ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ︽12 · 5 ᠶᠢᠨ ᠣᠯᠠᠨ ᠤᠯᠤᠰ ᠤᠨ ᠰᠠᠶᠢᠨ ᠳᠤᠷᠠᠴᠤᠳ ᠤᠨ ᠡᠳᠦᠷ︾ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/9
   ᠬᠠᠷᠢᠶᠠᠲᠤ ᠣᠷᠣᠨ‌‍ᠲ᠋ᠤᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠪᠣᠯᠤᠨ ᠭᠡᠷ ᠪᠦᠯᠢ ᠶᠢᠨ ᠭᠠᠯ ᠤᠨ ᠠᠶᠤᠯ ᠢ ᠪᠦᠳᠦᠮᠵᠢᠲᠡᠢ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 12 ᠰᠠᠷ᠎ᠠ ᠶᠢᠨ 5 ᠤ ᠡᠳᠦᠷ᠂ ᠶᠡᠭᠡ ᠠᠩᠭᠢ ᠭᠠᠯ ᠤᠨᠲᠠᠷᠠᠭᠠᠬᠤ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ︽ᠣᠯᠠᠨ ᠤᠯᠤᠰ ᠤᠨ ᠰᠠᠶᠢᠨ ᠳᠤᠷ᠎ᠠ ᠶᠢᠨ ᠠᠵᠢᠯᠯᠠᠭᠰᠠᠳ ᠤᠨ ᠡᠳᠦᠷ︾ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠭᠠᠯ ᠤᠨᠲᠠᠷᠠᠭᠠᠬᠤ ᠰᠠᠶᠢᠨ ᠳᠤᠷ᠎ᠠ ᠶᠢᠨ ᠦᠢᠯᠡᠴᠢᠯᠡᠭᠴᠢᠳ ᠣᠯᠠᠨ ᠲᠦᠮᠡᠨ ᠳᠤ ᠬᠢᠲᠠᠳ ᠮᠤᠩᠭᠤᠯ ᠬᠤᠤᠰ ᠬᠡᠯᠡ ᠪᠠᠷ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠪᠥᠭᠡᠳ ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ᠂ ᠠᠩᠬᠠᠨ ᠤ ᠦᠶ᠎ᠡ ᠶᠢᠨ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠭᠠᠯ ᠤᠨ ᠲᠠᠯᠠᠪᠠᠶ ᠶᠢᠨ ᠠᠮᠢ ᠵᠢᠭᠤᠲᠠᠬᠤ ᠤᠷ᠎ᠠ ᠮᠡᠷᠭᠡᠵᠢᠯ᠂ ᠡᠳᠦᠷ ᠲᠤᠲᠤᠮ ᠤᠨ ᠬᠡᠷ ᠪᠦᠯᠢ ᠶᠢᠨ ᠴᠠᠬᠢᠯᠭᠠᠨ ᠬᠡᠢ ᠬᠡᠷᠡᠭᠯᠡᠬᠦ ᠶᠢ ᠠᠩᠬᠠᠷᠬᠤ ᠵᠦᠢᠯᠡᠰ ᠵᠡᠷᠭᠡ ᠶᠢ ᠨᠠᠷᠢᠨ ᠲᠠᠶᠢᠯᠪᠤᠷᠢᠯᠠᠪᠠ᠃ ᠡᠭᠦᠨ ᠤ ᠬᠠᠮᠲᠤ᠂ ᠰᠠᠶᠢᠨ ᠳᠤᠷ᠎ᠠ ᠶᠢᠨ ᠦᠢᠯᠡᠴᠢᠯᠡᠭᠴᠢ ᠪᠠᠰᠠ ᠬᠠᠷᠢᠶᠠᠲᠤ ᠲᠤᠭᠤᠷᠢᠭ ᠤᠨ ᠰᠠᠭᠤᠭᠠᠯᠢ ᠠᠷᠠᠳ ᠣᠯᠠᠨ ᠲᠦᠮᠡᠨ ᠳᠤ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠬᠡᠷ ᠪᠦᠯᠢ ᠶᠢᠨ ᠳᠠᠯᠳᠠ ᠬᠡᠮ ᠢ ᠥᠪᠡᠰᠦᠪᠡᠨ ᠪᠠᠶᠢᠴᠠᠭᠠᠵᠤ ᠥᠪᠡᠰᠦᠪᠡᠨ ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠭᠠᠯ ᠤᠨᠲᠠᠷᠠᠭᠠᠬᠤ ᠵᠠᠮ᠂ ᠲᠠᠷᠬᠠᠭᠠᠬᠤ ᠵᠠᠮ ᠤᠨ ᠰᠠᠭᠠᠳ ᠥᠬᠡᠶ ᠨᠡᠪᠲᠡᠷᠡᠬᠦ᠂ ᠪᠥᠭᠯᠡᠷᠡᠬᠦ ᠦᠵᠡᠭᠳᠡᠯ ᠥᠬᠡᠶ ᠪᠠᠶᠢᠬᠤ ᠶᠢ ᠪᠠᠲᠤᠯᠠᠬᠤ ᠵᠢᠴᠢ ᠴᠠᠬᠢᠯᠭᠠᠨ ᠬᠥᠳᠡᠯᠭᠡᠭᠦᠷᠲᠦ ᠲᠡᠷᠭᠡ ᠶᠢ ᠠᠮᠤᠷ ᠲᠦᠪᠰᠢᠨ ᠢᠶᠠᠷ ᠵᠣᠭᠰᠣᠭᠠᠵᠤ ᠴᠠᠬᠢᠯᠭᠠᠨ ᠴᠡᠨᠡᠭᠯᠡᠬᠦ ᠵᠡᠷᠭᠡ ᠠᠩᠬᠠᠷᠬᠤ ᠵᠦᠶ᠋ᠯᠡᠰ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠰᠠᠨᠠᠭᠤᠯᠪᠠ᠃    ᠲᠣᠰ ᠤᠳᠠᠭᠠᠨ ᠤ ᠥᠷᠨᠢᠭᠦᠯᠦᠭᠰᠡᠨ ᠭᠠᠯ ᠤᠨᠲᠠᠷᠠᠭᠠᠬᠤ ᠰᠠᠶᠢᠨ ᠳᠤᠷ᠎ᠠ ᠶᠢᠨ ᠠᠵᠢᠯᠯᠠᠭᠰᠠᠳ ᠤᠨ ᠤᠬᠠᠭᠤᠯᠭ᠎ᠠ ᠶᠢᠨ ᠠᠵᠢᠯᠯᠠᠭ᠎ᠠ ᠨᠢ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠬᠡᠪᠴᠢᠶ᠎ᠡ ᠶᠢ ᠥᠷᠭᠡᠳᠬᠡᠵᠦ᠂ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠦᠨ᠂ ᠭᠠᠯ ᠤᠨᠲᠠᠷᠠᠭᠠᠬᠤ ᠢᠳᠡᠪᠬᠢ ᠬᠦᠴᠦᠨ ᠢ ᠳᠠᠮᠵᠢᠭᠤᠯᠵᠤ᠂ ᠭᠠᠯ ᠤᠨᠲᠠᠷᠠᠭᠠᠬᠤ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ᠭᠠᠯ ᠤᠨᠲᠠᠷᠠᠭᠠᠬᠤ ᠠᠵᠢᠯ ᠢ ᠦᠨᠡᠨ ᠬᠦ ︽ᠠᠮᠢᠳᠤᠷᠠᠯ ᠳᠤ  ᠣᠶᠢᠷᠠᠲᠤᠭᠤᠯᠵᠤ᠂ ᠣᠯᠠᠨ ᠲᠦᠮᠡᠨ ᠲᠠᠢ ᠣᠶᠢᠷᠠᠲᠤᠭᠤᠯᠬᠤ︾ ᠶᠢᠨ ᠲᠥᠯᠥᠭᠡ ᠶᠤᠮ᠃ ᠲᠠᠷᠠᠭᠠᠴᠢ ᠶᠢᠨ ᠠᠯᠬᠤᠮ ᠳᠤ᠂ ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠭᠠᠯ ᠤᠨᠲᠠᠷᠠᠭᠠᠬᠤ ᠰᠠᠶᠢᠨ ᠲᠤᠷᠠᠴᠤᠳ ᠤᠨ ᠤᠬᠠᠭᠤᠯᠭ᠎ᠠ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠭᠠᠯ ᠤᠨᠲᠠᠷᠠᠭᠠᠬᠤ ᠰᠠᠶᠢᠨ ᠲᠤᠷᠠᠴᠤᠳ ᠤᠨ ᠤᠬᠠᠭᠤᠯᠭ᠎ᠠ ᠶᠢᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠤᠨᠲᠠᠷᠠᠭᠠᠬᠤ ᠤᠬᠠᠭᠤᠯᠭ᠎ᠠ ᠶᠢ ᠨᠠᠩ ᠡᠷᠴᠢᠮᠲᠡᠢ ᠬᠡᠷᠡᠭᠵᠢᠬᠦᠯᠬᠦ ᠳᠤ ᠠᠬᠢᠭᠤᠯᠬᠤ ᠦᠢᠯᠡᠳᠦᠯ ᠦᠵᠡᠭᠦᠯᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号