᠶᠢᠨ ᠵᠢᠷᠭᠤᠳᠤᠭᠠᠷ ᠬᠤᠭᠤᠴᠠᠭᠠᠨ ᠤ ︽ᠬᠤᠩ ᠲᠠᠢ︾ ᠬᠤᠨᠳᠠᠭᠠᠲᠤ ᠪᠦᠬᠦ ᠤᠯᠤᠰ ᠤᠨ ᠶᠡᠭᠡ | ᠮᠠᠰᠲ᠋ᠧᠷ ᠴᠤᠯᠠ ᠣᠯᠭᠤᠬᠤ ᠤᠷᠤᠯᠳᠤᠭᠠᠨ ᠤ ᠡᠮᠡᠭᠲᠡᠢ ᠶᠢᠨ ᠳᠤᠭᠤᠶᠢᠯᠠᠩ ᠤᠨ ᠭᠤᠷᠪᠠᠳᠤᠭᠠᠷ ᠨᠡᠷ᠎ᠡ ᠪᠠᠷ | ᠲᠤᠳᠤᠷᠠᠵᠤ ᠶᠡᠭᠡ ᠮᠠᠰᠲ᠋ᠧᠷ ᠴᠤᠯᠠ ᠪᠠᠨ ᠬᠠᠮᠠᠭᠠᠯᠠᠪᠠ᠃ 2021 ᠣᠨ ᠤ 5 ᠰᠠᠷ᠎ᠠ ᠳᠤ ᠲᠦᠮᠡᠨ ᠭᠠᠵᠠᠷ ᠤᠨ | ᠴᠠᠢ ᠶᠢᠨ ᠵᠠᠮ ᠳᠤᠯᠤᠨ ᠨᠠᠭᠤᠷ ᠤᠨ ᠳᠡᠯᠡᠬᠡᠢ ᠶᠢᠨ ᠰᠢᠲᠠᠷ᠎ᠠ ᠶᠢᠨ ᠢᠯᠡ ᠤᠷᠤᠯᠳᠤᠭᠠᠨ ᠳᠤ ᠮᠣᠩᠭᠤᠯ ᠰᠢᠲᠠᠷ᠎ᠠ ᠶᠢᠨ | ᠡᠮᠡᠭᠲᠡᠢ ᠶᠢᠨ ᠳᠤᠭᠤᠶᠢᠯᠠᠩ ᠳᠤ ᠲᠡᠷᠢᠭᠦᠯᠡᠪᠡ᠃ 2021 ᠣᠨ ᠤ 6 ᠰᠠᠷ᠎ᠠ ᠳᠤ ᠬᠤᠶᠠᠳᠤᠭᠠᠷ ᠤᠳᠠᠭᠠᠨ ᠤ ︽ | ᠰᠢᠯᠢᠨ ᠬᠤᠨᠳᠠᠭᠠᠲᠤ︾ ᠪᠦᠬᠦ ᠤᠷᠤᠨ ᠤ ᠳᠡᠯᠡᠬᠡᠢ ᠶᠢᠨ ᠰᠢᠲᠠᠷ᠎ᠠ ᠶᠢᠨ ᠤᠷᠤᠯᠳᠤᠭᠠᠨ ᠳᠤ ᠲᠠᠪᠤᠳᠤᠭᠠᠷ ᠨᠡᠷ᠎ᠡ ᠳᠤ | ᠲᠣᠳᠤᠷᠠᠵᠡᠢ᠂ 2022 ᠣᠨ ᠤ 8 ᠰᠠᠷ᠎ᠠ ᠳᠤ᠂ ᠪᠦᠬᠦ ᠠᠶᠢᠮᠠᠭ ᠤᠨ ᠮᠣᠩᠭᠤᠯ ᠰᠢᠲᠠᠷ᠎ᠠ ᠶᠢᠨ ᠤᠷᠤᠯᠳᠤᠭᠠᠨ ᠳᠤ | ᠠᠪᠠᠭ᠎ᠠ ᠬᠤᠰᠢᠭᠤ ᠪᠠᠨ ᠲᠦᠯᠦᠭᠡᠯᠡᠨ ᠳᠡᠳ᠋ ᠨᠡᠷ᠎ᠡ ᠳᠤ ᠳᠤᠲᠤᠷᠠᠪᠠ᠃ 2023 ᠣᠨ ᠤ 3 ᠰᠠᠷ᠎ᠠ ᠳᠤ ᠲᠠᠪᠤᠳᠤᠭᠠᠷ | ᠤᠳᠠᠭᠠᠨ ᠤ ᠪᠦᠬᠦ ᠤᠯᠤᠰ ᠤᠨ ᠣᠶᠣᠨ ᠤ ᠲᠠᠮᠢᠷ ᠤᠨ ᠴᠤᠭᠯᠠᠭᠠᠨ ᠳᠤ ᠡᠮᠡᠭᠲᠡᠢ ᠶᠢᠨ ᠳᠤᠭᠤᠶᠢᠯᠠᠩ ᠳᠤ | ᠲᠡᠷᠢᠭᠦᠯᠡᠪᠡ᠃ 2023 ᠣᠨ ᠤ 6 ᠰᠠᠷ᠎ᠠ ᠳᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠣᠶᠣᠨ ᠤ ᠲᠠᠮᠢᠷ ᠤᠨ | ᠴᠤᠭᠯᠠᠭᠠᠨ ᠳᠤ ᠡᠮᠡᠭᠲᠡᠢ ᠶᠢᠨ ᠳᠤᠭᠤᠶᠢᠯᠠᠩ ᠳᠤ ᠳᠡᠳ᠋ ᠨᠡᠷ᠎ᠡ ᠳᠤ ᠲᠤᠳᠤᠷᠠᠪᠠ᠃ 2023 ᠣᠨ ᠤ 10 ᠰᠠᠷ᠎ᠠ ᠳᠤ᠂ | ᠪᠦᠬᠦ ᠤᠯᠤᠰ ᠤᠨ ᠣᠶᠣᠨ ᠤ ᠲᠠᠮᠢᠷ ᠤᠨ ᠴᠤᠭᠯᠠᠭᠠᠨ ᠳᠤ ᠥᠪᠦᠷ ᠮᠣᠩᠭᠤᠯ ᠢᠶᠠᠨ ᠲᠥᠯᠦᠭᠡᠯᠡᠨ ᠲᠡᠷᠢᠭᠦᠯᠡᠪᠡ᠃ | 2024 ᠣᠨ ᠤ 8 ᠰᠠᠷ᠎ᠠ ᠶᠢᠨ 14 ᠤ ᠡᠳᠦᠷ ᠪᠦᠬᠦ ᠤᠯᠤᠰ ᠤᠨ ᠳᠡᠯᠡᠬᠡᠢ ᠶᠢᠨ ᠰᠢᠲᠠᠷ᠎ᠠ ᠶᠢᠨ ᠶᠡᠭᠡ ᠮᠠᠰᠲ᠋ᠧᠷ | ᠤᠨ ᠤᠷᠤᠯᠳᠤᠭᠠᠨ ᠤ ᠡᠮᠡᠭᠲᠡᠢ ᠶᠢᠨ ᠶᠡᠭᠡ ᠮᠠᠰᠲ᠋ᠧᠷ ᠤᠨ ᠳᠤᠭᠤᠶᠢᠯᠠᠩ ᠳᠤ ᠭᠤᠷᠪᠠᠳᠤᠭᠠᠷ ᠲᠤ ᠤᠷᠤᠭᠰᠠᠨ ᠵᠡᠷᠭᠡ | ᠪᠠᠷ ᠳᠠᠷᠠᠭᠠᠯᠠᠵᠤ ᠪᠢᠴᠢᠬᠦ ᠶᠤᠮ ᠪᠣᠯ ᠭᠠᠶᠢᠬᠠᠮᠠᠷ ᠠᠷᠪᠢᠨ ᠪᠠᠶᠢᠯ᠎ᠠ᠃ ᠤᠰᠬᠠᠯ ᠳᠤᠷᠠᠲᠠᠢ ᠵᠦᠢᠯ ᠢᠶᠠᠨ | ᠪᠠᠷᠢᠮᠲᠠᠯᠠᠭᠰᠠᠨ ᠤ ᠪᠠᠨ ᠬᠠᠷᠢᠭᠤ ᠳᠤ ᠪᠠᠭ᠎ᠠ ᠪᠤᠰᠤ ᠱᠠᠩᠨᠠᠯ ᠳᠤᠰᠤᠭᠰᠠᠨ ᠨᠢ ᠡᠨᠡ ᠪᠤᠶᠤ᠃ |