ᠠᠩᠬᠠᠨ ᠤ ᠴᠠᠰᠤᠨ ᠤ ᠲᠡᠷᠠᠭᠠᠬᠢ᠂ ᠠᠪᠠᠭ᠎ᠠ ᠬᠤᠰᠢᠭᠤᠨ ᠤ ︽ᠬᠡᠦᠬᠡᠳ ᠪᠠ ᠮᠣᠷᠢ︾ ᠭᠤᠣᠯ ᠰᠡᠳᠦᠪᠲᠦ | ᠰᠣᠶᠣᠯ ᠤᠨ ᠬᠦᠷᠢᠶᠡᠯᠡᠩ ᠨᠢ ᠴᠠᠰᠤᠨ ᠲᠤᠮᠳᠠ ᠴᠠᠶᠢᠯᠵᠠᠨ ᠰᠦᠨᠳᠡᠷᠯᠡᠵᠦ᠂ ᠡᠪᠤᠯ ᠤᠨ ᠤᠯᠠᠷᠢᠯ ᠤᠨ ᠡᠳᠡᠭᠡᠳ | ᠦᠵᠡᠮᠵᠢ ᠶᠢ ᠪᠦᠷᠢᠳᠦᠬᠦᠯᠦᠨ᠎ᠡ᠃ | ᠰᠤᠷᠪᠤᠯᠵᠢᠯᠠᠭᠴᠢ ᠠᠪᠠᠭ᠎ᠠ ᠬᠤᠰᠢᠭᠤᠨ ᠤ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠪᠡᠯᠡ | ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠣᠢᠯᠠᠭᠠᠭᠰᠠᠨ ᠢᠶᠠᠷ᠂ ᠣᠳᠣᠬᠠᠨ ᠳᠤ ︽ᠬᠡᠦᠬᠡᠳ | ᠪᠠ ᠮᠣᠷᠢ︾ ᠭᠤᠣᠯ ᠰᠡᠳᠦᠪᠲᠦ ᠰᠣᠶᠣᠯ ᠤᠨ ᠬᠦᠷᠢᠶᠡᠯᠡᠩ ᠤᠨ ᠪᠠᠷᠢᠯᠭ᠎ᠠ ᠶᠢᠨ 85% ᠶᠢ ᠨᠢᠭᠡᠨᠳᠡ ᠲᠠᠭᠤᠰᠬᠠᠵᠦ᠂ | ᠵᠢᠱᠢᠯᠲᠡ ᠪᠠᠷ ᠢᠷᠡᠬᠦ ᠵᠢᠯ ᠤᠨ 6 ᠰᠠᠷ᠎ᠠ ᠶᠢᠨ 1 ᠤ ᠡᠳᠦᠷ ᠣᠯᠠᠨ ᠨᠡᠶᠢᠲᠡ ᠳᠤ ᠬᠠᠨᠳᠤᠨ ᠵᠢᠩᠬᠢᠨᠢ ᠪᠠᠷ | ᠨᠡᠭᠡᠭᠡᠯᠲᠡ ᠬᠢᠵᠦ ᠠᠰᠢᠭᠯᠠᠯᠲᠠ ᠳᠤ ᠤᠷᠤᠭᠤᠯᠬᠤ ᠪᠠᠷ ᠪᠠᠶᠢᠨ᠎ᠠ᠃ | ︽ᠬᠡᠤᠬᠡᠳ ᠪᠠ ᠮᠣᠷᠢ︾ ᠭᠤᠤᠯ ᠰᠡᠳᠦᠪᠲᠦ ᠰᠣᠶᠣᠯ ᠤᠨ ᠬᠦᠷᠢᠶᠡᠯᠡᠩ ᠪᠣᠯ ᠪᠥᠬᠦ ᠠᠶᠢᠮᠠᠭ ᠤᠨ ᠠᠳᠤᠭᠤᠨ ᠤ | ᠠᠵᠤ ᠦᠢᠯᠡᠰ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠠᠯᠤᠰ | ᠢᠷᠡᠭᠡᠳᠦᠢ ᠲᠠᠢ ᠭᠦᠢᠴᠡᠳ ᠤᠶᠠᠯᠳᠤᠭᠤᠯᠤᠨ᠂ ︽ᠬᠡᠤᠬᠡᠳ ᠪᠠ ᠮᠣᠷᠢ︾ ᠪᠠᠷ ᠭᠤᠤᠯ ᠪᠣᠯᠭᠠᠵᠤ᠂ | ᠰᠢᠰᠲ᠋ᠧᠮᠵᠢᠭᠦᠯᠦᠭᠰᠡᠨ᠂ ᠵᠦᠷᠢᠶᠡᠴᠢᠯᠡᠭᠰᠡᠨ ᠪᠠ ᠥᠪᠡᠷᠮᠢᠴᠡ ᠬᠥᠭᠵᠢᠯᠲᠡ ᠶᠢᠨ ᠰᠡᠳᠬᠢᠮᠵᠢ ᠪᠠᠷ᠂ ︽ᠬᠡᠤᠬᠡᠳ ᠪᠠ | ᠮᠣᠷᠢ︾ ᠶᠢᠨ ᠬᠡᠷ ᠣᠷᠣᠨ ᠪᠠ ᠠᠳᠤᠭᠤᠨ ᠰᠤᠶᠤᠯ ᠢ ᠪᠡᠶᠡᠴᠢᠯᠡᠨ ᠣᠶᠢᠯᠠᠭᠠᠬᠤ ᠣᠷᠳᠣᠨ ᠤ ᠬᠡᠷ ᠳᠣᠲᠣᠷᠠᠬᠢ | ᠳᠡᠯᠭᠡᠨ ᠦᠵᠡᠭᠦᠯᠦᠯᠭᠡ᠂ ᠬᠡᠷ ᠳᠣᠲᠣᠷᠠᠬᠢ ᠮᠣᠷᠢᠨ ᠮᠡᠷᠭᠡᠵᠢᠯ ᠤᠨ ᠪᠣᠯᠪᠠᠰᠤᠷᠠᠯ ᠤᠨ ᠣᠷᠳᠣᠨ᠂ ᠨᠡᠭᠡᠭᠡᠯᠲᠡᠲᠦ | ᠮᠠᠶ᠋ᠢᠭ ᠤᠨ ᠮᠣᠷᠢᠨ ᠤ ᠬᠠᠰᠢᠶ᠎ᠠ᠂ ᠪᠢᠲᠡᠭᠦᠮᠵᠢᠯᠡᠭᠰᠡᠨ ᠮᠠᠶ᠋ᠢᠭ ᠤᠨ ᠮᠣᠷᠢᠨ ᠤ ᠬᠠᠰᠢᠶ᠎ᠠ᠂ ᠠᠳᠤᠭᠤᠨ ᠤ ᠤᠯᠠᠭ᠎ᠠ | ᠥᠷᠲᠡᠭᠡ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ ᠲᠣᠭᠤᠷᠢᠭ᠂ ᠦᠵᠡᠮᠵᠢᠳᠦ | ᠵᠢᠵᠢᠭ ᠪᠦᠳᠦᠭᠡᠭᠳᠡᠬᠦᠨ ᠵᠢᠴᠢ ︽ᠬᠡᠤᠬᠡᠳ ᠪᠠ ᠮᠣᠷᠢ︾ ᠶᠢᠨ ᠱᠤᠭᠤᠮᠠᠯ ᠵᠡᠷᠭᠡ ᠪᠠᠷ ᠨᠠᠷᠢᠯᠢᠭ ᠲᠦᠰᠦᠪᠯᠡᠨ | ᠪᠠᠶᠢᠭᠤᠯᠤᠭᠰᠠᠨ ᠶᠤᠮ᠃ ᠡᠭᠦᠨ ᠤ ᠵᠡᠷᠭᠡ ᠳᠤ ᠪᠠᠰᠠ ᠠᠵᠤ ᠦᠢᠯᠡᠰ ᠬᠢᠭᠡᠳ ᠬᠤᠲᠠ ᠪᠠᠯᠭᠠᠰᠤ ᠶᠢ | ᠠᠭᠤᠰᠤᠯᠴᠠᠭᠤᠯᠤᠨ ᠬᠦᠭᠵᠢᠬᠦᠯᠬᠦ ᠬᠠᠷᠠᠭᠠᠰᠤ ᠠᠴᠠ᠂ SC ᠭᠡᠷᠡᠴᠢᠯᠡᠯ ᠲᠠᠢ ᠴᠡᠭᠡ ᠶᠢᠨ ᠪᠦᠲᠦᠭᠡᠭᠳᠡᠬᠦᠨ ᠤ | ᠬᠤᠶᠠᠷ ᠲᠣᠯᠣᠭᠠᠶᠢᠯᠠᠭᠴᠢ ᠠᠵᠤ ᠠᠬᠤᠶᠢᠯᠠᠯ ᠪᠣᠯᠤᠨ ᠬᠦᠷᠢᠶᠡᠯᠡᠩ ᠲᠣᠭᠤᠷᠢᠭ ᠤᠨ ᠣᠳᠣ ᠪᠠᠶᠢᠭ᠎ᠠ ᠬᠤᠭᠤᠰᠣᠨ | ᠭᠠᠵᠠᠷ ᠲᠤ ᠲᠦᠰᠢᠭᠯᠡᠨ᠂ ᠴᠡᠭᠡ ᠶᠢᠨ ᠡᠷᠡᠬᠦᠯᠵᠢᠯ ᠰᠤᠪᠢᠯᠠᠯᠳᠠ ᠪᠠ ᠭᠡᠭᠡᠷᠡᠯᠡᠨ ᠪᠠᠭᠤᠳᠠᠯᠯᠠᠬᠤ ᠶᠢ ᠢᠳᠡᠪᠬᠢᠲᠡᠶ ᠪᠠᠷ | ᠤᠶᠠᠯᠳᠤᠭᠤᠯᠵᠤ᠂ ᠠᠵᠤ ᠦᠢᠯᠡᠰ ᠤᠨ ᠠᠭᠤᠰᠤᠯᠴᠠᠯ ᠪᠣᠯᠤᠨ ᠬᠤᠲᠠ ᠪᠠᠯᠭᠠᠰᠤᠨ ᠤ ᠴᠢᠳᠠᠪᠬᠢ ᠶᠢᠨ ᠵᠡᠷᠭᠡ ᠳᠡᠰ | ᠲᠡᠪᠰᠢᠬᠦ ᠵᠢᠣᠷᠭᠠᠨᠢᠭ ᠢᠶᠠᠷ ᠵᠤᠯᠭᠠᠯᠴᠠᠭᠤᠯᠬᠤ ᠶᠢ ᠴᠢᠷᠮᠠᠶᠢᠨ ᠠᠬᠢᠭᠤᠯᠬᠤ ᠪᠤᠯᠤᠨ᠎ᠠ᠃ | ᠠᠪᠠᠭ᠎ᠠ ᠬᠤᠰᠢᠭᠤ ︽ᠳᠤᠮᠳᠠᠳᠤ ᠤᠯᠤᠰ ᠤᠨ ᠬᠠᠷ᠎ᠠ ᠠᠳᠤᠭᠤᠨ ᠤ ᠰᠣᠶᠣᠯ ᠤᠨ ᠨᠤᠲᠤᠭ︾᠂ ︽ᠳᠤᠮᠳᠠᠳᠤ | ᠤᠯᠤᠰ ᠤᠨ ᠴᠡᠭᠡ ᠶᠢᠨ ᠨᠤᠲᠤᠭ︾ ᠪᠣᠯᠤᠭᠰᠠᠨ ᠤ ᠬᠤᠪᠢ ᠳᠤ᠂ ᠠᠳᠤᠭᠤᠨ ᠰᠣᠶᠣᠯ ᠤᠨ ᠦᠪ ᠵᠤᠵᠠᠭᠠᠨ᠂ ᠭᠤᠤᠯ | ᠰᠡᠳᠦᠪᠲᠦ ᠰᠣᠶᠣᠯ ᠤᠨ ᠬᠦᠷᠢᠶᠡᠯᠡᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠪᠥᠬᠦ | ᠠᠶᠢᠮᠠᠭ ᠤᠨ ︽ᠵᠢᠭᠠᠬᠠᠨ ᠬᠦᠯᠦᠭ︾ ᠪᠤᠶᠢᠵᠢᠭᠤᠯᠬᠤ ᠶᠡᠭᠡ ᠲᠠᠯ᠎ᠠ ᠳᠤ ᠦᠢᠯᠡᠴᠢᠯᠡᠬᠦ᠂ ᠬᠤᠰᠢᠭᠤ ᠤᠷᠤᠨ ᠨᠤᠳᠤᠭ | ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠤᠭᠤᠰᠣᠨ ᠢ ᠨᠦᠬᠦᠪᠦᠷᠢᠯᠡᠬᠦ ᠶᠢ ᠪᠠᠶᠡᠯᠡᠬᠦᠯᠵᠦ᠂ ᠭᠠᠵᠠᠷ | ᠣᠷᠣᠨ ᠤ ᠠᠳᠤᠭᠤᠨ ᠰᠣᠶᠣᠯ ᠤᠨ ᠡᠬᠢ ᠪᠠᠶᠠᠯᠢᠭ ᠤᠨ ᠳᠠᠯᠳᠠ ᠬᠦᠴᠦᠨ ᠵᠡᠷᠭᠡ ᠣᠯᠠᠨ ᠲᠠᠯ᠎ᠠ ᠶᠢᠨ ᠦᠷ᠎ᠡ | ᠠᠰᠢᠭ ᠢ ᠪᠠᠳᠠᠷᠠᠭᠤᠯᠤᠨ᠎ᠠ᠃ ᠡᠭᠦᠨ ᠤ ᠬᠠᠮᠲᠤ ᠭᠤᠤᠯ ᠰᠡᠳᠦᠪᠲᠦ ᠰᠣᠶᠣᠯ ᠤᠨ ᠬᠦᠷᠢᠶᠡᠯᠡᠩ ᠨᠢ ᠪᠠᠰᠠ | ᠣᠳᠣᠬᠠᠨ ᠤ ᠬᠥᠭᠵᠢᠶᠡᠨ ᠶᠡᠭᠡᠳᠠᠢ ᠭᠡᠷ ᠪᠦᠯᠢ ᠶᠢᠨ ᠵᠢᠭᠤᠯᠴᠢᠯᠠᠯ ᠤᠨ ᠭᠤᠤᠯ ᠰᠡᠳᠦᠪ ᠲᠤ ᠲᠦᠰᠢᠭᠯᠡᠨ᠂ | ᠵᠠᠯᠠᠭᠤᠴᠤᠳ ᠪᠠᠭᠠᠴᠤᠳ ᠤᠨ ᠮᠣᠷᠢᠨ ᠮᠡᠷᠭᠡᠵᠢᠯ ᠮᠤᠷᠢ ᠤᠨᠤᠬᠤ ᠪᠣᠯᠪᠠᠰᠤᠷᠠᠯ᠂ ᠠᠳᠤᠭᠤᠨ ᠰᠣᠶᠣᠯ ᠢ ᠪᠡᠶᠡᠴᠢᠯᠡᠨ | ᠣᠶᠢᠯᠠᠭᠠᠬᠤ᠂ ︽ᠮᠢᠨᠦ ᠬᠡᠤᠭᠡᠳ ᠤᠨ ᠨᠠᠭᠠᠳᠤᠮ︾᠂ ᠠᠳᠤᠭᠤ ᠳᠠᠰᠬᠠᠨ ᠲᠡᠵᠢᠭᠡᠬᠦ᠂ ᠴᠡᠭᠡ ᠶᠢᠨ ᠰᠣᠶᠣᠯ ᠤᠨ | ᠨᠠᠶᠢᠷ ᠵᠡᠷᠭᠡ ᠨᠢᠭᠡ ᠪᠦᠯᠦᠭ ᠥᠪᠡᠷᠮᠢᠴᠡ ᠣᠨᠴᠠᠯᠢᠭ ᠲᠠᠢ᠂ ᠪᠦᠲᠦᠭᠡᠯᠴᠢ ᠲᠥᠰᠦᠪᠯᠡᠯ ᠲᠠᠢ ᠰᠢᠨ᠎ᠡ ᠪᠠᠷ ᠮᠠᠨᠳᠤᠭᠰᠠᠨ | ᠠᠳᠤᠭᠤᠨ ᠤ ᠰᠣᠶᠣᠯ ᠰᠡᠯᠡᠭᠦᠴᠡᠯ ᠤᠨ ᠪᠡᠶᠡᠴᠢᠯᠡᠨ ᠣᠶᠢᠯᠠᠭᠠᠬᠤ ᠵᠢᠭᠤᠯᠴᠢᠯᠠᠯ ᠤᠨ ᠠᠵᠢᠯᠯᠠᠭ᠎ᠠ ᠶᠢ | ᠭᠤᠤᠯᠳᠠᠯᠭ᠎ᠠ ᠲᠠᠢ ᠲᠤᠬᠢᠷᠠᠭᠤᠯᠵᠦ᠂ ᠠᠪᠠᠭ᠎ᠠ ᠶᠢᠨ ᠬᠠᠷ᠎ᠠ ᠠᠳᠤᠭᠤᠨ ᠤ ᠵᠢᠭᠤᠯᠴᠢᠯᠠᠯ᠂ ᠵᠠᠯᠠᠭᠤᠴᠤᠳ | ᠪᠠᠭᠠᠴᠤᠳ ᠤᠨ ᠰᠤᠳᠤᠯᠤᠨ ᠰᠤᠷᠤᠯᠴᠠᠬᠤ ᠵᠢᠭᠤᠯᠴᠢᠯᠠᠯ᠂ ᠴᠡᠭᠡ ᠶᠢᠨ ᠡᠷᠡᠬᠦᠯᠵᠢᠯ ᠰᠤᠪᠢᠯᠠᠯᠲᠠ ᠶᠢᠨ ᠵᠢᠭᠤᠯᠴᠢᠯᠠᠯ᠂ | ᠬᠠᠷ᠎ᠠ ᠠᠳᠤᠭᠤ ᠪᠠᠷ ᠪᠠᠭ᠋ᠠᠷᠬᠠᠨ ᠵᠢᠷᠤᠭᠯᠠᠬᠤ ᠵᠡᠷᠭᠡ ᠵᠢᠭᠤᠯᠴᠢᠯᠠᠯ ᠤᠨ ᠵᠠᠮ ᠱᠤᠭᠤᠮ ᠢ ᠲᠦᠰᠦᠪᠯᠡᠨ ᠳᠡᠯᠭᠡᠷᠡᠭᠦᠯᠵᠦ᠂ | ᠭᠤᠤᠯ ᠱᠤᠭᠤᠮ ᠲᠠᠭᠠᠤ ᠠᠭᠤᠯᠭ᠎ᠠ ᠪᠠ ᠰᠢᠷᠢᠰ ᠤᠷᠠᠨ ᠰᠠᠶᠢᠬᠠᠨ ᠤ ᠠᠵᠢᠯᠯᠠᠭ᠎ᠠ ᠪᠠᠷ ᠳᠠᠮᠵᠢᠭᠤᠯᠤᠨ᠂ | ᠵᠠᠯᠠᠭᠤᠴᠤᠳ ᠪᠠᠭᠠᠴᠤᠳ ᠪᠠ ᠠᠳᠤᠭᠤᠨ ᠤ ᠬᠤᠭᠤᠷᠣᠨᠳᠣᠬᠢ ᠣᠶᠤᠨ ᠰᠠᠨᠠᠭᠠᠨ ᠤ ᠬᠤᠯᠪᠣᠭᠠᠰᠤ ᠶᠢ | ᠵᠠᠯᠭᠠᠯᠳᠤᠭᠤᠯᠵᠦ᠂ ᠬᠡᠤᠬᠡᠳ ᠢ ᠡᠷᠬᠡ ᠴᠢᠯᠥᠭᠡ ᠲᠠᠢ ᠨᠠᠭᠠᠳᠤᠮ ᠲᠤᠭᠯᠠᠭᠠᠮ ᠤᠨ ᠳᠤᠮᠳᠠ᠂ ᠪᠤᠴᠠᠯᠲᠠ ᠦᠭᠡᠢ | ᠤᠷᠤᠭᠰᠢᠯᠠᠬᠤ ︽ ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠤᠬᠠᠭᠠᠷᠠᠵᠤ ᠮᠡᠳᠡᠷᠡᠭᠦᠯᠦᠨ᠎ᠡ᠃ | ᠠᠪᠠᠭ᠎ᠠ ᠬᠤᠰᠢᠭᠤᠨ ᠤ ︽ᠬᠡᠦᠬᠡᠳ ᠪᠠ ᠮᠣᠷᠢ︾ ᠭᠤᠣᠯ ᠰᠡᠳᠦᠪᠲᠦ ᠰᠣᠶᠣᠯ ᠤᠨ ᠬᠦᠷᠢᠶᠡᠯᠡᠩ ᠨᠢ ᠤᠳᠬ᠎ᠠ | ᠠᠭᠤᠯᠭ᠎ᠠ ᠪᠠᠶᠠᠯᠢᠭ ᠠᠶᠢᠰᠤᠢ᠃ ᠢᠷᠡᠬᠦ ᠵᠢᠯ ᠤᠨ 6 ᠰᠠᠷ᠎ᠠ ᠶᠢᠨ 1 ᠤ ᠡᠳᠦᠷ ᠲᠡᠷᠡ ᠨᠢ ᠬᠡᠦᠬᠡᠳ ᠤᠨ ᠪᠠᠶᠠᠷ ᠤᠨ | ᠳᠠᠯᠠᠢ ᠪᠣᠯᠵᠤ᠂ ᠠᠪᠠᠭ᠎ᠠ ᠬᠤᠰᠢᠭᠤᠨ ᠤ ᠨᠢᠭᠡᠨ ᠴᠣ ᠰᠢᠨ᠎ᠡ ᠰᠣᠶᠣᠯ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ | ᠪᠤᠯᠬᠤ ᠳᠤ ᠪᠡᠯᠡᠬᠡᠨ ᠪᠠᠶᠢᠨ᠎ᠠ᠃ |