ᠲᠥᠷᠥ ᠶᠢᠨ ᠪᠣᠳᠣᠯᠭ᠎ᠠ ᠶᠢᠨ ᠬᠠᠪᠰᠤᠷᠤᠨ ᠵᠢᠯᠣᠭᠤᠳᠬᠤ ᠲᠠᠶᠢᠯᠤᠮᠵᠢ ᠶᠢ ᠴᠢᠩᠭᠠᠳᠬᠠᠵᠤ᠂ ᠪᠠᠩᠬᠢ ᠠᠵᠤ | ᠠᠬᠤᠶᠢᠯᠠᠯ ᠤᠨ ᠪᠠᠯᠠ ᠮᠥᠩᠭᠦ ᠶᠢᠨ ᠬᠠᠩᠭᠠᠯᠭ᠎ᠠ ᠬᠡᠷᠡᠭᠴᠡᠭᠡ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ | ᠠᠬᠢᠭᠤᠯᠬᠤ ᠶᠢᠨ ᠲᠥᠯᠥᠭᠡ᠂ ᠠᠪᠠᠭ᠎ᠠ ᠬᠤᠰᠢᠭᠤ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ | ᠠᠵᠢᠯ ᠢ ᠦᠷᠭᠦᠯᠵᠢᠯᠡᠨ ᠥᠷᠨᠢᠭᠦᠯᠪᠡ᠃ ᠪᠥᠬᠦ ᠬᠤᠰᠢᠭᠤᠨ ᠤ ᠣᠲᠣ ᠪᠠᠶᠢᠭ᠎ᠠ ᠲᠣᠭᠲᠠᠭᠠᠯ ᠳᠤ ᠨᠡᠶᠢᠴᠡᠭᠰᠡᠨ | ᠲᠣᠭᠲᠠᠮᠠᠯ ᠡᠵᠡᠩᠨᠡᠯᠲᠡ ᠶᠢᠨ ᠲᠠᠯᠠᠪᠤᠷ ᠲᠠᠢ᠂ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠦᠨᠡᠨ | ᠪᠣᠳᠠᠲᠠᠶ᠂ ᠢᠲᠡᠭᠡᠮᠵᠢ ᠶᠢᠨ ᠪᠠᠶᠢᠳᠠᠯ ᠰᠠᠶᠢᠨ᠂ ᠵᠢᠭᠡᠯᠡᠯᠭᠡ ᠨᠢ ᠬᠠᠤᠯᠢ ᠲᠣᠭᠲᠠᠭᠠᠯ ᠳᠤ ᠨᠡᠶᠢᠴᠡᠬᠦ ᠵᠢᠵᠢᠭ ᠪᠢᠴᠢᠯ | ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠬᠡᠷ ᠪᠦᠯᠢ ᠶᠢᠨ ᠮᠠᠯᠵᠢᠯ ᠤᠨ ᠲᠠᠯᠠᠪᠠᠶ᠂ | ᠲᠡᠵᠢᠭᠡᠨ ᠦᠷᠡᠵᠢᠭᠦᠯᠬᠦ ᠲᠣᠮᠣ ᠡᠷᠦᠬᠡ᠂ ᠳᠤᠰᠬᠠᠶᠢᠵᠢᠭᠰᠠᠨ ᠬᠤᠷᠰᠢᠶᠠᠵᠢᠯ ᠵᠡᠷᠭᠡ ᠡᠵᠡᠩᠨᠡᠯᠲᠡ ᠶᠢᠨ ᠭᠤᠤᠯ | ᠴᠣᠭᠴᠠ ᠨᠡᠶᠢᠲᠡ 2153 ᠪᠠᠶᠢᠵᠤ᠂ ᠤᠳᠤᠬᠠᠨ ᠪᠣᠯᠲᠠᠯ᠎ᠠ᠂ ᠨᠢᠭᠡᠨᠲᠡ 1239 ᠶᠢ ᠪᠠᠶᠢᠴᠠᠭᠠᠨ ᠣᠶᠢᠯᠠᠭᠠᠵᠤ᠂ | ᠵᠢᠵᠢᠭ ᠪᠢᠴᠢᠯ ᠠᠵᠤ ᠠᠬᠤᠶᠢᠯᠠᠯ ᠤᠨ ᠶᠡᠷᠦᠩᠬᠡᠶ ᠲᠣᠭᠠᠨ ᠤ 57.55% ᠶᠢ ᠡᠵᠡᠯᠡᠨ᠂ ᠪᠦᠬᠦᠨ ᠢ ᠨᠠᠷᠢᠨ | ᠳᠠᠩᠰᠠᠯᠠᠪᠠ᠃ 743 ᠶᠢ ᠲᠠᠨᠢᠯᠴᠠᠭᠤᠯᠭ᠎ᠠ ᠶᠢᠨ ᠳᠠᠩᠰᠠᠨ ᠳᠤ ᠤᠷᠤᠭᠤᠯᠵᠤ᠂ ᠪᠠᠯᠠ ᠲᠣᠬᠢᠷᠠᠭᠤᠯᠭ᠎ᠠ ᠶᠢᠨ | ᠬᠡᠷᠡᠭᠴᠡᠭᠡ ᠱᠠᠭᠠᠷᠳᠠᠯᠭ᠎ᠠ ᠶᠢᠨ ᠵᠣᠭᠤᠰ ᠤᠨ ᠲᠤᠭ᠎ᠠ 9 ᠳ᠋ᠦᠩᠰᠢᠭᠤᠷ ᠲᠥᠭᠦᠷᠢᠭ ᠲᠤ ᠬᠦᠷᠴᠦ᠂ | ᠲᠠᠨᠢᠯᠴᠠᠭᠤᠯᠭ᠎ᠠ ᠶᠢᠨ ᠨᠠᠷᠢᠨ ᠲᠠᠩᠰᠠ ᠶᠢᠨ ᠳᠣᠲᠣᠷ᠎ᠠ 574 ᠭᠤᠣᠯ ᠴᠤᠭᠴᠠ ᠨᠢ ᠵᠢᠭᠡᠯᠡᠯᠭᠡ ᠣᠯᠵᠤ᠂ | ᠲᠠᠨᠢᠯᠴᠠᠭᠤᠯᠭ᠎ᠠ ᠶᠢᠨ ᠨᠠᠷᠢᠨ ᠲᠠᠩᠰᠠ ᠶᠢᠨ 77.25% ᠳᠤ ᠬᠦᠷᠪᠡ︔ 5385 ᠲᠦᠮᠡᠨ ᠲᠥᠭᠦᠷᠢᠭ ᠤᠨ | ᠵᠢᠭᠡᠯᠡᠯᠭᠡ ᠣᠯᠵᠤ᠂ ᠲᠠᠨᠢᠯᠴᠠᠭᠤᠯᠭ᠎ᠠ ᠶᠢᠨ ᠨᠠᠷᠢᠨ ᠲᠠᠩᠰᠠ ᠶᠢᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ | ᠱᠠᠭᠠᠷᠳᠠᠯᠭ᠎ᠠ ᠶᠢᠨ 5.96% ᠶᠢ ᠡᠵᠡᠯᠡᠪᠡ᠃ | ᠲᠠᠷᠠᠭᠠᠴᠢ ᠶᠢᠨ ᠠᠯᠬᠤᠮ ᠳᠤ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠠᠮᠢᠶ᠎ᠠ | ᠪᠥᠬᠦᠶ ᠠᠵᠢᠯ ᠢ ᠦᠷᠭᠦᠯᠵᠢᠯᠡᠨ ᠱᠠᠯᠠᠪᠳᠠᠭᠤᠯᠤᠨ ᠨᠠᠶᠢᠳᠠᠪᠤᠷᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ | ᠮᠥᠷᠳᠡᠨ ᠲᠣᠬᠢᠷᠠᠭᠤᠯᠵᠤ᠂ ᠪᠠᠶᠢᠳᠠᠯ ᠢᠶᠠᠨ ᠴᠠᠭ ᠲᠤᠬᠠᠶ ᠳᠤᠨᠢ ᠳᠡᠭᠡᠭᠰᠢ ᠮᠡᠳᠡᠭᠦᠯᠦᠨ᠂ ᠲᠥᠷᠥ ᠶᠢᠨ ᠪᠣᠳᠣᠯᠭ᠎ᠠ ᠶᠢ | ᠣᠨᠣᠪᠴᠢᠲᠠᠶ ᠳᠠᠮᠵᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠤᠨ ᠮᠡᠳᠡᠪᠡᠰᠦ ᠵᠣᠬᠢᠬᠤ ᠶᠢ ᠨᠢ ᠪᠦᠷ ᠮᠡᠳᠡᠵᠦ᠂ | ᠬᠠᠷᠠᠭᠠᠯᠵᠠᠯ ᠬᠦᠷᠲᠡᠬᠦ ᠵᠣᠬᠢᠬᠤ ᠶᠢ ᠨᠢ ᠪᠦᠬᠦᠨ ᠢ ᠬᠦᠷᠲᠡᠬᠦ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢᠨ ᠬᠠᠮᠲᠤ ᠶᠠᠷᠢᠶ᠎ᠠ ᠬᠡᠯᠡᠯᠴᠡᠭᠡᠨ ᠤ ᠤᠷᠴᠢᠨ ᠢ ᠬᠢᠨᠠᠨ ᠬᠡᠮᠵᠢᠬᠦ ᠪᠠ ᠬᠠᠮᠢᠶᠠᠷᠤᠨ | ᠡᠵᠡᠮᠳᠡᠬᠦ ᠶᠢ ᠤᠷᠴᠢᠨ ᠢᠶᠠᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠪᠤᠷᠤᠭᠤ ᠣᠶᠢᠯᠠᠭᠠᠯᠲᠠ ᠪᠤᠷᠤᠭᠤ | ᠮᠠᠭᠠᠳᠯᠠᠯᠲᠠ ᠪᠠ ᠵᠤᠷᠢᠭᠤᠳᠠ ᠪᠠᠷ ᠰᠠᠮᠠᠭᠤᠷᠠᠭᠤᠯᠬᠤ ᠠᠴᠠ ᠵᠠᠶᠢᠯᠠᠰᠬᠢᠵᠦ᠂ ᠡᠭᠦᠷᠭᠡ ᠬᠠᠷᠢᠭᠤᠴᠠᠯᠭ᠎ᠠ ᠪᠠᠨ ᠰᠠᠶᠢᠳᠤᠷ | ᠭᠦᠢᠴᠡᠳᠭᠡᠨ᠂ ᠦᠨᠡᠨᠬᠦ ᠪᠣᠳᠠᠳᠠᠢ ᠶᠠᠪᠤᠳᠠᠯ ᠬᠢᠨ᠎ᠡ᠃ |