ᠦᠪᠡᠷᠳᠡᠬᠡᠨ ᠠᠩᠭ᠍ᠯᠢ ᠬᠡᠯᠡ ᠰᠤᠷᠤᠭᠰᠡᠨ ᠮᠠᠯᠴᠢᠨ
ᠨᠡᠶᠢᠲᠡᠯᠡᠭᠰᠡᠨ ᠴᠠᠭ᠄
2024/2/26
      ᠠᠪᠠᠭ᠎ᠠ ᠬᠤᠰᠢᠭᠤᠨ ᠤ ᠵᠢᠷᠭᠠᠯᠠᠩᠳᠤ ᠰᠤᠮᠤᠨ ᠤ ᠬᠠᠶᠢᠷᠬᠠᠨ ᠭᠠᠴᠠᠭᠠᠨ ᠤ ᠮᠠᠯᠴᠢᠨ ᠰᠠᠶᠢᠡᠵᠠᠶᠠᠭ᠎ᠠ ᠡᠬᠡᠯ ᠵᠢᠷ ᠤᠨ ᠨᠠᠷᠠᠨ ᠤ ᠪᠤᠷᠤ ᠮᠠᠯᠴᠢᠨ ᠠᠳᠠᠯ᠎ᠠ ᠪᠠᠨ ᠰᠦᠯᠵᠢᠶ᠎ᠠ ᠬᠤᠯᠪᠤᠭᠠᠨ ᠠᠴᠠ ᠦᠪᠡᠷᠳᠡᠬᠡᠨ ᠠᠩᠭ᠍ᠯᠢ ᠬᠡᠯᠡ ᠰᠤᠷᠴᠤ ᠡᠵᠡᠮᠰᠢᠨ᠂ ᠤᠳᠤ ᠠᠩᠭ᠍ᠯᠢ ᠪᠠᠷ ᠲᠤᠷᠴᠤ ᠲᠡᠭᠡᠭᠯᠡᠬᠦ ᠦᠬᠡᠢ ᠰᠠᠶᠢᠬᠠᠨ ᠶᠠᠷᠢᠳᠠᠭ ᠪᠤᠯᠤᠭᠰᠡᠨ ᠪᠠᠶᠢᠨ᠎ᠠ᠃       ᠰᠠᠶᠢᠡᠵᠢᠶᠠᠭ᠎ᠠ ᠤᠤᠯ ᠠᠴᠠ ᠪᠠᠨ ᠤᠯᠠᠨ ᠬᠡᠯᠡ ᠪᠠᠷ ᠶᠠᠷᠢᠵᠤ ᠢᠯᠡᠳᠬᠡᠵᠤ ᠴᠢᠳᠠᠳᠠᠭ᠂ ᠤᠡᠴᠠᠭᠠᠶᠢᠯᠠᠨ ᠠᠩᠭ᠍ᠯᠢ ᠬᠡᠯᠡ ᠪᠠᠷ ᠰᠠᠶᠢᠬᠠᠨ ᠶᠠᠷᠢᠵᠤ ᠴᠢᠳᠠᠳᠠᠭ ᠬᠦᠮᠤᠰ ᠢ ᠪᠢᠰᠢᠷᠠᠳᠡᠭ᠃ ᠢᠢᠡᠬᠦ ᠲᠠᠷᠠᠪᠠᠷ ᠭᠠᠳᠠᠭᠠᠳᠤ ᠬᠡᠯᠡᠨ ᠳᠤ ᠪᠠᠬ᠎ᠠ ᠲᠠᠢ ᠤᠷ᠎ᠠ ᠠᠪᠢᠶᠠᠰ ᠲᠤ ᠪᠠᠨ ᠬᠦᠳᠤᠯᠦᠭᠳᠡᠨ᠂ 2019 ᠤᠨ ᠳᠤ ᠠᠩᠭ᠍ᠯᠢ ᠬᠡᠯᠡ ᠰᠤᠷᠴᠤ ᠡᠭᠢᠯᠡᠵᠡᠢ᠃ ᠴᠤᠤᠷᠢᠶ᠎ᠠ ᠲᠠᠪᠴᠠᠩ ᠪᠤᠯ ᠲᠡᠬᠦᠨ ᠤ ᠰᠤᠷᠤᠯᠴᠠᠯᠭ᠎ᠠ ᠶᠢᠨ ᠭᠤᠤᠯ ᠲᠠᠪᠴᠠᠩ ᠪᠠᠶᠢᠵᠤ᠂ ᠲᠠᠷᠠ ᠠᠩᠭ᠍ᠯᠢ ᠬᠡᠯᠡ ᠪᠠᠷ ᠶᠠᠷᠢᠭᠰᠡᠨ ᠪᠢᠴᠢᠯᠬᠡ ᠨᠦᠭᠦᠳ ᠢ ᠪᠠᠭᠤᠯᠭᠠᠨ ᠠᠪᠴᠤ᠂ ᠪᠢᠴᠢᠯᠬᠡ ᠳᠤ ᠶᠠᠷᠢᠭᠳᠠᠭᠰᠡᠨ ᠲᠠᠩ ᠦᠬᠡ᠂ ᠦᠬᠡ ᠦᠬᠦᠯᠡᠪᠤᠷᠢ᠂ ᠬᠡᠯᠡᠨ ᠵᠦᠢ ᠵᠡᠷᠬᠡ ᠶᠢ ᠲᠤᠭᠤᠰᠢᠳᠡᠢ ᠰᠤᠷᠤᠯᠴᠠᠳᠠᠭ᠃ ᠠᠩᠬ᠎ᠠ ᠡᠬᠢᠯᠡᠬᠡᠳ ᠶᠡᠭᠡ ᠬᠦᠴᠢᠷᠳᠠᠵᠤ ᠪᠠᠶᠢᠭᠰᠡᠨ ᠪᠤᠯᠪᠠᠴᠤ ᠰᠤᠷᠤᠯᠴᠠᠯᠭ᠎ᠠ ᠪᠠᠨ ᠦᠷᠬᠦᠯᠵᠢᠯᠡᠨ ᠪᠠᠷᠢᠮᠳᠠᠯᠠᠵᠤ ᠢᠷᠡᠭᠰᠡᠨ ᠢᠶᠠᠷ᠂ ᠡᠳᠤᠷ ᠤᠨ ᠤᠳᠠᠭᠠᠨ ᠳᠤ ᠎ ᠪᠠᠨ ᠠᠩᠭ᠍ᠯᠢ ᠬᠡᠯᠡ ᠪᠠᠷ ᠶᠠᠷᠢᠵᠤ ᠢᠯᠡᠳᠬᠡᠬᠦ ᠨᠢ ᠶᠠᠬᠡᠳᠡ ᠲᠡᠬᠡᠭᠰᠢᠯᠡᠭᠰᠡᠨ ᠪᠠᠶᠢᠨ᠎ᠠ᠃       ᠦᠪᠡᠷ ᠤᠨ ᠰᠤᠷᠤᠯᠴᠠᠯᠭ᠎ᠠ ᠶᠢᠨ ᠦᠷ᠎ᠠ ᠪᠦᠳᠤᠮᠵᠢ ᠪᠠᠨ ᠪᠠᠳᠤᠳᠬᠠᠨ ᠲᠡᠬᠡᠭᠰᠢᠯᠡᠬᠦᠯᠵᠤ᠂ ᠪᠤᠰᠤᠳ ᠲᠤ ᠰᠤᠷᠤᠯᠴᠠᠯᠭ᠎ᠠ ᠶᠢᠨ ᠲᠠᠪᠴᠠᠩ ᠬᠠᠩᠭᠠᠬᠤ ᠡᠬᠦᠳᠠᠨ ᠠᠴᠠ᠂ ᠰᠠᠶᠢᠡᠵᠠᠶᠠᠭ᠎ᠠ ᠪᠠᠰᠠ ᠠᠩᠭ᠍ᠯᠢ ᠬᠡᠯᠡ ᠰᠤᠷᠤᠯᠴᠠᠬᠤ ᠸᠢᠴᠠᠲ ᠬᠤᠯᠪᠤᠭ᠎ᠠ ᠪᠠᠶᠢᠭᠤᠯᠵᠤ᠂ ᠬᠤᠯᠪᠤᠭᠠᠨ ᠤ ᠬᠡᠰᠢᠬᠦᠳ ᠪᠦᠬᠦᠳᠠ ᠠᠩᠭ᠍ᠯᠢ ᠬᠡᠯᠡ ᠪᠠᠷ ᠶᠠᠷᠢᠯᠴᠠᠬᠤ ᠶᠢ ᠪᠠᠷᠢᠮᠳᠠᠯᠠᠳᠠᠭ ᠪᠠᠶᠢᠨ᠎ᠠ᠃ ᠤᠳᠤ ᠡᠨᠡᠬᠦ ᠬᠤᠯᠪᠤᠭ᠎ᠠ ᠨᠢ 70 ᠰᠢᠬᠠᠮ ᠬᠡᠰᠢᠬᠦᠨ ᠲᠠᠢ ᠰᠤᠷᠤᠯᠴᠠᠯᠭ᠎ᠠ ᠶᠢᠨ ᠲᠠᠪᠴᠠᠩ ᠪᠤᠯᠤᠭᠰᠡᠨ ᠪᠠᠶᠢᠨ᠎ᠠ᠃       ︽ᠨᠠᠳᠠ ᠳᠤ ᠠᠪᠴᠤ ᠬᠡᠯᠡᠪᠡᠯ ᠠᠩᠭ᠍ᠯᠢ ᠬᠡᠯᠡ ᠰᠤᠷᠬᠤ ᠪᠤᠯ ᠨᠢᠬᠡᠨ ᠪᠠᠶᠠᠷ ᠪᠠᠭ᠋ᠠᠳᠤᠯ ᠲᠠᠢ ᠶᠠᠪᠤᠳᠠᠯ ᠪᠤᠯᠤᠨ᠎ᠠ᠃ ᠠᠩᠭ᠍ᠯᠢ ᠬᠡᠯᠡ ᠪᠠᠨ ᠰᠤᠷᠤᠭᠠᠳ ᠢᠷᠡᠬᠦ ᠪᠠᠷ ᠡᠳᠤᠷ ᠤᠨ ᠶᠠᠳᠠᠷᠠᠭ᠎ᠠ ᠲᠠᠶᠢᠯᠤᠭᠳᠠᠴᠢᠬᠠᠳᠠᠭ᠃ ᠬᠤᠶᠢᠰᠢᠳᠠ ᠪᠢ ᠠᠩᠭ᠍ᠯᠢ ᠬᠡᠯᠡ ᠶᠢ ᠦᠷᠬᠦᠯᠵᠢᠯᠡᠨ ᠰᠠᠶᠢᠨ ᠰᠤᠷᠤᠯᠴᠠᠵᠤ ᠡᠵᠡᠮᠰᠢᠭᠰᠡᠨ ᠰᠠᠭᠤᠷᠢᠨ ᠲᠡᠬᠡᠷ᠎ᠠ ᠪᠤᠰᠤᠳ ᠬᠡᠯᠡ ᠶᠢ ᠰᠤᠷᠤᠯᠴᠠᠬᠤ ᠰᠠᠨᠠᠭᠠᠳᠡᠢ︾ ᠬᠡᠵᠤ ᠰᠠᠶᠢᠡᠵᠠᠶᠠᠭ᠎ᠠ ᠤᠷᠮ᠎ᠠ ᠲᠠᠢ ᠤᠴᠢᠷᠯᠠᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号