| ᠲᠥᠯᠥᠭᠡᠯᠡᠭᠴᠢᠳ ᠠ᠋᠄ | ᠤᠲᠤ᠂ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠤᠬᠡᠯᠡᠨ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ︕ ᠤᠯᠤᠰ ᠲᠦᠷᠤ ᠶᠢᠨ ᠵᠦᠪᠯᠡᠯᠬᠡᠨ ᠤ ᠭᠡᠰᠢᠭᠦᠳ ᠪᠣᠯᠣᠨ ᠰᠤᠯᠠ | ᠣᠷᠣᠯᠴᠠᠭᠰᠠᠳ ᠰᠠᠨᠠᠯ ᠢᠶᠠᠨ ᠲᠠᠪᠰᠢᠬᠦᠯᠬᠦ ᠪᠣᠯᠪᠠᠤ︕ | 2023 ᠣᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠪᠤᠯᠬᠤ ᠮᠦᠷᠳᠡᠬᠡᠨ ᠬᠢᠵᠢᠭ ᠤᠨ ᠪᠠᠶᠢᠳᠠᠯ | ᠲᠤᠭᠳᠠᠪᠤᠷᠢᠵᠢᠭᠰᠡᠨ ᠤ ᠲᠠᠷᠠᠭ᠎ᠠ ᠠᠵᠤ ᠠᠬᠤᠢ ᠶᠢ ᠲᠤᠭᠳᠠᠭᠤᠨ ᠢᠶᠠᠷ ᠰᠡᠷᠬᠦᠬᠡᠨ ᠬᠦᠭᠵᠢᠬᠦᠯᠦᠭᠰᠡᠨ ᠨᠢᠭᠡ ᠵᠢᠯ | ᠪᠤᠯᠤᠨ᠎ᠠ᠃ ᠨᠠᠩ ᠴᠤ ᠠᠪᠠᠭ᠎ᠠ ᠬᠤᠰᠢᠭᠤ ᠬᠠᠳᠠᠭᠤ ᠰᠢᠯᠭᠠᠯᠲᠠ ᠲᠤᠭᠤᠯᠵᠤ᠂ ᠬᠦᠴᠢᠷ ᠪᠠᠷᠬᠡ ᠶᠢ ᠢᠯᠠᠨ | ᠲᠠᠪᠠᠭᠰᠡᠨ ᠲᠤᠶᠢᠯ ᠤᠨ ᠶᠡᠷᠦ ᠪᠤᠰᠤ ᠶᠢᠨ ᠨᠢᠭᠡ ᠵᠢᠯ ᠪᠤᠯᠬᠤ ᠶᠤᠮ᠃ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ | ᠭᠠᠳᠠᠭᠠᠳᠤ ᠤᠷᠴᠢᠨ ᠪᠠᠶᠢᠳᠠᠯ ᠪᠣᠯᠣᠨ ᠬᠠᠲᠠᠭᠤ ᠪᠡᠷᠬᠡ ᠲᠦᠪᠡᠭ ᠪᠤᠳᠤᠯᠢᠶᠠᠡᠳᠡᠢ ᠳᠣᠲᠣᠭᠠᠳᠤ ᠬᠥᠭᠵᠢᠯᠲᠡ ᠶᠢᠨ | ᠬᠡᠷᠡᠭᠴᠡᠭᠡ ᠳᠤ ᠴᠢᠭᠯᠡᠭᠦᠯᠦᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠢᠳᠡ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ | ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠡᠳᠤ ᠪᠠᠬᠢ ᠪᠤᠢ ᠪᠣᠯᠭᠠᠬᠤ ᠭᠤᠣᠯ ᠱᠤᠭᠤᠮ ᠢ ᠴᠢᠩᠭ᠎ᠠ | ᠡᠵᠡᠮᠳᠡᠵᠦ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠥᠪᠡᠷᠲᠡᠭᠡᠨ ᠵᠠᠰᠠᠬᠤ ᠣᠷᠣᠨ ︽ᠰᠢᠨ᠎ᠡ ᠵᠠᠮ ᠢᠶᠠᠷ ᠵᠠᠮᠨᠠᠵᠤ᠂ ᠳᠤᠮᠳᠠ ᠡᠩᠨᠡᠬᠡᠨ ᠳᠤ ᠣᠷᠣᠬᠤ︾ ᠬᠠᠷᠠᠯᠲᠠ ᠶᠢ | ᠪᠠᠶᠠᠯᠡᠬᠦᠯᠬᠦ ᠳᠤ ᠬᠦᠴᠦᠨ ᠴᠢᠳᠠᠯ ᠢᠶᠠᠨ ᠨᠠᠮᠠᠷᠢᠯᠠᠪᠠ᠃ ᠥᠩᠭᠡᠷᠡᠭᠰᠡᠨ ᠨᠢᠭᠡ ᠵᠢᠯ ᠳᠤ᠂ ᠪᠦᠭᠦ ᠬᠤᠰᠢᠭᠤᠨ ᠤ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ | ᠰᠤᠨᠤᠰᠤᠨ᠂ ᠨᠠᠮ ᠢᠶᠠᠨ ᠲᠠᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠤᠮᠠᠷᠠᠲᠤ ᠶᠢᠨ ᠭᠤᠷᠪᠡᠨ ᠤᠷᠤᠨ︾ | ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠡᠨ ᠪᠣᠳᠠᠲᠠᠢ ᠠᠵᠢᠯᠯᠠᠬᠤ ᠪᠠᠷ ᠲᠠᠮᠵᠢᠨ ᠠᠵᠠ ᠲᠣᠬᠢᠶᠠᠯ ᠢ ᠡᠵᠡᠮᠳᠠᠵᠤ᠂ | ᠬᠠᠷᠢᠭᠤᠴᠠᠯᠭ᠎ᠠ ᠡᠭᠦᠷᠭᠡᠯᠡᠬᠦ ᠪᠠᠷ ᠲᠠᠮᠵᠢᠨ ᠭᠤᠶᠢᠳᠠ ᠰᠠᠶᠢᠬᠠᠨ ᠬᠠᠭᠤᠳᠠᠰᠤ ᠶᠢ ᠪᠢᠴᠢᠭᠯᠡᠵᠤ᠂ ᠠᠵᠤ ᠠᠬᠤᠢ | ᠨᠡᠶᠢᠭᠡᠮ ᠤᠨ ᠡᠯ᠎ᠡ ᠲᠦᠷᠦᠯ ᠤᠨ ᠠᠵᠢᠯ ᠦᠢᠯᠡᠰ ᠦᠷᠨᠢᠨ ᠬᠦᠭᠵᠢᠵᠤ᠂ ᠰᠡᠳᠬᠢᠯ ᠪᠠᠭ᠋ᠠᠳᠤᠮ᠎ᠠ ᠠᠮᠵᠢᠯᠲᠠ ᠶᠢᠨ | ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ | ᠨᠢᠭᠡ ᠳᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠲᠣᠭᠲᠠᠭᠤᠨ ᠢ ᠪᠠᠳᠤᠯᠠᠬᠤ ᠶᠢᠨ | ᠵᠡᠷᠬᠡᠪᠡᠷ ᠬᠤᠷᠳᠤᠴᠠ ᠪᠠᠨ ᠲᠦᠷᠭᠡᠳᠬᠡᠪᠡ᠃ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠪᠠ ᠰᠠᠭᠤᠷᠢ ᠲᠤᠭ᠎ᠠ | ᠨᠡᠮᠡᠭᠳᠡᠭᠰᠡᠨ ᠠᠬᠤᠢ ᠪᠠᠶᠢᠳᠠᠯ ᠳᠣᠣᠷ᠎ᠠ᠂ ᠪᠥᠬᠦ ᠬᠤᠰᠢᠭᠤᠨ ᠤ ᠠᠵᠤ ᠠᠬᠤᠢ ᠶᠢᠨ ᠡᠷᠬᠢᠯᠳᠡ ᠲᠣᠭᠲᠠᠭᠤᠨ ᠢ | ᠪᠠᠳᠤᠯᠠᠬᠤ ᠶᠢᠨ ᠵᠡᠷᠬᠡᠪᠡᠷ ᠬᠤᠷᠳᠤᠴᠠ ᠪᠠᠨ ᠲᠦᠷᠬᠡᠳᠬᠡᠬᠦ ᠰᠠᠶᠢᠨ ᠰᠠᠶᠢᠬᠠᠨ ᠪᠠᠶᠢᠳᠠᠯ ᠢ ᠪᠠᠳᠤᠯᠠᠪᠠ᠃ ᠭᠠᠵᠠᠷ | ᠣᠷᠣᠨ ᠤ ᠦᠢᠯᠡᠳᠪᠦᠷᠢᠯᠡᠯ ᠤᠨ ᠶᠠᠷᠤᠩᠬᠡᠢ ᠥᠷᠲᠡᠭ 50.1 ᠳ᠋ᠦᠩᠰᠢᠭᠤᠷ ᠲᠥᠭᠦᠷᠢᠭ ᠲᠤ ᠬᠦᠷᠴᠦ᠂ 5. | 4% ᠪᠠᠷ ᠨᠡᠮᠡᠭᠳᠡᠨ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠰᠢᠨ᠎ᠡ ᠰᠢᠪᠳᠤᠯᠤᠯᠳᠠ ᠲᠠᠢ ᠪᠣᠯᠪᠠ︔ ᠡᠩ ᠤᠨ | ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 5.29 ᠳ᠋ᠦᠩᠰᠢᠭᠤᠷ ᠲᠥᠭᠦᠷᠢᠭ ᠪᠡᠶᠡᠯᠡᠭᠦᠯᠵᠦ᠂ 22.9% | ᠪᠠᠷ ᠨᠡᠮᠡᠭᠳᠡᠪᠡ᠂ 2022 ᠣᠨ ᠳᠤ 4 ᠳ᠋ᠦᠩᠰᠢᠭᠤᠷ ᠲᠥᠭᠦᠷᠢᠭ ᠤᠨ ᠪᠤᠭᠤᠮᠳᠠ ᠶᠢ ᠳᠠᠪᠠᠭᠰᠠᠨ ᠤ ᠲᠠᠷᠠᠭ᠎ᠠ᠂ 5 | ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠰᠢᠪᠳᠤᠯᠪᠠ᠂ ᠡᠭᠦᠨ ᠳᠤ ᠲᠣᠭᠲᠠᠭᠤᠨ ᠣᠷᠣᠯᠭ᠎ᠠ 2.71 | ᠳ᠋ᠦᠩᠰᠢᠭᠤᠷ ᠲᠥᠭᠦᠷᠢᠭ ᠲᠤ ᠬᠦᠷᠴᠦ᠂ ᠡᠵᠡᠯᠡᠬᠦ ᠬᠠᠷᠢᠴᠠᠯ ᠨᠢ ᠬᠠᠭᠠᠰ ᠲᠤᠭ᠎ᠠ ᠠᠴᠠ ᠳᠡᠭᠡᠭᠰᠢ ᠳᠤ ᠬᠦᠷᠴᠦ᠂ | ᠡᠳ᠋ ᠤᠨ ᠵᠠᠰᠠᠭ ᠤᠨ ᠣᠷᠣᠯᠭ᠎ᠠ ᠶᠢᠨ ᠪᠦᠲᠦᠴᠡ ᠡᠳᠦᠷ ᠢᠷᠡᠬᠦᠶ᠎ᠡ ᠰᠢᠯᠢᠳᠡᠭᠵᠢᠪᠡ︔ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ 57 ᠳ᠋ᠦᠩᠰᠢᠭᠤᠷ ᠲᠥᠭᠦᠷᠢᠭ ᠲᠤ ᠬᠦᠷᠴᠦ᠂ 37.9% ᠪᠠᠷ ᠨᠡᠮᠡᠭᠳᠡᠨ᠂ ᠵᠢᠯ ᠤᠨ | ᠡᠭᠦᠷᠭᠡ ᠪᠠᠨ 111.7% ᠪᠠᠷ ᠪᠡᠶᠡᠯᠡᠭᠦᠯᠵᠦ᠂ ᠶᠡᠷᠦᠩᠬᠡᠢ ᠬᠡᠮᠵᠢᠶ᠎ᠡ ᠪᠠ ᠨᠡᠮᠡᠭᠳᠡᠯ ᠬᠤᠷᠳᠤᠴᠠ ᠨᠢ ᠴᠥᠮ ᠪᠥᠬᠦ | ᠠᠶᠢᠮᠠᠭ ᠤᠨ ᠭᠤᠷᠪᠠᠳᠤᠭᠠᠷ ᠲᠤ ᠵᠢᠭᠰᠠᠭᠠᠭᠳᠠᠪᠠ︔ 18 ᠰᠠᠯᠬᠢᠨ ᠴᠠᠬᠢᠯᠭᠠᠨ ᠤ ᠠᠵᠤ ᠠᠬᠤᠶᠢᠯᠠᠯ | ᠲᠣᠭᠲᠠᠭᠤᠨ ᠢᠶᠠᠷ ᠠᠵᠢᠯᠯᠠᠵᠤ᠂ ᠶᠢᠨ ᠳ᠋ᠢ᠂ ᠯᠦᠩ ᠰᠢᠩ᠂ ᠭᠤᠷᠴᠢ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ | ᠦᠷᠭᠦᠯᠵᠢᠯᠡᠨ ᠦᠢᠯᠡᠳᠤᠯ ᠢᠶᠠᠨ ᠪᠠᠳᠠᠷᠠᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠥᠷᠲᠡᠭ ᠢ 34.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ 26.1% ᠪᠠ᠊ ᠷ ᠨᠡᠮᠡᠭᠳᠡᠨ ᠂ | ᠨᠡᠮᠡᠭᠳᠡᠯ ᠥᠷᠲᠡᠭ 19.5% ᠪᠠᠷ ᠨᠡᠮᠡᠭᠳᠡᠨ᠂ ᠨᠡᠮᠡᠭᠳᠡᠯ ᠬᠤᠷᠳᠤᠴᠠ ᠨᠢ ᠪᠥᠬᠦ ᠠᠶᠢᠮᠠᠭ ᠤᠨ | ᠬᠤᠶᠠᠳᠤᠭᠠᠷ ᠲᠤ ᠵᠢᠭᠰᠠᠭᠠᠭᠳᠠᠪᠠ︔ ᠬᠤᠳᠠ ᠬᠥᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠥᠮᠥᠨ | ᠳᠤᠮᠳᠠᠴᠢ ᠡᠵᠡᠮᠳᠡᠵᠦ ᠪᠤᠯᠬᠤᠶᠢᠴᠠ ᠣᠷᠣᠯᠭ᠎ᠠ 47654 ᠲᠥᠭᠦᠷᠢᠭ ᠪᠠ 37567 ᠲᠥᠭᠦᠷᠢᠭ ᠲᠤ ᠬᠦᠷᠴᠦ᠂ | ᠲᠤᠰ ᠲᠤᠰ 4.5% ᠪᠠ 5% ᠪᠠᠷ ᠨᠡᠮᠡᠭᠳᠡᠪᠡ᠃ ᠡᠳ᠋ ᠤᠨ ᠵᠠᠰᠠᠭ ᠤᠨ ᠪᠦᠬᠦ ᠵᠠᠷᠤᠯᠭ᠎ᠠ 20.6 ᠳ᠋ᠦᠩᠰᠢᠭᠤᠷ | ᠲᠥᠭᠦᠷᠢᠭ ᠲᠤ ᠬᠦᠷᠴᠤ᠂ 7.5% ᠪᠠᠷ ᠨᠡᠮᠡᠭᠳᠡᠪᠡ᠃ ᠡᠭᠦᠨ ᠳᠤ᠂ ᠠᠷᠠᠳ ᠤᠨ ᠦᠨᠳᠦᠰᠦᠨ ᠠᠮᠢᠳᠤᠷᠠᠯ ᠢ | ᠪᠠᠲᠤᠯᠠᠬᠤ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ ᠵᠠᠷᠤᠯᠭ᠎ᠠ 5.6 ᠳ᠋ᠦᠩᠰᠢᠭᠤᠷ ᠲᠥᠭᠦᠷᠢᠭ ᠲᠤ | ᠬᠦᠷᠴᠦ᠂ ᠪᠠᠶᠢᠩᠭᠤ ᠶᠢᠨ ᠴᠢᠨᠡᠷᠳᠡᠢ ᠲᠤᠰᠬᠠᠢ ᠲᠦᠷᠤᠯ ᠤᠨ ᠪᠡᠯᠡ ᠮᠦᠩᠬᠦ ᠶᠢ 6 ᠳ᠋ᠦᠩᠰᠢᠭᠤᠷ ᠲᠦᠬᠦᠷᠢᠭ | ᠲᠤᠬᠢᠷᠠᠭᠤᠯᠪᠠ᠃ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 1.61 ᠳ᠋ᠦᠩᠰᠢᠭᠤᠷ ᠲᠦᠬᠦᠷᠢᠭ | ᠴᠠᠶᠢᠷᠠᠭᠤᠯᠵᠤ᠂ ᠵᠢᠯ ᠤᠨ ᠬᠠᠷᠠᠯᠲᠠ ᠶᠢ 109% ᠪᠠᠷ ᠪᠡᠶᠡᠯᠡᠭᠦᠯᠵᠦ᠂ ᠰᠢᠨ᠎ᠡ ᠪᠠᠷ ᠨᠡᠮᠡᠭᠳᠡᠭᠰᠡᠨ 5795 ᠲᠦᠮᠡᠨ | ᠲᠥᠭᠦᠷᠢᠭ ᠤᠨ ᠠᠵᠤ ᠠᠬᠤᠶᠢᠯᠡᠯ ᠥᠷᠢ ᠥᠭᠴᠡᠭᠡ ᠶᠢ ᠴᠠᠶᠢᠷᠠᠭᠤᠯᠬᠤ ᠡᠭᠦᠷᠭᠡ ᠶᠢ ᠪᠦᠬᠦᠨ ᠢ ᠪᠡᠶᠡᠯᠡᠭᠦᠯᠵᠦ᠂ ᠥᠷᠢ | ᠥᠭᠴᠡᠭᠡ ᠶᠢᠨ ᠲᠦᠭᠰᠢᠭᠦᠷᠢ ᠶᠢᠨ ᠲᠠᠰ ︽ᠤᠯᠠᠪᠤᠷ︾ ᠦᠩᠬᠡ ᠠᠴᠠ ︽ᠰᠢᠷ᠎ᠠ︾ ᠦᠩᠬᠡ ᠪᠣᠯᠪᠠ᠃ | ᠬᠤᠶᠠᠷ ᠲᠤ᠂ ᠭᠤᠣᠯᠳᠠᠯᠭ᠎ᠠ ᠲᠠᠢ ᠲᠦᠷᠤᠯ ᠵᠥᠢᠯ ᠤᠨ ᠪᠦᠲᠦᠭᠡᠨ ᠪᠠᠶᠢᠭᠤᠯᠤᠯᠲᠠ ᠶᠢ ᠲᠦᠷᠬᠡᠳᠬᠡᠨ | ᠠᠬᠢᠭᠤᠯᠪᠠ᠃ ᠪᠥᠬᠦ ᠵᠢᠯ ᠳᠤ ᠠᠶᠢᠮᠠᠭ᠂ ᠬᠤᠰᠢᠭᠤ ᠬᠤᠶᠠᠷ ᠲᠡᠰ ᠤᠨ 45 ᠭᠤᠣᠯᠳᠠᠯᠭ᠎ᠠ ᠲᠠᠢ ᠲᠥᠷᠥᠯ ᠵᠦᠢᠯ ᠢ | ᠬᠡᠷᠡᠭᠵᠢᠭᠦᠯᠵᠦ᠂ 56.98 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠠᠶᠠᠯᠠᠬᠦᠯᠤᠨ᠂ ᠨᠡᠶᠢᠭᠡᠮ ᠤᠨ | ᠪᠡᠯᠡ ᠣᠷᠣᠭᠤᠯᠤᠯᠲᠠ 27.8% ᠪᠠᠷ ᠨᠡᠮᠡᠭᠳᠡᠪᠡ᠂ ᠡᠭᠦᠨ ᠳᠤ ᠠᠶᠢᠮᠠᠭ ᠤᠨ ᠲᠠᠰ ᠤᠨ 12 ᠭᠤᠣᠯᠳᠠᠯᠭ᠎ᠠ ᠲᠠᠢ | ᠲᠥᠷᠥᠯ ᠵᠦᠢᠯ ᠤᠨ 132 ᠭᠠᠷᠳᠠᠮ ᠢ ᠪᠥᠬᠦ ᠠᠶᠢᠮᠠᠭ ᠲᠤ ᠤᠷᠢᠳᠴᠢᠯᠡᠨ ᠭᠦᠢᠴᠡᠳᠬᠡᠵᠦ ᠂ ᠲᠥᠷᠥᠯ ᠵᠦᠢᠯ ᠢ | ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠵᠦ᠂ 52.98 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠪᠡ᠃ ᠭᠠᠷ ᠭᠦᠢᠴᠡᠳᠬᠡᠯ ᠬᠦᠢᠴᠡᠳ ᠪᠤᠰᠤ ᠲᠦᠷᠤᠯ ᠵᠥᠢᠯ ᠰᠢᠨ᠎ᠠ ᠠᠬᠢᠯᠳᠠ ᠲᠠᠢ | ᠪᠤᠯᠪᠠ᠃ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠭᠠᠷᠳᠠᠮ ᠢ ᠲᠦᠷᠭᠡᠨ ᠪᠥᠭᠡᠳ ᠪᠦᠲᠦᠮᠵᠢᠲᠡᠶ ᠠᠬᠢᠭᠤᠯᠵᠤ᠂ | ᠦᠢᠯᠡᠳᠪᠦᠷᠢᠯᠡᠯ ᠠᠵᠤ ᠠᠬᠤᠶᠢᠯᠠᠯ ᠤᠨ ᠤᠷᠳᠤ ᠬᠤᠭᠤᠴᠠᠭ᠎ᠠ ᠦᠯᠡᠳᠡᠭᠳᠡᠵᠦ ᠢᠷᠡᠭᠰᠡᠨ ᠭᠠᠷᠳᠠᠮ ᠬᠦᠢᠴᠡᠳᠬᠡᠬᠦ | ᠠᠰᠠᠭᠤᠳᠠᠯ ᠳᠤ ᠴᠢᠭᠯᠡᠬᠦᠯᠤᠨ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠵᠠᠩᠬᠢᠯᠠᠭ᠎ᠠ ᠶᠢᠨ | ᠬᠤᠭᠤᠴᠠᠭ᠎ᠠ ᠶᠢ ᠠᠮᠵᠢᠨ᠂ ᠪᠥᠬᠦ ᠣᠷᠣᠨ ᠳᠤ ︽ᠠᠪᠠᠭ᠎ᠠ ᠬᠤᠰᠢᠭᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠠᠮᠲᠤᠷᠠᠨ ᠡᠵᠡᠩᠨᠡᠬᠦ ︵ᠬᠤᠪᠢ ᠣᠷᠣᠭᠤᠯᠬᠤ︶ ᠶᠢ ᠬᠢᠨᠠᠨ | ᠵᠥᠪᠰᠢᠶᠡᠷᠡᠬᠦ ᠲᠦᠷ ᠬᠡᠷᠡᠭᠵᠢᠭᠦᠯᠬᠦ ᠲᠣᠭᠲᠠᠭᠠᠯ︾ ᠢ ᠤᠷᠢᠳᠴᠢᠯᠡᠨ ᠨᠡᠶᠢᠲᠡᠯᠡᠵᠦ᠂ ᠡᠨᠧᠷᠭᠢ ᠶᠢᠨ ᠪᠤᠰᠤ | ᠠᠭᠤᠷᠬᠠᠢ ᠳᠤ ᠭᠠᠵᠠᠷ ᠲᠠᠳᠠᠪᠤᠷᠢᠯᠠᠬᠤ ᠠᠰᠠᠭᠤᠳᠠᠯ ᠢ ᠪᠦᠳᠤᠮᠵᠢᠳᠡᠢ ᠰᠢᠢᠳᠪᠦᠷᠢᠯᠡᠨ᠂ ᠪᠥᠬᠦ ᠣᠷᠣᠨ ᠤ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠠᠮᠲᠤᠷᠠᠨ ᠡᠵᠡᠩᠨᠡᠬᠦ ︵ᠬᠤᠪᠢ ᠣᠷᠣᠭᠤᠯᠬᠤ︶ ᠬᠢᠨᠡᠨ ᠵᠦᠪᠰᠢᠶᠠᠷᠡᠯ ᠢ | ᠵᠢᠷᠤᠮᠵᠢᠭᠤᠯᠬᠤ ᠳᠤ ᠯᠠᠪᠯᠠᠯᠲᠠ ᠶᠢᠨ ᠵᠠᠭᠪᠤᠷ ᠬᠠᠩᠭᠠᠪᠠ᠃ ᠶᠢᠨ ᠳ᠋ᠢ ᠠᠭᠤᠷᠬᠠᠢ ᠶᠢᠨ ᠦᠢᠯᠡᠰ ᠤᠨ ᠬᠥᠭᠵᠢᠯᠲᠡ ᠶᠢ | 20 ᠰᠢᠬᠠᠮ ᠵᠢᠯ ᠬᠢᠵᠠᠭᠠᠷᠯᠠᠵᠤ ᠪᠠᠶᠢᠭᠰᠡᠨ ᠭᠠᠵᠠᠷ ᠰᠢᠷᠣᠢ ᠬᠡᠷᠡᠭᠯᠡᠬᠦ ᠬᠦᠴᠢᠷᠳᠡᠯ ᠢ ᠬᠠᠪᠰᠤᠷᠤᠨ ᠰᠢᠢᠳᠪᠦᠷᠢᠯᠡᠵᠦ᠂ | 5000 ᠭᠠᠷᠤᠢ ᠮᠦ ᠭᠠᠵᠠᠷ ᠰᠢᠷᠣᠢ ᠶᠢᠨ ᠭᠠᠷᠳᠠᠮ ᠢ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ ᠬᠢᠨᠠᠨ | ᠵᠥᠪᠰᠢᠶᠡᠷᠡᠭᠦᠯᠵᠦ᠂ ᠯᠦᠩ ᠰᠢᠩ᠂ ᠭᠤᠷᠴᠢ᠂ ᠵᠢᠢ ᠳ᠋ᠦᠩ ᠱᠦᠢᠨᠢ᠂ ᠶᠤᠸᠠᠨ ᠰᠤ᠋ ᠠᠭᠤᠷᠬᠠᠢ ᠶᠢᠨ ᠦᠢᠯᠡᠰ ᠵᠡᠷᠭᠡ | 10 ᠭᠠᠷᠤᠢ ᠠᠵᠤ ᠠᠬᠤᠶᠢᠯᠠᠯ ᠤᠨ ᠦᠷᠭᠦᠯᠵᠢᠯᠡᠨ ᠭᠠᠵᠠᠷ ᠰᠢᠷᠣᠢ ᠬᠡᠷᠡᠭᠯᠡᠬᠦ ᠭᠠᠷᠳᠠᠮ ᠢ ᠬᠤᠰᠢᠭᠤᠨ ᠠᠴᠠ ᠬᠢᠨᠠᠨ | ᠵᠥᠪᠰᠢᠶᠡᠷᠡᠭᠦᠯᠬᠦ ᠶᠢ ᠲᠦᠯᠬᠢᠨ ᠠᠬᠢᠭᠤᠯᠪᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ | ᠪᠦᠲᠦᠮᠵᠢᠲᠡᠶ ᠪᠣᠯᠪᠠ᠃ ᠠᠷᠪᠠ ᠭᠠᠷᠤᠢ ᠵᠢᠯ ᠤᠨ ᠴᠢᠷᠮᠠᠶᠢᠯᠭ᠎ᠠ ᠪᠠᠷ ᠲᠠᠮᠵᠢᠨ᠂ ᠵᠢᠩ ᠨᠧᠩ ᠴᠠᠭᠠᠡᠨᠠᠭᠤᠷ ᠴᠠᠬᠢᠯᠭᠠᠨ | ᠦᠢᠯᠡᠳᠪᠦᠷᠢ ᠶᠢᠨ 2×66 ᠲᠦᠮᠡᠨ ᠺᠢᠯᠣᠸᠠᠲ ᠤᠨ ᠢᠯᠴᠢ ᠴᠠᠬᠢᠯᠭᠠᠨ ᠤ ᠳᠦᠷᠦᠯ ᠵᠦᠢᠯ ᠠᠰᠢᠭᠯᠠᠯᠳᠠ ᠳᠤ | ᠤᠷᠤᠵᠤ ᠴᠠᠬᠢᠯᠭᠠᠨ ᠭᠠᠷᠭᠠᠵᠤ᠂ ᠣᠷᠣᠨ ᠪᠦᠰᠡ ᠶᠢᠨ ᠢᠯᠴᠢ ᠴᠠᠬᠢᠯᠭᠠᠨ ᠤ ᠤᠷᠬᠢᠯ ᠢ ᠲᠣᠬᠢᠷᠠᠭᠤᠯᠬᠤ | ᠴᠢᠳᠠᠪᠤᠷᠢ ᠶᠢ ᠳᠡᠭᠡᠭᠰᠢᠯᠡᠭᠦᠯᠬᠦ ᠶᠢᠨ ᠵᠡᠷᠬᠡᠪᠡᠷ ᠰᠢᠯᠢ ᠶᠢᠨ ᠭᠤᠣᠯ ᠠᠶᠢᠮᠠᠭ — ᠱᠠᠨᠳᠦ᠋ᠩ 1000 | ᠺᠢᠯᠤᠸᠤᠯᠲ ᠤᠨ ᠥᠨᠳᠥᠷ ᠬᠦᠴᠦᠳᠡᠯᠲᠦ ᠴᠠᠬᠢᠯᠭᠠᠨ ᠳᠠᠮᠵᠢᠭᠤᠯᠬᠤ ᠵᠠᠮ ᠢ ᠢᠵᠢ ᠪᠦᠷᠢᠳᠦᠭᠰᠡᠨ ᠴᠡᠭ ᠤᠨ | ᠪᠠᠶᠢᠭᠤᠯᠤᠯᠲᠠ ᠶᠢ ᠲᠡᠭᠦᠰ ᠠᠮᠵᠢᠯᠲᠠ ᠲᠠᠢ ᠪᠠᠶᠠᠯᠠᠬᠦᠯᠪᠠ᠃ ᠪᠥᠬᠦ ᠠᠶᠢᠮᠠᠭ ᠤᠨ ᠠᠩᠬᠠᠳᠠᠭᠴᠢ ︽ ᠨᠠᠷᠠ᠂ ᠰᠠᠯᠬᠢ | ᠂ ᠢᠯᠴᠢ᠂ ᠤᠰᠤᠲᠥ᠋ᠷᠥᠭᠴᠢ᠂ ᠬᠠᠳᠠᠭᠠᠯᠠᠬᠤ︾ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ | ᠵᠦᠢᠯ ᠤᠨ ᠢᠵᠢ ᠪᠦᠷᠢᠳᠦᠭᠰᠡᠨ ᠤᠰᠤᠲᠥ᠋ᠷᠥᠭᠴᠢ ᠨᠡᠮᠡᠬᠦ ᠥᠷᠲᠡᠭᠡ ᠶᠢ ᠪᠠᠶᠢᠭᠤᠯᠤᠨ ᠠᠰᠢᠭᠯᠠᠯᠲᠠ ᠳᠤ | ᠣᠷᠣᠭᠤᠯᠵᠤ᠂ ᠰᠢᠨ᠎ᠡ ᠡᠨᠧᠷᠭᠢ ᠶᠢᠨ ᠬᠡᠷᠡᠭᠯᠡᠭᠡᠨ ᠤ ᠠᠬᠤᠢ ᠪᠠᠶᠢᠳᠠᠯ ᠢ ᠤᠯᠠᠮ ᠨᠢᠭᠡ ᠠᠯᠬᠤᠮ ᠥᠷᠭᠡᠳᠬᠡᠪᠡ᠃ | 150 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠵᠢᠴᠢ ᠢᠵᠢ ᠪᠦᠷᠢᠳᠦᠭᠰᠡᠨ ᠴᠠᠬᠢᠯᠭᠠᠨ | ᠲᠣᠣᠷ ᠤᠨ ᠢᠨᠵᠧᠨᠧᠷᠢᠩ ᠢ ᠪᠠᠶᠢᠭᠤᠯᠵᠤ ᠴᠠᠬᠢᠯᠭᠠᠨ ᠭᠠᠷᠭᠠᠨ᠂ ᠵᠢᠩ ᠨᠸᠡᠭ 7.5 ᠲᠦᠮᠡᠨ ᠺᠢᠯᠣᠸᠠᠲ ᠤᠨ | ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠠᠰᠢᠭᠯᠠᠯᠲᠠ ᠳᠤ ᠣᠷᠣᠵᠤ᠂ ᠤᠯᠤᠰ ᠤᠨ ᠴᠠᠬᠢᠯᠭᠠᠨ ᠬᠦᠴᠦᠨ ᠤ | ᠪᠡᠯᠡ ᠣᠷᠣᠭᠤᠯᠤᠯᠲᠠ ᠶᠢᠨ 15 ᠲᠦᠮᠡᠨ ᠺᠢᠯᠣᠸᠠᠲ ᠤᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠂ ᠵᠢᠩ | ᠨᠸᠡᠭ ᠴᠠᠭᠠᠨᠨᠠᠭᠤᠷ ᠴᠠᠬᠢᠯᠭᠠᠨ ᠦᠢᠯᠡᠳᠪᠦᠷᠢ ᠶᠢᠨ ᠥᠪᠡᠷᠲᠡᠭᠡᠨ ᠨᠡᠬᠡᠬᠡᠨ ᠠᠰᠢᠭᠯᠠᠬᠤ᠂ ᠨᠠᠷ᠎ᠡ ᠰᠠᠯᠬᠢᠨ ᠢᠶᠠᠷ | ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ ᠲᠥᠷᠥᠯ ᠵᠦᠢᠯ ᠢ ᠪᠠᠷᠢᠯᠭ᠎ᠠ ᠡᠬᠢᠯᠡᠬᠦᠯᠵᠤ᠂ 248 | ᠲᠦᠮᠡᠨ ᠺᠢᠯᠣᠸᠠᠲ ᠤᠨ ᠭᠤᠷᠪᠠᠳᠤᠭᠠᠷ ᠬᠤᠭᠤᠴᠠᠭᠠᠨ ᠤ ᠰᠢᠨ᠎ᠡ ᠡᠨᠧᠷᠭᠢ ᠶᠢᠨ ᠲᠥᠷᠥᠯ ᠵᠦᠢᠯ ᠢ ᠬᠢᠨᠠᠨ | ᠵᠦᠪᠰᠢᠶᠠᠷᠡᠬᠦᠯᠵᠤ ᠳᠠᠩᠰᠠᠯᠠᠨ᠂ ᠪᠥᠬᠦ ᠬᠤᠰᠢᠭᠤᠨ ᠤ ︽ᠢᠯᠴᠢ ᠴᠠᠬᠢᠯᠭᠠᠨ + ᠴᠠᠪᠡᠷ ᠡᠨᠧᠷᠬᠢ ᠶᠢᠨ ᠴᠠᠬᠢᠯᠭᠠᠨ︾ | ᠢ ᠲᠣᠣᠷ ᠲᠤ ᠨᠡᠶᠢᠯᠡᠭᠦᠯᠬᠦ ᠮᠠᠰᠢᠨ ᠴᠣᠭᠴᠠᠯᠠᠪᠤᠷᠢ ᠶᠢᠨ ᠬᠡᠮᠵᠢᠶ᠎ᠡ᠂ ᠰᠢᠨ᠎ᠡ ᠡᠨᠧᠷᠭᠢ ᠶᠢᠨ ︽ᠠᠰᠢᠭᠯᠠᠯᠲᠠ ᠳᠤ | ᠣᠷᠣᠭᠤᠯᠬᠤ + ᠬᠢᠨᠠᠨ ᠵᠥᠪᠰᠢᠶᠡᠷᠡᠬᠦ︾ ᠬᠡᠪᠴᠢᠶ᠎ᠡ ᠴᠥᠮ 500 ᠲᠦᠮᠡᠨ ᠺᠢᠯᠣᠸᠠᠲ ᠤᠨ ᠪᠣᠭᠤᠮᠲᠠ ᠶᠢ ᠳᠠᠪᠠᠪᠠ | ᠃ ᠴᠠᠭᠠᠡᠨᠠᠭᠤᠷ 1 ᠳ᠋ᠤᠬᠡᠷ ᠨᠣᠮᠧᠷᠲᠤ ᠬᠤᠳᠳᠤᠭ ᠪᠣᠯᠣᠨ ᠳ᠋ᠠ ᠠᠨ ᠨᠡᠭᠦᠷᠡᠰᠦᠨ ᠠᠭᠤᠷᠬᠠᠢ ᠶᠢᠨ ᠬᠤᠳᠳᠤᠭ | ᠳᠣᠣᠷᠠᠬᠢ ᠨᠦᠬᠡᠨ ᠵᠠᠮ ᠮᠠᠯᠳᠠᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠭᠠᠵᠠᠷ ᠳᠡᠭᠡᠷᠡᠬᠢ ᠪᠠᠷᠢᠯᠭ᠎ᠠ ᠶᠢ | ᠲᠤᠭᠳᠠᠭᠰᠡᠨ ᠬᠤᠭᠤᠴᠠᠭᠠᠨ ᠳᠤ ᠪᠦᠲᠦᠭᠡᠨ ᠪᠠᠶᠢᠭᠤᠯᠪᠠ᠃ ᠠᠷᠠᠯᠵᠢᠶᠠᠴᠢᠨ ᠤᠷᠢᠵᠤ ᠪᠡᠯᠡ ᠣᠷᠣᠭᠤᠯᠵᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠲᠠᠶᠢᠴᠢᠯᠠᠵᠤ᠂ 8 ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶᠡᠵᠢᠯ ᠢ ᠴᠢᠩᠭ᠎ᠠ ᠠᠳᠬᠤᠨ᠂ ᠲᠡᠷᠢᠭᠦᠨ ᠤ ᠠᠵᠤ ᠠᠬᠤᠶᠢᠯᠠᠯ ᠲᠠᠢ ᠢᠳᠡᠪᠬᠢᠲᠡᠢ ᠵᠣᠯᠭᠠᠭᠤᠯᠵᠤ᠂ ᠠᠶᠢᠮᠠᠭ ᠤᠨ | ᠭᠠᠳᠠᠨᠠᠬᠢ ᠪᠡᠯᠡ ᠮᠥᠩᠭᠦ ᠶᠢ 53 ᠳ᠋ᠦᠩᠰᠢᠭᠤᠷ ᠲᠦᠬᠦᠷᠢᠭ ᠲᠠᠮᠠᠴᠠᠨ ᠤᠯᠵᠤ᠂ ᠪᠥᠬᠦ ᠠᠶᠢᠮᠠᠭ ᠤᠨ ᠲᠡᠷᠢᠭᠦᠨ ᠳᠤ | ᠵᠢᠭᠰᠠᠭᠠᠭᠳᠠᠪᠠ᠃ | ᠭᠤᠷᠪᠠ ᠳᠤ᠂ ᠠᠵᠤ ᠦᠢᠯᠡᠰ ᠤᠨ ᠬᠥᠭᠵᠢᠯᠲᠡ ᠢᠯᠡᠳᠳᠡ ᠬᠤᠪᠢᠷᠠᠯᠲᠠ ᠲᠠᠢ ᠪᠤᠯᠪᠠ ᠃ ︽ ᠬᠤᠣᠰ | ᠲᠦᠮᠡᠨ ᠰᠠᠭᠤᠷᠢᠨ ᠭᠠᠵᠠᠷ ︾ ᠤᠨ ᠬᠥᠲᠥᠯᠥᠨ ᠲᠠᠶᠢᠴᠢᠯᠠᠬᠤ ᠦᠢᠯᠡᠳᠦᠯ ᠢ ᠬᠦᠢᠴᠡᠳ ᠪᠠᠳᠠᠷᠠᠭᠤᠯᠪᠠ᠃ | ᠲᠦᠮᠡᠨ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠤᠨ ᠲᠤᠷᠰᠢᠨ ᠡᠵᠡᠩᠨᠡᠵᠦ᠂ ︽ᠨᠠᠮ ᠤᠨ | ᠡᠭᠦᠷ + ᠲᠤᠯᠤᠭᠠᠶᠢᠯᠠᠭᠴᠢ ᠠᠵᠤ ᠠᠬᠤᠶᠢᠯᠠᠯ + ᠴᠢᠨᠠᠷ ᠰᠠᠶᠢᠲᠠᠢ ᠮᠠᠯᠵᠢᠬᠤ ᠡᠷᠦᠬᠡ︾ ᠶᠢᠨ ᠮᠠᠯᠴᠢᠳ ᠠᠵᠤ | ᠠᠬᠤᠶᠢᠯᠠᠯ ᠤᠨ ᠠᠰᠢᠭ ᠲᠤᠰᠠ ᠬᠤᠯᠪᠤᠯᠳᠤᠭᠰᠡᠨ ᠵᠤᠬᠢᠴᠠᠮᠵᠢ ᠶᠢ ᠰᠦᠪᠡᠭᠴᠢᠯᠡᠨ ᠪᠠᠶᠢᠭᠤᠯᠵᠤ᠂ ︽ᠬᠤᠶᠠᠷ ᠵᠢᠯ ᠳᠤ | ᠭᠤᠷᠪᠠᠨ ᠬᠤᠷᠠᠭ᠎ᠠ᠂ ᠤᠯᠠᠷᠢᠯ ᠰᠤᠯᠪᠢᠴᠠᠭᠤᠯᠤᠨ ᠪᠣᠷᠣᠯᠠᠭᠤᠯᠬᠤ︾ ᠦᠢᠯᠡᠳᠪᠦᠷᠢᠯᠡᠯ ᠤᠨ ᠵᠠᠭᠪᠤᠷ ᠢ ᠪᠦᠲᠦᠮᠵᠢᠲᠡᠶ | ᠳᠡᠯᠭᠡᠷᠡᠭᠦᠯᠦᠨ᠂ ᠬᠤᠨᠢᠨ ᠤ ᠢᠷᠡᠯᠲᠡ ᠶᠢ ᠲᠣᠭᠲᠠᠪᠤᠷᠢᠵᠢᠭᠤᠯᠬᠤ᠂ ᠡᠳ᠋ᠰᠢᠭᠦᠯᠬᠦ ᠬᠤᠭᠤᠴᠠᠭ᠎ᠠ ᠶᠢ ᠤᠷᠲᠤᠳᠬᠠᠬᠤ᠂ | ᠦᠨ᠎ᠡ ᠥᠰᠬᠡᠵᠦ ᠬᠤᠳᠠᠯᠳᠤᠨ ᠠᠪᠬᠤ ᠰᠠᠶᠢᠨ ᠰᠠᠶᠢᠬᠠᠨ ᠦᠷ᠎ᠡ ᠪᠦᠲᠦᠮᠵᠢ ᠶᠢ ᠣᠯᠵᠤ᠂ ᠪᠥᠬᠦ ᠠᠶᠢᠮᠠᠭ ᠤᠨ ᠮᠠᠯ | ᠠᠵᠤ ᠠᠬᠤᠢ ᠶᠢᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠨᠠᠷᠠᠲᠤ ᠲᠡᠮᠳᠡᠭᠵᠢᠭᠰᠡᠨ ᠬᠥᠭᠵᠢᠯᠲᠡ ᠳᠤ | ᠬᠡᠷᠡᠭᠵᠢᠬᠦᠯᠵᠤ ᠪᠤᠯᠬᠤᠶᠢᠴᠠ ᠲᠤᠷᠰᠢᠯᠭ᠎ᠠ ᠬᠠᠩᠭᠠᠪᠠ᠃ ᠲᠦᠮᠡᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ | ᠭᠠᠵᠠᠷ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ᠂ ᠮᠢᠬᠠᠨ | ᠤ ᠦᠬᠡᠷ ᠬᠤᠳᠠᠯᠳᠤᠨ ᠠᠪᠬᠤ᠂ ᠮᠠᠯᠴᠢᠳ ᠲᠠᠢ ᠬᠠᠮᠳᠤᠷᠠᠨ ᠡᠷᠦᠬᠡ ᠶᠢ ᠳᠠᠶᠢᠴᠢᠯᠠᠬᠤ ᠠᠵᠢᠯ ᠢ ᠢᠳᠡᠪᠬᠢᠲᠡᠢ | ᠠᠬᠢᠭᠤᠯᠪᠠ︔ ︽ᠬᠤᠸᠠ ᠰᠢ ᠦᠬᠡᠷ︾ ᠤᠨ ᠪᠠᠷᠢᠮᠵᠢᠶᠠᠵᠢᠭᠰᠠᠨ ᠰᠦᠷᠦᠭ ᠢ ᠪᠣᠶᠢᠵᠢᠭᠤᠯᠬᠤ᠂ ᠮᠢᠬᠠᠨ ᠤ | ᠦᠬᠡᠷ ᠤᠨ ᠢᠴᠡᠬᠡᠯ ᠦᠷ᠎ᠠ ᠶᠢᠨ ᠬᠡᠭᠡᠯᠲᠦᠭᠦᠯᠭᠡ ᠶᠢᠨ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ᠂ | ᠲᠣᠭᠠᠴᠢᠯᠠᠭᠰᠠᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠵᠡᠷᠭᠡ ᠵᠢᠯ ᠤᠨ ᠭᠤᠣᠯᠳᠠᠯᠭ᠎ᠠ ᠲᠠᠢ ᠡᠭᠦᠷᠭᠡ ᠶᠢ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠡᠷᠴᠢᠮᠳᠡᠢ ᠠᠬᠢᠭᠤᠯᠪᠠ᠃ ︽ᠳᠤᠮᠳᠠᠳᠤ ᠤᠯᠤᠰ ᠤᠨ ᠴᠡᠭᠡ ᠶᠢᠨ | ᠨᠤᠲᠤᠭ︾ ᠤᠨ ᠨᠠᠷᠠᠲᠤ ᠲᠡᠮᠳᠡᠭᠲᠦ ᠪᠠᠶᠢᠭᠤᠯᠤᠯᠳᠠ ᠠᠩᠬ᠎ᠠ ᠠᠯᠬᠤᠮ ᠤᠨ ᠠᠮᠵᠢᠯᠳᠠ ᠤᠯᠪᠠ᠃ ᠣᠷᠣᠨ ᠤ | ᠳᠣᠲᠣᠷᠠᠬᠢ ᠰᠢᠯᠢᠳᠡᠭ ᠠᠵᠤ ᠠᠬᠤᠶᠢᠯᠠᠯ ᠯᠤᠭ᠎ᠠ ᠬᠠᠮᠲᠤᠷᠠᠯᠴᠠᠬᠤ ᠬᠠᠷᠢᠴᠠᠭ᠎ᠠ ᠪᠠᠶᠢᠭᠤᠯᠵᠤ᠂ ︽ᠰᠦ ᠶᠢᠨ | ᠢᠷᠡᠯᠲᠡ ᠶᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠪᠦᠲᠦᠭᠡᠭᠳᠡᠬᠦᠨ ᠪᠣᠶᠢᠵᠢᠭᠤᠯᠬᠤ᠂ ᠡᠷᠡᠭᠦᠯᠵᠢᠯ ᠰᠤᠪᠢᠯᠠᠯᠲᠠ | ᠂ ᠵᠠᠬ᠎ᠠ ᠳᠡᠯᠭᠡᠭᠦᠷ ᠥᠷᠭᠡᠳᠬᠡᠬᠦ︾ ᠬᠥᠭᠵᠢᠯᠲᠡ ᠶᠢᠨ ᠰᠡᠳᠬᠢᠮᠵᠢ ᠶᠢ ᠲᠣᠳᠣᠷᠬᠠᠢ ᠪᠣᠯᠭᠠᠪᠠ᠃ ᠤᠯᠤᠰ ᠤᠨ | ᠳᠣᠲᠣᠭᠠᠳᠤ ᠠᠴᠠ ᠴᠡᠭᠡ ᠶᠢᠨ ᠪᠦᠲᠦᠭᠡᠭᠳᠡᠬᠦᠨ ᠤ ᠲᠡᠷᠢᠬᠦᠨ ᠤ ᠠᠵᠤ ᠠᠬᠤᠶᠢᠯᠡᠯ ᠢ ᠤᠷᠢᠨ ᠣᠷᠣᠭᠤᠯᠵᠤ᠂ | ᠵᠢᠷᠭᠠᠯᠠᠩᠲᠤ ᠰᠤᠮᠤᠨ ᠳᠤ ᠪᠠᠷᠢᠮᠵᠢᠶᠠᠵᠢᠭᠰᠠᠨ ᠴᠡᠭᠡ ᠡᠳ᠋ᠰᠢᠭᠦᠯᠬᠦ ᠦᠢᠯᠡᠳᠪᠦᠷᠢ ᠪᠠᠶᠢᠭᠤᠯᠪᠠ᠃ ᠤᠯᠠᠮᠵᠢᠯᠠᠯᠲᠤ | ᠮᠣᠩᠭᠤᠯ ᠡᠮᠴᠢᠯᠡᠭᠡᠨ ᠤ ᠴᠡᠭᠡ ᠡᠷᠡᠬᠦᠯᠵᠢᠯ ᠰᠤᠪᠢᠯᠠᠯᠳᠠ᠂ ᠡᠮᠲᠦ ᠤᠬᠢᠶᠠᠯᠭ᠎ᠠ ᠵᠡᠷᠭᠡ ᠡᠷᠡᠭᠦᠯᠵᠢᠯ ᠰᠤᠪᠢᠯᠠᠯᠳᠠ ᠶᠢᠨ | ᠵᠠᠭᠪᠤᠷ ᠢᠯᠡᠳᠲᠡ ᠦᠷ᠎ᠡ ᠪᠦᠲᠦᠮᠵᠢ ᠣᠯᠵᠤ᠂ ᠮᠣᠩᠭᠤᠯ ᠡᠮᠨᠡᠯᠭᠡ ᠶᠢᠨ ᠬᠤᠷᠢᠶ᠎ᠠ ᠪᠠ ᠨᠡᠶᠢᠭᠡᠮ ᠲᠣᠭᠤᠷᠢᠭ ᠤᠨ | ᠡᠮᠨᠡᠯᠭᠡ ᠶᠢᠨ ᠬᠤᠷᠢᠶ᠎ᠠ ᠶᠢᠨ ᠴᠡᠭᠡ ᠡᠷᠡᠭᠦᠯᠵᠢᠯ ᠰᠤᠪᠢᠯᠠᠯᠳᠠ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ | 50% ᠪᠠᠷ ᠨᠡᠮᠡᠭᠳᠡᠪᠡ᠃ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ | ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ︽ᠭᠤᠷᠪᠠ ᠶᠢ | ᠬᠤᠪᠢᠷᠠᠭᠤᠯᠬᠤ︾ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ | ᠡᠵᠡᠮᠳᠠᠵᠤ᠂ ᠨᠠᠷᠠᠨᠪᠤᠯᠠᠭ ᠰᠤᠮᠤ ᠶᠢ ᠲᠤᠷᠰᠢᠯᠲᠠ ᠶᠢᠨ ᠴᠡᠭ ᠪᠣᠯᠭᠠᠵᠤ ᠬᠠᠮᠲᠤ ᠶᠢᠨ ᠪᠡᠯᠴᠢᠭᠡᠷ᠂ ᠮᠠᠯ ᠤᠨ ᠡᠬᠢ | ᠪᠠᠶᠠᠯᠢᠭ ᠪᠠ ᠰᠠᠭᠤᠷᠢ ᠲᠦᠬᠦᠬᠡᠷᠤᠮᠵᠢ ᠶᠢ ᠤᠷᠢᠳᠴᠢᠯᠡᠨ ᠡᠮᠬᠢᠯᠡᠨ ᠨᠢᠬᠡᠳᠬᠡᠵᠤ᠂ ᠨᠢᠭᠡᠳᠦᠯᠲᠡᠢ ᠡᠵᠡᠩᠨᠡᠯᠳᠡ | ᠬᠠᠮᠢᠶᠠᠷᠤᠯᠳᠠ ᠬᠡᠷᠡᠭᠵᠢᠭᠦᠯᠪᠠ᠃ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠭᠳᠠᠯᠴᠠᠭ᠎ᠠ ᠶᠢᠨ ᠥᠭᠡᠷᠡᠴᠢᠯᠡᠯᠲᠡ ᠲᠠᠢ | ᠣᠷᠭᠠᠨᠢᠭ ᠢᠶᠠᠷ ᠠᠭᠤᠰᠤᠯᠴᠠᠭᠤᠯᠵᠤ᠂ ᠮᠠᠯᠴᠢᠳ ᠤᠨ ᠵᠣᠬᠢᠶᠠᠨ ᠪᠠᠶᠢᠭᠤᠯᠵᠢᠭᠰᠡᠨ ᠬᠡᠮᠵᠢᠶ᠎ᠡ ᠶᠢ ᠪᠦᠲᠦᠮᠵᠢᠲᠡᠢ | ᠳᠡᠭᠡᠭᠰᠢᠯᠡᠭᠦᠯᠵᠦ᠂ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠬᠡᠯᠢᠭᠵᠢᠬᠦ ᠶᠢ ᠦᠷᠭᠦᠯᠵᠢᠯᠡᠨ | ᠳᠠᠶᠢᠴᠢᠯᠠᠵᠤ᠂ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠠ᠃ | ᠳᠠᠪᠠᠭᠤᠯᠢᠭ ᠠᠵᠤ ᠦᠢᠯᠡᠰ ᠲᠣᠭᠲᠠᠭᠤᠨ ᠢᠶᠠᠷ ᠰᠠᠶᠢᠵᠢᠷᠠᠪᠠ᠃ ᠵᠢᠢ ᠳ᠋ᠦᠡᠭ ᠱᠦᠢᠨᠢ ᠶᠢᠨ ᠺᠠᠯᠼ ᠴᠢᠯᠠᠭᠤ | ᠡᠳ᠋ᠰᠢᠭᠦᠯᠬᠦ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠵᠢᠯ ᠳᠤᠮᠳᠠᠴᠢ ᠦᠢᠯᠡᠳᠬᠦᠨ ᠤ ᠥᠷᠲᠡᠭ ᠨᠢ | 3600 ᠭᠠᠷᠤᠢ ᠲᠦᠮᠡᠨ ᠲᠥᠭᠦᠷᠢᠭ ᠨᠡᠮᠡᠭᠳᠡᠨ᠂ ᠱᠦᠢᠨᠢ ᠴᠠᠪᠠᠤᠯᠢᠭ ᠡᠯᠡᠰᠦ ᠨᠡᠭᠦᠷᠡᠰᠦᠵᠢᠭᠦᠯᠬᠦ ᠴᠢᠨᠠᠷᠲᠠᠢ | ᠲᠤᠷᠰᠢᠯᠲᠠ ᠤᠯᠤᠰ ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ | ᠲᠤᠰᠬᠠᠢ ᠲᠥᠷᠥᠯ ᠤᠨ ᠱᠠᠩᠨᠠᠯ ᠤᠨ ᠮᠥᠩᠭᠦ ᠶᠢ ᠭᠥᠷᠳᠡᠪᠡ︔ ᠶᠢᠨ ᠳ᠋ᠢ ᠠᠭᠤᠷᠬᠠᠢ ᠶᠢᠨ ᠦᠢᠯᠡᠰ ᠤᠨ ᠡᠨᠧᠷᠭᠢ | ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠵᠢᠯ ᠪᠦᠷᠢ | ᠳᠤᠮᠳᠠᠴᠢ ᠪᠠᠷ 1530 ᠭᠠᠷᠤᠢ ᠲᠣᠨ ᠪᠠᠷᠢᠮᠵᠢᠶᠠᠲᠤ ᠨᠡᠭᠦᠷᠡᠰᠦᠨ ᠤ ᠬᠤᠷᠣᠭᠳᠠᠯ ᠢ ᠪᠠᠭᠠᠰᠬᠠᠵᠤ᠂ ᠥᠪᠡᠷᠲᠡᠭᠡᠨ | ᠵᠠᠰᠠᠬᠤ ᠣᠷᠣᠨ ᠤ ︽ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ︾ ᠤᠨ ᠢᠷᠠᠭᠤ | ᠠᠯᠳᠠᠷ ᠢ ᠭᠥᠷᠳᠡᠪᠡ︔ ᠯᠥᠩ ᠰᠢᠩ ᠬᠠᠶᠢᠯᠤᠭᠤᠷ ᠵᠤᠩᠰᠢ ᠶᠢᠨ ᠠᠭᠤᠷᠬᠠᠢ ᠶᠢᠨ ᠬᠦᠳᠡᠷ ᠰᠢᠯᠢᠬᠦ ᠮᠡᠷᠭᠡᠵᠢᠯ ᠤᠨ | ᠥᠭᠡᠷᠡᠴᠢᠯᠡᠯᠲᠡ ᠶᠢᠨ ᠲᠥᠷᠥᠯ ᠵᠦᠢᠯ ᠪᠠ ᠶᠡᠷᠦᠩᠬᠡᠶᠢᠯᠡᠭᠰᠡᠨ ᠠᠯᠪᠠᠨ ᠠᠰᠠᠷ ᠢ ᠠᠰᠢᠭᠯᠠᠯᠲᠠ ᠳᠤ ᠣᠷᠣᠭᠤᠯᠵᠤ᠂ | ᠯᠥᠩ ᠵᠢᠩ ᠳᠡᠭᠡᠳᠦ ᠲᠠᠰ ᠤᠨ ᠹᠯᠣᠷ ᠪᠠ ᠴᠠᠬᠢᠯᠭᠠᠨ ᠴᠡᠨᠡᠭ ᠤᠨ ᠰᠢᠨ᠎ᠡ ᠮᠠᠲ᠋ᠧᠷᠢᠶᠠᠯ ᠵᠢᠴᠢ ᠢᠵᠢ ᠪᠦᠷᠢᠳᠦᠭᠰᠡᠨ | ᠲᠥᠷᠥᠯ ᠵᠦᠢᠯ ᠲᠤᠯᠤᠡᠨᠠᠭᠤᠷ ᠰᠢᠶᠠᠨ ᠲᠠᠢ ᠬᠠᠮᠳᠤᠷᠠᠯᠴᠠᠭ᠎ᠠ ᠲᠤᠭᠳᠠᠭᠠᠵᠤ᠂ ᠪᠥᠬᠦ ᠣᠷᠣᠨ ᠤ ︽ᠭᠠᠵᠠᠷ ᠤᠷᠤᠨ ᠤ | ᠠᠵᠤ ᠠᠬᠤᠢ ᠶᠢᠨ ᠬᠠᠮᠳᠤᠷᠠᠯᠴᠠᠭ᠎ᠠ︾ ᠶᠢᠨ ᠠᠷᠠᠯᠵᠢᠶᠠᠴᠢᠨ ᠤᠷᠢᠬᠤ ᠲᠥᠷᠥᠯ ᠵᠦᠢᠯ ᠰᠢᠨ᠎ᠡ ᠰᠢᠪᠲᠤᠯᠤᠯᠲᠠ ᠶᠢ | ᠪᠡᠶᠡᠯᠡᠭᠦᠯᠪᠡ᠃ ᠡᠷᠳᠡᠨᠢ ᠰᠤᠳᠤᠯᠭᠠᠨ ᠤ ᠲᠥᠪ ᠫᠠᠶᠢᠰᠠ ᠡᠯᠭᠦᠨ ᠪᠠᠶᠢᠭᠤᠯᠤᠭᠳᠠᠵᠤ᠂ ᠡᠷᠳᠡᠨᠢ ᠢᠳᠡᠭᠡᠨ ᠤ | ᠬᠢᠵᠠᠭᠠᠷᠲᠤ ᠺᠣᠮᠫᠠᠨᠢ ᠥᠪᠡᠷᠲᠡᠭᠡᠨ ᠵᠠᠰᠠᠬᠤ ᠣᠷᠣᠨ ᠤ 2023 ᠣᠨ ᠤ ︽ᠪᠣᠬᠢᠷᠲᠤᠯ ᠦᠭᠡᠢ ᠦᠢᠯᠡᠳᠪᠦᠷᠢ︾ | ᠶᠢᠨ ᠴᠣᠯᠠ ᠶᠢ ᠭᠥᠷᠳᠡᠪᠡ᠃ ᠦᠢᠯᠡᠴᠢᠯᠡᠭᠡᠨ ᠤ ᠦᠢᠯᠡᠰ ᠦᠳᠳᠤᠷ ᠬᠥᠭᠵᠢᠪᠡ᠃ ︽ᠮᠸᠡᠭ ᠳ᠋ᠦᠡᠭ ᠰᠢ ᠢᠥᠢ︾ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢ ᠪᠡᠭᠡᠵᠢᠩ ᠳᠤ ᠨᠡᠶᠢᠲᠡᠯᠡᠵᠦ᠂ ᠬᠤᠰᠢᠭᠤ | ᠂ ᠰᠤᠮᠤ ᠪᠠᠯᠭᠠᠰᠤ᠂ ᠭᠠᠴᠠᠭ᠎ᠠ ᠭᠤᠷᠪᠠᠨ ᠲᠡᠰ ᠤᠨ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ | ᠲᠤᠭᠳᠠᠯᠴᠠᠭ᠎ᠠ ᠲᠣᠭᠲᠠᠭᠤᠨ ᠢᠶᠠᠷ ᠠᠵᠢᠯᠯᠠᠵᠤ᠂ ᠪᠡᠯᠬᠦᠳᠡᠢ᠂ ᠴᠠᠭᠠᠨᠨᠠᠭᠤᠷ ᠪᠠᠯᠭᠠᠰᠤᠨ ᠳᠤ ᠪᠠᠷᠠᠭᠠᠨ ᠤ | ᠭᠦᠢᠯᠭᠡᠭᠡᠨ ᠤ ᠦᠢᠯᠡᠴᠢᠯᠡᠭᠡᠨ ᠤ ᠲᠣᠭᠤᠷᠢᠭ ᠢ ᠪᠠᠶᠢᠭᠤᠯᠬᠤ ᠠᠵᠢᠯ ᠢ ᠡᠬᠢᠯᠡᠬᠦᠯᠵᠤ᠂ ᠣᠷᠣᠨ ᠪᠦᠰᠡ ᠶᠢᠨ | ᠭᠦᠢᠯᠭᠡᠭᠡᠨ ᠤ ᠳᠠᠮᠵᠢᠭᠤᠯᠬᠤ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ ᠰᠣᠶᠣᠯ ᠵᠤᠭᠠᠴᠠᠯ ᠤᠨ ᠦᠢᠯᠡᠰ | ᠴᠡᠴᠡᠭᠯᠡᠨ ᠬᠦᠭᠵᠢᠪᠠ᠃ ᠰᠣᠶᠣᠯ ᠵᠤᠭᠠᠴᠠᠯ ᠤᠨ ᠡᠬᠢ ᠪᠠᠶᠠᠯᠢᠭ ᠢ ᠭᠦᠢᠴᠡᠳ ᠲᠠᠶᠢᠴᠢᠯᠠᠵᠤ ᠵᠤᠭᠠᠴᠠᠯ ᠤᠨ ᠵᠠᠮ | ᠱᠤᠭᠤᠮ ᠢ ᠪᠣᠶ ᠪᠣᠯᠭᠠᠨ᠂ ᠨᠠᠷᠠᠲᠤ ᠲᠡᠮᠳᠡᠭᠲᠦ ᠶᠢᠨ ᠳᠦᠷᠢ ᠲᠥᠷᠬᠦ ᠶᠢ ᠱᠤᠭᠤᠵᠤ᠂ ︽ᠠᠵᠠ ᠬᠡᠶᠢᠮᠤᠷᠢᠳᠤ ᠠᠪᠠᠭ᠎ᠠ | ︾ ᠰᠣᠶᠣᠯ ᠵᠤᠭᠠᠴᠠᠯ ᠤᠨ ᠰᠢᠨ᠎ᠡ ᠳᠦᠷᠢ ᠲᠥᠷᠬᠦ ᠶᠢ ᠨᠡᠶᠢᠲᠡᠯᠡᠵᠦ᠂ ᠤᠯᠠᠮᠵᠢᠯᠠᠯᠲᠤ ᠪᠠ ᠤᠳᠤᠬᠢᠴᠢᠯᠠᠭᠰᠡᠨ | ᠤᠷᠠᠯᠢᠭ ᠢ ᠴᠠᠭ ᠦᠶ᠎ᠡ ᠶᠢᠨ ᠣᠨᠴᠠᠯᠢᠭ ᠲᠠᠢ ᠭᠦᠨᠵᠡᠭᠡᠢ ᠠᠭᠤᠰᠬᠠᠭᠰᠠᠨ ︽ᠬᠡᠦᠬᠡᠳ ᠪᠠ ᠮᠣᠷᠢ︾ ᠰᠣᠶᠣᠯ ᠤᠨ | ᠪᠦᠲᠦᠭᠡᠭᠳᠡᠬᠦᠨ ᠢ ᠡᠬᠦᠳᠴᠤ᠂ ᠪᠥᠬᠦ ᠬᠤᠰᠢᠭᠤᠨ ᠤ ᠰᠣᠶᠣᠯ ᠵᠤᠭᠠᠴᠠᠯ ᠤᠨ ᠬᠡᠪ ᠳᠠᠭᠤᠷᠢᠶᠠᠯ ᠪᠤᠯᠬᠤᠶᠢᠴᠠ | ᠪᠦᠳᠤᠬᠡᠯ — ︽ᠬᠡᠦᠬᠡᠳ ᠪᠠ ᠮᠣᠷᠢ︾ ᠭᠤᠣᠯ ᠰᠡᠳᠦᠪᠲᠦ ᠰᠣᠶᠣᠯ ᠤᠨ ᠬᠦᠷᠢᠶᠡᠯᠡᠩ ᠤᠨ ᠭᠤᠣᠯ | ᠴᠣᠭᠴᠠ ᠶᠢᠨ ᠢᠨᠵᠧᠨᠧᠷᠢᠩ ᠢ ᠪᠡᠶᠡᠯᠡᠭᠦᠯᠪᠡ᠃ ᠠᠮᠢ ᠠᠬᠤᠢ ᠶᠢᠨ ᠪᠣᠯᠪᠠᠰᠤᠨ ᠤ ᠬᠥᠮᠦᠵᠢᠯ ᠤᠨ ᠰᠣᠳᠣᠨ | ᠵᠤᠭᠠᠴᠠᠯ ᠤᠨ ᠵᠠᠮ ᠱᠤᠭᠤᠮ ᠢ ᠡᠬᠦᠳᠴᠤ᠂ ᠠᠪᠠᠭ᠎ᠠ ᠬᠤᠰᠢᠭᠤᠨ ᠤ ᠵᠤᠭᠠᠴᠠᠯ ᠤᠨ ᠰᠡᠬᠦᠳᠡᠷᠯᠡᠭᠡ ᠬᠢᠬᠦ ᠰᠠᠭᠤᠷᠢᠨ | ᠭᠠᠵᠠᠷ ᠢ ᠪᠠᠶᠢᠭᠤᠯᠵᠤ᠂ ᠨᠠᠢᠮᠠᠳᠤᠭᠠᠷ ᠬᠤᠭᠤᠴᠠᠭᠠᠨ ᠤ ᠠᠷᠠᠳ ᠤᠨ ᠶᠡᠭᠡ ᠨᠠᠭᠠᠳᠤᠮ᠂ ᠴᠡᠭᠡ ᠰᠣᠶᠣᠯ ᠤᠨ ᠨᠠᠶᠢᠷ᠂ | ᠮᠢᠨᠤ ᠬᠡᠦᠬᠡᠳ ᠤᠨ ᠨᠠᠭᠠᠳᠤᠮ ᠵᠡᠷᠭᠡ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ︽ᠮᠣᠩᠭᠤᠯ ᠮᠣᠷᠢᠨ ᠤ | ᠰᠢᠡᠳᠠᠰᠤ ᠰᠢᠯᠭᠠᠬᠤ ᠬᠤᠯᠪᠣᠭᠠᠲᠤ ᠤᠷᠤᠯᠳᠤᠭᠠᠨ ᠤ ᠠᠪᠠᠭ᠎ᠠ ᠬᠤᠰᠢᠭᠤᠨ ᠤ ᠥᠷᠲᠡᠭᠡ ︾ ᠶᠢᠨ ᠭᠤᠷᠪᠡᠨ | ᠳᠡᠰ ᠤᠨ ᠬᠤᠯᠪᠣᠭᠠᠲᠤ ᠤᠷᠤᠯᠳᠤᠭᠠᠨ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ᠳᠥᠷᠪᠡ ᠳᠤ᠂ ᠠᠮᠢ ᠠᠬᠤᠢ ᠶᠢᠨ ᠵᠠᠰᠠᠯᠲᠠ ᠶᠢᠨ ᠦᠷ᠎ᠡ ᠪᠦᠲᠦᠮᠵᠢ ᠦᠷᠭᠦᠯᠵᠢᠯᠡᠨ ᠳᠡᠭᠡᠭᠰᠢᠯᠡᠪᠡ᠃ | ᠪᠥᠬᠦ ᠬᠤᠰᠢᠭᠤᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠤᠰᠤᠭᠠᠷ᠂ | ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠣᠭᠲᠠᠭᠠᠵᠤ ᠲᠣᠬᠢᠷᠠᠭᠤᠯᠬᠤ ᠶᠢ ᠪᠠᠷᠢᠮᠵᠢᠶ᠎ᠠ ᠶᠤᠰᠤᠭᠠᠷ | ᠪᠡᠶᠡᠯᠡᠭᠦᠯᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠬᠢᠨᠡᠨ ᠰᠢᠯᠭᠠᠯᠲᠠ ᠶᠢ ᠥᠩᠭᠡᠷᠡᠭᠡᠵᠦ᠂ ᠤᠯᠤᠰ ᠤᠨ | ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠳᠠᠭᠤᠰᠬᠠᠵᠤ ᠂ ᠢᠷᠡᠭᠡᠳᠦᠢ ᠶᠢᠨ | ᠬᠥᠭᠵᠢᠯᠲᠡ ᠶᠢᠨ ᠣᠷᠣᠨ ᠵᠠᠢ ᠶᠢ ᠵᠦᠢ ᠵᠤᠬᠢᠰᠳᠡᠢ ᠲᠦᠯᠤᠪᠵᠢᠬᠦᠯᠪᠡ᠃ ᠠᠮᠢ ᠠᠬᠤᠢ ᠶᠢᠨ ᠬᠠᠮᠠᠭᠠᠯᠠᠯᠲᠠ | ᠵᠠᠰᠠᠯᠲᠠ ᠶᠢ ᠰᠠᠶᠢᠲᠤᠷ ᠠᠳᠬᠤᠪᠠ᠃ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠨ ᠰᠡᠷᠬᠦᠬᠡᠬᠦ | ᠲᠠᠶᠢᠯᠠᠯᠳᠤᠭᠠᠨ ᠤ ᠢᠯᠠᠯᠲᠠ ᠶᠢ ᠲᠠᠮᠠᠴᠠᠨ ᠣᠯᠬᠤ ᠭᠤᠣᠯᠳᠠᠯᠭ᠎ᠠ ᠲᠠᠢ ᠢᠨᠵᠧᠨᠧᠷᠢᠩ ᠢ ᠡᠬᠢᠯᠡᠭᠦᠯᠵᠦ᠂ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ᠂ ᠬᠥᠮᠥᠨ ᠤ ᠬᠦᠴᠦ ᠪᠠᠷ ᠣᠶᠢᠵᠢᠭᠤᠯᠬᠤ᠂ ᠠᠭᠤᠯᠠ ᠶᠢ ᠪᠢᠲᠡᠭᠦᠮᠵᠢᠯᠡᠨ | ᠦᠢᠵᠢᠭᠤᠯᠬᠤ ᠵᠡᠷᠭᠡ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ ᠂ ᠠᠭᠤᠷᠬᠠᠢ ᠶᠢᠨ | ᠣᠷᠴᠢᠨ ᠲᠣᠭᠤᠷᠢᠨ ᠂ ᠬᠠᠶᠠᠭᠳᠠᠮᠠᠯ ᠠᠭᠤᠷᠬᠠᠢ ᠶᠢ ᠵᠠᠰᠠᠬᠤ ᠡᠭᠦᠷᠭᠡ ᠶᠢ ᠳᠠᠪᠠᠭᠤᠯᠤᠨ ᠪᠡᠶᠡᠯᠡᠭᠦᠯᠵᠦ ᠂ | ᠨᠤᠲᠤᠭ ᠪᠡᠯᠴᠢᠭᠡᠷ ᠂ ᠠᠭᠤᠷᠬᠠᠢ ᠶᠢᠨ ᠠᠮᠢ ᠠᠬᠤᠢ ᠶᠢᠨ ᠤᠷᠴᠢᠨ ᠲᠤᠭᠤᠷᠢᠨ ᠢᠯᠡᠳᠲᠡ ᠰᠠᠶᠢᠵᠢᠷᠠᠪᠠ | ︔ ᠭᠤᠷᠴᠢ᠂ ᠶᠢᠨ ᠳ᠋ᠢ᠂ ᠯᠦᠩ ᠰᠢᠩ᠂ ᠵᠢᠢ ᠳ᠋ᠦᠡᠭ ᠱᠦᠢᠨᠢ ᠶᠢ ᠪᠥᠬᠦ ᠠᠶᠢᠮᠠᠭ ᠤᠨ ᠪᠣᠬᠢᠷᠲᠤᠯ ᠦᠭᠡᠢ | ᠠᠭᠤᠷᠬᠠᠢ ᠶᠢᠨ ᠰᠢᠯᠢᠳᠡᠭ ᠨᠡᠷᠡᠰ ᠤᠨ ᠬᠥᠮᠥᠷᠭᠡ ᠳᠤ ᠣᠷᠣᠭᠤᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠪᠠ᠃ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦᠨ ᠢ | ᠪᠡᠶᠡᠯᠡᠭᠦᠯᠪᠡ᠃ ᠪᠥᠬᠦ ᠬᠤᠰᠢᠭᠤᠨ ᠤ ᠬᠦᠨᠳᠦ ᠪᠤᠬᠢᠷᠳᠤᠯᠲᠤ ᠴᠠᠭ ᠠᠭᠤᠷ ᠤᠨ ᠲᠥᠰᠥᠯ ᠪᠠ 18 ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠬᠦᠨᠳᠦ ᠪᠤᠬᠢᠷᠳᠤᠯᠲᠤ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠲᠠᠩᠰᠠ ᠶᠢ ᠨᠠᠶᠢᠷᠠᠭᠤᠯᠤᠨ ᠳᠠᠭᠤᠰᠬᠠᠵᠤ᠂ | ᠪᠥᠬᠦ ᠵᠢᠯ ᠤᠨ ᠠᠭᠤᠷ ᠠᠮᠢᠰᠬᠤᠯ ᠤᠨ ᠰᠢᠯᠢᠳᠡᠭ ᠲᠡᠰ ᠤᠨ ᠨᠣᠷᠮ᠎ᠠ 94% ᠳᠤ ᠬᠥᠷᠪᠡ︔ ᠴᠠᠭᠠᠨ ᠤᠰᠤᠨ | ᠴᠥᠭᠦᠷᠥᠮ ᠢ ᠵᠠᠰᠠᠬᠤ᠂ ᠨᠠᠭᠤᠷ ᠤᠨ ᠡᠷᠬᠢᠨ ᠲᠤᠭᠤᠷᠢᠨ ᠤ ᠪᠦᠰᠡ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠪᠥᠬᠦ | ᠬᠤᠰᠢᠭᠤᠨ ᠤ ᠬᠡᠪᠴᠢᠶᠠᠨ ᠳᠤ ᠲᠦᠷᠬᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠦᠴᠦᠲᠡᠢ | ᠳᠡᠮᠵᠢᠯᠭᠡ ᠶᠢ ᠣᠯᠵᠤ᠂ ᠠᠮᠵᠢᠯᠲᠠ ᠲᠠᠢ ᠡᠬᠢᠯᠡᠨ ᠬᠡᠷᠡᠭᠵᠢᠭᠦᠯᠪᠡ᠃ ︽ᠤᠰᠤ ᠶᠢ ᠠᠷᠪᠢᠯᠠᠨ ᠭᠠᠮᠨᠠᠬᠤ᠂ ᠣᠷᠣᠨ | ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ | ᠴᠢᠭᠯᠡᠯᠲᠡ ᠪᠠ ︽ᠠᠳᠠᠯᠢ ᠪᠤᠰᠤ ᠬᠦᠷᠢᠶ᠎ᠠ ᠴᠡᠷ᠎ᠠ ᠳᠠᠬᠢ ᠤᠰᠤ ᠬᠡᠷᠡᠭᠯᠡᠬᠦ ᠱᠠᠭᠠᠷᠳᠠᠯᠭ᠎ᠠ ᠶᠢ ᠦᠡᠳᠤᠰᠤᠯᠡᠨ᠂ ᠬᠦᠮᠤᠨ | ᠠᠮᠠ᠂ ᠬᠤᠳᠠ ᠪᠠᠯᠭᠠᠰᠤ ᠂ ᠠᠵᠤ ᠦᠢᠯᠡᠰ ᠪᠠ ᠭᠠᠵᠡᠷ ᠰᠢᠷᠥᠢ ᠶᠢ ᠵᠦᠢ ᠵᠤᠬᠢᠰᠳᠡᠢ | ᠲᠦᠯᠤᠪᠵᠢᠬᠦᠯᠤᠨ ᠲᠤᠬᠢᠷᠠᠭᠤᠯᠬᠤ ︾ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠤᠰᠢᠭᠤ ᠬᠡᠪᠴᠢᠶᠡᠨ ᠤ | ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠴᠤᠭᠴᠠᠯᠠᠨ ᠪᠠᠶᠢᠭᠤᠯᠵᠤ᠂ ᠪᠠᠷᠢᠮᠵᠢᠶ᠎ᠠ ᠳᠤ ᠬᠦᠷᠬᠡᠭᠰᠡᠨ ᠤ ᠬᠠᠮᠲᠤ | ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠢᠨᠡᠨ ᠰᠢᠯᠭᠠᠯᠳᠠ ᠶᠢ ᠦᠩᠬᠡᠷᠡᠬᠡᠪᠡ᠃ ᠬᠤᠲᠠ ᠬᠥᠳᠡᠭᠡ ᠶᠢᠨ | ᠰᠠᠭᠤᠭᠠᠯᠢ ᠲᠤᠭᠤᠷᠢᠭ ᠤᠨ ᠣᠷᠴᠢᠨ ᠨᠦᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠢᠨᠵᠧᠨᠧᠷᠢᠩ ᠢ | ᠲᠣᠭᠲᠠᠭᠤᠨ ᠢᠶᠠᠷ ᠬᠡᠷᠡᠭᠵᠢᠭᠦᠯᠵᠦ᠂ ︽ᠣᠯᠠᠨ ᠲᠦᠮᠡᠨ ᠬᠠᠮᠳᠤ ᠪᠠᠷ ᠬᠦᠳᠡᠯᠤᠯᠴᠠᠵᠤ᠂ ᠵᠠᠰᠠᠭ ᠤᠨ ᠣᠷᠳᠣᠨ ᠠᠴᠠ | ᠬᠥᠲᠥᠯᠥᠨ ᠵᠢᠯᠤᠭᠤᠳᠴᠤ ᠳᠡᠮᠵᠢᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ | ᠬᠡᠷᠡᠭᠵᠢᠭᠦᠯᠵᠤ᠂ ᠬᠠᠮᠠᠭᠠᠯᠠᠵᠤ ᠵᠠᠰᠠᠬᠤ ᠶᠢ ᠵᠡᠷᠬᠡᠪᠡᠷ ᠴᠢᠬᠤᠯᠠᠴᠢᠯᠠᠬᠤ︾ ᠵᠠᠷᠴᠢᠮ ᠶᠣᠰᠣᠭᠠᠷ᠂ ᠡᠷᠦᠬᠡ ᠶᠢᠨ | ᠵᠣᠷᠯᠣᠩ ᠢ ᠥᠭᠡᠷᠡᠴᠢᠯᠡᠬᠦ᠂ ᠬᠤᠭ ᠨᠣᠪᠰᠢ ᠶᠢ ᠲᠥᠷᠥᠯ ᠬᠤᠪᠢᠶᠠᠨ ᠨᠢᠭᠡ ᠴᠣᠭᠴᠠᠵᠢᠭᠤᠯᠬᠤ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠳᠦᠷᠢᠮ ᠲᠤᠭᠳᠠᠭᠠᠯ ᠲᠠᠢ᠂ ᠪᠠᠷᠢᠮᠵᠢᠶ᠎ᠠ ᠲᠠᠢ᠂ | ᠲᠤᠰᠬᠠᠢ ᠡᠩᠨᠡᠭᠡ ᠲᠠᠢ᠂ ᠬᠢᠨᠠᠯᠲᠠ ᠲᠠᠢ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠬᠠᠳᠠᠭᠠᠯᠠᠬᠤ᠂ ᠲᠡᠭᠡᠭᠡᠪᠦᠷᠢᠯᠡᠵᠦ ᠰᠢᠢᠳᠪᠦᠷᠢᠯᠡᠬᠦ ᠲᠤᠭᠳᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠮᠠᠯᠵᠢᠬᠤ | ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ ᠲᠦᠷ ᠬᠠᠳᠠᠭᠠᠯᠠᠬᠤ᠂ ᠢᠯᠭᠠᠬᠤ᠂ | ᠬᠡᠮᠵᠢᠶ᠎ᠡ ᠶᠢ ᠪᠠᠭᠠᠰᠬᠠᠨ ᠰᠢᠢᠳᠪᠦᠷᠢᠯᠡᠬᠦ ᠶᠠᠪᠤᠴᠠ ᠶᠢ ᠲᠦᠷᠢᠮᠵᠢᠬᠦᠯᠤᠨ ᠠᠬᠢᠭᠤᠯᠪᠠ᠃ ᠪᠣᠬᠢᠷᠲᠤᠯ ᠦᠭᠡᠢ ᠲᠤᠤᠷ᠎ᠠ | ᠨᠡᠬᠦᠷᠡᠰᠤᠳᠦ᠋ᠷᠦᠭᠴᠢᠳᠤ ᠬᠥᠭᠵᠢᠯᠲᠡ ᠶᠢ ᠲᠦᠯᠬᠢᠨ ᠠᠬᠢᠭᠤᠯᠪᠠ᠃ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ ᠶᠢ 4 ᠲᠦᠷᠥᠯ ᠵᠦᠢᠯ ᠢ ᠬᠡᠷᠡᠭᠵᠢᠭᠦᠯᠵᠦ᠂ ᠵᠦᠩ ᠲᠢᠶᠠᠨ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ | ᠦᠢᠯᠡᠳᠪᠦᠷᠢ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠡᠶᠡᠯᠡᠭᠦᠯᠵᠦ᠂ ᠨᠢᠭᠡᠴᠢ GDP ᠶᠢᠨ | ᠡᠨᠧᠷᠭᠢ ᠶᠢᠨ ᠬᠤᠷᠣᠭᠳᠠᠯ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠵᠤ᠂ ᠡᠨᠧᠷᠭᠢ ᠶᠢᠨ ᠬᠤᠷᠣᠭᠳᠠᠯ ᠤᠨ | ᠬᠦᠴᠦᠯᠡᠴᠡ ᠶᠢ ᠬᠢᠵᠠᠭᠠᠷᠯᠠᠬᠤ ᠬᠠᠷᠠᠯᠲᠠ ᠡᠭᠦᠷᠭᠡ ᠶᠢ ᠪᠡᠶᠡᠯᠡᠭᠦᠯᠪᠡ᠃ | ᠲᠠᠪᠤ ᠳᠤ ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠲᠣᠭᠲᠠᠭᠤᠨ ᠢᠶᠠᠷ | ᠳᠡᠭᠡᠭᠰᠢᠯᠡᠪᠡ᠃ ᠠᠷᠠᠳ ᠤᠯᠠᠨ ᠤ ᠰᠠᠨᠠᠭᠠᠰᠢᠷᠠᠵᠤ ᠪᠠᠶᠢᠭ᠎ᠠ ᠶᠠᠪᠤᠳᠠᠯ ᠳᠤ ᠴᠢᠭᠯᠡᠬᠦᠯᠤᠨ᠂ ᠨᠢᠯᠬ᠎ᠠ ᠬᠡᠦᠬᠡᠳ ᠤᠨ | ᠠᠰᠠᠷᠠᠮᠵᠢ᠂ ᠰᠤᠷᠭᠠᠨ ᠬᠥᠮᠦᠵᠢᠯ ᠂ ᠡᠮ ᠡᠮᠨᠡᠯᠬᠡ᠂ ᠨᠠᠰᠤᠵᠢᠯ ᠤᠨ ᠠᠰᠠᠷᠠᠮᠵᠢ᠂ ᠲᠠᠭᠠᠯᠠᠮᠵᠢᠳᠡᠢ ᠤᠷᠤᠨ ᠰᠠᠭᠤᠴᠠ᠂ | ᠵᠡᠮᠳᠡᠭ ᠪᠠᠭᠤᠷᠠᠢ ᠶᠢ ᠬᠠᠮᠳᠤ ᠪᠠᠷ ᠲᠡᠳᠬᠦᠬᠦ ᠪᠠ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠤᠨᠢᠨ ᠳᠡᠭᠡᠷ᠎ᠡ | ᠨᠢ ᠵᠤᠯᠭᠠᠭᠤᠯᠬᠤ ᠪᠠᠷ ᠲᠠᠮᠵᠢᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠠᠬᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢᠨ ᠦᠷ᠎ᠠ ᠪᠦᠳᠤᠬᠡᠯ ᠢ ᠤᠯᠠᠨ ᠲᠦᠮᠡᠨ ᠳᠤ ᠬᠦᠷᠳᠡᠬᠡᠬᠦ ᠪᠠᠷ ᠴᠢᠷᠮᠠᠶᠢᠪᠠ᠃ ᠪᠦᠬᠦ ᠵᠢᠯ ᠳᠤ 12.15 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ | ᠬᠡᠷᠡᠭᠯᠡᠵᠤ᠂ ᠡᠩ ᠤᠨ ᠤᠯᠠᠨ ᠨᠡᠶᠢᠲᠡ ᠶᠢᠨ ᠲᠥᠰᠥᠪ ᠤᠨ ᠶᠡᠷᠦᠩᠬᠡᠢ ᠵᠠᠷᠤᠯᠭ᠎ᠠ ᠶᠢᠨ 74% ᠶᠢ ᠡᠵᠡᠯᠡᠪᠡ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ | ᠪᠠᠲᠤᠲᠠᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ 43 ᠵᠦᠢᠯ ᠤᠨ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠵᠦ᠂ ᠬᠤᠰᠢᠭᠤ ᠲᠡᠰ ᠤᠨ ᠵᠢᠯ ᠤᠨ ᠡᠬᠢᠨ ᠳᠤ | ᠠᠮᠠᠯᠳᠤᠭᠰᠡᠨ 6 ᠲᠦᠷᠤᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠢᠭᠡᠨᠲᠡ ᠪᠡᠶᠡᠯᠡᠭᠦᠯᠤᠨ᠂ 3 | ᠲᠦᠷᠤᠯ ᠨᠢ ᠵᠢᠯ ᠤᠨ ᠡᠭᠦᠷᠭᠡ ᠪᠠᠨ ᠪᠡᠶᠡᠯᠡᠭᠦᠯᠪᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ | ᠵᠣᠯᠭᠠᠭᠤᠯᠪᠠ᠃ ᠨᠡᠶᠢᠲᠡ 7000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠭᠠᠴᠠᠭᠠᠨ ᠤ | ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ᠂ ᠲᠦᠬᠡᠬᠡᠯ ᠤᠰᠤ ᠬᠠᠩᠭᠠᠬᠤ ᠪᠠᠲᠤᠯᠠᠭ᠎ᠠ᠂ ᠠᠵᠤ ᠦᠢᠯᠡᠰ ᠢᠶᠠᠷ | ᠳᠠᠶᠢᠴᠢᠯᠠᠬᠤ ᠵᠡᠷᠭᠡ ᠶᠢ ᠵᠣᠯᠭᠠᠭᠤᠯᠬᠤ 26 ᠲᠥᠷᠥᠯ ᠵᠦᠢᠯ ᠢ ᠬᠡᠷᠡᠭᠵᠢᠭᠦᠯᠦᠨ᠂ ᠶᠠᠳᠠᠭᠤ ᠠᠴᠠ | ᠠᠩᠭᠢᠵᠢᠷᠠᠭᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ ᠂ ᠠᠵᠤ ᠦᠢᠯᠡᠰ ᠤᠨ ᠬᠥᠭᠵᠢᠯᠲᠡ | ᠶᠢᠨ ᠰᠠᠭᠤᠷᠢ ᠶᠢ ᠪᠠᠲᠤᠳᠬᠠᠪᠠ᠃ ᠬᠤᠳᠠ ᠪᠠᠯᠭᠠᠰᠤᠨ ᠤ ᠤᠷᠤᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠪᠠ᠃ | ᠭᠤᠣᠯ ᠵᠡᠭᠡᠯᠢ ᠭᠤᠳᠤᠮᠵᠢ ᠶᠢ ᠴᠢᠮᠡᠭᠯᠡᠬᠦ᠂ ᠡᠨᠧᠷᠭᠢ ᠠᠷᠪᠢᠯᠠᠬᠤ ᠵᠠᠮ ᠤᠨ ᠳ᠋ᠧᠩ ᠤᠭᠰᠠᠷᠠᠬᠤ᠂ ᠤᠯᠠᠨ ᠴᠢᠳᠠᠮᠵᠢᠲᠤ | ᠲᠡᠷᠭᠡᠨ ᠵᠣᠭᠰᠣᠭᠠᠯ ᠤᠨ ᠪᠦᠲᠦᠭᠡᠨ ᠪᠠᠶᠢᠭᠤᠯᠤᠯᠲᠠ᠂ ᠲᠤᠯᠠᠭᠠᠯᠭ᠎ᠠ ᠶᠢᠨ ᠵᠤᠤᠬ᠎ᠠ ᠶᠢᠨ ᠮᠡᠷᠭᠡᠵᠢᠯ ᠤᠨ | ᠥᠭᠡᠷᠡᠴᠢᠯᠡᠯᠲᠡ᠂ ᠬᠠᠭᠤᠴᠢᠨ ᠲᠤᠤᠷ ᠬᠤᠭᠤᠯᠠᠢ ᠶᠢ ᠦᠬᠡᠷᠡᠴᠢᠯᠡᠡ ᠲᠡᠰ ᠲᠠᠪᠰᠢᠬᠦᠯᠬᠦ ᠵᠡᠷᠭᠡ ᠢᠨᠵᠧᠨᠧᠷᠢᠩ ᠢ | ᠡᠮᠬᠢ ᠵᠢᠷᠤᠮ ᠲᠠᠢ ᠬᠡᠷᠡᠭᠵᠢᠭᠦᠯᠵᠦ᠂ ᠪᠡᠯᠬᠦᠳᠡᠢ ᠰᠣᠶᠣᠯ ᠤᠨ ᠬᠦᠷᠢᠶᠡᠯᠡᠩ᠂ ᠬᠠᠮᠪᠤ ᠠᠭᠤᠳᠠᠮ ᠲᠠᠯᠠᠪᠠᠢ ᠶᠢᠨ | ᠪᠦᠳᠤᠬᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠬᠠᠷᠠᠨᠠᠭᠤᠷ ᠴᠡᠴᠡᠷᠯᠢᠭ ᠤᠨ ᠪᠦᠯᠬᠦᠮᠳᠡᠯ ᠠᠭᠤᠳᠠᠮ | ᠲᠠᠯᠠᠪᠠᠢ ᠶᠢᠨ ᠶᠠᠰᠤ ᠴᠢᠨᠠᠷ ᠢ ᠲᠡᠬᠡᠭᠰᠢᠯᠡᠬᠦᠯᠤᠨ᠂ ᠪᠥᠬᠡ ᠶᠢᠨ ᠰᠤᠷᠢᠶᠠᠨ ᠤ ᠣᠷᠳᠣᠨ ᠢ ᠪᠠᠶᠢᠭᠤᠯᠵᠤ᠂ ᠠᠪᠠᠭ᠎ᠠ | ᠠᠭᠤᠳᠠᠮ ᠲᠠᠯᠠᠪᠠᠢ ᠶᠢ ᠵᠠᠰᠠᠨ ᠰᠢᠨᠡᠳᠬᠡᠵᠤ ᠠᠰᠢᠭᠯᠠᠯᠲᠠ ᠳᠤ ᠣᠷᠣᠭᠤᠯᠤᠨ᠂ ᠬᠤᠲᠠ ᠪᠠᠯᠭᠠᠰᠤᠨ ᠤ | ᠴᠢᠳᠠᠪᠬᠢ ᠶᠢ ᠡᠳᠦᠷ ᠢᠷᠡᠬᠦᠶ᠎ᠡ ᠪᠦᠷᠢᠨ ᠲᠦᠬᠦᠷ ᠪᠣᠯᠭᠠᠪᠠ᠃ 2022 ᠣᠨ ᠳᠤ ᠪᠠᠶᠠᠨᠴᠠᠭᠠᠨ ᠬᠠᠭᠤᠴᠢᠨ | ᠰᠠᠭᠤᠭᠠᠯᠢ ᠲᠣᠭᠤᠷᠢᠭ ᠢ ᠦᠬᠡᠷᠡᠴᠢᠯᠡᠨ ᠰᠠᠶᠢᠵᠢᠷᠠᠭᠤᠯᠤᠭᠰᠡᠨ ᠰᠠᠭᠤᠷᠢᠨ ᠳᠡᠭᠡᠷ᠎ᠡ ᠶᠠᠰᠤ ᠴᠢᠨᠠᠷ ᠢ ᠳᠡᠭᠡᠭᠰᠢᠯᠡᠭᠦᠯᠬᠦ | ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ︽ᠰᠢᠯᠢᠳᠡᠭ ᠤᠯᠠᠮᠵᠢᠯᠠᠯᠳᠤ ᠠᠳᠠᠯ ᠠᠬᠤᠢ︾ ᠶᠢᠨ | ᠦᠢᠯᠡᠴᠢᠯᠡᠭᠡᠨ ᠤ ᠵᠠᠭᠪᠤᠷ ᠢ ᠢᠳᠡᠪᠬᠢᠲᠡᠢ ᠪᠣᠶ ᠪᠣᠯᠭᠠᠵᠤ᠂ ᠨᠠᠷᠢᠯᠢᠭᠵᠢᠭᠰᠠᠨ ᠬᠠᠮᠢᠶᠠᠷᠤᠯᠲᠠ ᠶᠢᠨ ᠦᠷ᠎ᠡ | ᠪᠦᠲᠦᠮᠵᠢ ᠶᠢ ᠠᠩᠬ᠎ᠠ ᠠᠯᠬᠤᠮ ᠪᠦᠷᠢᠯᠳᠤᠬᠦᠯᠪᠡ᠃ ᠴᠢᠨᠠᠷ ᠰᠠᠶᠢᠲᠠᠢ ᠣᠯᠠᠨ ᠨᠡᠶᠢᠲᠡ ᠶᠢᠨ ᠦᠢᠯᠡᠴᠢᠯᠡᠭᠡᠨ ᠤ | ᠬᠠᠩᠭᠠᠯᠭ᠎ᠠ ᠶᠢ ᠲᠠᠰᠤᠷᠠᠯᠲᠠ ᠦᠭᠡᠢ ᠥᠷᠭᠡᠳᠬᠡᠪᠠ᠃ ᠭᠡᠷ ᠲᠡᠭᠡᠨ ᠰᠠᠭᠤᠬᠤ ᠬᠡᠯᠪᠡᠷᠢ ᠶᠢᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠢᠨᠵᠧᠨᠧᠷᠢᠩ ᠤᠨ ᠭᠤᠣᠯ ᠴᠣᠭᠴᠠ ᠶᠢᠨ ᠪᠠᠷᠢᠯᠭ᠎ᠠ ᠶᠢ ᠲᠠᠭᠤᠰᠬᠠᠵᠤ᠂ ᠪᠥᠬᠦ | ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠲᠡᠬᠡᠭᠰᠢᠯᠡᠬᠦᠯᠪᠠ᠃ ᠰᠤᠷᠭᠠᠨ | ᠬᠥᠮᠦᠵᠢᠯ ᠤᠨ ︽ᠬᠤᠶᠠᠷ ᠢ ᠨᠡᠮᠡᠬᠦ ᠠᠴᠠ ᠪᠢᠰᠢ ᠬᠠᠰᠤᠬᠤ ᠦᠭᠡᠢ︾ ᠪᠠᠶᠢᠬᠤ ᠶᠢ ᠬᠦᠴᠤᠯᠠᠨ ᠪᠠᠲᠤᠯᠠᠵᠤ᠂ | ᠰᠤᠷᠭᠠᠨ ᠬᠥᠮᠦᠵᠢᠯ ᠤᠨ ᠰᠢᠰᠲ᠋ᠧᠮ ᠤᠨ ᠵᠠᠷᠤᠯᠭ᠎ᠠ ᠶᠢ 1.28 ᠳ᠋ᠦᠩᠰᠢᠭᠤᠷ ᠲᠥᠭᠦᠷᠢᠭ ᠲᠣᠬᠢᠷᠠᠭᠤᠯᠵᠤ᠂ 7% | ᠪᠠᠷ ᠨᠡᠮᠡᠭᠳᠡᠭᠦᠯᠦᠨ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠠᠭᠤᠷᠢ ᠲᠥᠬᠦᠭᠡᠷᠦᠮᠵᠢ ᠶᠢ | ᠲᠡᠰ ᠲᠡᠪᠰᠢᠬᠦᠯᠵᠤ ᠦᠬᠡᠷᠡᠴᠢᠯᠡᠨ ᠪᠠᠶᠢᠭᠤᠯᠬᠤ᠂ ᠵᠢᠭᠠᠨ ᠰᠤᠷᠭᠠᠬᠤ ᠨᠥᠬᠦᠴᠡᠯ ᠢ ᠰᠠᠶᠢᠵᠢᠷᠠᠭᠤᠯᠬᠤ ᠵᠡᠷᠭᠡ | ᠢᠨᠵᠧᠨᠧᠷᠢᠩ ᠢ ᠬᠡᠷᠡᠭᠵᠢᠭᠦᠯᠵᠦ᠂ ᠨᠠᠶᠢᠳᠠ ᠶᠢᠨ ᠠᠰᠠᠷᠠᠮᠵᠢ ᠶᠢᠨ ᠴᠢᠨᠡᠷᠳᠡᠢ ᠠᠵᠢᠯ ᠤᠨ ᠪᠠᠶᠢᠷᠢ ᠶᠢᠨ ᠴᠡᠴᠡᠷᠯᠢᠭ ᠤᠨ | 54 ᠪᠠᠭᠰᠢ ᠶᠢᠨ ᠠᠵᠢᠯ ᠤᠨ ᠪᠠᠶᠢᠷᠢ ᠶᠢᠨ ᠴᠠᠯᠢᠩ ᠢ ᠨᠠᠶᠢᠳᠠᠪᠤᠷᠢᠵᠢᠭᠤᠯᠪᠠ᠃ ᠡᠮᠴᠢᠯᠡᠭᠡᠨ ᠤ ᠦᠢᠯᠡᠴᠢᠯᠡᠭᠡᠨ ᠤ | ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ︽ᠡᠮᠴᠢᠯᠡᠭᠡᠨ ᠤ ᠬᠠᠮᠲᠤ ᠶᠢᠨ ᠴᠣᠭᠴᠠ︾ ᠪᠠ ︽ | ᠡᠮᠴᠢᠯᠡᠭᠡᠨ ᠤ ᠬᠤᠯᠪᠣᠭᠠᠲᠤ ᠴᠣᠭᠴᠠ︾ ᠶᠢᠨ ᠣᠨ ᠤ ᠡᠭᠦᠷᠭᠡ ᠶᠢ ᠪᠦᠬᠦ ᠠᠶᠢᠮᠠᠭ ᠲᠤ ᠪᠠᠨ ᠤᠷᠢᠳᠴᠢᠯᠡᠨ | ᠪᠡᠶᠡᠯᠡᠭᠦᠯᠵᠦ᠂ ᠮᠣᠩᠭᠤᠯ ᠡᠮᠨᠡᠯᠭᠡ ᠶᠢᠨ ᠬᠤᠷᠢᠶ᠎ᠠ ᠶᠢ ᠬᠤᠶᠠᠳᠤᠭᠠᠷ ᠬᠥᠬᠡ ᠲᠡᠰ ᠤᠨ ᠡᠮᠨᠡᠯᠭᠡ ᠶᠢᠨ ᠬᠤᠷᠢᠶ᠎ᠠ ᠪᠠᠷ | ᠦᠨᠡᠯᠡᠨ ᠲᠣᠭᠲᠠᠭᠠᠵᠤ᠂ ᠭᠥᠯᠢᠶᠡᠨ ᠠᠪᠴᠤ ᠡᠮᠨᠡᠭᠦᠯᠦᠭᠰᠡᠨ ᠡᠪᠡᠳᠴᠢᠲᠡᠨ ᠠᠳᠠᠯᠢ ᠬᠤᠭᠤᠴᠠᠭᠠᠨ ᠤ ᠬᠢ ᠠᠴᠠ | 66% ᠪᠠᠷ ᠨᠡᠮᠡᠭᠳᠡᠵᠦ᠂ ᠵᠢᠯ ᠤᠨ ᠣᠷᠣᠯᠭ᠎ᠠ ᠮᠢᠩᠭᠠᠨ ᠲᠦᠮᠡᠨ ᠲᠥᠭᠦᠷᠢᠭ ᠲᠤ ᠬᠦᠷᠴᠦ᠂ ᠠᠯᠳᠠᠪᠤᠷᠢ ᠲᠠᠢ | ᠪᠠᠶᠢᠭᠰᠡᠨ ᠠᠴᠠ ᠪᠠᠨ ᠤᠷᠤᠯᠭ᠎ᠠ ᠲᠠᠢ ᠪᠤᠯᠵᠤ᠂ ᠪᠡᠯᠬᠦᠳᠡᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠰᠢᠨ᠎ᠠ ᠠᠰᠠᠷ ᠲᠤ ᠨᠡᠬᠦᠵᠤ᠂ ᠬᠦᠯᠢᠶᠡᠨ ᠠᠪᠴᠤ ᠡᠮᠨᠡᠭᠦᠯᠦᠭᠰᠡᠨ ᠡᠪᠡᠳᠴᠢᠲᠡᠨ ᠤ | ᠲᠤᠭ᠎ᠠ ᠠᠳᠠᠯᠢ ᠬᠤᠭᠤᠴᠠᠭᠠᠨ ᠤ ᠬᠢ ᠠᠴᠠ 43% ᠪᠠᠷ ᠨᠡᠮᠡᠭᠳᠡᠵᠦ᠂ ᠵᠢᠯ ᠤᠨ ᠣᠷᠣᠯᠭ᠎ᠠ ᠨᠢ 420 ᠲᠦᠮᠡᠨ | ᠲᠥᠭᠦᠷᠢᠭ ᠲᠤ ᠬᠦᠷᠴᠦ᠂ 45% ᠪᠠᠷ ᠨᠡᠮᠡᠭᠳᠡᠪᠡ᠃ ᠬᠤᠰᠢᠭᠤ ᠡᠮᠨᠡᠯᠭᠡ ᠶᠢᠨ ᠬᠤᠷᠢᠶ᠎ᠠ ᠶᠢᠨ ᠴᠢᠰᠤ | ᠨᠠᠪᠴᠢᠬᠦᠯᠤᠨ ᠢᠯᠭᠠᠷᠠᠭᠤᠯᠬᠤ ᠲᠠᠰᠤᠭ ᠪᠠ ᠳᠣᠲᠣᠷ ᠡᠷᠬᠡᠳᠡᠨ ᠢ ᠳᠤᠷᠠᠨ ᠢᠶᠠᠷ ᠦᠵᠡᠬᠦ ᠲᠠᠰᠤᠭ ᠢ ᠪᠠᠶᠢᠭᠤᠯᠤᠨ᠂ | ᠡᠪᠡᠳᠴᠢᠳᠠᠨ ᠬᠦᠯᠢᠶᠠᠨ ᠠᠪᠴᠤ᠂ ᠪᠥᠬᠦ ᠬᠤᠰᠢᠭᠤᠨ ᠤ ᠡᠮᠴᠢᠯᠡᠭᠡᠨ ᠤ ᠬᠦᠷᠢᠶᠡᠨ ᠳᠠᠬᠢ ᠲᠤᠳᠠᠭᠤᠳᠠᠯ ᠢ | ᠨᠥᠬᠦᠪᠦᠷᠢᠯᠡᠨ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠦᠨᠡᠲᠡᠢ ᠪᠠᠶᠢᠬᠤ ᠠᠰᠠᠭᠤᠳᠠᠯ ᠢ ᠪᠦᠲᠦᠮᠵᠢᠲᠡᠶ | ᠰᠢᠢᠳᠪᠤᠷᠢᠯᠡᠬᠦ ᠶᠢᠨ ᠬᠠᠮᠲᠤ ᠬᠥᠷᠰᠢ ᠵᠡᠷᠭᠡᠯᠡᠳᠡᠭᠡ ᠬᠤᠰᠢᠭᠤ ᠰᠢᠶᠠᠨ ᠤ ᠣᠯᠠᠨ ᠲᠦᠮᠡᠨ ᠳᠤ ᠪᠦᠷᠢᠨ ᠲᠦᠬᠦᠷ | ᠦᠢᠯᠡᠴᠢᠯᠡᠭᠡ ᠬᠠᠩᠭᠠᠪᠠ᠃ ᠨᠡᠶᠢᠭᠡᠮ ᠤᠨ ᠪᠠᠳᠤᠯᠠᠭ᠎ᠠ ᠶᠢᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠪᠠ᠃ | ᠵᠠᠯᠠᠭᠤᠴᠤᠳ ᠤᠨ ᠦᠢᠯᠡᠰ ᠪᠣᠰᠬᠠᠬᠤ ᠬᠦᠷᠢᠶᠡᠯᠡᠩ ᠢ ᠴᠤᠭᠴᠠᠯᠠᠨ᠂ ︽ᠰᠤᠯᠠ ᠠᠵᠢᠯ ᠤᠨ ᠵᠠᠬ᠎ᠠ ᠳᠡᠯᠭᠡᠭᠦᠷ︾ ᠢ | ᠪᠠᠶᠢᠭᠤᠯᠵᠤ᠂ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢ ᠭᠦᠢᠴᠡᠳ ᠲᠤᠭ᠎ᠠ ᠪᠠᠷ ᠲᠠᠷᠬᠠᠭᠠᠵᠤ᠂ ᠬᠤᠳᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.34% ᠳᠤ ᠬᠢᠵᠠᠭᠠᠷᠯᠠᠪᠠ᠃ ᠰᠢᠨ᠎ᠡ | ᠬᠡᠯᠪᠡᠷᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠢᠳᠡᠪᠬᠢᠲᠡᠢ ᠵᠣᠬᠢᠶᠠᠨ ᠪᠠᠶᠢᠭᠤᠯᠵᠤ ᠂ | 41 ᠮᠠᠯᠴᠢᠨ ᠠᠩᠬ᠎ᠠ ᠵᠡᠷᠭᠡ ᠶᠢᠨ ᠠᠵᠢᠯ ᠮᠡᠷᠭᠡᠵᠢᠯ ᠤᠨ ᠴᠣᠯᠠ ᠭᠥᠷᠳᠡᠵᠦ᠂ ᠮᠡᠷᠭᠡᠵᠢᠯ ᠲᠠᠢ᠂ ᠡᠵᠡᠩᠨᠡᠯᠳᠡ | ᠶᠢᠨ ᠴᠢᠳᠠᠪᠤᠷᠢ ᠲᠠᠢ᠂ ᠬᠠᠮᠢᠶᠠᠷᠤᠯᠳᠠ ᠰᠢᠯᠢᠳᠡᠭ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠳ ᠤᠨ | ᠡᠩᠨᠡᠭᠡ ᠶᠢ ᠪᠦᠷᠢᠯᠳᠤᠬᠦᠯᠪᠠ ᠃ ᠬᠤᠳᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ᠂ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠦᠷᠢ︾᠂ ᠠᠵᠢᠯ ᠠᠴᠠ ᠪᠠᠨ ᠠᠮᠠᠷᠠᠭᠰᠠᠳ ᠤᠨ | ᠨᠠᠰᠤᠵᠢᠯ ᠤᠨ ᠠᠰᠠᠷᠠᠮᠵᠢ ᠶᠢᠨ ᠮᠦᠩᠬᠦ᠂ ᠶᠠᠳᠠᠭᠤ ᠬᠦᠴᠢᠷᠳᠡᠯᠲᠡᠢ ᠥᠨᠥᠴᠢᠨ ᠬᠡᠦᠬᠡᠳ ᠤᠨ ᠪᠠᠲᠤᠯᠠᠭ᠎ᠠ ᠪᠠ | ᠠᠰᠠᠷᠠᠨ ᠬᠠᠷᠠᠭᠠᠯᠵᠠᠬᠤ ᠡᠲᠡᠭᠡᠳ ᠲᠤ ᠣᠯᠭᠤᠬᠤ ᠠᠰᠠᠷᠠᠮᠵᠢ ᠶᠢᠨ ᠨᠥᠬᠦᠪᠦᠷᠢ ᠶᠢᠨ ᠪᠠᠷᠢᠮᠵᠢᠶ᠎ᠠ ᠶᠢ ᠦᠷᠭᠦᠯᠵᠢᠯᠡᠨ | ᠲᠣᠬᠢᠷᠠᠭᠤᠯᠤᠨ ᠨᠡᠮᠡᠭᠳᠡᠭᠦᠯᠵᠦ᠂ ᠭᠦᠢᠴᠡᠳ ᠲᠤᠭ᠎ᠠ ᠪᠠᠷ ᠣᠯᠭᠤᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ | ᠲᠣᠣᠷ ᠢ ᠤᠯᠠᠮ ᠴᠢᠨᠠᠭᠰᠢᠳᠠ ᠪᠠᠬᠢᠵᠢᠭᠦᠯᠪᠡ᠃ | ᠵᠢᠷᠭᠤᠭ᠎ᠠ ᠳᠤ ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠬᠡᠳᠬᠡᠨ | ᠨᠥᠬᠦᠪᠦᠷᠢᠯᠡᠪᠡ᠃ ᠤᠰᠤ᠂ ᠴᠠᠬᠢᠯᠭᠠᠨ᠂ ᠵᠠᠮ᠂ ᠴᠢᠮᠡᠭᠡ ᠬᠤᠯᠪᠤᠭ᠎ᠠ ᠵᠡᠷᠭᠡ ᠰᠠᠭᠤᠷᠢ ᠲᠦᠬᠦᠬᠡᠷᠤᠮᠵᠢ ᠶᠢᠨ | ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠦᠯᠤᠪᠵᠢᠬᠦᠯᠤᠨ ᠲᠦᠯᠬᠢᠨ ᠠᠬᠢᠭᠤᠯᠵᠤ᠂ ᠮᠠᠯᠵᠢᠬᠤ ᠣᠷᠣᠨ ᠤ ᠤᠰᠤ | ᠬᠠᠩᠭᠠᠬᠤ ᠪᠠᠳᠤᠯᠠᠭ᠎ᠠ᠂ ᠴᠠᠬᠢᠯᠭᠠᠨ ᠱᠤᠭᠤᠮ ᠢ ᠰᠢᠨ᠎ᠡ ᠪᠠᠷ ᠪᠠᠶᠢᠭᠤᠯᠤᠨ ᠥᠭᠡᠷᠡᠴᠢᠯᠡᠬᠦ ᠪᠠ ᠰᠢᠨ᠎ᠡ ᠡᠨᠧᠷᠭᠢ ᠶᠢᠨ | ᠰᠤᠷᠪᠤᠯᠵᠢ ᠶᠢ ᠲᠣᠣᠷ ᠴᠠᠬᠢᠯᠭᠠᠨ ᠳᠤ ᠤᠷᠤᠭᠤᠯᠬᠤ ᠢᠡᠵᠧᠨᠧᠷᠢᠩ ᠢ ᠡᠮᠬᠢ ᠵᠢᠷᠤᠮ ᠲᠠᠢ ᠬᠡᠷᠡᠭᠵᠢᠭᠦᠯᠪᠠ᠃4G | ᠪᠠ 5G ᠶᠢᠨ ᠰᠠᠭᠤᠷᠢ ᠥᠷᠲᠡᠭᠡ ᠶᠢ ᠰᠢᠨ᠎ᠡ ᠪᠠᠷ ᠪᠠᠶᠢᠭᠤᠯᠵᠤ ᠲᠠᠰ ᠳᠡᠪᠰᠢᠭᠦᠯᠬᠦ ᠢᠨᠵᠧᠨᠧᠷᠢᠩ ᠢ ᠨᠠᠷᠢᠯᠢᠭ | ᠤᠨᠤᠪᠴᠢᠳᠡᠢ ᠬᠡᠷᠡᠭᠵᠢᠭᠦᠯᠤᠨ᠂ ︽ᠰᠦᠯᠵᠢᠶ᠎ᠠ ᠦᠬᠡᠢ ᠡᠷᠦᠬᠡ︾ ᠶᠢ ᠪᠦᠬᠦᠨ ᠢ ᠪᠦᠷᠬᠦᠬᠦᠯᠬᠦ ᠢᠨᠵᠧᠨᠧᠷᠢᠩ ᠢ | ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠪᠠᠲᠤᠯᠠᠭ᠎ᠠ ᠶᠢᠨ | ᠴᠢᠳᠠᠪᠤᠷᠢ ᠲᠣᠭᠲᠠᠭᠤᠨ ᠢ᠊ ᠵᠠᠷ ᠳᠡᠭᠡᠭᠰᠢᠯᠡᠪᠡ ᠃ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢ | ᠲᠦᠷᠬᠡᠳᠬᠡᠨ ᠠᠬᠢᠭᠤᠯᠪᠠ᠃ 1.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠠᠰᠠᠮᠠᠯ ᠵᠠᠮ ᠢ ᠰᠢᠨ᠎ᠡ ᠪᠠᠷ | ᠪᠠᠶᠢᠭᠤᠯᠬᠤ ᠪᠠ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠪᠠ ᠃ ᠵᠢᠷᠭᠠᠯᠠᠩᠳᠤ ᠰᠤᠮᠤ᠂ | ᠪᠠᠶᠠᠨᠲᠤᠭ ᠰᠤᠮᠤᠨ ᠤ DB ᠵᠠᠰᠠᠮᠠᠯ ᠵᠠᠮ᠂ ᠴᠠᠭᠠᠨᠨᠠᠭᠤᠷ ᠪᠠᠯᠭᠠᠰᠤᠨ ᠤ ᠪᠠᠶᠠᠨᠨᠠᠭᠤᠷ ᠭᠠᠴᠠᠭ᠎ᠠ ᠪᠠ ᠪᠠᠶᠠᠨᠲᠤᠭ | ᠰᠤᠮᠤᠨ ᠤ ᠯᠦᠡᠭ ᠰᠢᠩ ᠵᠡᠷᠬᠡ ᠨᠠᠶᠢᠳᠠ 5 ᠵᠤᠷᠪᠤᠰ 90 ᠺᠢᠯᠤᠮᠧᠲᠷ ᠵᠠᠰᠠᠮᠠᠯ ᠵᠠᠮ ᠢ ᠰᠢᠨ᠎ᠡ ᠪᠠᠷ ᠪᠠᠶᠢᠭᠤᠯᠪᠠ︔ | ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠵᠢᠷᠭᠠᠯᠠᠩᠳᠤ ᠰᠤᠮᠤᠨ ᠠᠴᠠ ᠶᠡᠬᠡᠭᠤᠤᠯ ᠰᠤᠮᠤ ᠬᠦᠷᠬᠦ᠂ ᠬᠤᠩᠭᠤᠷᠭᠤᠤᠯ | ᠪᠠᠯᠭᠠᠰᠤᠨ ᠠᠴᠠ ᠵᠢᠢ ᠳ᠋ᠦᠡᠭ ᠱᠦᠢᠨᠢ ᠬᠦᠷᠬᠦ᠂ ᠪᠡᠯᠭᠦᠳᠡᠢ ᠪᠠᠯᠭᠠᠰᠤᠨ ᠤ ᠪᠠᠶᠠᠨᠲᠠᠯ᠎ᠠ ᠪᠠ ᠤᠯᠠᠡᠪᠤᠯᠠᠭ ᠶᠢᠨ ᠬᠡᠰᠡᠭ᠂ | ᠪᠡᠯᠭᠦᠳᠡᠢ ᠪᠠᠯᠭᠠᠰᠤᠨ ᠠᠴᠠ ᠨᠠᠷᠠᠨᠪᠤᠯᠠᠭ ᠰᠤᠮᠤ ᠬᠦᠷᠬᠦ 5 ᠵᠤᠷᠪᠤᠰ 197 ᠺᠢᠯᠣᠮᠧᠲᠷ ᠵᠠᠰᠠᠮᠠᠯ ᠵᠠᠮ ᠢ ᠠᠷᠠᠴᠢᠯᠠᠨ | ᠬᠠᠮᠠᠭᠠᠯᠠᠬᠤ ᠢᠨᠵᠧᠨᠧᠷᠢᠩ ᠢ ᠬᠡᠷᠡᠭᠵᠢᠬᠦᠯᠪᠠ᠃ ᠭᠤᠣᠯ ᠵᠠᠮ ᠱᠤᠭᠤᠮ ᠤᠨ ᠪᠠᠷᠢᠮᠵᠢᠶ᠎ᠠ ᠶᠢ ᠳᠡᠭᠡᠭᠰᠢᠯᠡᠭᠦᠯᠵᠦ | ᠲᠦᠯᠤᠪᠵᠢᠬᠦᠯᠬᠡ ᠳᠤ ᠤᠷᠤᠭᠤᠯᠪᠠ᠃ ᠡᠳ᠋ ᠤᠨ ᠵᠠᠰᠠᠭ ᠲᠤᠶᠢᠯ ᠤᠨ ᠬᠦᠴᠢᠷᠳᠡᠯ ᠲᠠᠢ ᠪᠠᠶᠢᠳᠠᠯ ᠤᠨ ᠳᠣᠣᠷ᠎ᠠ᠂ | 2000 ᠭᠠᠷᠤᠢ ᠲᠦᠮᠡᠨ ᠲᠥᠭᠦᠷᠢᠭ ᠢ ᠢᠵᠢ ᠪᠦᠷᠢᠳᠦᠭᠦᠯᠦᠨ ᠤᠯᠤᠰ ᠤᠨ ᠵᠠᠮ ᠤᠨ 331 ᠱᠤᠭᠤᠮ ᠤᠨ | ᠷᠡᠰᠢᠶᠠᠨ ᠪᠤᠯᠠᠭ ᠠᠴᠠ ᠪᠡᠯᠬᠦᠳᠡᠢ ᠬᠦᠷᠬᠦ 62 ᠺᠢᠯᠣᠮᠧᠲᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠬᠡᠳᠬᠡᠵᠤ᠂ 2780 ᠭᠠᠷᠤᠢ ᠮᠦ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ᠂ ᠨᠥᠬᠦᠪᠦᠷᠢ ᠮᠥᠩᠭᠦ | ᠲᠠᠷᠬᠠᠭᠠᠬᠤ ᠵᠡᠷᠭᠡ ᠡᠮᠦᠨᠡᠬᠢ ᠪᠡᠯᠡᠳᠬᠡᠯ ᠠᠵᠢᠯ ᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠠᠵᠢᠯ ᠡᠬᠢᠯᠡᠭᠦᠯᠬᠦ | ᠨᠥᠬᠦᠴᠡᠯ ᠢ ᠨᠢᠭᠡᠨᠲᠡ ᠪᠦᠷᠢᠳᠦᠭᠦᠯᠪᠡ︔ 312 ᠮᠤᠵᠢ ᠶᠢᠨ ᠲᠡᠰ ᠤᠨ ᠵᠠᠰᠠᠮᠠᠯ ᠵᠠᠮ ᠤᠨ ᠵᠡᠭᠦᠨ ᠦᠵᠤᠮᠤᠴᠢᠨ | ᠠᠴᠠ ᠵᠢᠷᠭᠠᠯᠠᠩᠳᠤ ᠰᠤᠮᠤ ︱ ᠪᠠᠶᠠᠨᠲᠤᠭ ᠰᠤᠮᠤ ︱ ᠨᠠᠷᠠᠨᠪᠤᠯᠠᠭ ᠰᠤᠮᠤ ᠬᠦᠷᠬᠦ 175 ᠺᠢᠯᠣᠮᠧᠲᠷ ᠤᠨ ᠵᠠᠮ ᠤᠨ | ᠬᠡᠰᠡᠭ ᠢ ᠤᠯᠤᠰ ᠤᠨ ᠲᠤᠤᠷ ᠲᠥᠯᠦᠪᠵᠢᠭᠦᠯᠭᠡ ᠳᠤ ᠤᠷᠤᠭᠤᠯᠤᠭᠰᠡᠨ ᠤ ᠬᠠᠮᠲᠤ᠂ 625 ᠤᠯᠤᠰ ᠤᠨ ᠲᠡᠰ ᠤᠨ | ᠵᠠᠰᠠᠮᠠᠯ ᠵᠠᠮ ᠪᠤᠯᠭᠠᠨ ᠲᠡᠰ ᠲᠠᠪᠰᠢᠬᠦᠯᠤᠨ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠪᠡ︔ 516 ᠰᠢᠶᠠᠨ ᠤ | ᠵᠠᠮ ᠤᠨ ᠵᠢᠷᠭᠠᠯᠠᠩᠳᠤ ᠰᠤᠮᠤ ︱ ᠪᠡᠯᠬᠦᠳᠡᠢ ᠪᠠᠯᠭᠠᠰᠤ ︱ ᠴᠠᠭᠠᠨᠨᠠᠭᠤᠷ ᠪᠠᠯᠭᠠᠰᠤ ᠬᠦᠷᠬᠦ ᠵᠠᠰᠠᠮᠠᠯ ᠵᠠᠮ ᠪᠠ 511 | ᠰᠢᠶᠠᠨ ᠤ ᠵᠠᠮ ᠤᠨ ᠰᠦᠨᠢᠳ ᠵᠡᠬᠦᠨ ᠬᠤᠰᠢᠭᠤ ︱ᠴᠠᠭᠠᠨᠨᠠᠭᠤᠷ ᠪᠠᠯᠭᠠᠰᠤ ︱ᠬᠤᠩᠭᠤᠷᠭᠤᠤᠯ ᠪᠠᠯᠭᠠᠰᠤ ᠬᠦᠷᠬᠦ | ᠵᠠᠰᠠᠮᠠᠯ ᠵᠠᠮ ᠢ ᠪᠦᠬᠦᠨ ᠢ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠲᠣᠣᠷ ᠤᠨ ᠲᠥᠯᠦᠪᠵᠢᠭᠦᠯᠭᠡ ᠳᠤ | ᠣᠷᠣᠭᠤᠯᠬᠤ ᠶᠢᠨ ᠬᠠᠮᠲᠤ 234 ᠪᠠ 321 ᠮᠤᠵᠢ ᠶᠢᠨ ᠵᠠᠮ ᠪᠣᠯᠭᠠᠨ ᠳᠡᠭᠡᠭᠰᠢᠯᠡᠭᠦᠯᠵᠦ᠂ ᠪᠥᠬᠦ ᠬᠤᠰᠢᠭᠤᠨ ᠤ | ᠵᠠᠮ ᠤᠨ ᠲᠣᠣᠷ ᠤᠨ ᠪᠦᠲᠦᠴᠡ ᠶᠢ ᠤᠯᠠᠮ ᠨᠢᠭᠡ ᠠᠯᠬᠤᠮ ᠪᠦᠷᠢᠡᠰᠢᠬᠦᠯᠤᠨ ᠲᠡᠭᠦᠯᠳᠡᠷᠵᠢᠭᠦᠯᠪᠡ᠃ | ᠲᠤᠯᠤᠭ᠎ᠠ ᠳᠤ᠂ ᠠᠮᠤᠷ ᠲᠣᠭᠲᠠᠭᠤᠨ ᠢ ᠦᠷᠭᠦᠯᠵᠢᠯᠡᠨ ᠪᠠᠬᠢᠵᠢᠭᠦᠯᠪᠡ᠃ ᠨᠡᠶᠢᠭᠡᠮ ᠤᠨ ᠵᠠᠰᠠᠯᠲᠠ ᠶᠢᠨ ᠦᠷ᠎ᠡ | ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠪᠡ᠃ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ | ᠬᠠᠯᠬᠠᠪᠴᠢ ᠶᠢ ᠪᠠᠬᠢᠵᠢᠭᠦᠯᠬᠦ ᠵᠠᠭᠤᠨ ᠡᠳᠦᠷ ᠤᠨ ᠪᠣᠭᠤᠮᠲᠠ ᠰᠢᠪᠲᠤᠯᠬᠤ ᠲᠤᠰᠬᠠᠢ ᠲᠦᠷᠤᠯ ᠤᠨ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ︽1᠂ 3᠂ 5 ᠮᠢᠨᠦ᠋ᠲ︾ ᠤᠨ ᠲᠦᠷᠭᠡᠨ ᠬᠦᠳᠡᠯᠤᠯᠴᠠᠬᠦ ᠵᠤᠬᠢᠴᠠᠮᠵᠢ ᠶᠢ ᠴᠢᠩᠭ᠎ᠠ | ᠨᠠᠶᠢᠳᠠᠪᠤᠷᠢᠵᠢᠭᠤᠯᠵᠤ᠂ ᠪᠦᠬᠦ ᠠᠶᠢᠮᠠᠭ ᠤᠨ ᠠᠩᠬᠠᠳᠠᠭᠴᠢ ᠪᠦᠯᠦᠭ ᠤᠨ ︽ᠲᠠᠯ᠎ᠠ ᠨᠤᠲᠤᠭ ᠤᠨ ᠨᠡᠭᠦᠳᠡᠯ ᠮᠠᠰᠢᠨ | ᠲᠡᠷᠭᠡᠨ ᠤ ᠬᠠᠮᠢᠶᠠᠷᠤᠯᠲᠠ ᠶᠢᠨ ᠭᠠᠵᠡᠷ︾ ᠢ ᠲᠤᠬᠢᠷᠠᠭᠤᠯᠵᠤ᠂ ︽ᠬᠢᠨᠡᠨ ᠡᠵᠡᠮᠳᠡᠬᠦ ᠢᠨᠵᠧᠨᠧᠷᠢᠩ︾ ᠤᠨ | ᠬᠡᠷᠡᠭᠯᠡᠭᠡᠨ ᠤ ᠲᠠᠯᠠᠪᠤᠷ ᠢ ᠲᠣᠭᠲᠠᠭᠤᠨ ᠢᠶᠠᠷ ᠥᠷᠭᠡᠳᠬᠡᠵᠦ᠂ ᠪᠦᠬᠦ ᠤᠯᠤᠰ ᠤᠨ ︽ᠬᠤᠶᠠᠷ ᠬᠤᠷᠠᠯ︾ ᠵᠡᠷᠭᠡ | ᠴᠢᠬᠤᠯᠠ ᠵᠠᠩᠭᠢᠯᠠᠭ᠎ᠠ ᠶᠢᠨ ᠴᠡᠭ ᠤᠨ ᠠᠮᠤᠷ ᠲᠣᠭᠲᠠᠭᠤᠨ ᠢ ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠪᠡ︔ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠤᠨ ︽ᠬᠦᠴᠢᠷ ᠲᠦᠪᠡᠭᠳᠡᠢ ᠠᠰᠠᠭᠤᠳᠠᠯ ᠢ | ᠰᠢᠢᠳᠪᠤᠷᠢᠯᠡᠬᠦ ᠪᠠ ᠭᠤᠤᠯᠳᠠᠯᠭ᠎ᠠ ᠲᠠᠢ ᠵᠠᠰᠠᠬᠤ︾ ᠠᠵᠢᠯᠯᠠᠭ᠎ᠠ ᠶᠢ ᠥᠷᠨᠢᠭᠦᠯᠵᠦ᠂ ᠳᠡᠭᠡᠳᠦ ᠱᠠᠲᠤᠨ ᠠᠴᠠ | ᠲᠤᠰᠢᠶᠠᠭᠰᠡᠨ ᠳᠠᠪᠬᠤᠷᠳᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠪᠦᠬᠦᠨ ᠢ ᠰᠢᠢᠳᠪᠦᠷᠢᠯᠡᠨ᠂ ᠪᠥᠬᠦ | ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ | ᠪᠠᠷᠢᠮᠵᠢᠶ᠎ᠠ ᠳᠤ ᠬᠦᠷᠴᠤ᠂ ᠲᠡᠪᠰᠢᠬᠦᠯᠬᠦ ᠮᠠᠲ᠋ᠧᠷᠢᠶᠠᠯ ᠢ ᠨᠢᠭᠡᠨᠲᠡ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠪᠡ᠃ | ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠪᠠ᠃ ᠵᠠᠰᠠᠭ ᠤᠨ ᠣᠷᠳᠣᠨ ᠤ | ᠰᠢᠰᠲ᠋ᠧᠮ ᠤᠨ ᠨᠠᠮ ᠢ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ ᠪᠠ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠭᠡ ᠱᠠᠯᠠᠪᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠥᠢᠯ ᠢ ᠪᠠᠷᠢᠮᠵᠢᠶ᠎ᠠ ᠶᠤᠰᠤᠭᠠᠷ ᠠᠬᠢᠭᠤᠯᠵᠤ᠂ ︽ᠭᠤᠷᠪᠠᠨ ᠠᠯᠪᠠᠨ | ᠵᠠᠷᠤᠳᠠᠯ︾ ᠵᠡᠷᠭᠡ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ︽ᠭᠤᠷᠪᠠᠨ ᠠᠷᠪᠢᠨ᠂ ᠭᠤᠷᠪᠠᠨ | ᠴᠥᠭᠡᠨ᠂ ᠭᠤᠷᠪᠠᠨ ᠤᠳᠠᠭᠠᠨ︾ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠦᠢᠯᠡᠴᠢᠯᠡᠭᠡᠨ ᠤ ᠦᠢᠯᠡᠳᠦᠯ | ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠪᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ | ᠠᠵᠢᠯ ᠢ ᠡᠮᠬᠢ ᠵᠢᠷᠤᠮ ᠲᠠᠢ ᠥᠷᠨᠢᠭᠦᠯᠵᠦ᠂ ︽ᠭᠤᠷᠪᠠᠨ ᠴᠢᠬᠤᠯᠠ ᠨᠢᠭᠡ ᠶᠡᠭᠡ︾ ᠶᠢᠨ ᠰᠢᠢᠳᠪᠤᠷᠢ᠂ ᠵᠠᠰᠠᠭ | ᠵᠠᠬᠢᠷᠭᠠᠨ ᠤ ᠰᠢᠢᠳᠪᠤᠷᠢ ᠶᠢᠨ ᠬᠠᠤᠯᠢ ᠶᠤᠰᠤᠨ ᠤ ᠬᠢᠨᠠᠨ ᠪᠠᠶᠢᠴᠠᠭᠠᠯᠲᠠ ᠪᠠ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠥᠪᠯᠡᠭᠴᠢ ᠶᠢᠨ ᠳᠦᠷᠢᠮ ᠢ ᠠᠯᠬᠤᠮ ᠠᠯᠬᠤᠮ ᠢᠶᠠᠷ ᠪᠦᠷᠢᠨᠰᠢᠭᠦᠯᠦᠨ | ᠲᠡᠭᠦᠯᠳᠡᠷᠵᠢᠭᠦᠯᠵᠦ᠂ ᠪᠥᠬᠦ ᠬᠤᠰᠢᠭᠤᠨ ᠤ 59 ᠨᠠᠮ ᠵᠠᠰᠠᠭ ᠤᠨ ᠪᠠᠶᠢᠭᠤᠯᠭ᠎ᠠ ᠪᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠲᠤ ᠬᠠᠤᠯᠢ ᠴᠠᠭᠠᠵᠠ ᠶᠢᠨ ᠵᠥᠪᠯᠡᠭᠴᠢ ᠶᠢ ᠨᠡᠶᠢᠳᠡᠮ ᠬᠠᠮᠤᠷᠬᠤ ᠶᠢ ᠪᠡᠶᠡᠯᠡᠭᠦᠯᠵᠦ᠂ | ᠡᠯ᠎ᠡ ᠲᠥᠷᠥᠯ ᠤᠨ ᠬᠠᠤᠯᠢ ᠴᠠᠭᠠᠵᠠ ᠳᠤ ᠬᠤᠯᠪᠣᠭᠳᠠᠭᠰᠠᠨ᠂ ᠵᠠᠷᠭᠤ ᠳᠤ ᠬᠤᠯᠪᠣᠭᠳᠠᠭᠰᠠᠨ ᠠᠰᠠᠭᠤᠳᠠᠯ ᠤᠨ ᠡᠬᠡ | ᠲᠠᠩᠰᠠ ᠶᠢᠨ ᠬᠠᠮᠢᠶᠠᠷᠤᠯᠲᠠ ᠶᠢ ᠠᠬᠢᠭᠤᠯᠤᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ | ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠨᠣᠷᠮ᠎ᠠ 100% ᠳᠤ ᠬᠥᠷᠪᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ 167 ᠬᠤᠪᠢ ᠰᠠᠨᠠᠯ ᠲᠤᠷᠡᠳᠤᠯᠭ᠎ᠠ ᠶᠢ ᠬᠤᠭᠤᠴᠠᠭ᠎ᠠ ᠶᠣᠰᠣᠭᠠᠷ ᠰᠢᠢᠳᠪᠦᠷᠢᠯᠡᠨ | ᠳᠠᠭᠤᠰᠬᠠᠵᠤ᠂ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠤᠷᠮ᠎ᠠ᠂ ᠰᠡᠳᠬᠢᠯ ᠬᠠᠨᠤᠮᠵᠢᠲᠠᠶ ᠨᠤᠷᠮ᠎ᠠ ᠴᠥᠮ | 100% ᠳᠤ ᠬᠦᠷᠪᠠ᠃ ︽ᠲᠠᠪᠤ ᠶᠢ ᠲᠦᠢᠯᠪᠤᠷᠢᠳᠡᠢ ᠪᠠᠶᠢᠴᠠᠭᠠᠬᠤ︾ ᠶᠢ ᠭᠦᠨᠵᠡᠭᠡᠢ ᠲᠦᠯᠬᠢᠨ ᠠᠬᠢᠭᠤᠯᠪᠠ᠃ | ᠵᠥᠪᠰᠢᠶᠡᠷᠡᠭᠦᠯᠬᠦ ᠪᠠᠷ ᠪᠠᠶᠢᠭ᠎ᠠ ᠲᠦᠷᠤᠯ ᠵᠥᠢᠯ᠂ ᠲᠤᠨᠤᠮᠠᠯ ᠪᠡᠯᠡ ᠮᠥᠩᠭᠦ᠂ ︽ᠬᠠᠭᠠᠰ ᠲᠤᠳᠠᠭᠤ︾ ᠢᠨᠵᠧᠨᠧᠷᠢᠩ | ᠵᠡᠷᠭᠡ ᠶᠢ ᠴᠡᠭᠴᠡᠯᠡᠬᠦ ᠡᠭᠦᠷᠭᠡ ᠶᠢ ᠪᠦᠬᠦᠨ ᠢ ᠪᠡᠶᠡᠯᠡᠭᠦᠯᠵᠦ᠂ ᠵᠥᠪᠰᠢᠶᠡᠷᠡᠭᠰᠡᠨ ᠪᠤᠯᠪᠠᠴᠤ ᠬᠡᠷᠡᠭᠵᠢᠬᠦᠯᠦᠬᠡᠳᠤᠢ᠂ | ᠰᠤᠯᠠ ᠪᠠᠶᠢᠬᠤ ᠭᠠᠵᠠᠷ ᠰᠢᠷᠣᠢ ᠶᠢᠨ ᠵᠢᠯ ᠤᠨ ᠴᠡᠭᠴᠡᠯᠡᠨ ᠰᠢᠢᠳᠪᠦᠷᠢᠯᠡᠬᠦ ᠡᠭᠦᠷᠭᠡ ᠶᠢ ᠴᠥᠮ ᠳᠠᠪᠠᠭᠤᠯᠤᠨ | ᠪᠡᠶᠡᠯᠡᠭᠦᠯᠪᠡ᠃ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠢᠶᠠᠷ ᠰᠠᠶᠢᠵᠢᠷᠠᠪᠠ᠃ ᠠᠶᠤᠯᠲᠠᠢ ᠬᠢᠮᠢ ᠶᠢᠨ | ᠠᠵᠤ ᠦᠢᠯᠡᠳᠪᠦᠷᠢ᠂ ᠠᠭᠤᠯᠠ ᠠᠭᠤᠷᠬᠠᠢ᠂ ᠬᠤᠲᠠ ᠪᠠᠯᠭᠠᠰᠤᠨ ᠤ ᠰᠢᠲᠠᠮᠠᠬᠠᠢ ᠬᠡᠢ᠂ ᠭᠡᠷ ᠪᠠᠶᠢᠰᠢᠩ᠂ | ᠪᠠᠷᠢᠯᠭ᠎ᠠ ᠶᠢᠨ ᠠᠵᠢᠯ ᠵᠡᠷᠭᠡ ᠡᠯ᠎ᠡ ᠠᠵᠢᠯ ᠲᠦᠷᠦᠯ ᠤᠨ ᠠᠮᠤᠷ ᠲᠦᠪᠰᠢᠨ ᠤ ᠬᠡᠮ ᠰᠣᠭᠤᠭ ᠢ ᠲᠤᠰᠬᠠᠢ ᠪᠠᠶᠢᠴᠠᠭᠠᠨ | ᠴᠡᠭᠴᠡᠯᠡᠨ ᠵᠠᠰᠠᠬᠤ ᠵᠢᠴᠢ ᠬᠦᠨᠳᠦ ᠶᠡᠭᠡ ᠠᠳᠡᠯ ᠢ ᠮᠡᠳᠡᠭᠦᠯᠬᠦ ᠦᠭᠡᠢ ᠨᠢᠭᠤᠭᠰᠡᠨ ᠢ ︽ ᠲᠦᠢᠯᠪᠤᠷᠢᠳᠡᠢ | ᠪᠠᠶᠢᠴᠠᠭᠠᠬᠤ ︾ ᠲᠤᠰᠬᠠᠢ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ | ᠬᠡᠮ ᠰᠣᠭᠤᠭ ᠢ ᠪᠠᠶᠢᠴᠠᠭᠠᠨ ᠵᠠᠰᠠᠬᠤ ᠶᠢ ᠭᠦᠨᠵᠡᠭᠡᠢ ᠠᠬᠢᠭᠤᠯᠵᠤ᠂ ᠡᠯ᠎ᠡ ᠲᠦᠷᠦᠯ ᠤᠨ ᠬᠡᠮ ᠰᠣᠭᠤᠭ ᠢ 1500 | ᠭᠠᠷᠤᠢ ᠬᠤᠪᠢ ᠪᠠᠶᠢᠴᠠᠭᠠᠨ ᠢᠯᠡᠷᠡᠭᠦᠯᠬᠦ ᠶᠢᠨ ᠬᠠᠮᠲᠤ ᠴᠡᠭᠴᠡᠯᠡᠨ ᠵᠠᠰᠠᠵᠤ᠂ ᠪᠦᠬᠦ ᠵᠢᠯ ᠳᠤ ᠦᠢᠯᠡᠳᠪᠦᠷᠢᠯᠡᠯ ᠤᠨ | ᠠᠮᠤᠷ ᠲᠦᠪᠰᠢᠨ ᠤ ᠠᠳᠡᠯ ᠭᠠᠷᠤᠭᠰᠠᠨ ᠦᠭᠡᠢ᠃ | ᠡᠭᠦᠨ ᠤ ᠵᠡᠷᠭᠡᠪᠡᠷ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠣᠯ ᠱᠤᠭᠤᠮ ᠪᠣᠯᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠯᠲᠠ ᠶᠢᠨ | ᠡᠯ᠎ᠡ ᠵᠦᠢᠯ ᠤᠨ ᠠᠵᠢᠯ ᠢᠳᠡᠪᠬᠢᠲᠡᠢ ᠦᠷ᠎ᠡ ᠪᠦᠲᠦᠮᠵᠢ ᠣᠯᠪᠠ᠃ ᠴᠡᠷᠢᠭ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠪᠠᠲᠤᠯᠠᠭ᠎ᠠ ᠪᠠ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠠᠵᠢᠯ ᠢ | ᠦᠷᠭᠦᠯᠵᠢᠯᠡᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠦᠷᠢᠶᠡᠯᠡᠬᠦ︾ ᠵᠢᠱᠢᠶᠡᠴᠢ | ᠬᠤᠲᠠ ᠶᠢ ᠡᠭᠦᠳᠦᠨ ᠪᠠᠶᠢᠭᠤᠯᠬᠤ ᠶᠢ ᠯᠠᠪᠳᠠᠭᠤᠨ ᠢᠶᠠᠷ ᠠᠬᠢᠭᠤᠯᠪᠠ︔ ᠢᠳᠡᠭᠡᠨ ᠪᠠ ᠡᠮ ᠤᠨ ᠵᠥᠢᠯᠡᠰ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ︽ᠥᠪᠡᠷᠲᠡᠭᠡᠨ ᠵᠠᠰᠠᠬᠤ ᠣᠷᠣᠨ ᠤ | ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ︾ ᠶᠢ ᠡᠭᠦᠳᠦᠨ ᠪᠠᠶᠢᠭᠤᠯᠬᠤ ᠠᠵᠢᠯ ᠢ ᠬᠦᠴᠦᠲᠡᠢ | ᠠᠬᠢᠭᠤᠯᠪᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠴᠢᠮᠳᠡᠢ ᠠᠬᠢᠭᠤᠯᠪᠠ︔ ᠪᠥᠬᠦ ᠬᠤᠰᠢᠭᠤᠨ ᠤ ᠣᠷᠣᠨ | ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢᠨ ᠠᠰᠠᠭᠤᠳᠠᠯ ᠲᠠᠢ ᠡᠳ᠋ | ᠬᠥᠷᠥᠩᠭᠡ ᠶᠢ ᠴᠡᠭᠴᠡᠯᠡᠨ ᠰᠢᠢᠳᠪᠦᠷᠢᠯᠡᠬᠦ ᠰᠢᠪᠲᠤᠯᠤᠯᠲᠠ ᠶᠢᠨ ᠳᠠᠶᠢᠯᠠᠯᠳᠤᠭᠠᠨ ᠢ ᠡᠬᠢᠯᠡᠨ ᠬᠡᠷᠡᠭᠵᠢᠬᠦᠯᠵᠤ᠂ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ | ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠭᠠᠨ ᠬᠢᠨᠠᠵᠤ ᠦᠨᠡᠯᠡᠨ ᠵᠢᠱᠢᠬᠦ ᠡᠭᠦᠷᠭᠡ ᠶᠢ | ᠪᠠᠷᠢᠮᠵᠢᠶ᠎ᠠ ᠶᠤᠰᠤᠭᠠᠷ ᠪᠡᠶᠡᠯᠡᠭᠦᠯᠪᠠ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠪᠠ ᠴᠡᠭᠴᠡᠯᠡᠨ ᠪᠠᠶᠢᠴᠠᠭᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠦᠨᠳᠦᠰᠦᠲᠡᠨ | ᠱᠠᠰᠢᠨ ᠰᠤᠷᠲᠠᠬᠤᠨ᠂ ᠬᠢᠨᠠᠨ ᠪᠤᠳᠤᠬᠤ ᠲᠤᠭ᠎ᠠ ᠪᠦᠷᠢᠳᠬᠡᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠷᠠᠳᠢᠣ᠋ ᠲᠧᠯᠸᠢᠰ | ᠂ ᠴᠠᠭ ᠠᠭᠤᠷ᠂ ᠰᠢᠤᠳᠠᠨ ᠵᠡᠷᠭᠡ ᠠᠵᠢᠯ ᠰᠢᠨ᠎ᠡ ᠠᠬᠢᠴᠠ ᠲᠠᠢ ᠪᠣᠯᠵᠤ᠂ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠳᠬ᠎ᠠ ᠤᠷᠠᠯᠢᠭ | ᠤᠨ ᠬᠢᠨ ᠤ ᠬᠤᠯᠪᠤᠭ᠎ᠠ ᠵᠡᠷᠭᠡ ᠤᠯᠠᠨ ᠲᠦᠮᠡᠡᠴᠢ ᠪᠦᠯᠬᠦᠮ ᠤᠨ ᠠᠵᠢᠯ ᠦᠢᠯᠡᠰ ᠰᠢᠨ᠎ᠡ ᠠᠮᠵᠢᠯᠲᠠ ᠪᠦᠲᠦᠮᠵᠢ | ᠣᠯᠪᠠ᠃ | ᠥᠩᠭᠡᠷᠡᠭᠰᠡᠨ ᠨᠢᠭᠡ ᠵᠢᠯ ᠳᠤ᠂ ᠠᠪᠠᠭ᠎ᠠ ᠬᠤᠰᠢᠭᠤ ᠠᠵᠤ ᠠᠬᠤᠢ ᠶᠢᠨ ᠪᠠᠶᠢᠳᠠᠯ ᠪᠤᠳᠤᠯᠢᠶᠠᠨᠲᠠᠢ ᠪᠥᠭᠡᠳ | ᠬᠤᠪᠢᠷᠠᠯᠲᠠ ᠶᠡᠬᠡᠲᠡᠢ᠂ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠳᠤ ᠥᠷᠢᠰᠦᠯᠳᠦᠭᠡᠨ ᠶᠡᠬᠡᠲᠡᠢ ᠪᠠᠶᠢᠳᠠᠯ | ᠳᠣᠣᠷ᠎ᠠ᠂ ᠪᠥᠬᠦ ᠬᠤᠰᠢᠭᠤᠨ ᠤ ᠡᠯ᠎ᠡ ᠠᠵᠢᠯ ᠤᠨ ᠹᠷᠣᠨᠲ ᠤᠨ ᠺᠠᠳ᠋ᠷ ᠣᠯᠠᠨ ᠲᠦᠮᠡᠨ ᠴᠦᠬᠦᠷᠡᠰᠢ ᠦᠬᠡᠢ ᠲᠡᠮᠡᠴᠡᠨ | ᠂ ᠦᠨᠡᠨ ᠪᠤᠳᠡᠳᠡᠢ ᠭᠠᠪᠰᠢᠭᠠᠶᠢᠯᠠᠨ ᠠᠵᠢᠯᠯᠠᠵᠤ᠂ ᠴᠢᠨᠡᠷ ᠰᠠᠶᠢᠳᠡᠢ ᠬᠥᠭᠵᠢᠯᠲᠡ ᠶᠢ ᠪᠠᠳᠤᠯᠠᠭᠰᠡᠨ ᠠᠮᠵᠢᠯᠲᠠ | ᠪᠦᠲᠦᠮᠵᠢ ᠬᠢᠯᠪᠡᠷ ᠪᠤᠰᠤ︕ ᠡᠨᠡ ᠪᠣᠯ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ᠂ ᠠᠮᠢᠳᠤᠯᠢᠭ | ᠪᠤᠳᠡᠳᠡᠢ ᠦᠢᠯᠡᠳᠦᠯᠭᠡ ᠶᠢᠨ ᠦᠷ᠎ᠡ ᠳ᠋ᠦᠩ ᠪᠤᠯᠬᠤ ᠮᠦᠷᠳᠡᠬᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ | ᠮᠥᠨ᠂ ᠮᠦᠡᠴᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠤᠯᠤᠰ ᠲᠥᠷᠥ ᠶᠢᠨ | ᠵᠥᠪᠯᠡᠯᠭᠡᠨ ᠤ ᠴᠢᠩᠭ᠎ᠠ ᠬᠢᠨᠠᠯᠲᠠ ᠳᠡᠮᠵᠢᠯᠭᠡ ᠶᠢᠨ ᠦᠷ᠎ᠡ ᠳ᠋ᠦᠩ ᠪᠤᠯᠬᠤ ᠮᠦᠷᠳᠡᠬᠡᠨ ᠪᠥᠬᠦ ᠬᠤᠰᠢᠭᠤᠨ ᠤ ᠺᠠᠳ᠋ᠷ | ᠣᠯᠠᠨ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠦᠯᠡᠨ ᠴᠢᠷᠮᠠᠶᠢᠵᠤ ᠰᠢᠷᠭᠠᠭᠤ | ᠬᠠᠲᠠᠭᠤᠵᠢᠯᠲᠠᠢ ᠠᠵᠢᠯᠯᠠᠭᠰᠡᠨ ᠤ ᠦᠷ᠎ᠠ ᠳ᠋ᠦᠡᠭ ᠪᠤᠯᠬᠤ ᠨᠢ ᠭᠠᠷᠴᠠᠭ᠎ᠠ ᠦᠬᠡᠢ᠃ ᠠᠳᠡ ᠂ ᠪᠢ ᠬᠤᠰᠢᠭᠤ | ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠠᠪᠠᠭ᠎ᠠ ᠬᠤᠰᠢᠭᠤᠨ ᠤ ᠥᠭᠡᠷᠡᠴᠢᠯᠡᠯᠲᠡ | ᠬᠥᠭᠵᠢᠯᠲᠡ ᠳᠤ ᠬᠦᠴᠦᠨ ᠴᠢᠳᠠᠯ ᠢᠶᠠᠨ ᠬᠠᠷᠡᠮ ᠦᠬᠡᠢ ᠵᠤᠷᠢᠭᠤᠯᠤᠭᠰᠡᠨ ᠦᠨᠳᠦᠰᠦᠲᠡᠨ ᠨᠦᠭᠦᠳ ᠤᠨ ᠠᠷᠠᠳ | ᠲᠦᠮᠡᠨ ᠪᠣᠯᠣᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠪᠠ ᠬᠦᠨᠳᠦᠳᠬᠡᠯ ᠢᠶᠠᠨ | ᠳᠡᠪᠰᠢᠭᠦᠯᠦᠶ᠎ᠡ︕ | ᠲᠥᠯᠥᠭᠡᠯᠡᠭᠴᠢᠳ ᠠ᠋︕ ᠠᠮᠵᠢᠯᠲᠠ ᠪᠠᠨ ᠨᠤᠳᠠᠯᠠᠬᠤ ᠶᠢᠨ ᠬᠠᠮᠲᠤ ᠪᠢᠳᠠ ᠪᠠᠰᠠ ᠪᠥᠬᠦ ᠬᠤᠰᠢᠭᠤᠨ ᠤ | ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠥᠭᠡᠨ ᠪᠤᠰᠤ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ | ᠰᠡᠷᠭᠡᠭ ᠢᠶᠠᠷ ᠲᠠᠨᠢᠬᠤ ᠴᠢᠬᠤᠯᠠᠳᠡᠢ ᠪᠠᠶᠢᠨ᠎ᠠ᠃ ᠡᠨᠧᠷᠭᠢ ᠶᠢᠨ ᠪᠤᠰᠤ᠂ ᠠᠭᠤᠷᠬᠠᠢ ᠶᠢᠨ ᠭᠠᠷᠤᠯᠲᠠ ᠶᠢᠨ ᠪᠤᠰᠤ᠂ | ᠰᠠᠶᠢᠨ ᠲᠥᠷᠥᠯ ᠵᠦᠢᠯ ᠤᠨ ᠨᠥᠭᠡᠴᠡ ᠲᠤᠳᠠᠮᠠᠭ᠂ ᠲᠡᠷᠢᠭᠦᠨ ᠤ ᠦᠢᠯᠡᠳᠬᠦ ᠦᠢᠯᠡᠰ ᠡᠬᠢᠯᠡᠯᠲᠡ ᠶᠢᠨ ᠱᠠᠲᠤᠨ ᠳᠤ | ᠪᠠᠶᠢᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶᠠᠵᠢᠯ ᠬᠦᠷᠦᠯᠴᠡᠬᠦ ᠦᠭᠡᠢ᠂ ︽ᠴᠠᠪᠠᠷ ᠡᠨᠧᠷᠬᠢ ᠶᠢᠨ | ᠴᠠᠬᠢᠯᠭᠠᠨ + ᠴᠢᠨᠠᠷ ᠰᠠᠶᠢᠲᠠᠢ ᠡᠨᠧᠷᠭᠢ︾ ᠶᠢᠨ ᠠᠵᠤ ᠦᠢᠯᠡᠰ ᠤᠨ ᠳᠠᠯᠳᠠ ᠬᠦᠴᠦᠨ ᠶᠡᠭᠡ ᠪᠣᠯᠪᠠᠴᠤ | ᠲᠤᠬᠠᠢ ᠶᠢᠨ ᠭᠠᠵᠠᠷ ᠲᠤᠨᠢ ᠰᠢᠩᠭᠡᠬᠡᠨ ᠠᠪᠴᠤ ᠳᠡᠶᠢᠯᠬᠦ ᠦᠭᠡᠢ ᠪᠠᠶᠢᠭᠰᠠᠭᠠᠷ︔ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠵᠥᠷᠢᠴᠡᠯ ᠲᠣᠪᠣᠶᠢᠮ᠎ᠠ᠂ ᠥᠷᠢ ᠥᠭᠴᠡᠭᠡ ᠶᠢ ᠴᠠᠶᠢᠷᠠᠭᠤᠯᠬᠤ ᠳᠠᠷᠤᠯᠲᠠ ᠨᠡᠯᠢᠶᠡᠳ ᠶᠡᠭᠡ | ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ | ᠦᠨᠳᠦᠰᠦᠨ ᠦᠢᠯᠡᠴᠢᠯᠡᠭᠡ ᠤᠯᠠᠨ ᠲᠦᠮᠡᠨ ᠤ ᠬᠡᠷᠡᠭᠴᠡᠭᠡ ᠶᠢ ᠭᠦᠢᠴᠡᠳ ᠬᠠᠩᠭᠠᠵᠤ ᠳᠡᠶᠢᠯᠬᠦ ᠦᠭᠡᠢ ᠪᠠᠶᠢᠭ᠎ᠠ︔ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠪᠤᠷᠤᠯᠠᠭᠤᠯᠬᠤ᠂ ᠢᠳᠡᠬᠡᠨ | ᠤᠮᠳᠠᠭᠠᠨ᠂ ᠬᠤᠨᠤᠭ ᠪᠠᠭᠤᠳᠠᠯ ᠤᠨ ᠠᠵᠤ ᠠᠬᠤᠶᠢᠯᠠᠯ ᠨᠠᠯᠢᠶᠡᠳ ᠲᠤᠳᠠᠮᠠᠭ ᠪᠠᠶᠢᠵᠤ᠂ ᠠᠵᠤ ᠠᠬᠤᠶᠢᠯᠠᠯ ᠢ | ᠪᠣᠶᠢᠵᠢᠭᠤᠯᠬᠤ᠂ ᠲᠠᠶᠢᠴᠢᠯᠡᠨ ᠬᠦᠴᠤᠷᠬᠡᠭᠵᠢᠬᠦᠯᠬᠦ ᠲᠠᠯ᠎ᠠ ᠪᠠᠷ ᠦᠷᠭᠦᠯᠵᠢᠯᠡᠨ ᠴᠢᠷᠮᠠᠶᠢᠬᠤ ᠴᠢᠬᠤᠯᠠᠲᠠᠢ ᠪᠠᠶᠢᠨ᠎ᠠ︔ | ᠵᠠᠷᠢᠮ ᠴᠦᠬᠡᠨ ᠲᠤᠭᠠᠨ ᠤ ᠺᠠᠳ᠋ᠷ ᠤᠨ ᠬᠠᠷᠢᠭᠤᠴᠠᠯᠭᠠᠳᠤ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠂ | ᠦᠢᠯᠡᠴᠢᠯᠡᠬᠦ ᠤᠬᠠᠮᠰᠠᠷ ᠠᠨᠠᠢ ᠂ ᠠᠵᠢᠯ ᠤᠨ ᠴᠢᠳᠠᠪᠤᠷᠢ᠂ ᠠᠵᠢᠯ ᠤᠨ ᠰᠤᠷᠲᠠᠯ ᠨᠢ ᠴᠠᠭ ᠦᠶ᠎ᠠ ᠶᠢᠨ | ᠬᠥᠭᠵᠢᠯᠲᠡ ᠶᠢᠨ ᠠᠬᠢᠴᠠ ᠶᠢ ᠳᠠᠭᠠᠵᠤ ᠲᠠᠶᠢᠯᠬᠦ ᠦᠭᠡᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠪᠢᠳᠡ | ᠡᠳᠡᠬᠡᠷ ᠠᠰᠠᠭᠤᠳᠠᠯ ᠳᠤ ᠴᠢᠭᠯᠡᠬᠦᠯᠤᠨ᠂ ᠦᠨᠡᠨ ᠪᠤᠳᠠᠳᠡᠢ᠂ ᠢᠳᠡᠪᠬᠢᠳᠡᠢ᠂ ᠬᠠᠷᠢᠭᠤᠴᠠᠯᠭ᠎ᠠ ᠡᠬᠦᠷᠬᠡᠯᠡᠨ ᠠᠵᠢᠯᠯᠠᠵᠤ | ᠂ ᠲᠡᠬᠡᠳᠤ ᠬᠡᠮᠵᠢᠶᠠᠨ ᠤ ᠬᠠᠷᠢᠭᠤᠴᠠᠯᠭᠠᠳᠤ ᠰᠡᠳᠬᠢᠯᠬᠡ ᠪᠠᠷ᠂ ᠴᠢᠨᠠᠷ ᠰᠠᠶᠢᠲᠠᠢ ᠬᠥᠭᠵᠢᠯᠲᠡ ᠶᠢᠨ | ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠬᠥᠭᠵᠢᠯᠲᠡ ᠶᠢᠨ ᠠᠷᠭ᠎ᠠ ᠪᠠᠷ ᠬᠥᠭᠵᠢᠯᠲᠡ ᠶᠢᠨ ᠶᠠᠪᠤᠴᠠ ᠳᠠᠬᠢ | ᠬᠦᠴᠢᠷ ᠲᠦᠪᠡᠭᠳᠡᠢ ᠠᠰᠠᠭᠤᠳᠠᠯ ᠤᠳ ᠢ ᠰᠢᠢᠳᠪᠦᠷᠢᠯᠡᠵᠦ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ | ᠲᠤᠬᠠᠢ ᠬᠦᠰᠡᠯ ᠡᠷᠡᠮᠡᠯᠵᠡᠯ ᠢ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠪᠥᠬᠦ ᠬᠤᠰᠢᠭᠤᠨ ᠤ ᠠᠷᠠᠳ ᠲᠦᠮᠡᠨ ᠤ | ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠶᠢᠨ ᠲᠦᠯᠤᠬᠡ ᠢᠳᠡᠬᠡᠯ ᠲᠡᠬᠦᠯᠳᠡᠷ ᠠᠵᠢᠯᠯᠠᠬᠤ ᠨᠢ ᠯᠠᠪᠳᠡᠢ︕ | 2024 ᠣᠨ ᠤ ᠠᠵᠢᠯ ᠤᠨ ᠪᠠᠶᠢᠷᠢᠯᠠᠭᠤᠯᠤᠯᠲᠠ | 2024 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠣᠣᠱᠯᠠᠭᠤᠯᠬᠤ ᠴᠢᠬᠤᠯᠠ ᠨᠢᠭᠡ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢᠨ ᠬᠥᠭᠵᠢᠯᠲᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠨᠡᠭᠡᠭᠡᠬᠦ ᠵᠠᠩᠭᠢᠯᠠᠭ᠎ᠠ ᠶᠢᠨ | ᠵᠢᠯ ᠪᠠᠶᠢᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠦᠷᠦᠯ ᠤᠨ ᠠᠵᠢᠯ ᠢ ᠰᠠᠶᠢᠲᠤᠷ ᠪᠡᠶᠡᠯᠡᠭᠦᠯᠬᠦ | ᠨᠢ ᠲᠤᠶᠢᠯ ᠤᠨ ᠴᠢᠬᠤᠯᠠ ᠣᠳᠬ᠎ᠠ ᠠᠭᠤᠯᠭ᠎ᠠ ᠲᠠᠢ ᠶᠤᠮ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ | ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ | ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠳᠡᠭᠡᠳᠦ ᠱᠠᠲᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠰᠢᠭᠤ ᠨᠠᠮ ᠤᠨ | ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠨᠡᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ᠂ ᠬᠦᠭᠵᠢᠯᠲᠡ ᠳᠠᠪᠰᠢᠯᠲᠠ ᠪᠠᠷ ᠲᠣᠭᠲᠠᠭᠤᠨ ᠢ ᠠᠬᠢᠭᠤᠯᠬᠤ᠂ ᠤᠷᠢᠳᠠᠪᠠᠷ ᠪᠠᠶᠢᠭᠤᠯᠵᠤ | ᠳᠠᠷᠠᠭ᠎ᠠ ᠨᠢ ᠰᠢᠪᠳᠣᠯᠣᠯᠲᠠ ᠲᠠᠢ ᠪᠣᠯᠭᠠᠬᠤ ᠶᠢ ᠪᠠᠷᠢᠮᠲᠠᠯᠠᠨ᠂ ︽ᠰᠢᠨ᠎ᠡ ᠵᠠᠮ ᠢᠶᠠᠷ ᠵᠠᠮᠨᠠᠨ᠂ ᠲᠤᠮᠳᠠ ᠡᠩᠨᠡᠭᠡᠨ ᠳᠤ | ᠤᠷᠤᠬᠤ︾ ᠬᠠᠷᠠᠯᠲᠠ ᠶᠢ ᠲᠤᠭᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠡᠯ᠎ᠡ ᠲᠦᠷᠦᠯ ᠤᠨ ᠠᠵᠢᠯ ᠤᠨ ᠭᠤᠣᠯ ᠱᠤᠭᠤᠮ ᠪᠣᠯᠭᠠᠨ᠂ ︽ᠵᠢᠷᠭᠤᠭᠠᠨ | ᠢᠨᠵᠧᠨᠧᠷᠢᠩ︾ ᠢ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ ᠪᠠᠶᠢᠭᠠᠳ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠦᠨ᠂ ᠨᠡᠮᠡᠭᠳᠡᠯ ᠢ | ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠵᠡᠷᠭᠡ ᠠᠵᠢᠯ ᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠠᠪᠤᠳᠠᠯ ᠪᠣᠯᠣᠨ᠎ᠠ᠃ | ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 55 ᠳ᠋ᠦᠩᠰᠢᠭᠤᠷ ᠲᠥᠭᠦᠷᠢᠭ ᠲᠤ ᠬᠦᠷᠭᠡᠵᠦ᠂ 8. | 5% ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 70 ᠳ᠋ᠦᠩᠰᠢᠭᠤᠷ | ᠲᠥᠭᠦᠷᠢᠭ ᠠᠴᠠ ᠳᠠᠪᠠᠭᠤᠯᠵᠤ᠂ 23% ᠣᠷᠴᠢᠮ ᠨᠡᠮᠡᠭᠳᠡᠭᠦᠯᠦᠨ᠎ᠡ᠃ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠦᠷᠳᠡᠭ ᠢ 30% ᠣᠷᠴᠢᠮ ᠢᠶᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ | ᠵᠦᠢᠯᠡᠰ ᠤᠨ ᠵᠢᠵᠢᠭᠯᠡᠨ ᠪᠣᠷᠣᠯᠠᠭᠤᠯᠬᠤ ᠬᠡᠮᠵᠢᠶ᠎ᠡ ᠶᠢ 2.6% ᠣᠷᠴᠢᠮ ᠨᠡᠮᠡᠭᠳᠡᠭᠦᠯᠦᠨ᠎ᠡ︔ ᠬᠤᠲᠠ ᠬᠥᠳᠡᠭᠡ ᠶᠢᠨ | ᠪᠠᠶᠢᠩᠭᠤ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠳᠤᠬᠢᠷᠠᠭᠤᠯᠵᠤ ᠪᠣᠯᠬᠤᠶᠢᠴᠠ ᠣᠷᠣᠯᠭ᠎ᠠ ᠶᠢ ᠲᠣᠰ | ᠲᠣᠰ 4% ᠪᠠ 5% ᠣᠷᠴᠢᠮ ᠨᠡᠮᠡᠭᠳᠡᠭᠦᠯᠵᠦ᠂ ᠲᠣᠰ ᠲᠤᠰ 5 ᠲᠦᠮᠡᠨ ᠲᠥᠭᠦᠷᠢᠭ ᠪᠠ 4 ᠲᠦᠮᠡᠨ | ᠲᠥᠭᠦᠷᠢᠭ ᠤᠨ ᠣᠷᠴᠢᠮ ᠳᠤ ᠬᠦᠷᠭᠡᠨ᠎ᠡ︔ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 5% | ᠣᠷᠴᠢᠮ ᠨᠡᠮᠡᠭᠳᠡᠭᠦᠯᠵᠦ᠂ 5.5 ᠳ᠋ᠦᠩᠰᠢᠭᠤᠷ ᠲᠥᠭᠦᠷᠢᠭ ᠲᠤ ᠬᠦᠷᠭᠡᠨ᠎ᠡ᠃ ᠡᠨᠧᠷᠭᠢ ᠠᠷᠪᠢᠯᠠᠵᠤ ᠪᠣᠬᠢᠷᠲᠤᠯ ᠢ | ᠪᠠᠭᠠᠰᠬᠠᠬᠤ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠠᠷᠠᠯᠲᠠ ᠶᠢᠨ ᠡᠭᠦᠷᠭᠡ ᠶᠢ ᠪᠦᠬᠦ ᠲᠠᠯ᠎ᠠ ᠪᠠᠷ | ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠪᠢᠳᠡ ᠳᠣᠣᠷᠠᠬᠢ 9 ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ | ᠨᠢᠭᠡ᠂ ᠲᠦᠷᠦᠯ ᠵᠦᠢᠯ ᠢ ᠠᠳᠬᠤᠬᠤ᠂ ᠬᠥᠳᠡᠯᠭᠡᠬᠦ ᠬᠦᠴᠦᠨ ᠢ ᠡᠷᠴᠢᠮᠵᠢᠬᠦᠯᠬᠦ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠠᠵᠤ ᠠᠬᠤᠢ ᠶᠢᠨ ᠲᠣᠭᠲᠠᠭᠤᠨ ᠪᠦᠭᠡᠳ ᠰᠠᠶᠢᠨ ᠬᠦᠭᠵᠢᠯᠲᠡ ᠶᠢ | ᠦᠷᠭᠦᠯᠵᠢᠯᠡᠨ ᠠᠬᠢᠭᠤᠯᠤᠨ᠎ᠠ ᠃ ᠭᠤᠣᠯᠳᠠᠯᠭ᠎ᠠ ᠲᠠᠢ ᠲᠦᠷᠦᠯ ᠵᠦᠢᠯ ᠢ ᠣᠷᠢᠨ ᠣᠷᠣᠭᠤᠯᠬᠤ᠂ | ᠬᠡᠷᠡᠭᠵᠢᠭᠦᠯᠬᠦ᠂ ᠪᠠᠲᠤᠯᠠᠭ᠎ᠠ ᠬᠠᠩᠭᠠᠬᠤ ᠪᠠᠷ ᠬᠥᠲᠥᠯᠥᠮᠵᠢ ᠪᠣᠯᠭᠠᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ | ᠬᠦᠴᠦᠨ ᠢ ᠪᠦᠬᠦ ᠬᠦᠴᠦᠨ ᠢᠶᠠᠷ ᠢᠶᠠᠨ ᠪᠣᠶᠢᠵᠢᠭᠤᠯᠤᠨ ᠬᠡᠷᠡᠭᠵᠢᠭᠦᠯᠦᠨ᠎ᠡ᠃ ᠲᠥᠷᠥᠯ ᠵᠦᠢᠯ ᠤᠨ ᠪᠡᠯᠡ | ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠡᠷᠴᠢᠮ ᠲᠠᠢ ᠠᠳᠬᠤᠨ᠎ᠠ᠃ ᠲᠥᠷᠥᠯ ᠵᠦᠢᠯ ᠤᠨ ᠭᠠᠷᠳᠠᠮ | ᠭᠦᠢᠴᠡᠳᠬᠡᠬᠦ ᠠᠬᠢᠴᠠ ᠶᠢ ᠲᠦᠷᠭᠡᠳᠬᠡᠨ ᠠᠬᠢᠭᠤᠯᠵᠤ᠂ ᠲᠦᠷᠦᠯ ᠵᠦᠢᠯ ᠢ ᠰᠢᠪᠳᠤᠯᠤᠯᠲᠠ ᠲᠠᠢ ᠪᠣᠯᠭᠠᠨ᠂ 15 | ᠲᠦᠷᠦᠯ ᠤᠨ ᠠᠶᠢᠮᠠᠭ ᠤᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠢ ᠴᠠᠭ ᠲᠤᠬᠠᠢ ᠳᠤᠨᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠬᠤ ᠶᠢ ᠪᠠᠲᠤᠯᠠᠨ᠂ 56.93 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠬᠦ ᠶᠢ ᠪᠠᠲᠤᠯᠠᠨ᠎ᠠ᠃ ᠬᠤᠰᠢᠭᠤ ᠲᠠᠰ ᠤᠨ ᠪᠠ ᠰᠠᠯᠠᠭ᠎ᠠ ᠮᠥᠴᠢᠷ ᠤᠨ ᠭᠤᠣᠯᠳᠠᠯᠭ᠎ᠠ ᠲᠠᠢ 50 ᠲᠥᠷᠥᠯ | ᠵᠦᠢᠯ ᠤᠨ ᠭᠠᠷᠳᠠᠮ ᠢ ᠭᠦᠢᠴᠡᠳᠭᠡᠵᠦ᠂ ᠴᠠᠭ ᠲᠤᠬᠠᠢ ᠳᠤᠨᠢ ᠠᠵᠢᠯ ᠡᠬᠢᠯᠡᠭᠦᠯᠦᠨ᠂ 11.78 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠲᠥᠷᠥᠯ ᠵᠦᠢᠯ ᠤᠨ ᠲᠤᠭ᠎ᠠ | ᠪᠦᠷᠢᠳᠬᠡᠯ ᠤᠨ ᠬᠦᠮᠦᠷᠭᠡ ᠶᠢᠨ ᠪᠠᠶᠢᠳᠠᠯ᠂ ᠪᠠᠷᠢᠯᠭ᠎ᠠ ᠶᠢᠨ ᠠᠬᠢᠴᠠ᠂ ᠪᠡᠯᠡ ᠣᠷᠣᠭᠤᠯᠤᠯᠲᠠ ᠶᠢᠨ ᠡᠷᠴᠢᠮ ᠵᠡᠷᠭᠡ | ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠳᠤᠷ ᠠᠳᠬᠤᠵᠤ᠂ ᠢᠯᠭᠤᠮ ᠤᠷᠤᠭᠰᠢᠲᠠᠢ ᠡᠬᠢᠯᠡᠬᠦᠯᠬᠦ ᠶᠢ ᠦᠨᠡᠨᠬᠦ | ᠪᠠᠲᠤᠯᠠᠨ᠎ᠠ᠃ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠠᠵᠤ ᠠᠬᠤᠢ ᠶᠢᠨ ᠬᠥᠭᠵᠢᠯᠲᠡ ᠶᠢᠨ ᠡᠬᠢ ᠰᠤᠷᠪᠤᠯᠵᠢ ᠪᠣᠯᠭᠠᠵᠤ᠂ | ᠪᠥᠬᠦ ᠬᠤᠰᠢᠭᠤᠨ ᠤ ᠤᠰᠤᠨ ᠤ ᠡᠬᠢ ᠪᠠᠶᠠᠯᠢᠭ᠂ ᠭᠠᠵᠠᠷ ᠤᠨ ᠦᠨ᠎ᠡ᠂ ᠴᠡᠪᠡᠷ ᠡᠨᠧᠷᠭᠢ ᠶᠢᠨ ᠴᠠᠬᠢᠯᠭᠠᠨ᠂ | ᠰᠢᠨ᠎ᠡ ᠡᠨᠧᠷᠭᠢ ᠶᠢᠨ ᠪᠠᠶᠢᠷᠢᠰᠢᠯᠠᠭᠤᠯᠤᠯᠲᠠ ᠶᠢᠨ ᠤᠷᠤᠨ ᠵᠠᠢ ᠵᠡᠷᠭᠡ ᠳᠠᠪᠠᠭᠤᠯᠢᠭ ᠲᠤ ᠪᠠᠨ ᠲᠦᠰᠢᠭᠯᠡᠨ᠂ 100 | ᠲᠦᠮᠡᠨ ᠲᠣᠨ ᠤ ᠴᠠᠬᠢᠯᠭᠠᠨ ᠵᠠᠳᠠᠯᠤᠯᠲᠠ ᠶᠢᠨ ᠬᠦᠩᠭᠡᠨᠴᠠᠭᠠᠨ ᠵᠢᠴᠢ ᠬᠦᠩᠭᠡᠨᠴᠠᠭᠠᠨ ᠤ ᠰᠡᠭᠦᠯᠴᠢ ᠶᠢᠨ | ᠡᠳ᠋ᠰᠢᠭᠦᠯᠦᠯᠲᠡ ᠶᠢᠨ ᠲᠥᠷᠥᠯ ᠵᠦᠢᠯ ᠤᠨ ᠠᠷᠠᠯᠵᠢᠶᠠᠴᠢᠨ ᠤᠷᠢᠵᠤ ᠪᠡᠯᠡ ᠲᠠᠲᠠᠬᠤ ᠡᠷᠴᠢᠮ ᠢ ᠴᠢᠩᠭᠠᠷᠠᠭᠤᠯᠵᠤ᠂ | ᠨᠡᠷᠡᠨ ᠨᠡᠭᠦᠷᠡᠰᠦᠨ ᠠᠭᠤᠷᠬᠠᠢ ᠶᠢᠨ ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠤᠨ ᠨᠡᠭᠡᠭᠡᠨ ᠠᠰᠢᠭᠯᠠᠬᠤ | ᠠᠵᠢᠯ ᠢ ᠵᠡᠷᠭᠡ ᠪᠠᠷ ᠡᠬᠢᠯᠡᠭᠦᠯᠦᠨ᠎ᠡ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠢᠳᠡᠪᠬᠢᠲᠡᠢ ᠬᠠᠶᠢᠨ | ᠰᠦᠪᠡᠭᠴᠢᠯᠡᠵᠦ᠂ ᠰᠢᠯᠢᠳᠡᠭ ᠴᠢᠨᠠᠷ ᠤᠨ ᠬᠠᠶᠢᠯᠤᠭᠤᠷ ᠵᠤᠩᠰᠢ᠂ ᠴᠡᠪᠡᠷ ᠡᠨᠧᠷᠭᠢ ᠶᠢᠨ ᠴᠠᠬᠢᠯᠭᠠᠨ᠂ ᠴᠢᠯᠠᠭᠤᠨ | ᠲᠣᠰᠣ ᠵᠡᠷᠭᠡ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠨ᠂ ᠰᠠᠨᠠᠭᠠᠴᠢᠯᠠᠭ᠎ᠠ ᠠᠴᠠ ᠪᠠᠨ ᠭᠠᠳᠠᠭᠰᠢ ᠭᠠᠷᠴᠤ | ᠬᠠᠮᠲᠤᠷᠠᠯᠴᠠᠭ᠎ᠠ ᠦᠷᠨᠢᠭᠦᠯᠦᠨ᠂ ᠬᠠᠶᠢᠯᠤᠭᠤᠷ ᠵᠤᠩᠰᠢ ᠶᠢᠨ ᠬᠡᠯᠬᠢᠶᠡᠵᠢᠭᠰᠡᠨ ᠠᠵᠤ ᠦᠢᠯᠡᠰ᠂ ᠴᠡᠪᠡᠷ ᠡᠨᠧᠷᠭᠢ ᠶᠢᠨ | ᠴᠠᠬᠢᠯᠭᠠᠨ᠂ ︽ᠰᠤᠷᠪᠣᠯᠵᠢ᠂ ᠲᠤᠤᠷ᠂ ᠠᠴᠢᠶᠠᠯᠠᠪᠤᠷᠢ᠂ ᠨᠦᠭᠡᠴᠡ︾᠂ ᠴᠢᠯᠠᠭᠤᠨ ᠳᠤᠰᠤᠨ ᠤ ᠨᠡᠭᠡᠭᠡᠯᠲᠡ | ᠵᠡᠷᠭᠡ ᠣᠷᠢᠳ ᠡᠮᠦᠨ᠎ᠡ ᠪᠠᠶᠢᠭ᠎ᠠ ᠦᠭᠡᠢ ᠵᠦᠢᠯᠡᠰ ᠢ ᠰᠢᠪᠳᠤᠯᠤᠯᠲᠠ ᠲᠠᠢ ᠪᠣᠯᠭᠠᠬᠤ ᠶᠢ ᠪᠡᠶᠡᠯᠡᠭᠦᠯᠦᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠨᠢᠭᠡ ᠴᠣᠩᠬᠤ ᠪᠠᠷ | ᠭᠥᠯᠢᠶᠡᠨ ᠠᠪᠴᠤ ᠰᠢᠢᠳᠪᠦᠷᠢᠯᠡᠬᠦ᠂ ᠵᠡᠷᠭᠡᠪᠡᠷ ᠭᠦᠢᠴᠡᠳᠬᠡᠬᠦ︾ ᠵᠠᠭᠪᠤᠷ ᠢ ᠭᠦᠨᠵᠡᠭᠡᠢ ᠬᠡᠷᠡᠭᠵᠢᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠣᠷᠣᠭᠤᠯᠬᠤ ᠶᠣᠰᠣᠲᠠᠢ ᠶᠢ ᠨᠢ ᠵᠠᠪᠠᠯ ᠣᠷᠣᠭᠤᠯᠬᠤ︾ ᠶᠢ | ᠠᠬᠢᠭᠤᠯᠵᠤ᠂ ︽ᠤᠳᠤᠷᠢᠳᠬᠤ ᠺᠠᠳ᠋ᠷ ᠬᠠᠪᠰᠤᠷᠤᠨ ᠭᠦᠢᠴᠡᠳᠬᠡᠬᠦ + ᠠᠵᠢᠯᠲᠠᠨ ᠣᠷᠣᠯᠠᠨ ᠭᠦᠢᠴᠡᠳᠬᠡᠬᠦ︾ | ᠲᠤᠭᠲᠠᠯᠴᠠᠭ᠎ᠠ ᠶᠢ ᠪᠠᠶᠢᠭᠤᠯᠤᠨ᠂ ᠠᠵᠤ ᠠᠬᠤᠶᠢᠯᠠᠯ ᠳᠤ ᠪᠥᠬᠦ ᠶᠠᠪᠤᠴᠠ ᠶᠢᠨ᠂ ᠪᠥᠬᠦ ᠬᠦᠴᠦᠨ ᠵᠦᠢᠯ ᠢ ᠬᠠᠩᠭᠠᠬᠤ | ︽ᠠᠰᠠᠷᠠᠭᠴᠢ ᠮᠠᠶ᠋ᠢᠭ︾ ᠤᠨ ᠨᠠᠷᠢᠯᠢᠭ ᠣᠨᠣᠴᠠᠲᠠᠢ ᠦᠢᠯᠡᠴᠢᠯᠡᠭᠡ ᠬᠠᠩᠭᠠᠨ᠎ᠠ᠃ ᠲᠦᠷᠦᠯ ᠵᠦᠢᠯ ᠢ ᠬᠠᠮᠲᠤᠷᠠᠨ | ᠬᠢᠨᠠᠵᠤ ᠬᠠᠮᠲᠤᠷᠠᠨ ᠵᠥᠪᠰᠢᠶᠡᠷᠡᠬᠦ ᠪᠠ ᠭᠤᠣᠯᠳᠠᠯᠭ᠎ᠠ ᠲᠠᠢ ᠡᠯᠧᠮᠧᠨ᠋ᠲ ᠤᠨ ᠪᠠᠲᠤᠯᠠᠭ᠎ᠠ ᠶᠢᠨ ᠲᠤᠭᠲᠠᠯᠴᠠᠭ᠎ᠠ ᠶᠢ | ᠪᠠᠶᠢᠭᠤᠯᠤᠨ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠦᠬᠦᠴᠡᠯ ᠢ ᠲᠠᠰᠤᠷᠠᠯᠳᠠ ᠦᠭᠡᠢ ᠠᠭᠤᠵᠢᠭᠤ | ᠲᠠᠯᠪᠢᠵᠤ᠂ ᠬᠢᠨᠠᠨ ᠵᠦᠪᠰᠢᠶᠡᠷᠡᠯ ᠤᠨ ᠵᠦᠢᠯᠡᠰ ᠢ ᠦᠷᠭᠦᠯᠵᠢᠯᠡᠨ ᠴᠣᠮᠬᠠᠳᠬᠠᠵᠤ᠂ ᠬᠢᠨᠠᠨ ᠵᠦᠪᠰᠢᠶᠡᠷᠡᠯ ᠤᠨ | ᠨᠣᠷᠮ᠎ᠠ ᠶᠢ ᠶᠡᠬᠡᠪᠡᠷ ᠳᠡᠭᠡᠭᠰᠢᠯᠡᠭᠦᠯᠦᠨ᠂ ᠲᠦᠷᠦᠯ ᠵᠦᠢᠯ ᠢ ᠬᠠᠤᠯᠢ ᠶᠣᠰᠣᠭᠠᠷ ᠠᠯᠢ ᠲᠦᠷᠭᠡᠨ ᠢᠶᠠᠷ | ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠪᠠᠲᠤᠯᠠᠨ᠎ᠠ᠃ | ᠬᠤᠶᠠᠷ᠂ ᠳᠠᠪᠠᠭᠤᠯᠢᠭ ᠢᠶᠠᠨ ᠪᠠᠳᠠᠷᠠᠭᠤᠯᠬᠤ᠂ ᠳᠤᠲᠠᠭᠤᠳᠠᠯ ᠢᠶᠠᠨ ᠨᠦᠬᠦᠪᠦᠷᠢᠯᠡᠬᠦ ᠶᠢ ᠪᠦᠬᠦ | ᠬᠦᠴᠦᠨ ᠢᠶᠠᠷ ᠢᠶᠠᠨ ᠠᠳᠬᠤᠵᠤ ᠂ ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ | ᠲᠥᠯᠬᠢᠨ ᠠᠬᠢᠭᠤᠯᠤᠨ᠎ᠠ᠃ ᠣᠲᠣ ᠦᠶ᠎ᠡ ᠶᠢᠨ ᠡᠨᠧᠷᠭᠢ ᠶᠢᠨ ᠠᠵᠤ ᠦᠢᠯᠡᠰ ᠤᠨ ᠬᠦᠭᠵᠢᠯᠲᠡ ᠶᠢᠨ ᠲᠡᠣᠬᠡᠲᠦ | ᠴᠢᠨᠠᠷᠲᠠᠢ ᠠᠵᠠ ᠲᠣᠬᠢᠶᠠᠯ ᠢ ᠡᠵᠡᠮᠳᠡᠵᠦ᠂ ᠠᠶᠢᠮᠠᠭ ᠤᠨ ᠳᠣᠲᠣᠭᠠᠳᠤ ᠳᠠᠬᠢ ᠰᠢᠨ᠎ᠡ ᠡᠨᠧᠷᠭᠢ ᠶᠢᠨ ᠲᠡᠷᠢᠭᠦᠨ ᠤ | ᠳᠠᠪᠠᠭᠤᠯᠢᠭ ᠢᠶᠠᠨ ᠦᠷᠭᠦᠯᠵᠢᠯᠡᠨ ᠥᠷᠭᠡᠳᠬᠡᠵᠦ᠂ ᠴᠡᠪᠡᠷ ᠡᠨᠧᠷᠭᠢ ᠶᠢᠨ ᠴᠠᠬᠢᠯᠭᠠᠨ ᠤ ᠲᠣᠰ ᠭᠠᠵᠠᠷ ᠣᠷᠣᠨ ᠳᠠᠬᠢ | ᠤᠷᠤᠨ ᠵᠠᠢ ᠶᠢ ᠠᠯᠬᠤᠮ ᠠᠯᠬᠤᠮ ᠢᠶᠠᠷ ᠨᠥᠬᠦᠪᠦᠷᠢᠯᠡᠵᠦ᠂ ᠨᠡᠭᠦᠷᠡᠰᠦᠨ ᠤ ᠲᠡᠷᠢᠭᠦᠨ ᠤ ᠦᠢᠯᠡᠳᠪᠤᠷᠢᠯᠡᠯ ᠤᠨ | ᠴᠢᠳᠠᠪᠬᠢ ᠶᠢ ᠲᠦᠷᠭᠡᠳᠬᠡᠨ ᠬᠡᠷᠡᠭᠵᠢᠭᠦᠯᠵᠦ᠂ ︽ᠮᠢᠩᠭᠠᠨ ᠲᠦᠮᠡᠨ ᠲᠠᠰ ᠤᠨ ᠴᠠᠬᠢᠯᠭᠠᠨ ᠬᠦᠴᠦᠨ ᠤ ᠡᠨᠧᠷᠭᠢ | ᠭᠠᠷᠭᠠᠬᠤ ᠭᠠᠵᠠᠷ︾ ᠪᠠ ︽ᠮᠢᠩᠭᠠᠨ ᠲᠦᠮᠡᠨ ᠲᠠᠰ ᠤᠨ ᠨᠡᠭᠦᠷᠡᠰᠦᠨ ᠤ ᠡᠨᠧᠷᠭᠢ ᠭᠠᠷᠭᠠᠬᠤ ᠭᠠᠵᠠᠷ︾ ᠢ | ᠴᠤᠭᠴᠠᠯᠠᠬᠤ ᠪᠠᠷ ᠴᠢᠷᠮᠠᠶᠢᠨ᠎ᠠ᠃ ᠥᠨᠳᠥᠷ ᠪᠠᠷᠢᠮᠵᠢᠶ᠎ᠠ ᠪᠠᠷ ᠭᠤᠷᠪᠠᠳᠤᠭᠠᠷ ᠪᠦᠯᠦᠭ ᠤᠨ ᠲᠤᠮᠤ ᠰᠠᠭᠤᠷᠢᠨ | ᠭᠠᠵᠠᠷ ᠤᠨ 248 ᠲᠦᠮᠡᠨ ᠺᠢᠯᠣᠸᠠᠲ ᠤᠨ ᠰᠢᠨ᠎ᠡ ᠡᠨᠧᠷᠭᠢ ᠵᠢᠴᠢ ᠢᠵᠢ ᠪᠦᠷᠢᠳᠦᠭᠰᠡᠨ ᠢᠨᠵᠧᠨᠧᠷᠢᠩ ᠤᠨ ᠭᠠᠷ | ᠭᠦᠢᠴᠡᠳᠬᠡᠯ ᠢ ᠭᠦᠢᠴᠡᠳᠬᠡᠬᠦ ᠪᠠ ᠪᠦᠲᠦᠭᠡᠨ ᠪᠠᠶᠢᠭᠤᠯᠵᠤ ᠪᠠᠷᠢᠯᠭ᠎ᠠ ᠪᠠᠷᠢᠬᠤ ᠠᠵᠢᠯ ᠢ ᠦᠨᠳᠦᠷ | ᠪᠠᠷᠢᠮᠵᠢᠶ᠎ᠠ ᠪᠠᠷ ᠠᠬᠢᠭᠤᠯᠵᠤ᠂ ᠵᠢᠯ ᠤᠨ ᠡᠴᠦᠰ ᠲᠤ᠂ ᠴᠠᠬᠢᠯᠭᠠᠨ ᠲᠣᠣᠷ ᠲᠤ ᠨᠡᠶᠢᠯᠡᠭᠦᠯᠦᠨ ᠴᠠᠬᠢᠯᠭᠠᠨ | ᠭᠠᠷᠭᠠᠬᠤ ᠪᠠᠷ ᠴᠢᠷᠮᠠᠶᠢᠨ᠂ ᠪᠥᠬᠦ ᠬᠤᠰᠢᠭᠤᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ | ᠬᠡᠮᠵᠢᠶ᠎ᠡ ᠶᠢ 600 ᠲᠦᠮᠡᠨ ᠺᠢᠯᠣᠸᠠᠲ ᠠᠴᠠ ᠳᠠᠪᠠᠭᠤᠯᠬᠤ ᠶᠢ ᠠᠬᠢᠭᠤᠯᠤᠨ᠎ᠠ᠃ ︽ᠴᠡᠪᠡᠷ ᠡᠨᠧᠷᠭᠢ ᠶᠢᠨ | ᠴᠠᠬᠢᠯᠭᠠᠨ + ᠰᠢᠯᠢᠳᠡᠭ ᠴᠢᠨᠠᠷ ᠤᠨ ᠠᠴᠢᠶᠠᠯᠠᠪᠤᠷᠢ︾ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ | ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ︽ᠰᠢᠩᠭᠡᠭᠡᠨ ᠠᠪᠬᠤ ᠴᠢᠳᠠᠪᠤᠷᠢ ᠶᠢ ᠪᠦᠬᠦ ᠬᠦᠴᠦᠨ ᠢᠶᠠᠷ ᠢᠶᠠᠨ | ᠨᠡᠮᠡᠭᠳᠡᠭᠦᠯᠬᠦ︾ ᠱᠠᠭᠠᠷᠳᠠᠯᠭ᠎ᠠ ᠶᠣᠰᠣᠭᠠᠷ᠂ ᠴᠠᠬᠢᠯᠭᠠᠨ ᠵᠠᠳᠠᠯᠤᠯᠲᠠ ᠶᠢᠨ ᠬᠦᠩᠭᠡᠨᠴᠠᠭᠠᠨ᠂ ᠲᠡᠮᠦᠷ ᠤᠨ ᠬᠠᠶᠢᠯᠤᠰᠢ᠂ | ᠣᠯᠠᠨ ᠲᠠᠯᠠᠰᠲᠤ ᠴᠠᠬᠢᠭᠤᠷ ᠵᠡᠷᠭᠡ ᠬᠦᠷᠢᠶ᠎ᠡ ᠬᠡᠪᠴᠢᠶᠡᠨ ᠤ ᠲᠣᠭᠤᠷᠢᠨ ᠳᠤ᠂ ︽ᠰᠤᠷᠪᠣᠯᠵᠢ᠂ ᠲᠤᠤᠷ᠂ | ᠠᠴᠢᠶᠠᠯᠠᠪᠤᠷᠢ᠂ ᠨᠦᠭᠡᠴᠡ︾ ᠶᠢ ᠨᠢᠭᠡ ᠴᠣᠭᠴᠠᠵᠢᠭᠤᠯᠤᠨ ᠠᠬᠢᠭᠤᠯᠬᠤ ᠰᠡᠳᠬᠢᠮᠵᠢ ᠪᠠᠷ ᠰᠢᠯᠢᠳᠡᠭ ᠴᠢᠨᠠᠷ ᠤᠨ | ᠦᠨᠳᠦᠷ ᠠᠴᠢᠶᠠᠯᠠᠪᠤᠷᠢ ᠶᠢᠨ ᠴᠢᠳᠠᠪᠬᠢ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ | ᠲᠦᠯᠬᠢᠨ ᠠᠬᠢᠭᠤᠯᠤᠨ᠎ᠠ᠃ ᠴᠠᠬᠢᠯᠭᠠᠨ ᠬᠦᠴᠦᠨ ᠤ ᠨᠥᠬᠦᠴᠡᠯ ᠱᠠᠭᠠᠷᠳᠠᠯᠭ᠎ᠠ ᠳᠤ ᠨᠡᠶᠢᠴᠡᠭᠰᠡᠨ ᠠᠵᠤ ᠠᠬᠤᠶᠢᠯᠡᠯ | ᠤᠨ ᠵᠠᠬ᠎ᠠ ᠲᠡᠯᠭᠡᠭᠦᠷᠵᠢᠭᠰᠡᠨ᠂ ᠴᠠᠬᠢᠯᠭᠠᠨ ᠲᠤᠤᠷ ᠲᠤ ᠨᠡᠶᠢᠯᠡᠭᠦᠯᠵᠦ ᠴᠠᠬᠢᠯᠭᠠᠨ ᠬᠠᠩᠭᠠᠬᠤ ᠰᠢᠨ᠎ᠡ ᠡᠨᠧᠷᠭᠢ ᠶᠢᠨ | ᠰᠤᠷᠪᠤᠯᠵᠢ ᠶᠢᠨ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠶᠢ ᠢᠳᠡᠪᠬᠢᠲᠡᠢ ᠪᠠᠷ ᠵᠢᠯᠤᠭᠤᠳᠤᠨ᠂ ᠠᠵᠤ | ᠠᠬᠤᠶᠢᠯᠠᠯ ᠢ ᠬᠠᠪᠰᠤᠷᠤᠨ ᠡᠨᠧᠷᠭᠢ ᠶᠢᠨ ᠬᠤᠷᠣᠭᠳᠠᠯ ᠢ ᠪᠠᠭᠠᠰᠬᠠᠨ᠂ ᠥᠪᠡᠷ ᠤᠨ ᠦᠷᠳᠡᠭ ᠢᠶᠠᠨ ᠠᠷᠪᠢᠯᠠᠨ ᠦᠷ᠎ᠡ | ᠠᠰᠢᠭ ᠢᠶᠠᠨ ᠨᠡᠮᠡᠭᠳᠡᠭᠦᠯᠦᠨ᠎ᠡ᠃ ᠵᠢᠩ ᠨᠧᠩ ᠴᠠᠭᠠᠨᠨᠠᠭᠤᠷ ᠤᠨ ᠴᠠᠬᠢᠯᠭᠠᠨ ᠦᠢᠯᠡᠳᠪᠦᠷᠢ ᠶᠢᠨ ᠦᠪᠡᠷ ᠢᠶᠠᠨ | ᠬᠠᠩᠭᠠᠵᠤ᠂ ᠦᠪᠡᠷ ᠢᠶᠠᠨ ᠬᠡᠷᠡᠭᠯᠡᠬᠦ ᠪᠠ ᠨᠠᠷᠠ᠂ ᠰᠠᠯᠬᠢ᠂ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ | ᠵᠢᠯ ᠤᠨ ᠲᠤᠳᠤᠷ᠎ᠠ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠵᠢᠩ ᠨᠧᠩ ᠴᠠᠭᠠᠨᠨᠠᠭᠤᠷ ᠤᠨ ᠴᠠᠬᠢᠯᠭᠠᠨ | ᠦᠢᠯᠡᠳᠪᠦᠷᠢ ᠶᠢᠨ 2 × 66 ᠲᠦᠮᠡᠨ ᠺᠢᠯᠣᠸᠠᠲ ᠤᠨ ᠮᠠᠰᠢᠨ ᠴᠣᠭᠴᠠᠯᠠᠪᠤᠷᠢ ᠶᠢᠨ ᠲᠣᠭᠲᠠᠭᠤᠨ ᠢᠶᠠᠷ | ᠠᠵᠢᠯᠯᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠮᠠᠰᠢᠨ ᠴᠣᠭᠴᠠᠯᠠᠪᠤᠷᠢ ᠶᠢᠨ ᠣᠷᠬᠢᠯ ᠤᠨ ᠬᠡᠮᠵᠢᠶ᠎ᠡ | ᠲᠣᠬᠢᠷᠠᠭᠤᠯᠬᠤ ᠪᠠᠶᠢᠭᠤᠯᠤᠯᠲᠠ ᠶᠢ ᠴᠢᠩᠭᠠᠳᠬᠠᠨ᠂ ᠤᠷᠬᠢᠯ ᠤᠨ ᠬᠡᠮᠵᠢᠶ᠎ᠡ ᠶᠢ ᠲᠣᠬᠢᠷᠠᠭᠤᠯᠬᠤ ᠴᠢᠳᠠᠪᠤᠷᠢ ᠶᠢ | 70% ᠠᠴᠠ ᠳᠡᠭᠡᠭᠰᠢ ᠬᠦᠷᠭᠡᠬᠦ ᠪᠠᠷ ᠴᠢᠷᠮᠠᠶᠢᠵᠤ᠂ ᠵᠢᠯ ᠳᠤ 50 ᠳ᠋ᠦᠩᠰᠢᠭᠤᠷ ᠭᠷᠡᠳᠦ᠋ᠰ ᠤᠨ ᠴᠠᠬᠢᠯᠭᠠᠨ | ᠭᠠᠷᠭᠠᠨ᠎ᠠ᠃ ᠴᠠᠭᠠᠨᠨᠠᠭᠤᠷ ᠤᠨ ᠴᠠᠬᠢᠯᠭᠠᠨ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢ ᠬᠦᠴᠦᠯᠡᠨ ᠠᠬᠢᠭᠤᠯᠵᠤ᠂ ᠠᠵᠠ ᠳᠤᠬᠢᠶᠠᠯ ᠢ ᠡᠵᠡᠮᠳᠡᠵᠦ᠂ ᠪᠥᠬᠦ | ᠬᠦᠴᠦᠨ ᠢᠶᠠᠷ ᠢᠶᠠᠨ ᠴᠢᠷᠮᠠᠶᠢᠨ᠂ ᠣᠷᠣᠨ ᠪᠦᠰᠡ ᠶᠢᠨ ᠤᠷᠬᠢᠯ ᠤᠨ ᠬᠡᠮᠵᠢᠶᠡᠨ ᠤ ᠳᠤᠬᠢᠷᠠᠭᠤᠯᠤᠯᠲᠠ ᠶᠢᠨ | ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠶᠢᠨ ᠬᠠᠮᠲᠤ ᠰᠢᠨ᠎ᠡ ᠡᠨᠧᠷᠭᠢ ᠶᠢᠨ ᠰᠤᠷᠪᠤᠯᠵᠢ ᠶᠢ ᠥᠨᠳᠥᠷ | ᠬᠠᠷᠢᠴᠠᠯ ᠢᠶᠠᠷ ᠨᠡᠭᠡᠭᠡᠨ ᠬᠥᠭᠵᠢᠭᠦᠯᠬᠦ ᠳᠤ ᠲᠤᠯᠭᠠᠭᠤᠷᠢᠯᠠᠯ ᠬᠠᠩᠭᠠᠬᠤ ᠪᠠᠷ ᠴᠢᠷᠮᠠᠶᠢᠨ᠎ᠠ᠃ ᠨᠡᠭᠦᠷᠡᠰᠦᠨ ᠤ | ᠲᠡᠷᠢᠭᠦᠨ ᠤ ᠦᠢᠯᠡᠳᠪᠦᠷᠢᠯᠡᠯ ᠤᠨ ᠴᠢᠳᠠᠪᠬᠢ ᠶᠢᠨ ᠦᠢᠯᠡᠳᠦᠯ ᠢ ᠰᠠᠶᠢᠳᠤᠷ ᠪᠠᠳᠠᠷᠠᠭᠤᠯᠵᠤ᠂ ᠨᠠᠷᠠᠨᠪᠤᠯᠠᠭ ᠤᠨ | ᠨᠡᠭᠦᠷᠡᠰᠦᠨ ᠠᠭᠤᠷᠬᠠᠢ ᠶᠢᠨ ᠨᠡᠭᠡᠭᠡᠯᠲᠡ ᠶᠢᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠢ ᠠᠬᠢᠭᠤᠯᠤᠨ᠂ | ᠮᠠᠨᠢᠲᠤ ᠠᠭᠤᠷᠬᠠᠢ ᠶᠢᠨ ᠲᠤᠭᠤᠷᠢᠭ ᠤᠨ 3 ᠨᠡᠭᠦᠷᠡᠰᠦᠨ ᠠᠭᠤᠷᠬᠠᠢ ᠶᠢᠨ ᠵᠢᠯ ᠳᠤ 120 ᠲᠦᠮᠡᠨ ᠲᠣᠨ | ᠦᠢᠯᠡᠳᠪᠦᠷᠢᠯᠡᠬᠦ ᠴᠢᠳᠠᠪᠬᠢ ᠶᠢ ᠴᠤᠮᠬᠠᠳᠬᠠᠨ ᠨᠡᠶᠢᠯᠡᠭᠦᠯᠬᠦ ᠶᠢ ᠦᠷᠭᠦᠯᠵᠢᠯᠡᠨ ᠠᠬᠢᠭᠤᠯᠵᠤ᠂ ᠳ᠋ᠠ ᠠᠨ ᠨᠡᠭᠦᠷᠡᠰᠦᠨ | ᠠᠭᠤᠷᠬᠠᠢ ᠶᠢ ᠵᠢᠯ ᠤᠨ ᠳᠣᠲᠣᠷ᠎ᠠ ᠬᠠᠮᠲᠤᠷᠠᠨ ᠲᠤᠷᠰᠢᠨ ᠠᠵᠢᠯᠯᠠᠭᠤᠯᠬᠤ ᠶᠢ ᠦᠨᠡᠨᠬᠦ ᠪᠠᠲᠤᠯᠠᠵᠤ᠂ | ᠴᠠᠭᠠᠨᠨᠠᠭᠤᠷ ᠤᠨ 1 ᠳ᠋ᠦ᠋ᠭᠡᠷ ᠨᠣᠮᠧᠷᠲᠤ ᠨᠡᠭᠦᠷᠡᠰᠦᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠡᠮᠬᠢ | ᠵᠢᠷᠤᠮ ᠲᠠᠢ ᠳᠦᠯᠬᠢᠨ ᠠᠬᠢᠭᠤᠯᠵᠤ᠂ ᠠᠭᠤᠷᠬᠠᠢ ᠶᠢᠨ ᠬᠤᠳᠳᠤᠭ ᠤᠨ ᠭᠠᠷᠭᠠᠯᠲᠠ ᠶᠢᠨ ᠡᠭᠦᠷᠭᠡ ᠪᠠᠨ ᠴᠢᠷᠮᠠᠶᠢᠨ | ᠪᠡᠶᠡᠯᠡᠭᠦᠯᠬᠦ ᠶᠢᠨ ᠬᠠᠮᠲᠤ ᠦᠢᠯᠡᠳᠪᠦᠷᠢᠯᠡᠬᠦ ᠴᠢᠳᠠᠪᠬᠢ ᠶᠢ ᠵᠢᠯ ᠳᠤ 800 ᠲᠦᠮᠡᠨ ᠲᠣᠨ ᠪᠣᠯᠲᠠᠯ᠎ᠠ ᠨᠡᠮᠡᠭᠳᠡᠭᠦᠯᠵᠦ᠂ | ᠴᠡᠪᠡᠷ ᠡᠨᠧᠷᠭᠢ ᠶᠢᠨ ᠴᠠᠬᠢᠯᠭᠠᠨ ᠭᠠᠷᠭᠠᠯᠲᠠ ᠳᠤ ᠦᠷᠭᠦᠯᠵᠢᠯᠡᠨ ᠪᠠᠲᠤᠯᠠᠭ᠎ᠠ ᠬᠠᠩᠭᠠᠬᠤ ᠶᠢ ᠴᠢᠷᠮᠠᠶᠢᠨ | ᠪᠡᠶᠡᠯᠡᠭᠦᠯᠦᠨ᠎ᠡ᠃ | ᠭᠤᠷᠪᠠ᠂ ᠠᠷᠭ᠎ᠠ ᠮᠠᠶ᠋ᠢᠭ ᠤᠨ ᠬᠤᠪᠢᠷᠠᠭᠤᠯᠤᠯᠲᠠ᠂ ᠪᠦᠳᠦᠴᠡ ᠶᠢᠨ ᠳᠤᠬᠢᠷᠠᠭᠤᠯᠤᠯᠲᠠ ᠶᠢ ᠪᠦᠬᠦ ᠬᠦᠴᠤᠨ | ᠢᠶᠠᠷ ᠢᠶᠠᠨ ᠠᠳᠬᠤᠵᠤ᠂ ᠮᠠᠯ ᠠᠵᠤ ᠠᠬᠤᠢ ᠶᠢᠨ ᠨᠠᠷᠢᠯᠢᠭᠵᠢᠭᠰᠠᠨ ᠰᠢᠯᠢᠳᠡᠭ ᠬᠦᠭᠵᠢᠯᠲᠡ ᠶᠢ ᠠᠬᠢᠭᠤᠯᠤᠨ᠎ᠠ᠃ | ᠮᠠᠯ ᠤᠨ ᠲᠤᠭ᠎ᠠ ᠲᠣᠯᠣᠭᠠᠢ ᠶᠢ ᠲᠣᠭᠲᠠᠭᠤᠨ ᠪᠠᠶᠢᠯᠭᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ︽ᠣᠲᠣ | ᠦᠶ᠎ᠡ ᠶᠢᠨ ᠮᠠᠯ ᠠᠵᠤ ᠠᠬᠤᠢ ᠶᠢ ᠨᠠᠷᠢᠯᠢᠭᠵᠢᠭᠤᠯᠤᠨ ᠰᠢᠯᠢᠳᠡᠭᠵᠢᠭᠦᠯᠦᠨ ᠬᠦᠭᠵᠢᠬᠦᠯᠬᠦ︾ ᠪᠠᠷ ᠭᠤᠣᠯ | ᠰᠢᠪᠲᠤᠯᠤᠯᠲᠠ ᠶᠢᠨ ᠴᠢᠭᠯᠡᠯ ᠪᠣᠯᠭᠠᠵᠤ᠂ ᠪᠦᠲᠦᠴᠡ ᠶᠢᠨ ᠲᠣᠬᠢᠷᠠᠭᠤᠯᠤᠯᠲᠠ᠂ ᠡᠭᠦᠯᠳᠡᠷ ᠰᠠᠶᠢᠵᠢᠷᠠᠯᠲᠠ᠂ | ᠦᠢᠯᠡᠳᠪᠦᠷᠢᠯᠡᠯ ᠤᠨ ᠴᠢᠳᠠᠪᠬᠢ ᠶᠢᠨ ᠳᠡᠭᠡᠭᠰᠢᠯᠡᠯᠲᠡ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠨᠠᠷᠢᠯᠢᠭ | ᠣᠨᠣᠴᠠᠲᠠᠢ ᠪᠠᠷ ᠠᠳᠬᠤᠵᠤ᠂ ᠮᠠᠯ ᠠᠵᠤ ᠠᠬᠤᠢ ᠶᠢᠨ ᠠᠵᠤ ᠦᠢᠯᠡᠰᠵᠢᠯᠲᠡ᠂ ᠬᠡᠪᠴᠢᠶᠡᠵᠢᠯᠲᠡ᠂ | ᠪᠠᠷᠢᠮᠵᠢᠶᠠᠵᠢᠯᠲᠠ ᠶᠢ ᠲᠠᠰᠤᠷᠠᠯᠲᠠ ᠦᠭᠡᠢ ᠲᠦᠯᠬᠢᠨ ᠠᠬᠢᠭᠤᠯᠤᠨ᠎ᠠ᠃ ᠪᠦᠲᠦᠴᠡ ᠶᠢᠨ ᠳᠤᠬᠢᠷᠠᠭᠤᠯᠤᠯᠲᠠ ᠶᠢᠨ | ᠲᠠᠯ᠎ᠠ ᠪᠠᠷ᠂ ︽ᠬᠤᠣᠰ ᠲᠦᠮᠡᠨ ᠰᠠᠭᠤᠷᠢᠨ ᠭᠠᠵᠠᠷ︾ ᠤᠨ ᠡᠵᠡᠩᠨᠡᠯᠲᠡ ᠶᠢ ᠰᠠᠶᠢᠲᠤᠷ ᠠᠳᠬᠤᠵᠤ᠂ | ᠡᠷᠭᠢᠯᠳᠦᠭᠦᠯᠦᠨ ᠬᠤᠳᠠᠯᠳᠤᠨ ᠠᠪᠬᠤ᠂ ᠲᠡᠵᠢᠭᠡᠨ ᠠᠷᠠᠴᠢᠯᠠᠬᠤ᠂ ᠠᠰᠢᠭ ᠲᠤᠰᠠ ᠶᠢ ᠬᠤᠯᠪᠣᠬᠤ᠂ ᠦᠬᠡᠷ ᠬᠤᠨᠢ | ᠪᠣᠷᠣᠯᠠᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠬᠤᠣᠰ ᠲᠦᠮᠡᠨ ᠰᠠᠭᠤᠷᠢᠨ ᠭᠠᠵᠠᠷ︾ | ᠤᠨ ᠪᠦᠲᠦᠴᠡ ᠶᠢ ᠲᠣᠬᠢᠷᠠᠭᠤᠯᠬᠤ᠂ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠲᠠᠪᠴᠠᠩ ᠪᠣᠯᠭᠠᠨ ᠴᠤᠭᠴᠠᠯᠠᠨ᠎ᠠ︔ | ᠮᠢᠬᠠᠨ ᠤ ᠦᠬᠡᠷ ᠪᠣᠷᠳᠣᠵᠤ ᠲᠠᠷᠭᠤᠯᠠᠭᠤᠯᠬᠤ᠂ ᠬᠤᠳᠠᠯᠳᠤᠨ ᠠᠪᠬᠤ᠂ ᠪᠣᠷᠣᠯᠠᠭᠤᠯᠬᠤ᠂ ᠡᠳ᠋ᠰᠢᠭᠦᠯᠬᠦ ᠵᠡᠷᠭᠡ | ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ︽ᠲᠦᠮᠡᠨ ᠦᠬᠡᠷ ᠤᠨ ᠰᠠᠭᠤᠷᠢᠨ ᠭᠠᠵᠠᠷ︾ ᠤᠨ ᠪᠦᠲᠦᠭᠡᠨ | ᠪᠠᠶᠢᠭᠤᠯᠤᠯᠲᠠ ᠡᠵᠡᠩᠨᠡᠯᠲᠡ ᠪᠠᠷ ᠵᠢᠯᠣᠭᠤᠳᠤᠯᠭ᠎ᠠ ᠪᠣᠯᠭᠠᠵᠤ᠂ ᠣᠳᠣᠬᠠᠨ ᠤ ᠮᠢᠬᠠᠨ ᠤ ᠦᠬᠡᠷ ᠲᠡᠵᠢᠭᠡᠨ | ᠦᠷᠡᠵᠢᠭᠦᠯᠬᠦ ᠪᠠ ᠪᠣᠷᠣᠯᠠᠭᠤᠯᠬᠤ ᠳᠤ ᠲᠤᠯᠭᠠᠷᠠᠵᠤ ᠪᠠᠶᠢᠭ᠎ᠠ ᠲᠦᠭᠵᠢᠷᠡᠯ ᠢ ᠠᠯᠬᠤᠮ ᠠᠯᠬᠤᠮ ᠢᠶᠠᠷ ᠰᠢᠯᠤᠭᠤᠳᠬᠠᠵᠤ | ᠂ ᠮᠠᠯᠴᠢᠳ ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠤᠷᠮᠠᠰᠢᠯ ᠢ ᠲᠣᠭᠲᠠᠪᠤᠷᠢᠵᠢᠭᠤᠯᠤᠨ᠎ᠠ᠃ ᠰᠠᠭᠤᠷᠢ ᠡᠬᠡ | ᠮᠠᠯ ᠤᠨ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠰᠢᠯᠢᠳᠡᠭ | ᠡᠭᠦᠯᠳᠡᠷ ᠤᠨ ᠦᠨᠢᠶ᠎ᠡ ᠲᠡᠵᠢᠭᠡᠨ ᠦᠷᠡᠵᠢᠭᠦᠯᠬᠦ ᠡᠷᠦᠬᠡ ᠶᠢᠨ ᠢᠴᠡᠭᠡᠯ ᠦᠷ᠎ᠡ ᠶᠢᠨ ᠬᠡᠭᠡᠯᠳᠦᠭᠦᠯᠭᠡ ᠶᠢᠨ | ᠮᠡᠷᠭᠡᠵᠢᠯ ᠢᠶᠠᠷ ᠳᠠᠮᠵᠢᠨ ᠦᠷᠡᠵᠢᠯ ᠤᠨ ᠡᠬᠡ ᠮᠠᠯ ᠤᠨ ᠲᠤᠭ᠎ᠠ ᠲᠤᠯᠤᠭᠠᠢ ᠪᠠᠨ ᠥᠷᠭᠡᠳᠬᠡᠬᠦ ᠶᠢ ᠵᠣᠷᠢᠭᠵᠢᠭᠤᠯᠤᠨ | ᠳᠡᠮᠵᠢᠵᠦ᠂ ᠰᠦᠷᠦᠭ ᠤᠨ ᠳᠣᠲᠣᠷᠠᠬᠢ ᠦᠷᠡᠵᠢᠯ ᠤᠨ ᠡᠬᠡ ᠮᠠᠯ ᠤᠨ ᠬᠠᠷᠢᠴᠠᠯ ᠢ ᠳᠡᠭᠡᠭᠰᠢᠯᠡᠭᠦᠯᠦᠨ᠂ ᠰᠠᠭᠤᠷᠢ ᠡᠬᠡ | ᠮᠠᠯ ᠤᠨ ᠠᠷᠠᠴᠢᠯᠠᠨ ᠲᠡᠵᠢᠭᠡᠬᠦ ᠬᠡᠪᠴᠢᠶ᠎ᠡ ᠶᠢ 16 ᠲᠦᠮᠡ ᠠᠴᠠ ᠳᠠᠪᠠᠭᠤᠯᠵᠤ᠂ ᠲᠤᠭᠤᠯᠯᠠᠬᠤ ᠨᠣᠷᠮ᠎ᠠ ᠪᠠ | ᠦᠷᠡᠵᠢᠯ ᠤᠨ ᠨᠣᠷᠮ᠎ᠠ ᠶᠢ 85% ᠠᠴᠠ ᠳᠡᠭᠡᠭᠰᠢ ᠪᠣᠯᠭᠠᠬᠤ ᠶᠢ ᠠᠬᠢᠭᠤᠯᠤᠨ᠎ᠠ᠃ ᠡᠭᠦᠯᠳᠡᠷ ᠰᠠᠶᠢᠵᠢᠷᠠᠭᠤᠯᠬᠤ | ᠲᠠᠯ᠎ᠠ ᠪᠠᠷ᠂ ᠣᠲᠣ ᠪᠠᠶᠢᠭ᠎ᠠ ᠡᠭᠦᠯᠳᠡᠷ ᠤᠨ ᠮᠠᠯ ᠤᠨ ᠲᠠᠯᠠᠪᠠᠶ᠂ ᠡᠭᠦᠯᠳᠡᠷ ᠪᠣᠶᠢᠵᠢᠭᠤᠯᠬᠤ ᠲᠠᠯᠠᠪᠠᠶ᠂ ᠲᠡᠵᠢᠭᠡᠨ | ᠦᠷᠡᠵᠢᠭᠦᠯᠦᠭᠰᠡᠨ ᠰᠦᠷᠦᠭ ᠤᠨ ᠰᠠᠭᠤᠷᠢᠨ ᠳᠡᠭᠡᠷ᠎ᠡ᠂ ︽ᠬᠤᠸᠠ ᠰᠢ ᠦᠬᠡᠷ︾ ᠤᠨ ᠡᠭᠦᠯᠳᠡᠷ ᠤᠨ ᠰᠠᠭᠤᠷᠢᠨ | ᠭᠠᠵᠠᠷ ᠢ ᠭᠤᠣᠯᠳᠠᠯᠭ᠎ᠠ ᠲᠠᠢ ᠪᠣᠶᠢᠵᠢᠭᠤᠯᠤᠨ ᠪᠤᠵᠠᠭᠠᠶᠢᠷᠠᠭᠤᠯᠵᠤ᠂ ︽ᠬᠤᠸᠠ ᠰᠢ ᠦᠬᠡᠷ︾ ᠢ ᠪᠣᠶᠢᠵᠢᠭᠤᠯᠬᠤ | ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠤᠨ | ᠪᠦᠰᠡ ᠶᠢ ᠠᠯᠬᠤᠮ ᠠᠯᠬᠤᠮ ᠢᠶᠠᠷ ᠴᠤᠭᠴᠠᠯᠠᠨ᠂ ᠵᠢᠯ ᠤᠨ ᠳᠣᠲᠣᠷ᠎ᠠ 1200 ᠲᠤᠯᠤᠭᠠᠢ ︽ᠬᠤᠸᠠ ᠰᠢ ᠦᠬᠡᠷ︾ | ᠤᠨ ᠢᠴᠡᠭᠡᠯ ᠦᠷ᠎ᠡ ᠶᠢᠨ ᠬᠡᠭᠡᠯᠳᠦᠭᠦᠯᠭᠡ ᠪᠠ ᠦᠷᠡᠵᠢᠭᠦᠯᠦᠨ ᠪᠣᠶᠢᠵᠢᠭᠤᠯᠬᠤ ᠶᠢ ᠪᠡᠶᠡᠯᠡᠭᠦᠯᠵᠦ᠂ ︽ᠬᠤᠸᠠ ᠰᠢ | ᠦᠬᠡᠷ︾ ᠤᠨ ᠡᠭᠦᠯᠳᠡᠷ ᠪᠣᠶᠢᠵᠢᠭᠤᠯᠬᠤ ᠭᠤᠣᠯᠳᠠᠯᠭᠠᠲᠤ ᠰᠦᠷᠦᠭ 3 ᠶᠢ ᠪᠣᠶᠢᠵᠢᠭᠤᠯᠤᠨ᠂ ᠮᠢᠬᠠᠨ ᠤ ᠦᠬᠡᠷ ᠤᠨ | ᠡᠭᠦᠯᠳᠡᠷ ᠰᠠᠶᠢᠵᠢᠷᠠᠭᠤᠯᠤᠯᠲᠠ ᠶᠢᠨ ᠬᠠᠷᠢᠴᠠᠯ ᠢ 97.3% ᠪᠠᠶᠢᠭᠰᠠᠨ ᠠᠴᠠ 97.5% ᠪᠣᠯᠭᠠᠨ | ᠳᠡᠭᠡᠭᠰᠢᠯᠡᠭᠦᠯᠦᠨ᠎ᠡ᠃ ᠦᠢᠯᠡᠳᠪᠤᠷᠢᠯᠡᠯ ᠤᠨ ᠴᠢᠳᠠᠪᠬᠢ ᠶᠢ ᠳᠡᠭᠡᠭᠰᠢᠯᠡᠭᠦᠯᠬᠦ ᠲᠠᠯ᠎ᠠ ᠪᠠᠷ᠂ ᠭᠡᠬᠦᠦ ᠶᠢᠨ ᠰᠦ ᠶᠢᠨ | ᠢᠷᠡᠯᠲᠡ ᠳᠤᠲᠠᠭᠳᠠᠵᠤ ᠪᠠᠶᠢᠭ᠎ᠠ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠵᠦ᠂ ᠡᠯ᠎ᠡ ᠰᠤᠮᠤ ᠪᠠᠯᠭᠠᠰᠤ ᠶᠢ | ᠵᠣᠷᠢᠭᠵᠢᠭᠤᠯᠵᠤ ᠪᠠᠶᠢᠭᠠᠳ ︽ᠨᠢᠭᠡ ᠭᠠᠵᠠᠷ ᠣᠷᠣᠨ ᠳᠤ ᠨᠢᠭᠡ ᠠᠷᠭ᠎ᠠ ᠪᠣᠳᠣᠯᠭ᠎ᠠ︾ ᠤᠨ ᠵᠠᠷᠴᠢᠮ ᠶᠣᠰᠣᠭᠠᠷ᠂ | ᠴᠡᠭᠡ ᠶᠢᠨ ᠦᠢᠯᠡᠰ ᠤᠨ ᠬᠠᠮᠳᠤᠷᠠᠯᠴᠠᠭᠰᠠᠨ ᠬᠦᠭᠵᠢᠯᠲᠡ ᠶᠢᠨ ᠵᠠᠭᠪᠤᠷ ᠢ ᠣᠯᠠᠨ ᠲᠠᠯ᠎ᠠ ᠠᠴᠠ ᠬᠠᠶᠢᠨ | ᠰᠦᠪᠡᠭᠴᠢᠯᠡᠵᠦ᠂ ᠭᠠᠵᠠᠷ ᠣᠷᠣᠨ ᠤ ᠨᠡᠷᠡᠲᠦ ᠲᠡᠮᠳᠡᠭ ᠤᠨ ᠠᠯᠳᠠᠷᠰᠢᠯ ᠢ ᠬᠦᠴᠦ ᠪᠠᠨ ᠬᠠᠮᠲᠤᠳᠬᠠᠨ ᠲᠦᠯᠬᠢᠨ | ᠠᠬᠢᠭᠤᠯᠤᠨ᠎ᠠ᠃ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠵᠢᠵᠢᠭ ᠦᠢᠯᠡᠳᠬᠡᠯ ᠤᠨ ᠭᠠᠵᠡᠷ ᠢ | ᠦᠭᠡᠷᠡᠴᠢᠯᠡᠨ ᠰᠠᠶᠢᠵᠢᠷᠠᠭᠤᠯᠬᠤ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠪᠥᠬᠦ ᠬᠤᠰᠢᠭᠤᠨ ᠤ ᠴᠠᠭᠠᠨ | ᠢᠳᠡᠭᠡ ᠡᠳ᠋ᠰᠢᠭᠦᠯᠬᠦ ᠵᠢᠵᠢᠭ ᠦᠢᠯᠡᠳᠬᠡᠯ ᠤᠨ ᠭᠠᠵᠡᠷ ᠢ 100 ᠪᠣᠯᠭᠠᠨ ᠳᠡᠭᠡᠭᠰᠢᠯᠡᠭᠦᠯᠵᠦ᠂ ᠰᠠᠭᠠᠯᠢ ᠶᠢᠨ | ᠦᠨᠢᠶᠡᠨ ᠤ ᠲᠤᠭ᠎ᠠ ᠲᠤᠯᠤᠭᠠᠢ ᠶᠢ 3 ᠲᠦᠮᠡ ᠪᠣᠯᠭᠠᠨ ᠳᠡᠭᠡᠭᠰᠢᠯᠡᠭᠦᠯᠵᠦ᠂ ᠪᠥᠬᠦ ᠬᠤᠰᠢᠭᠤᠨ ᠤ ᠲᠦᠬᠦᠬᠡᠢ | ᠰᠦ ᠶᠢᠨ ᠭᠠᠷᠤᠯᠲᠠ ᠶᠢ 3.3 ᠲᠦᠮᠡᠨ ᠲᠣᠨ ᠳᠤ ᠬᠦᠷᠭᠡᠨ᠂ ᠴᠠᠭᠠᠨ ᠢᠳᠡᠭᠡᠨ ᠤ ᠵᠢᠯ ᠤᠨ ᠦᠢᠯᠡᠳᠪᠤᠷᠢᠯᠡᠯ ᠤᠨ | ᠥᠷᠲᠡᠭ ᠢ 2.2 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ︔ ᠤᠯᠠᠮᠵᠢᠯᠠᠯᠲᠤ ᠴᠠᠭᠠᠨ ᠢᠳᠡᠭᠡᠨ ᠤ | ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠤᠯᠠᠮᠵᠢᠯᠠᠯᠲᠤ | ᠴᠠᠭᠠᠨ ᠢᠳᠡᠭᠡᠨ ᠤ ᠠᠵᠤ ᠦᠢᠯᠡᠰ ᠵᠢᠴᠢ ᠦᠢᠯᠡᠳᠪᠦᠷᠢᠯᠡᠯ ᠤᠨ ᠬᠦᠴᠦᠨ ᠵᠦᠢᠯ ᠢ ᠬᠦᠷᠢᠶᠡᠯᠡᠩ ᠲᠣᠭᠤᠷᠢᠭ ᠳᠠᠰᠢ | ᠲᠥᠪᠯᠡᠷᠡᠭᠦᠯᠬᠦ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠬᠦᠷᠢᠶᠡᠯᠡᠩ ᠲᠣᠭᠤᠷᠢᠭ ᠳᠠᠰᠢ ᠬᠡᠯᠪᠡᠶᠢᠯᠭᠡᠬᠦ ᠶᠢ | ᠴᠢᠷᠮᠠᠶᠢᠨ ᠠᠬᠢᠭᠤᠯᠤᠨ᠎ᠠ︔ ᠬᠤᠯᠢᠮᠠᠭ ᠲᠡᠵᠢᠭᠡᠯ ᠢᠶᠠᠷ ᠲᠡᠵᠢᠭᠡᠬᠦ ᠵᠠᠭᠪᠤᠷ ᠢ ᠢᠳᠡᠪᠬᠢᠲᠡᠢ ᠳᠡᠯᠭᠡᠷᠡᠭᠦᠯᠵᠦ᠂ ᠲᠡᠵᠢᠭᠡᠯ | ᠡᠪᠡᠰᠦ ᠪᠣᠷᠣᠯᠠᠭᠤᠯᠬᠤ ᠪᠠ ᠬᠤᠯᠢᠮᠠᠭ ᠪᠣᠷᠳᠤᠭ᠎ᠠ ᠡᠳ᠋ᠰᠢᠭᠦᠯᠬᠦ ᠠᠵᠤ ᠠᠬᠤᠶᠢᠯᠠᠯ ᠵᠡᠷᠭᠡ ᠭᠤᠣᠯ ᠴᠣᠭᠴᠠ ᠶᠢᠨ | ᠬᠤᠯᠢᠮᠠᠭ ᠲᠡᠵᠢᠭᠡᠯ ᠢᠶᠠᠨ ᠲᠠᠨᠢᠯᠴᠠᠭᠤᠯᠤᠨ ᠲᠡᠯᠭᠡᠷᠡᠭᠦᠯᠬᠦ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠵᠤ᠂ | ᠤᠯᠠᠮᠵᠢᠯᠠᠯᠲᠤ ᠠᠷᠠᠴᠢᠯᠠᠭ᠎ᠠ ᠲᠡᠵᠢᠭᠡᠯᠭᠡ ᠶᠢᠨ ᠠᠷᠭ᠎ᠠ ᠮᠠᠶ᠋ᠢᠭ ᠢ ᠬᠤᠪᠢᠷᠠᠭᠤᠯᠤᠨ᠂ ᠡᠪᠡᠰᠦ ᠪᠣᠷᠳᠤᠭ᠎ᠠ ᠶᠢᠨ | ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠠᠷᠠᠴᠢᠯᠠᠭ᠎ᠠ ᠲᠡᠵᠢᠭᠡᠯᠭᠡ ᠶᠢᠨ ᠥᠪᠡᠷ ᠤᠨ ᠥᠷᠲᠡᠭ ᠢ | ᠪᠠᠭᠤᠷᠠᠭᠤᠯᠤᠨ᠎ᠠ︔ ᠪᠥᠬᠦ ᠠᠶᠢᠮᠠᠭ ᠤᠨ ︽ᠬᠠᠳᠤᠯᠠᠩ ᠤᠨ ᠭᠠᠷᠤᠯᠲᠠ ᠪᠠᠨ ᠨᠡᠮᠡᠭᠳᠡᠭᠦᠯᠬᠦ᠂ ᠡᠪᠡᠰᠦ ᠳᠠᠷᠢᠬᠤ᠂ | ᠪᠡᠯᠡᠳᠬᠡᠯ ᠡᠪᠡᠰᠦ ᠨᠡᠭᠡᠭᠡᠨ ᠬᠥᠭᠵᠢᠭᠦᠯᠬᠦ᠂ ᠲᠡᠵᠢᠭᠡᠯ ᠡᠳ᠋ᠰᠢᠭᠦᠯᠬᠦ᠂ ᠡᠪᠡᠰᠦ ᠠᠷᠠᠯᠵᠢᠶᠠᠯᠠᠬᠤ︾ ᠱᠠᠭᠠᠷᠳᠠᠯᠭ᠎ᠠ ᠶᠢᠨ | ᠲᠤᠭᠤᠷᠢᠨ ᠳᠤ᠂ ᠴᠠᠭᠠᠨᠨᠠᠭᠤᠷ ᠤᠨ ᠬᠢᠶᠠᠭ ᠡᠪᠡᠰᠦ ᠳᠠᠷᠢᠬᠤ ᠲᠥᠷᠥᠯ ᠵᠦᠢᠯ ᠢ ᠥᠨᠳᠥᠷ ᠪᠠᠷᠢᠮᠵᠢᠶ᠎ᠠ ᠪᠠᠷ | ᠬᠡᠷᠡᠭᠵᠢᠭᠦᠯᠵᠦ᠂ ᠲᠡᠵᠢᠭᠡᠯ ᠡᠪᠡᠰᠦ ᠪᠣᠷᠳᠤᠭ᠎ᠠ ᠳᠠᠷᠢᠬᠤ᠂ ᠬᠤᠯᠢᠮᠠᠭ ᠲᠡᠵᠢᠭᠡᠯ ᠡᠳ᠋ᠰᠢᠭᠦᠯᠬᠦ᠂ ᠲᠥᠪᠯᠡᠷᠡᠭᠦᠯᠦᠨ | ᠨᠥᠭᠡᠴᠡᠯᠡᠬᠦ᠂ ᠳᠣᠲᠣᠭᠠᠳᠤ ᠳᠠᠭᠠᠨ ᠬᠤᠳᠠᠯᠳᠤᠬᠤ ᠶᠢ ᠨᠢᠭᠡ ᠴᠣᠭᠴᠠᠵᠢᠭᠤᠯᠤᠭᠰᠠᠨ ᠡᠪᠡᠰᠦ ᠪᠤᠷᠳᠤᠭᠠᠨ ᠤ ᠠᠵᠤ | ᠦᠢᠯᠡᠰ ᠤᠨ ᠬᠡᠯᠬᠢᠶᠠᠵᠢᠯ ᠢ ᠠᠯᠬᠤᠮ ᠠᠯᠬᠤᠮ ᠢᠶᠠᠷ ᠪᠦᠷᠢᠳᠦᠭᠦᠯᠦᠨ᠎ᠡ᠃ | ᠳᠥᠷᠪᠡ᠂ ᠬᠡᠯᠬᠢᠶᠠᠵᠢᠯ ᠢ ᠤᠷᠲᠤᠳᠬᠠᠬᠤ ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠬᠦᠯᠬᠦ ᠶᠢ ᠪᠦᠬᠦ | ᠬᠦᠴᠦᠨ ᠢᠶᠠᠷ ᠢᠶᠠᠨ ᠠᠳᠬᠤᠵᠤ᠂ ᠳᠠᠪᠠᠭᠤᠯᠢᠭ ᠠᠵᠤ ᠦᠢᠯᠡᠰ ᠤᠨ ᠬᠡᠯᠬᠢᠶᠠᠵᠢᠯ ᠢ ᠤᠷᠲᠤᠳᠬᠠᠨ ᠨᠥᠬᠦᠪᠦᠷᠢᠯᠡᠬᠦ ᠶᠢ | ᠠᠬᠢᠭᠤᠯᠤᠨ᠎ᠠ᠃ ᠯᠦᠩ ᠰᠢᠩ ᠤᠨ 150 ᠲᠦᠮᠡᠨ ᠲᠣᠨ ᠤ ᠮᠡᠷᠭᠡᠵᠢᠯ ᠤᠨ ᠥᠭᠡᠷᠡᠴᠢᠯᠡᠯᠲᠡ ᠶᠢᠨ ᠥᠷᠭᠡᠳᠬᠡᠨ | ᠪᠠᠶᠢᠭᠤᠯᠬᠤ ᠢᠨᠵᠧᠨᠧᠷᠢᠩ ᠢ ᠢᠮᠠᠭᠲᠠ ᠪᠠᠷᠢᠮᠲᠠᠯᠠᠨ ᠠᠬᠢᠭᠤᠯᠵᠤ᠂ ᠵᠢᠯ ᠤᠨ ᠳᠣᠲᠣᠷ᠎ᠠ ᠭᠠᠵᠠᠷ ᠰᠢᠷᠣᠢ ᠶᠢᠨ | ᠭᠠᠷᠳᠠᠮ ᠢ ᠭᠦᠢᠴᠡᠳᠭᠡᠬᠦ ᠪᠠᠷ ᠴᠢᠷᠮᠠᠶᠢᠬᠤ ᠶᠢᠨ ᠬᠠᠮᠲᠤ ᠬᠦᠳᠡᠷ ᠰᠢᠯᠢᠬᠦ ᠴᠢᠳᠠᠪᠬᠢ ᠶᠢᠨ ᠪᠠᠶᠢᠭᠤᠯᠤᠯᠲᠠ᠂ ᠵᠠᠮ | ᠲᠡᠭᠡᠭᠡᠪᠦᠷᠢ ᠶᠢᠨ ᠪᠠᠲᠤᠯᠠᠭ᠎ᠠ᠂ ᠡᠨᠧᠷᠭᠢ ᠶᠢᠨ ᠬᠤᠷᠣᠭᠳᠠᠯ ᠤᠨ ᠭᠦᠢᠴᠡᠳᠬᠡᠯ ᠲᠤᠭ᠎ᠠ ᠶᠢᠨ ᠲᠣᠬᠢᠷᠠᠭᠤᠯᠤᠯᠲᠠ ᠵᠡᠷᠭᠡ | ᠲᠠᠯ᠎ᠠ ᠳᠤ ᠬᠦᠴᠦ ᠪᠠᠨ ᠲᠦᠪᠯᠡᠷᠡᠭᠦᠯᠦᠨ᠂ ᠰᠢᠯᠢᠳᠡᠭ ᠦᠢᠯᠡᠳᠪᠦᠷᠢᠯᠡᠯ ᠤᠨ ᠴᠢᠳᠠᠪᠬᠢ ᠪᠠᠨ ᠣᠯᠠᠮ ᠴᠢᠨᠠᠭᠰᠢᠳᠠ | ᠪᠠᠳᠠᠷᠠᠭᠤᠯᠬᠤ ᠶᠢ ᠠᠬᠢᠭᠤᠯᠤᠨ᠎ᠠ︔ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ︽ᠭᠠᠵᠠᠷ ᠤᠷᠤᠨ ᠤ | ᠬᠠᠮᠳᠤᠷᠠᠯᠴᠠᠭᠠᠨ ᠤ ᠠᠵᠤ ᠠᠬᠤᠢ︾ ᠶᠢᠨ ᠪᠤᠳᠠᠳᠤ ᠠᠬᠢᠯᠲᠠ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ | ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ᠤᠯᠤᠰ ᠤᠨ ᠳᠣᠲᠣᠭᠠᠳᠤ ᠶᠢᠨ ᠹᠯᠣᠷ ᠤᠨ ᠬᠢᠮᠢ ᠶᠢᠨ ᠠᠵᠤ | ᠦᠢᠯᠡᠳᠪᠦᠷᠢ ᠶᠢᠨ ᠲᠤᠯᠤᠭᠠᠶᠢᠯᠠᠭᠴᠢ ᠠᠵᠤ ᠠᠬᠤᠶᠢᠯᠠᠯ ᠯᠤᠭ᠎ᠠ ᠬᠠᠮᠲᠤᠷᠠᠯᠴᠠᠬᠤ ᠶᠢ ᠳᠡᠳᠭᠦᠵᠦ᠂ ᠡᠬᠢ ᠪᠠᠶᠠᠯᠢᠭ᠂ | ᠴᠢᠳᠠᠪᠤᠷᠢᠲᠠᠨ᠂ ᠮᠡᠷᠭᠡᠵᠢᠯ᠂ ᠪᠡᠯᠡ ᠮᠥᠩᠭᠦ ᠵᠡᠷᠭᠡ ᠬᠦᠴᠦᠨ ᠵᠦᠢᠯ ᠢ ᠴᠢᠷᠮᠠᠶᠢᠨ ᠪᠦᠷᠢᠳᠦᠭᠦᠯᠵᠦ᠂ ᠬᠠᠩᠭᠠᠯᠭ᠎ᠠ ᠪᠠ | ᠬᠢᠮᠢ ᠶᠢᠨ ᠠᠵᠤ ᠦᠢᠯᠡᠳᠪᠦᠷᠢ ᠶᠢᠨ ᠴᠢᠨᠠᠷ ᠰᠠᠶᠢᠲᠠᠢ ᠡᠵᠡᠩᠨᠡᠯᠲᠡ ᠶᠢ ᠪᠦᠲᠦᠮᠵᠢᠲᠡᠶ ᠪᠠᠲᠤᠯᠠᠨ᠎ᠠ᠃ ᠮᠣᠯᠢᠪᠳᠧᠨ ᠤ | ᠨᠠᠷᠢᠯᠢᠭ ᠬᠦᠳᠡᠷ᠂ ᠪᠠᠷᠢᠯᠭ᠎ᠠ ᠶᠢᠨ ᠮᠠᠲ᠋ᠧᠷᠢᠶᠠᠯ ᠭᠡᠬᠦ ᠬᠤᠶᠠᠷ ᠲᠦᠷᠦᠯ ᠤᠨ ᠭᠤᠣᠯᠯᠠᠭᠴᠢ ᠪᠦᠳᠦᠭᠡᠭᠳᠡᠭᠦᠨ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠭᠤᠷᠬᠠᠢ ᠶᠢᠨ ᠡᠬᠢ ᠪᠠᠶᠠᠯᠢᠭ ᠤᠨ ᠰᠢᠯᠢᠭᠳᠡᠯ ᠢ ᠶᠡᠷᠦᠩᠬᠡᠶᠢᠯᠡᠨ ᠨᠡᠭᠡᠭᠡᠨ | ᠠᠰᠢᠭᠯᠠᠬᠤ᠂ ᠰᠢᠨ᠎ᠡ ᠪᠠᠷ ᠪᠣᠶ ᠪᠣᠯᠤᠭᠰᠠᠨ ᠪᠠᠷᠢᠯᠭ᠎ᠠ ᠶᠢᠨ ᠮᠠᠲ᠋ᠧᠷᠢᠶᠠᠯ ᠢ ᠨᠡᠭᠡᠭᠡᠨ ᠠᠰᠢᠭᠯᠠᠬᠤ᠂ ᠰᠢᠨ᠎ᠡ ᠡᠨᠧᠷᠭᠢ ᠶᠢ | ᠨᠡᠭᠡᠭᠡᠨ ᠠᠰᠢᠭᠯᠠᠬᠤ ᠠᠵᠤ ᠦᠢᠯᠡᠰ ᠢ ᠢᠳᠡᠪᠬᠢᠲᠡᠢ ᠪᠠᠷ ᠬᠥᠭᠵᠢᠭᠦᠯᠵᠦ᠂ ᠪᠦᠳᠦᠭᠡᠭᠳᠡᠭᠦᠨ ᠤ ᠬᠡᠯᠬᠢᠶᠠᠵᠢᠯ ᠢ ᠣᠯᠠᠮ | ᠴᠢᠨᠠᠭᠰᠢᠳᠠ ᠤᠷᠲᠤᠳᠬᠠᠬᠤ ᠪᠠᠷ ᠴᠢᠷᠮᠠᠶᠢᠨ᠂ ᠪᠦᠳᠦᠭᠡᠭᠳᠡᠭᠦᠨ ᠤ ᠨᠡᠮᠡᠯᠲᠡ ᠥᠷᠲᠡᠭ ᠢ ᠨᠡᠮᠡᠭᠳᠡᠭᠦᠯᠵᠦ᠂ ︽ᠵᠠᠰᠠᠮᠠᠯ | ᠵᠠᠮ ᠤᠨ ᠬᠦᠷᠭᠡᠯᠲᠡ ᠶᠢ ᠲᠡᠮᠦᠷ ᠵᠠᠮ ᠤᠨ ᠬᠦᠷᠭᠡᠯᠲᠡ ᠪᠣᠯᠭᠠᠨ ᠬᠤᠪᠢᠷᠠᠭᠤᠯᠬᠤ︾ ᠪᠣᠬᠢᠷᠲᠤᠯ ᠦᠭᠡᠢ ᠲᠡᠭᠡᠭᠡᠪᠦᠷᠢ ᠶᠢ | ᠢᠳᠡᠪᠬᠢᠲᠡᠢ ᠪᠠᠷ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠭᠠᠳᠠᠭᠰᠢ ᠬᠦᠷᠭᠡᠬᠦ ᠴᠢᠳᠠᠪᠤᠷᠢ ᠶᠢ | ᠴᠢᠷᠮᠠᠶᠢᠨ ᠳᠡᠭᠡᠭᠰᠢᠯᠡᠭᠦᠯᠦᠨ᠎ᠡ᠃ ᠵᠢᠩ ᠨᠧᠩ ᠴᠠᠭᠠᠨᠨᠠᠭᠤᠷ ᠤᠨ ᠴᠠᠬᠢᠯᠭᠠᠨ ᠦᠢᠯᠡᠳᠪᠦᠷᠢ ᠶᠢᠨ ᠵᠢᠯ ᠳᠤ 100 | ᠲᠦᠮᠡᠨ ᠲᠣᠨ ᠤ ᠨᠡᠭᠦᠷᠡᠰᠦᠨ ᠤ ᠦᠨᠡᠰᠦᠨ ᠤ ᠡᠬᠢ ᠪᠠᠶᠠᠯᠢᠭ ᠤᠨ ᠲᠣᠭᠤᠷᠢᠨ ᠳᠤ᠂ ᠨᠡᠶᠢᠭᠡᠮ ᠤᠨ ᠬᠥᠷᠥᠩᠭᠡ ᠶᠢ | ᠢᠳᠡᠪᠬᠢᠲᠡᠢ ᠲᠠᠲᠠᠨ ᠤᠷᠤᠭᠤᠯᠵᠤ᠂ ᠨᠠᠭᠦᠷᠠᠰᠦᠨ ᠤ ᠦᠨᠡᠰᠦ ᠪᠠᠷ ᠲᠦᠭᠦᠬᠡᠢ ᠮᠠᠲ᠋ᠧᠷᠢᠶᠠᠯ ᠪᠣᠯᠭᠠᠭᠰᠠᠨ ᠪᠠᠷᠢᠯᠭ᠎ᠠ ᠶᠢᠨ | ᠮᠠᠲ᠋ᠧᠷᠢᠶᠠᠯ᠂ ᠬᠢᠮᠢ ᠶᠢᠨ ᠪᠦᠳᠦᠭᠡᠭᠳᠡᠭᠦᠨ᠂ ᠨᠡᠶᠢᠯᠡᠮᠡᠯ ᠮᠠᠲ᠋ᠧᠷᠢᠶᠠᠯ ᠵᠡᠷᠭᠡ ᠦᠢᠯᠡᠳᠬᠦᠨ ᠦᠢᠯᠡᠳᠪᠦᠷᠢᠯᠡᠵᠦ᠂ | ᠬᠠᠲᠠᠭᠤ ᠪᠡᠶᠡᠲᠦ ᠬᠠᠶᠠᠭᠳᠠᠮᠠᠯ ᠪᠤᠳᠠᠰ ᠤᠨ ᠡᠬᠢ ᠪᠠᠶᠠᠯᠢᠭ ᠢ ᠡᠷᠴᠢᠮᠵᠢᠭᠦᠯᠦᠨ ᠡᠷᠭᠢᠯᠳᠦᠭᠦᠯᠦᠨ ᠠᠰᠢᠭᠯᠠᠬᠤ ᠶᠢ | ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠤᠶᠤᠴᠢᠯᠠᠨ ᠮᠡᠳᠡᠭᠦᠯᠬᠦ | ᠠᠵᠢᠯ ᠢ ᠲᠦᠷᠭᠡᠳᠬᠡᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠡᠯ᠎ᠡ ᠲᠦᠷᠦᠯ ᠤᠨ ᠲᠥᠯᠦᠪᠵᠢᠭᠦᠯᠭᠡ ᠳᠤ | ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠵᠢᠯ ᠤᠨ ᠳᠣᠲᠣᠷ᠎ᠠ ᠬᠦᠷᠢᠶᠡᠯᠡᠩ ᠲᠣᠭᠤᠷᠢᠭ ᠢ ᠠᠰᠢᠭᠯᠠᠯᠲᠠ ᠳᠤ | ᠤᠷᠤᠭᠤᠯᠬᠤ ᠪᠠᠷ ᠴᠢᠷᠮᠠᠶᠢᠵᠤ᠂ ᠨᠠᠩ ᠣᠯᠠᠨ ᠠᠵᠤ ᠦᠢᠯᠡᠰ ᠢ ᠰᠠᠭᠤᠷᠢᠰᠢᠭᠤᠯᠤᠨ᠎ᠠ᠃ | ᠲᠠᠪᠤ᠂ ᠭᠤᠣᠯᠳᠠᠯᠭ᠎ᠠ ᠶᠢ ᠠᠳᠬᠤᠵᠤ᠂ ᠰᠢᠨ᠎ᠡ ᠶᠢ ᠡᠭᠦᠳᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ | ᠰᠣᠶᠣᠯ ᠵᠤᠭᠠᠴᠠᠯ ᠤᠨ ᠦᠢᠯᠡᠰ ᠤᠨ ᠭᠦᠨᠵᠡᠭᠡᠢ ᠬᠥᠭᠵᠢᠯᠲᠡ ᠶᠢ ᠳᠦᠯᠬᠢᠨ ᠠᠬᠢᠭᠤᠯᠤᠨ᠎ᠠ᠃ᠭᠤᠣᠯᠳᠠᠯᠭ᠎ᠠ ᠶᠢᠨ ᠴᠡᠭ | ᠲᠠᠢ ᠪᠣᠯᠭᠠᠬᠤ᠂ ᠴᠡᠭ ᠢᠶᠠᠨ ᠱᠣᠭᠤᠮ ᠪᠣᠯᠭᠠᠬᠤ ᠰᠡᠳᠬᠢᠴᠡ ᠶᠣᠰᠣᠭᠠᠷ᠂ ᠰᠣᠶᠣᠯ ᠵᠤᠭᠠᠴᠠᠯ ᠤᠨ ᠠᠵᠤ | ᠦᠢᠯᠡᠰ ᠤᠨ ᠰᠢᠨ᠎ᠡ ᠬᠠᠭᠤᠳᠠᠰᠤ ᠨᠡᠭᠡᠭᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ︽ᠬᠡᠦᠬᠡᠳ ᠪᠠ ᠮᠣᠷᠢ | ︾ ᠭᠤᠣᠯ ᠰᠡᠳᠦᠪᠲᠦ ᠰᠣᠶᠣᠯ ᠤᠨ ᠬᠦᠷᠢᠶᠡᠯᠡᠩ ᠢ ᠥᠨᠳᠥᠷ ᠪᠠᠷᠢᠮᠵᠢᠶ᠎ᠠ ᠪᠠᠷ ᠡᠬᠢᠯᠡᠨ ᠠᠵᠢᠯᠯᠠᠭᠤᠯᠵᠤ᠂ ᠭᠤᠣᠯ | ᠴᠣᠭᠴᠠᠲᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠭᠡᠷ ᠳᠣᠲᠣᠷᠠᠬᠢ ᠵᠠᠰᠠᠨ ᠴᠢᠮᠡᠭᠯᠡᠯᠲᠡ ᠶᠢᠨ ᠠᠵᠢᠯ ᠤᠨ | ᠠᠬᠢᠴᠠ ᠶᠢ ᠲᠦᠷᠭᠡᠳᠬᠡᠨ ᠠᠬᠢᠭᠤᠯᠵᠤ᠂ 7 ᠰᠠᠷ᠎ᠠ ᠳᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ︽ | ᠬᠡᠦᠬᠡᠳ ᠪᠠ ᠮᠣᠷᠢ︾ ᠭᠤᠣᠯ ᠰᠡᠳᠦᠪᠲᠦ ᠰᠣᠶᠣᠯ ᠤᠨ ᠬᠦᠷᠢᠶᠡᠯᠡᠩ ᠤᠨ ᠡᠵᠡᠩᠨᠡᠯᠲᠡ ᠶᠢ ︽ᠮᠤᠩᠭᠤᠯ ᠮᠤᠷᠢᠨ ᠤ | ᠰᠢᠨᠳᠠᠰᠤ ᠰᠢᠯᠭᠠᠬᠤ︾ ᠬᠤᠯᠪᠣᠭᠠᠲᠤ ᠤᠷᠤᠯᠳᠤᠭᠠᠨ ᠲᠠᠢ ᠵᠣᠯᠭᠠᠭᠤᠯᠵᠤ᠂ ᠤᠷᠤᠯᠳᠤᠭᠠᠨ ᠤ ᠠᠵᠢᠯᠯᠠᠭ᠎ᠠ ᠶᠢ | ᠥᠨᠳᠥᠷ ᠪᠠᠷᠢᠮᠵᠢᠶ᠎ᠠ ᠪᠠᠷ ᠡᠷᠭᠢᠯᠡᠨ᠎ᠡ᠃ ︽ᠪᠢᠷ᠎ᠠ ᠲᠠᠢ ᠠᠳᠤᠭᠤ᠂ ᠰᠤᠳᠤᠨ ᠠᠳᠤᠭᠤ᠂ ᠭᠠᠶᠢᠬᠠᠮᠰᠢᠭᠲᠤ ᠠᠳᠤᠭᠤ︾ | ᠭᠤᠷᠪᠠᠨ ᠲᠤᠭᠤᠷᠢᠭ ᠤᠨ ᠳᠡᠰ ᠳᠠᠪᠬᠤᠷᠭ᠎ᠠ ᠶᠢᠨ ᠠᠭᠤᠯᠬᠤᠨ ᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ︽ | ᠬᠡᠦᠬᠡᠳ ᠪᠠ ᠮᠣᠷᠢ︾ ᠪᠢᠴᠢᠬᠠᠨ ᠤᠨᠤᠭᠠᠴᠢ ᠶᠢᠨ ᠰᠢᠷᠢᠰ ᠹᠢᠯᠢᠮ ᠢ ᠨᠠᠷᠢᠨ ᠨᠢᠮᠪᠠᠢ ᠲᠦᠯᠦᠪᠯᠡᠨ ᠰᠡᠭᠦᠳᠡᠷᠯᠡᠵᠦ᠂ | ᠣᠯᠠᠨ ᠤᠯᠤᠰ ᠤᠨ ᠮᠣᠷᠢᠨ ᠮᠡᠷᠭᠡᠵᠢᠯ ᠤᠨ ᠺᠯᠦ᠋ᠪ ᠲᠠᠢ ︽pony ᠮᠣᠷᠢ︾ ᠪᠣᠶᠢᠵᠢᠭᠤᠯᠬᠤ᠂ ᠡᠮᠨᠢᠭ | ᠰᠤᠷᠭᠠᠭᠴᠢ ᠶᠢ ᠬᠥᠮᠥᠵᠢᠭᠦᠯᠬᠦ ᠵᠡᠷᠭᠡ ᠲᠠᠯ᠎ᠠ ᠪᠠᠷ ᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠮᠣᠷᠢᠨ | ᠮᠡᠷᠭᠡᠵᠢᠯ ᠤᠨ ᠪᠣᠯᠪᠠᠰᠤᠷᠠᠯ᠂ ᠠᠳᠤᠭᠤᠨ ᠰᠣᠶᠣᠯ ᠤᠨ ᠣᠶᠢᠯᠠᠭᠠᠯᠲᠠ᠂ ᠳᠤᠷ᠎ᠠ ᠰᠤᠨᠢᠷᠬᠠᠯᠲᠤ ᠨᠠᠭᠠᠳᠤᠮ᠂ ︽ᠮᠢᠨᠤ | ᠠᠵᠢᠨᠠᠢ︾ ᠵᠡᠷᠭᠡ ᠨᠢᠭᠡ ᠪᠦᠯᠦᠭ ᠥᠪᠡᠷᠮᠢᠴᠡ ᠣᠨᠴᠠᠯᠢᠭ ᠲᠠᠢ᠂ ᠪᠦᠲᠦᠭᠡᠯᠴᠢ ᠴᠢᠨᠠᠷ ᠲᠠᠢ ᠠᠳᠤᠭᠤᠨ ᠰᠣᠶᠣᠯ ᠤᠨ | ᠰᠡᠯᠡᠭᠦᠴᠡᠯ ᠵᠤᠭᠠᠴᠠᠯ ᠤᠨ ᠠᠵᠢᠯᠯᠠᠭ᠎ᠠ ᠶᠢ ᠥᠷᠨᠢᠭᠦᠯᠵᠦ᠂ ᠴᠡᠭᠡ ᠰᠤᠪᠢᠯᠠᠯᠲᠠ ᠶᠢᠨ ᠡᠷᠡᠬᠦᠯᠵᠢᠯ ᠤᠨ ᠭᠠᠵᠠᠷ ᠢ | ᠬᠠᠮᠲᠤ ᠳᠤᠨᠢ ᠲᠥᠯᠥᠪᠵᠢᠭᠦᠯᠦᠨ ᠪᠠᠶᠢᠭᠤᠯᠵᠤ᠂ ︽ᠬᠡᠦᠬᠡᠳ ᠪᠠ ᠮᠣᠷᠢ︾ ᠭᠤᠣᠯ ᠰᠡᠳᠦᠪᠲᠦ ᠰᠣᠶᠣᠯ ᠤᠨ | ᠬᠦᠷᠢᠶᠡᠯᠡᠩ ᠢ ᠠᠶᠢᠮᠠᠭ ᠤᠨ ᠳᠣᠲᠣᠷᠠᠬᠢ ᠲᠤᠭᠤᠷᠢᠨ ᠵᠤᠭᠠᠴᠠᠬᠤ᠂ ᠲᠤᠭᠯᠠᠵᠤ ᠨᠠᠭᠠᠳᠬᠤ᠂ ᠠᠷᠠᠯᠵᠢᠶ᠎ᠠ | ᠬᠤᠳᠠᠯᠳᠤᠭ᠎ᠠ ᠶᠢ ᠬᠦᠭᠵᠢᠶᠡᠨᠵᠢᠭᠦᠯᠬᠦ᠂ ᠪᠡᠶᠡᠴᠢᠯᠡᠨ ᠣᠶᠢᠯᠠᠭᠠᠬᠤ ᠰᠣᠶᠣᠯ ᠵᠤᠭᠠᠴᠠᠯ ᠤᠨ ᠨᠡᠷᠡᠲᠦ ᠳᠡᠮᠳᠡᠭᠲᠦ | ᠪᠣᠯᠭᠠᠨ᠎ᠠ᠃ ᠵᠤᠭᠠᠴᠠᠯ ᠤᠨ ᠰᠤᠳᠤᠨ ᠵᠠᠮ ᠱᠤᠭᠤᠮ ᠢ ᠴᠤᠭᠴᠠᠯᠠᠨ᠎ᠠ᠃ ᠠᠮᠢ ᠠᠬᠤᠢ ᠶᠢᠨ ᠪᠣᠯᠪᠠᠰᠤᠨ ᠤ | ᠬᠥᠮᠦᠵᠢᠯ ᠤᠨ ᠵᠤᠭᠠᠴᠠᠯ ᠤᠨ ᠵᠠᠮ ᠱᠤᠭᠤᠮ ᠤᠨ ᠬᠡᠯᠬᠢᠶᠡᠵᠢᠯ ᠢ ᠣᠷᠳᠤᠳᠬᠠᠨ᠂ ︽ᠴᠠᠭᠠᠨᠨᠠᠭᠤᠷ ᠠᠮᠠᠷᠠᠯᠲᠠ ᠶᠢᠨ | ᠲᠣᠰᠬᠤᠨ︾ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠠᠶᠢᠭᠠᠯᠢ ᠶᠢᠨ ᠰᠤᠳᠤᠯᠭᠠᠨ ᠤ ᠤᠬᠠᠭᠠᠨ᠂ | ᠴᠠᠭᠠᠨ ᠨᠠᠭᠤᠷ ᠤᠨ ᠰᠡᠯᠡᠭᠦᠴᠡᠨ ᠵᠤᠭᠠᠴᠠᠵᠤ ᠬᠡᠭᠡᠷᠡᠯᠡᠨ ᠪᠠᠭᠤᠳᠠᠯᠯᠠᠬᠤ ᠵᠡᠷᠭᠡ ᠠᠭᠤᠯᠭ᠎ᠠ ᠶᠢ ᠰᠦᠪᠡᠭᠴᠢᠯᠡᠨ | ᠤᠷᠤᠭᠤᠯᠵᠤ᠂ ᠵᠤᠭᠠᠴᠠᠯ ᠤᠨ ᠵᠠᠮ ᠱᠤᠭᠤᠮ ᠤᠨ ᠪᠦᠬᠦᠯᠢ ᠴᠣᠭᠴᠠ ᠶᠢᠨ ᠲᠠᠲᠠᠬᠤ ᠬᠦᠴᠦᠨ ᠢ ᠨᠡᠮᠡᠭᠳᠡᠭᠦᠯᠦᠨ᠎ᠡ᠃ | ᠪᠥᠬᠦ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠵᠤᠭᠠᠴᠠᠯ ᠤᠨ ᠵᠠᠮ ᠱᠣᠭᠤᠮ ᠤᠨ | ᠲᠥᠯᠦᠪᠵᠢᠭᠦᠯᠭᠡ ᠶᠣᠰᠣᠭᠠᠷ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠰᠤᠨᠳᠠᠯᠠᠭᠰᠠᠨ ᠰᠣᠳᠣᠨ | ᠵᠤᠭᠠᠴᠠᠯ ᠤᠨ ᠵᠠᠮ ᠱᠤᠭᠤᠮ ᠢ ᠴᠤᠭᠴᠠᠯᠠᠵᠤ᠂ ᠬᠡᠭᠡᠷᠡᠯᠡᠨ ᠪᠠᠭᠤᠳᠠᠯᠯᠠᠬᠤ ᠭᠠᠵᠠᠷ᠂ ᠤᠯᠠᠭ᠎ᠠ ᠥᠷᠲᠡᠭᠡ᠂ ᠪᠠᠭᠤᠳᠠᠯ | ᠵᠡᠷᠭᠡ ᠰᠡᠯᠡᠭᠦᠴᠡᠯ ᠤᠨ ᠭᠠᠵᠠᠷ ᠭᠠᠷᠭᠠᠨ᠂ ᠮᠠᠯᠴᠢᠳ ᠤᠨ ᠬᠠᠮᠳᠤᠷᠠᠨ ᠡᠵᠡᠩᠨᠡᠯᠲᠡ ᠬᠢᠬᠦ ᠶᠢ ᠵᠣᠷᠢᠭᠵᠢᠭᠤᠯᠤᠨ | ᠵᠢᠯᠤᠭᠤᠳᠴᠤ᠂ ᠵᠤᠭᠠᠴᠠᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠭᠤᠰᠤᠯᠴᠠᠭᠤᠯᠤᠨ | ᠬᠦᠭᠵᠢᠬᠦᠯᠬᠦ ᠶᠢ ᠠᠬᠢᠭᠤᠯᠤᠨ᠎ᠠ᠃ ᠠᠳᠤᠭᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢᠨ | ᠲᠣᠭᠤᠷᠢᠨ ᠳᠤ᠂ ᠠᠪᠠᠭ᠎ᠠ ᠬᠠᠷ᠎ᠠ ᠠᠳᠤᠭᠤᠨ ᠤ ᠣᠯᠠᠨ ᠭᠤᠣᠯ ᠰᠡᠳᠦᠪᠲᠦ ᠵᠤᠭᠠᠴᠠᠯ ᠤᠨ ᠵᠠᠮ ᠱᠤᠭᠤᠮ ᠢ | ᠵᠢᠷᠤᠭᠯᠠᠨ ᠲᠥᠯᠥᠪᠯᠡᠵᠦ ᠠᠰᠢᠭᠯᠠᠨ᠂ ᠴᠡᠭᠡ ᠰᠤᠪᠢᠯᠠᠯᠲᠠ ᠶᠢᠨ ᠡᠷᠡᠭᠦᠯᠵᠢᠯ ᠤᠨ ᠭᠠᠵᠠᠷ᠂ ᠬᠠᠷ᠎ᠠ ᠠᠳᠤᠭᠤᠨ ᠤ | ᠰᠤᠳᠤᠯᠭᠠᠨ᠂ ᠬᠠᠷ᠎ᠠ ᠠᠳᠤᠭᠤᠨ ᠤ ᠵᠢᠷᠤᠭ ᠰᠡᠭᠦᠳᠡᠷᠯᠡᠭᠡ᠂ ᠬᠠᠷ᠎ᠠ ᠮᠤᠷᠢᠲᠤ ᠰᠣᠮᠣ ᠶᠢᠨ ᠬᠤᠪᠢᠰᠬᠠᠯᠲᠤ | ᠵᠤᠭᠠᠴᠠᠯ ᠵᠡᠷᠭᠡ ᠶᠢ ᠠᠯᠬᠤᠮ ᠠᠯᠬᠤᠮ ᠢᠶᠠᠷ ᠨᠡᠭᠡᠭᠡᠨ ᠬᠥᠭᠵᠢᠭᠦᠯᠦᠨ᠎ᠡ᠃ ᠰᠣᠶᠣᠯ ᠵᠤᠭᠠᠴᠠᠯ ᠤᠨ ᠰᠢᠷᠢᠰ | ᠠᠵᠢᠯᠯᠠᠭ᠎ᠠ ᠶᠢ ᠡᠷᠬᠢᠯᠡᠨ ᠶᠠᠪᠤᠭᠳᠠᠭᠤᠯᠤᠨ᠎ᠠ᠃ ︽ᠲᠣᠪᠴᠢ ᠠᠪᠰᠠᠷᠬᠠᠨ᠂ ᠠᠷᠪᠢᠲᠠᠢ᠂ ᠠᠮᠤᠷ ᠲᠦᠪᠰᠢᠨ︾ | ᠪᠠᠶᠢᠬᠤ ᠵᠠᠷᠴᠢᠮ ᠶᠣᠰᠣᠭᠠᠷ᠂ ᠴᠠᠭᠠᠨ ᠰᠠᠷ᠎ᠠ ᠶᠢᠨ ᠦᠳᠡᠰᠢᠯᠡᠭᠡ᠂ ᠥᠯᠵᠡᠶᠢᠲᠦ ᠡᠳᠦᠷ ᠤᠨ ᠪᠠᠶᠠᠷ ᠤᠨ ᠬᠤᠸᠠᠷ | ᠫᠤᠤᠵᠢᠩ ᠤᠨ ᠦᠳᠡᠰᠢᠯᠡᠭᠡ᠂ ︽ᠠᠵᠠ ᠬᠡᠶᠢᠮᠦᠷᠢᠲᠦ ᠬᠤᠨᠳᠠᠭᠠᠲᠤ︾ ᠪᠦᠬᠡ ᠶᠢᠨ ᠤᠷᠤᠯᠳᠤᠭᠠᠨ᠂ ᠠᠶᠢᠮᠠᠭ ᠤᠨ | ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ᠮᠢᠨᠤ ᠬᠡᠦᠬᠡᠳ ᠤᠨ ᠨᠠᠭᠠᠳᠤᠮ᠂ ᠴᠡᠭᠡ ᠶᠢᠨ ᠰᠣᠶᠣᠯ ᠤᠨ | ᠨᠠᠶᠢᠷ᠂ ᠬᠠᠷ᠎ᠠ ᠠᠳᠤᠭᠤᠨ ᠰᠣᠶᠣᠯ ᠤᠨ ᠨᠠᠶᠢᠷ᠂ ︽ᠮᠤᠩᠭᠤᠯ ᠮᠤᠷᠢᠨ ᠤ ᠰᠢᠨᠳᠠᠰᠤ ᠰᠢᠯᠭᠠᠬᠤ︾ ᠬᠤᠯᠪᠣᠭᠠᠲᠤ | ᠤᠷᠤᠯᠳᠤᠭᠠᠨ᠂ ᠴᠠᠭᠠᠨ ᠨᠠᠭᠤᠷ ᠤᠨ ᠡᠪᠦᠯ ᠤᠨ ᠤᠯᠠᠷᠢᠯ ᠤᠨ ᠵᠢᠭᠠᠰᠤ ᠭᠥᠬᠢᠳᠡᠬᠦ ᠨᠠᠶᠢᠷ ᠵᠡᠷᠭᠡ ᠡᠯᠪᠡᠭ ᠪᠠᠶᠠᠯᠢᠭ | ᠠᠭᠤᠯᠭ᠎ᠠ ᠪᠦᠬᠦᠢ ᠰᠣᠶᠣᠯ ᠵᠤᠭᠠᠴᠠᠯ ᠤᠨ ᠨᠠᠷᠠᠲᠤ ᠲᠡᠮᠳᠡᠭᠲᠦ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠤ᠂ ︽ᠠᠵᠠ | ᠬᠡᠶᠢᠮᠦᠷᠢᠲᠦ ᠠᠪᠠᠭ᠎ᠠ︾ ᠨᠠᠷᠠᠲᠤ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠪᠥᠬᠦ | ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ | ᠵᠢᠷᠭᠤᠭ᠎ᠠ᠂ ᠠᠮᠢ ᠠᠬᠤᠢ ᠶᠢᠨ ᠵᠠᠰᠠᠯᠲᠠ᠂ ᠬᠠᠮᠠᠭᠠᠯᠠᠯᠲᠠ ᠶᠢ ᠪᠥᠬᠦ ᠬᠦᠴᠦᠨ ᠢᠶᠠᠷ ᠢᠶᠠᠨ ᠠᠳᠬᠤᠵᠤ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠤᠯᠠᠨ | ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠬᠤ ᠪᠠᠷ ᠨᠤᠲᠤᠭ | ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠴᠢᠬᠤᠯᠠ ᠭᠠᠷᠳᠠᠴᠠ ᠪᠣᠯᠭᠠᠵᠤ᠂ ᠴᠠᠭᠠᠨ ᠤᠰᠤᠨ ᠴᠥᠭᠦᠷᠥᠮ ᠢ ᠵᠠᠰᠠᠬᠤ | ᠂ ᠭᠤᠣᠯ ᠤᠨ ᠨᠤᠭᠤ ᠭᠠᠵᠠᠷ ᠪᠣᠯᠣᠨ ᠨᠠᠭᠤᠷ ᠤᠨ ᠬᠥᠪᠡᠭᠡᠨ ᠤ ᠵᠠᠪᠰᠠᠷ ᠤᠨ ᠪᠦᠰᠡ ᠶᠢ ᠬᠠᠮᠠᠭᠠᠯᠠᠬᠤ ᠪᠠ ᠰᠡᠷᠭᠦᠭᠡᠬᠦ᠂ | ᠬᠢᠶᠠᠭ ᠡᠪᠡᠰᠦ ᠲᠠᠷᠢᠬᠤ ᠢᠨᠵᠧᠨᠧᠷᠢᠩ ᠢ ᠥᠨᠳᠥᠷ ᠪᠠᠷᠢᠮᠵᠢᠶ᠎ᠠ ᠪᠠᠷ ᠠᠬᠢᠭᠤᠯᠤᠨ᠎ᠠ᠃ ᠡᠯᠡᠰᠦ ᠶᠢ ᠰᠡᠷᠭᠡᠶᠢᠯᠡᠨ | ᠵᠠᠰᠠᠬᠤ ᠪᠠ ᠰᠠᠯᠬᠢᠨ ᠴᠠᠬᠢᠯᠭᠠᠨ ᠢ ᠨᠢᠭᠡ ᠴᠤᠭᠴᠠᠵᠢᠭᠤᠯᠤᠭᠰᠠᠨ ᠢᠨᠵᠧᠨᠧᠷᠢᠩ ᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠵᠠᠰᠠᠨ ᠴᠡᠭᠴᠡᠯᠡᠯᠲᠡ ᠶᠢᠨ ᠣᠷᠣᠨ ᠪᠦᠰᠡ ᠶᠢ ᠨᠠᠷᠢᠯᠢᠭ ᠣᠨᠣᠴᠠᠲᠠᠢ ᠪᠠᠷ ᠰᠣᠩᠭᠤᠨ ᠲᠤᠭᠲᠠᠭᠠᠵᠤ᠂ | ᠵᠣᠬᠢᠶᠠᠨ ᠪᠠᠶᠢᠭᠤᠯᠵᠤ ᠳᠠᠭᠠᠭᠠᠴᠢᠯᠠᠭᠤᠯᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠣᠨᠣᠭᠠᠵᠤ ᠵᠠᠰᠠᠬᠤ | ᠵᠡᠷᠭᠡ ᠠᠷᠭ᠎ᠠ ᠮᠠᠶ᠋ᠢᠭ ᠢᠶᠠᠷ ᠮᠠᠯᠴᠢᠳ ᠤᠨ ᠠᠮᠢ ᠠᠬᠤᠢ ᠶᠢ ᠵᠠᠰᠠᠬᠤ ᠪᠠ ᠬᠠᠮᠢᠶᠠᠷᠤᠨ ᠬᠠᠮᠠᠭᠠᠯᠠᠬᠤ ᠭᠤᠣᠯ | ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠣᠷᠳᠣᠨ ᠠᠴᠠ ᠭᠤᠣᠯᠯᠠᠭᠰᠠᠨ᠂ ᠣᠯᠠᠨ | ᠨᠡᠶᠢᠲᠡ ᠪᠠᠷ ᠢᠶᠠᠨ ᠣᠷᠣᠯᠴᠠᠭᠰᠠᠨ᠂ ᠨᠡᠶᠢᠭᠡᠮ ᠨᠡᠶᠢᠲᠡ ᠪᠠᠷ ᠢᠶᠠᠨ ᠬᠠᠮᠵᠢᠯᠴᠠᠭᠰᠠᠨ ᠡᠯᠡᠰᠦ ᠵᠠᠰᠠᠬᠤ | ᠲᠤᠭᠲᠠᠯᠴᠠᠭ᠎ᠠ ᠶᠢ ᠴᠢᠷᠮᠠᠶᠢᠨ ᠪᠠᠶᠢᠭᠤᠯᠵᠤ᠂ ᠵᠢᠯ ᠤᠨ ᠳᠣᠲᠣᠷ᠎ᠠ ᠣᠶ ᠰᠢᠭᠤᠢ ᠡᠪᠡᠰᠦ ᠪᠡᠯᠴᠢᠭᠡᠷ ᠢ ᠶᠡᠷᠦᠩᠬᠡᠶᠢᠯᠡᠨ | ᠵᠠᠰᠠᠬᠤ᠂ ᠠᠭᠤᠯᠠ ᠶᠢ ᠪᠢᠲᠡᠭᠦᠮᠵᠢᠯᠡᠨ ᠤᠶᠢᠵᠢᠭᠤᠯᠬᠤ ᠶᠢ ᠪᠡᠶᠡᠯᠡᠭᠦᠯᠵᠦ᠂ ᠡᠯ᠎ᠡ ᠲᠦᠷᠦᠯ ᠤᠨ ᠡᠭᠦᠷᠭᠡ ᠪᠠᠨ | ᠪᠠᠲᠤᠲᠠᠢ ᠰᠠᠶᠢᠳᠤᠷ ᠪᠡᠶᠡᠯᠡᠭᠦᠯᠦᠨ᠎ᠡ᠃ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠶᠢ ᠡᠷᠡᠰ | ᠪᠠᠷᠢᠮᠲᠠᠯᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠯ ᠨᠦᠬᠦᠪᠦᠷᠢ ᠪᠠ | ᠪᠡᠯᠴᠢᠭᠡᠷᠯᠡᠭᠦᠯᠬᠦ ᠶᠢ ᠵᠣᠭᠰᠤᠭᠠᠬᠤ᠂ ᠰᠡᠯᠭᠦᠨ ᠮᠠᠯᠵᠢᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠵᠡᠷᠭᠡ | ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠮᠠᠯᠴᠢᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠤᠲᠤᠭ | ᠪᠡᠯᠴᠢᠭᠡᠷ ᠢᠶᠠᠨ ᠬᠠᠮᠠᠭᠠᠯᠠᠬᠤ᠂ ᠪᠦᠲᠦᠭᠡᠨ ᠪᠠᠶᠢᠭᠤᠯᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠣᠯᠠᠮ | ᠴᠢᠨᠠᠭᠰᠢᠳᠠ ᠳᠡᠭᠡᠭᠰᠢᠯᠡᠬᠦᠯᠵᠦ᠂ ᠨᠤᠲᠤᠭ ᠪᠡᠯᠴᠢᠭᠡᠷ ᠤᠨ ᠰᠡᠷᠭᠦᠯᠲᠡ ᠶᠢ ᠠᠬᠢᠭᠤᠯᠤᠨ᠂ ᠳᠠᠭᠠᠭᠠᠴᠠ ᠠᠴᠠ | ᠬᠡᠲᠦᠷᠡᠭᠦᠯᠦᠨ ᠮᠠᠯᠵᠢᠬᠤ ᠶᠢ ᠰᠡᠷᠭᠡᠶᠢᠯᠡᠨ᠎ᠡ᠃ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ | ᠭᠦᠨᠵᠡᠭᠡᠢ ᠥᠷᠨᠢᠭᠦᠯᠦᠨ᠎ᠡ᠃ ᠡᠬᠢ ᠡᠭᠦᠰᠦᠯ ᠠᠴᠠ ᠨᠢ ᠲᠥᠷᠥᠯ ᠬᠤᠪᠢᠶᠠᠬᠤ᠂ ᠢᠯᠭᠠᠵᠤ ᠲᠡᠭᠡᠭᠡᠪᠦᠷᠢᠯᠡᠬᠦ᠂ | ᠬᠠᠯᠠᠭᠤᠨ ᠢᠶᠠᠷ ᠵᠠᠳᠠᠷᠠᠭᠤᠯᠵᠤ ᠬᠡᠮᠵᠢᠶ᠎ᠡ ᠶᠢ ᠪᠠᠭᠠᠰᠬᠠᠬᠤ ᠡᠯ᠎ᠡ ᠭᠤᠭᠴᠤᠭ᠎ᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠬᠤᠭ ᠨᠣᠪᠰᠢ ᠰᠢᠢᠳᠪᠤᠷᠢᠯᠡᠬᠦ ᠲᠠᠯᠠᠪᠠᠶ ᠶᠢ ᠵᠦᠢ ᠵᠣᠬᠢᠰᠲᠠᠢ ᠲᠥᠯᠥᠪᠵᠢᠭᠦᠯᠦᠨ | ᠪᠠᠶᠢᠷᠢᠰᠢᠭᠤᠯᠵᠤ᠂ ᠮᠠᠯᠵᠢᠬᠤ ᠣᠷᠣᠨ ᠤ ᠬᠤᠭ ᠨᠣᠪᠰᠢ ᠶᠢ ᠬᠤᠷᠢᠶᠠᠨ ᠬᠠᠳᠠᠭᠠᠯᠠᠵᠤ ᠲᠡᠭᠡᠭᠡᠪᠦᠷᠢᠯᠡᠬᠦ ᠬᠡᠯᠬᠢᠶᠡᠵᠢᠭᠰᠡᠨ | ᠬᠠᠮᠢᠶᠠᠷᠤᠯᠲᠠ ᠶᠢ ᠠᠬᠢᠭᠤᠯᠤᠨ᠎ᠠ᠃ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ | ᠠᠬᠢᠭᠤᠯᠵᠤ᠂ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ᠂ ᠮᠠᠯ ᠤᠨ ᠦᠬᠦᠳᠡᠯ ᠢ ᠪᠣᠬᠢᠷᠳᠤᠯ ᠦᠭᠡᠢ | ᠰᠢᠢᠳᠪᠦᠷᠢᠯᠡᠬᠦ ᠦᠢᠯᠡᠳᠪᠦᠷᠢ ᠪᠠᠶᠢᠭᠤᠯᠤᠨ᠎ᠠ᠃ ᠰᠢᠲᠠᠭᠠᠯᠭ᠎ᠠ ᠶᠢᠨ ᠨᠡᠭᠦᠷᠡᠰᠦᠨ ᠤ ᠪᠣᠬᠢᠷᠲᠤᠯ ᠤᠨ ᠶᠡᠷᠦᠩᠬᠡᠶᠢᠯᠡᠭᠰᠡᠨ | ᠴᠡᠭᠴᠡᠯᠡᠨ ᠵᠠᠰᠠᠯᠲᠠ ᠶᠢ ᠯᠠᠪᠳᠠᠭᠤᠨ ᠢᠶᠠᠷ ᠠᠬᠢᠭᠤᠯᠵᠤ᠂ ᠳᠤᠯᠠᠭᠠᠯᠭ᠎ᠠ ᠬᠠᠩᠭᠠᠬᠤ 2 ᠠᠵᠤ ᠠᠬᠤᠶᠢᠯᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠲᠦᠬᠦᠭᠡᠷᠦᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠭᠡᠷᠡᠴᠢᠯᠡᠨ | ᠰᠠᠶᠢᠵᠢᠷᠠᠭᠤᠯᠤᠨ᠎ᠠ᠃ ᠪᠥᠬᠦ ᠠᠶᠢᠮᠠᠭ ᠤᠨ ᠰᠢᠨ᠎ᠡ ᠡᠨᠧᠷᠭᠢ ᠪᠠᠷ ᠳᠤᠯᠠᠭᠠᠯᠭ᠎ᠠ ᠬᠠᠩᠭᠠᠬᠤ ᠲᠤᠷᠰᠢᠯᠲᠠ ᠶᠢᠨ ᠴᠡᠭ ᠤᠨ | ᠠᠵᠠ ᠲᠣᠬᠢᠶᠠᠯ ᠢ ᠡᠵᠡᠮᠳᠡᠵᠦ᠂ ᠰᠢᠳᠠᠭᠠᠯᠭ᠎ᠠ ᠶᠢᠨ ᠭᠦᠸᠧᠯᠦ ᠶᠢᠨ ᠥᠭᠡᠷᠡᠴᠢᠯᠡᠯᠲᠡ ᠶᠢ ᠠᠯᠬᠤᠮ ᠠᠯᠬᠤᠮ ᠢᠶᠠᠷ | ᠰᠦᠪᠡᠭᠴᠢᠯᠡᠨ ᠥᠷᠨᠢᠭᠦᠯᠵᠦ᠂ ︽ᠰᠢᠨ᠎ᠡ ᠬᠡᠯᠪᠡᠷᠢ ᠶᠢᠨ ᠴᠡᠪᠡᠷ ᠡᠨᠧᠷᠭᠢ ᠶᠢᠨ ᠴᠠᠬᠢᠯᠭᠠᠨ ᠢ ᠰᠢᠭᠤᠳ ᠬᠠᠩᠭᠠᠬᠤ + | ᠴᠠᠬᠢᠯᠭᠠᠨ ᠭᠦᠸᠧᠯᠦ ᠶᠢᠨ ᠳᠤᠯᠠᠭᠠᠯᠭ᠎ᠠ︾ ᠶᠢᠨ ᠴᠡᠪᠡᠷ ᠡᠨᠧᠷᠭᠢ ᠶᠢᠨ ᠳᠤᠯᠠᠭᠠᠯᠭ᠎ᠠ ᠶᠢᠨ ᠰᠢᠨ᠎ᠡ ᠵᠠᠭᠪᠤᠷ ᠢ | ᠡᠭᠦᠳᠦᠨ᠎ᠡ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ | ᠨᠠᠶᠢᠳᠠᠪᠤᠷᠢᠵᠢᠭᠤᠯᠵᠤ᠂ ︽ᠣᠰᠤᠨ ᠰᠤᠷᠪᠣᠯᠵᠢ ᠪᠠᠷ ᠲᠥᠷᠪᠡ ᠶᠢ ᠲᠣᠭᠲᠠᠭᠠᠬᠤ︾ ᠵᠠᠷᠴᠢᠮ ᠶᠣᠰᠣᠭᠠᠷ᠂ ᠣᠰᠤᠨ ᠤ | ᠬᠡᠷᠡᠭᠯᠡᠭᠡᠨ ᠤ ᠵᠥᠪᠰᠢᠶᠡᠷᠡᠯ ᠤᠨ ᠬᠠᠮᠢᠶᠠᠷᠤᠯᠲᠠ ᠶᠢ ᠴᠢᠩᠭᠠᠳᠬᠠᠨ᠂ ᠤᠰᠤᠨ ᠤ ᠡᠬᠢ ᠪᠠᠶᠠᠯᠢᠭ ᠢ ᠨᠤᠲᠠᠯᠠᠬᠤ | ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠭᠤᠭᠴᠤᠭ᠎ᠠ ᠶᠢ ᠴᠢᠩᠭ᠎ᠠ ᠠᠳᠬᠤᠨ᠎ᠠ᠃ ᠲᠦᠪᠯᠡᠷᠡᠭᠦᠯᠦᠨ ᠣᠰᠤ | ᠬᠠᠩᠭᠠᠬᠤ ᠣᠰᠤᠨ ᠰᠤᠷᠪᠤᠯᠵᠢ ᠶᠢᠨ ᠭᠠᠵᠠᠷ ᠢ ᠵᠢᠷᠤᠮᠵᠢᠭᠤᠯᠬᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠥᠷᠨᠢᠭᠦᠯᠵᠦ᠂ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠨ᠂ ᠭᠤᠣᠯ | ᠨᠠᠭᠤᠷ ᠤᠨ ᠪᠣᠬᠢᠷᠲᠤᠯ ᠭᠠᠳᠠᠭᠰᠢᠯᠠᠭᠤᠯᠬᠤ ᠬᠤᠭᠤᠯᠠᠢ ᠶᠢ ᠪᠠᠶᠢᠴᠠᠭᠠᠨ ᠨᠡᠪᠳᠡᠷᠡᠭᠦᠯᠬᠦ ᠠᠵᠢᠯ ᠢ ᠴᠢᠩᠭᠠᠳᠬᠠᠵᠤ᠂ | ᠰᠠᠪᠠ ᠭᠠᠵᠠᠷ ᠤᠨ ᠠᠮᠢ ᠠᠬᠤᠢ ᠶᠢᠨ ᠣᠷᠴᠢᠨ ᠢ ᠬᠦᠴᠦᠯᠡᠨ ᠰᠠᠶᠢᠵᠢᠷᠠᠭᠤᠯᠤᠨ᠎ᠠ᠃ ᠭᠠᠵᠠᠷ ᠰᠢᠨᠵᠢᠯᠡᠭᠡᠨ ᠤ ᠣᠷᠴᠢᠨ | ᠲᠣᠭᠤᠷᠢᠨ ᠤ ᠵᠠᠰᠠᠯᠲᠠ ᠶᠢᠨ ᠡᠷᠴᠢᠮ ᠢ ᠴᠢᠩᠭᠠᠳᠬᠠᠨ᠎ᠠ᠃ ᠡᠵᠡᠩᠨᠡᠵᠦ ᠪᠠᠶᠢᠭ᠎ᠠ ᠬᠤᠭᠤᠴᠠᠭᠠᠨ ᠳᠤ ᠪᠠᠶᠢᠭ᠎ᠠ 8 | ᠠᠭᠤᠷᠬᠠᠢ ᠶᠢᠨ ᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ ᠬᠢᠨᠠᠮᠠᠭᠠᠢ ᠰᠠᠶᠢᠲᠤᠷ ᠬᠢᠵᠦ᠂ | ᠠᠵᠤ ᠠᠬᠤᠶᠢᠯᠠᠯ ᠢ ᠱᠠᠯᠠᠪᠳᠠᠭᠤᠯᠵᠤ ᠪᠠᠶᠢᠭᠠᠳ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ | ᠵᠠᠰᠠᠯᠲᠠ ᠶᠢᠨ ᠰᠠᠭᠤᠷᠢ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠭᠦᠢᠴᠡᠳ ᠲᠤᠰᠢᠶᠠᠯᠭᠠᠵᠤ᠂ | ᠵᠠᠰᠠᠯᠲᠠ ᠶᠢᠨ ᠡᠭᠦᠷᠭᠡ ᠪᠠᠨ ᠲᠦᠷᠭᠡᠨ ᠪᠥᠭᠡᠳ ᠥᠨᠳᠥᠷ ᠦᠷ᠎ᠡ ᠪᠦᠲᠦᠮᠵᠢᠲᠡᠶ ᠪᠡᠶᠡᠯᠡᠭᠦᠯᠬᠦ ᠶᠢ ᠦᠨᠡᠨᠬᠦ ᠪᠠᠲᠤᠯᠠᠨ᠎ᠠ | ᠃ ᠺᠦᠨ ᠪᠦᠦ ᠨᠡᠭᠦᠷᠡᠰᠦᠨ ᠠᠭᠤᠷᠬᠠᠢ ᠶᠢᠨ ᠬᠠᠶᠠᠭᠳᠠᠮᠠᠯ ᠤᠷᠤᠨ ᠲᠤᠭᠤᠷᠢᠭ ᠤᠨ ᠵᠠᠰᠠᠯᠲᠠ ᠶᠢ ᠯᠠᠪᠳᠠᠭᠤᠨ ᠢᠶᠠᠷ | ᠠᠬᠢᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠨᠡᠷᠡᠰ ᠤᠨ ᠵᠢᠭᠰᠠᠭᠠᠯᠲᠠ ᠶᠢᠨ ᠪᠠᠷᠢᠮᠵᠢᠶ᠎ᠠ ᠳᠤ ᠬᠦᠷᠭᠡᠬᠦ ᠪᠠᠷ | ᠴᠤᠭᠴᠠᠯᠠᠬᠤ ᠠᠵᠢᠯ ᠢ ᠰᠠᠶᠢᠲᠤᠷ ᠬᠢᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠨᠦᠬᠡ ᠶᠢ | ᠪᠦᠬᠦᠨ ᠢ ᠴᠡᠭᠴᠡᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ᠎ᠡ᠃ | ᠲᠤᠯᠤᠭ᠎ᠠ᠂ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ ᠨᠦᠬᠦᠪᠦᠷᠢᠯᠡᠬᠦ ᠶᠢ ᠪᠦᠬᠦ | ᠬᠦᠴᠦᠨ ᠢᠶᠠᠷ ᠢᠶᠠᠨ ᠰᠠᠶᠢᠳᠤᠷ ᠠᠳᠬᠤᠵᠤ᠂ ᠠᠷᠠᠳ ᠤᠨ ᠠᠮᠢᠳᠤᠷᠠᠯ ᠤᠨ ᠵᠣᠯ ᠵᠢᠷᠭᠠᠯᠲᠤ ᠰᠡᠳᠬᠢᠭᠳᠡᠯ ᠢ | ᠨᠡᠮᠡᠭᠳᠡᠭᠦᠯᠦᠨ᠎ᠡ᠃ ᠬᠢᠵᠠᠭᠠᠷ ᠲᠠᠢ ᠡᠳ᠋ ᠤᠨ ᠬᠦᠴᠦᠨ ᠢᠶᠠᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ | ᠲᠡᠭᠡᠷ᠎ᠡ ᠬᠦᠴᠦᠨ ᠢᠶᠠᠨ ᠲᠦᠪᠯᠡᠷᠡᠭᠦᠯᠦᠨ ᠬᠡᠷᠡᠭᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠤᠯᠠᠨ ᠲᠦᠮᠡᠨ ᠳᠤ | ᠡᠳ᠋ᠯᠡᠭᠦᠯᠦᠨ᠂ ᠠᠷᠠᠳ ᠣᠯᠠᠨ ᠤ ᠬᠦᠷᠲᠡᠮᠵᠢᠲᠦ ᠰᠡᠳᠬᠢᠭᠳᠡᠯ ᠪᠠ ᠵᠣᠯ ᠵᠢᠷᠭᠠᠯᠲᠤ ᠰᠡᠳᠬᠢᠭᠳᠡᠯ ᠢ ᠣᠯᠠᠮ | ᠨᠡᠮᠡᠭᠳᠡᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠪᠠᠷᠢᠮᠲᠠᠯᠠᠨ ᠠᠬᠢᠭᠤᠯᠤᠨ᠎ᠠ᠃ ︽ | ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠡᠷᠴᠢᠮᠲᠡᠢ ᠪᠥᠭᠡᠳ ᠪᠦᠲᠦᠮᠵᠢᠲᠡᠢ ᠠᠬᠢᠭᠤᠯᠤᠨ᠎ᠠ᠃ ᠲᠠᠬᠢᠨ | ᠶᠠᠳᠠᠭᠤᠷᠠᠬᠤ ᠠᠴᠠ ᠰᠡᠷᠭᠡᠶᠢᠯᠡᠬᠦ ᠶᠢ ᠬᠢᠨᠠᠨ ᠡᠵᠡᠮᠳᠡᠬᠦ ᠪᠠ ᠬᠠᠪᠰᠤᠷᠤᠨ ᠲᠡᠳᠬᠦᠬᠦ ᠠᠵᠢᠯ ᠢ ᠰᠠᠶᠢᠳᠤᠷ ᠠᠳᠬᠤᠵᠤ᠂ | ᠳᠤᠰᠢᠶᠠᠪᠠᠯ ᠵᠣᠬᠢᠬᠤ ᠶᠢ ᠨᠢ ᠪᠦᠬᠦᠨ ᠢ ᠲᠤᠰᠢᠶᠠᠯᠭᠠᠵᠤ᠂ ᠬᠠᠪᠰᠤᠷᠪᠠᠯ ᠵᠣᠬᠢᠬᠤ ᠶᠢ ᠨᠢ ᠪᠦᠬᠦᠨ ᠢ ᠬᠠᠪᠰᠤᠷᠤᠨ | ᠲᠡᠮᠵᠢᠬᠦ ᠶᠢ ᠦᠨᠡᠨᠬᠦ ᠪᠠᠲᠤᠯᠠᠨ᠎ᠠ᠃ ᠤᠯᠤᠰ ᠤᠨ ᠲᠡᠰ ᠤᠨ ᠵᠢᠱᠢᠶ᠎ᠡ ᠦᠵᠡᠭᠦᠯᠬᠦ 3 ᠭᠠᠴᠠᠭ᠎ᠠ᠂ ᠠᠶᠢᠮᠠᠭ ᠤᠨ | ᠲᠠᠰ ᠤᠨ ᠵᠢᠱᠢᠶ᠎ᠡ ᠦᠵᠡᠭᠦᠯᠬᠦ 3 ᠭᠠᠴᠠᠭ᠎ᠠ ᠶᠢ ᠴᠤᠭᠴᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠮᠠᠯ ᠪᠡᠯᠴᠢᠭᠡᠷ ᠢ ᠨᠢᠭᠡ | ᠴᠣᠭᠴᠠᠵᠢᠭᠤᠯᠤᠭᠰᠠᠨ ᠮᠠᠯ ᠪᠡᠯᠴᠢᠭᠡᠷ ᠤᠨ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠪᠠ | ᠬᠠᠮᠲᠤ ᠶᠢᠨ ᠠᠵᠤ ᠠᠬᠤᠢ ᠶᠢ ᠲᠡᠮᠵᠢᠬᠦ ︱ ᠬᠠᠷ᠎ᠠ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠲᠥᠷᠥᠯ | ᠵᠦᠢᠯ ᠢ ᠰᠦᠪᠡᠭᠴᠢᠯᠡᠨ ᠬᠡᠷᠡᠭᠵᠢᠭᠦᠯᠵᠦ᠂ ᠠᠵᠤ ᠦᠢᠯᠡᠰ ᠢᠶᠠᠷ ᠬᠥᠲᠥᠯᠥᠨ ᠳᠠᠭᠠᠭᠤᠯᠬᠤ᠂ ᠬᠠᠮᠲᠤ ᠶᠢᠨ ᠠᠵᠤ | ᠠᠬᠤᠢ ᠶᠢ ᠪᠤᠵᠠᠭᠠᠶᠢᠷᠠᠭᠤᠯᠬᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠤᠬᠢ ᠰᠠᠶᠢᠨ ᠦᠷ᠎ᠡ | ᠪᠦᠲᠦᠮᠵᠢ ᠣᠯᠬᠤ ᠶᠢ ᠠᠬᠢᠭᠤᠯᠤᠨ᠎ᠠ᠃ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠣᠰᠤ ᠤᠮᠳᠠ ᠶᠢᠨ ᠠᠮᠤᠷ ᠳᠦᠪᠰᠢᠨ᠂ ᠮᠠᠯ ᠤᠨ ᠦᠬᠦᠳᠡᠯ ᠢ ᠪᠣᠬᠢᠷᠳᠤᠯ ᠦᠭᠡᠢ | ᠰᠢᠢᠳᠪᠦᠷᠢᠯᠡᠬᠦ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠭᠪᠤᠷ ᠢ ᠬᠠᠶᠢᠨ ᠰᠦᠪᠡᠭᠴᠢᠯᠡᠵᠦ᠂ ᠰᠤᠮᠤ ᠪᠠᠯᠭᠠᠰᠤ᠂ | ᠭᠠᠴᠠᠭᠠᠨ ᠤ ᠲᠦᠪᠯᠡᠷᠡᠭᠰᠡᠨ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠤᠨ᠂ ᠦᠢᠯᠡᠴᠢᠯᠡᠭᠡᠨ ᠤ | ᠬᠦᠷᠢᠶ᠎ᠡ ᠬᠡᠪᠴᠢᠶ᠎ᠡ ᠶᠢ ᠣᠷᠣᠯᠠᠨ ᠲᠡᠵᠢᠭᠡᠬᠦ᠂ ᠣᠷᠣᠯᠠᠨ ᠬᠠᠮᠢᠶᠠᠷᠬᠤ᠂ ᠣᠷᠣᠯᠠᠨ ᠭᠦᠢᠴᠡᠳᠬᠡᠬᠦ ᠵᠡᠷᠭᠡ | ᠦᠢᠯᠡᠳᠪᠦᠷᠢᠯᠡᠯ ᠤᠨ ᠳᠤᠮᠳᠠᠬᠢ ᠦᠢᠯᠡᠴᠢᠯᠡᠭᠡᠨ ᠠᠴᠠ ᠦᠢᠯᠡᠳᠪᠦᠷᠢᠯᠡᠯ ᠤᠨ ᠡᠮᠦᠨᠡᠬᠢ᠂ ᠦᠢᠯᠡᠳᠪᠦᠷᠢᠯᠡᠯ ᠤᠨ | ᠬᠤᠶᠢᠨᠠᠬᠢ ᠳᠠᠰᠢ ᠦᠷᠭᠡᠳᠬᠡᠬᠦ ᠪᠠᠷ ᠴᠢᠷᠮᠠᠶᠢᠨ᠎ᠠ᠃ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠬᠦᠴᠦᠯᠡᠨ ᠠᠳᠬᠤᠵᠤ᠂ ᠬᠥᠮᠥᠰ ᠤᠨ ᠣᠷᠣᠰᠢᠨ ᠰᠠᠭᠤᠷᠢᠰᠢᠬᠤ | ᠣᠷᠴᠢᠨ ᠢ ᠴᠡᠭᠴᠡᠯᠡᠨ ᠵᠠᠰᠠᠬᠤ 5 ᠭᠤᠣᠯᠳᠠᠯᠭ᠎ᠠ ᠲᠠᠢ ᠭᠠᠴᠠᠭ᠎ᠠ ᠶᠢ ᠵᠠᠰᠠᠨ ᠰᠠᠶᠢᠵᠢᠷᠠᠭᠤᠯᠬᠤ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠤ ᠣᠳᠣᠨ | ᠲᠠᠰ ᠤᠨ ᠪᠣᠯᠪᠠᠰᠤᠨ ᠡᠷᠦᠬᠡ ᠶᠢ ᠰᠢᠯᠭᠠᠷᠠᠭᠤᠯᠬᠤ ᠠᠵᠢᠯᠯᠠᠭ᠎ᠠ ᠶᠢ ᠭᠦᠨᠵᠡᠭᠡᠢ ᠦᠷᠨᠢᠬᠦᠯᠦᠨ᠂ ᠣᠯᠠᠨ ᠲᠦᠮᠡᠨ ᠤ | ᠭᠤᠣᠯ ᠴᠣᠭᠴᠠ ᠶᠢᠨ ᠦᠢᠯᠡᠳᠦᠯ ᠢ ᠲᠠᠰᠤᠷᠠᠯᠲᠠ ᠦᠭᠡᠢ ᠬᠥᠭᠵᠢᠭᠡᠨ᠎ᠡ᠃ ︽ᠤᠰᠤ ᠲᠠᠢ ᠪᠣᠯ ᠤᠰᠤ ᠪᠠᠷ | ᠴᠡᠪᠡᠷᠰᠢᠭᠦᠯᠵᠦ᠂ ᠤᠰᠤ ᠦᠭᠡᠢ ᠪᠣᠯ ᠪᠤᠬᠢᠷᠳᠤᠯ ᠦᠭᠡᠢ ᠴᠡᠪᠡᠷᠰᠢᠭᠦᠯᠬᠦ︾ ᠪᠠ ︽ᠮᠠᠯᠴᠢᠳ ᠤᠨ ᠬᠦᠰᠡᠯ | ᠰᠠᠨᠠᠭ᠎ᠠ ᠶᠢ ᠬᠦᠨᠳᠦᠳᠬᠡᠬᠦ︾ ᠵᠠᠷᠴᠢᠮ ᠶᠣᠰᠣᠭᠠᠷ᠂ ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠬᠤ ᠪᠠ ᠡᠳᠦᠷ | ᠲᠤᠲᠤᠮ ᠤᠨ ᠠᠷᠠᠴᠢᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠯᠵᠢᠬᠤ ᠣᠷᠣᠨ ᠤ | ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ | ᠬᠤᠲᠠ ᠪᠠᠯᠭᠠᠰᠣᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠳᠦᠪᠰᠢᠨ ᠢ ᠡᠮᠬᠢ ᠵᠢᠷᠤᠮ | ᠲᠠᠢ ᠳᠡᠭᠡᠭᠰᠢᠯᠡᠭᠦᠯᠦᠨ᠎ᠡ᠃ ᠬᠤᠲᠠ ᠪᠠᠯᠭᠠᠰᠣᠨ ᠤ ᠴᠢᠳᠠᠪᠬᠢ ᠶᠢᠨ ᠳᠤᠲᠠᠭᠤᠳᠠᠯ ᠪᠠᠭᠤᠷᠠᠢ ᠲᠠᠯ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠪᠠᠯᠭᠠᠰᠤᠨ ᠤ ᠴᠢᠳᠠᠪᠬᠢ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ | ᠲᠡᠭᠦᠯᠳᠡᠷᠵᠢᠭᠦᠯᠦᠨ᠎ᠡ᠃ ︽ᠳᠤᠯᠠᠭᠠᠯᠭ᠎ᠠ ᠶᠢᠨ ᠢᠨᠵᠧᠨᠧᠷᠢᠩ︾ ᠢ ᠨᠠᠷᠢᠯᠢᠭ ᠣᠨᠣᠴᠠᠲᠠᠢ ᠪᠥᠭᠡᠳ ᠡᠮᠬᠢ | ᠵᠢᠷᠤᠮ ᠲᠠᠢ ᠪᠠᠷ ᠬᠡᠷᠡᠭᠵᠢᠭᠦᠯᠦᠨ᠎ᠡ᠃ ᠪᠡᠯᠭᠦᠳᠡᠢ ᠪᠠᠯᠭᠠᠰᠣᠨ ᠤ ᠬᠠᠭᠤᠴᠢᠨ ᠲᠤᠤᠷ ᠬᠤᠭᠤᠯᠠᠢ ᠶᠢ ᠥᠭᠡᠷᠡᠴᠢᠯᠡᠬᠦ | ᠲᠥᠷᠥᠯ ᠵᠦᠢᠯ ᠢ ᠢᠳᠡᠪᠬᠢᠲᠡᠢ ᠪᠠᠷ ᠬᠡᠷᠡᠭᠵᠢᠭᠦᠯᠦᠨ᠂ ᠳᠤᠯᠠᠭᠠᠯᠭ᠎ᠠ ᠬᠠᠩᠭᠠᠬᠤ ᠬᠤᠭᠤᠯᠠᠢ ᠶᠢᠨ ᠠᠰᠠᠭᠤᠳᠠᠯ | ᠨᠡᠯᠢᠶᠡᠳ ᠲᠥᠪᠯᠡᠷᠡᠭᠰᠡᠨ ᠣᠷᠣᠨ ᠪᠦᠰᠡ ᠶᠢ ᠨᠡᠷᠢᠨ ᠬᠢᠨᠠᠮᠠᠭᠠᠢ ᠴᠡᠭᠴᠡᠯᠡᠨ ᠭᠠᠷᠭᠠᠵᠤ᠂ ᠤᠷᠢᠳᠴᠢᠯᠠᠨ ᠵᠠᠰᠠᠬᠤ | ᠨᠠᠷᠢᠨ ᠵᠦᠢᠯᠡᠰ ᠢᠶᠠᠨ ᠡᠮᠬᠢᠯᠡᠨ᠂ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ | ᠬᠤᠭᠤᠯᠠᠢ ᠬᠠᠭᠤᠴᠢᠷᠠᠭᠰᠠᠨ᠂ ᠵᠦᠢ ᠵᠣᠬᠢᠰ ᠦᠭᠡᠢ ᠣᠭᠰᠠᠷᠠᠭᠰᠠᠨ ᠵᠡᠷᠭᠡ ᠲᠡᠦᠬᠡᠨ ᠠᠴᠠ ᠦᠯᠡᠳᠡᠭᠳᠡᠵᠦ ᠢᠷᠡᠭᠰᠡᠨ | ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠵᠦ᠂ ᠣᠯᠠᠨ ᠲᠦᠮᠡᠨ ᠤ ᠬᠠᠯᠠᠭᠤᠨ ᠳᠤᠯᠠᠭᠠᠨ ᠡᠪᠦᠯᠵᠢᠬᠦ ᠶᠢ | ᠪᠠᠲᠤᠯᠠᠨ᠎ᠠ᠃ ᠤᠯᠤᠰ ᠤᠨ ᠲᠡᠰ ᠤᠨ ᠠᠷᠢᠭᠤᠨ ᠴᠡᠪᠡᠷ ᠬᠤᠳᠠ ᠶᠢ ᠴᠢᠷᠮᠠᠶᠢᠨ ᠴᠤᠭᠴᠠᠯᠠᠨ᠎ᠠ᠃ ᠬᠤᠲᠠ | ᠪᠠᠯᠭᠠᠰᠤᠨ ᠤ ᠬᠦᠭᠵᠢᠯᠲᠡ ᠶᠢᠨ ᠦᠢᠯᠡᠴᠢᠯᠡᠭᠡᠨ ᠤ ᠲᠥᠰᠥᠯ ᠢ ᠨᠠᠷᠢᠨ ᠨᠢᠮᠪᠠᠢ ᠲᠣᠭᠲᠠᠭᠠᠵᠤ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ᠂ ᠪᠣᠬᠢᠷ ᠤᠰᠤ ᠰᠢᠢᠳᠪᠦᠷᠢᠯᠡᠬᠦ᠂ ᠬᠤᠲᠠ ᠶᠢᠨ ᠶᠠᠪᠤᠳᠠᠯ ᠤᠨ ᠲᠦᠬᠦᠭᠡᠷᠦᠮᠵᠢ᠂ | ᠨᠣᠭᠤᠭᠠᠷᠠᠭᠤᠯᠤᠯᠲᠠ ᠵᠢᠴᠢ ᠴᠡᠴᠡᠷᠯᠢᠭ ᠤᠨ ᠬᠠᠮᠢᠶᠠᠷᠤᠯᠲᠠ ᠠᠷᠠᠴᠢᠯᠠᠯᠲᠠ᠂ ᠣᠰᠤᠨ ᠤ ᠬᠠᠩᠭᠠᠯᠭ᠎ᠠ ᠵᠡᠷᠭᠡ | ᠲᠠᠯ᠎ᠠ ᠶᠢᠨ ᠲᠣᠭᠤᠷᠢᠨ ᠳᠤ ᠳᠦᠷᠢᠮ ᠲᠣᠭᠲᠠᠭᠠᠯ ᠲᠣᠭᠲᠠᠭᠠᠨ᠂ ᠠᠰᠠᠭᠤᠳᠠᠯ ᠢ ᠡᠬᠢ ᠡᠭᠦᠰᠦᠯ ᠠᠴᠠ ᠨᠢ | ᠰᠢᠢᠳᠪᠦᠷᠢᠯᠡᠬᠦ ᠪᠠᠷ ᠴᠢᠷᠮᠠᠶᠢᠵᠤ᠂ ᠲᠤᠭᠲᠠᠯᠴᠠᠭ᠎ᠠ ᠪᠠᠷ ᠬᠡᠪ ᠤᠨ ᠪᠠᠶᠢᠳᠠᠯ ᠢ ᠪᠠᠲᠤᠯᠠᠨ᠂ ᠪᠣᠯᠪᠠᠰᠤᠨ ᠬᠤᠲᠠ | ᠪᠠᠯᠭᠠᠰᠤ ᠶᠢ ᠴᠤᠭᠴᠠᠯᠠᠬᠤ ᠪᠠᠷ ᠳᠡᠮᠵᠢᠨ᠂ ᠪᠥᠬᠦ ᠠᠷᠠᠳ ᠤᠨ ᠪᠣᠯᠪᠠᠰᠤᠨ ᠤ ᠬᠡᠪ ᠴᠢᠨᠠᠷ ᠪᠠ ᠪᠥᠬᠦ ᠨᠡᠶᠢᠭᠡᠮ ᠤᠨ | ᠪᠣᠯᠪᠠᠰᠤᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠬᠤᠲᠠ ᠪᠠᠯᠭᠠᠰᠤᠨ ᠤ ᠨᠠᠷᠢᠯᠢᠭᠵᠢᠭᠰᠠᠨ | ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠬᠤᠲᠠ ᠪᠠᠯᠭᠠᠰᠤᠨ ᠳᠤ ᠣᠷᠣᠵᠤ ᠭᠠᠷᠬᠤ ᠵᠠᠮ ᠤᠨ ᠭᠡᠰᠡᠭ | ᠪᠣᠯᠣᠨ ᠭᠠᠳᠠᠨᠠᠬᠢ ᠣᠯᠠᠨ ᠨᠡᠶᠢᠲᠡ ᠶᠢᠨ ᠲᠠᠯᠠᠪᠤᠷ᠂ ᠲᠡᠷᠭᠡ ᠣᠨᠣᠭᠠᠨ ᠤ ᠵᠤᠭᠰᠤᠭᠠᠯ᠂ ᠵᠡᠭᠡᠯᠢ ᠳᠠᠭᠠᠤ ᠶᠢᠨ ᠮᠠᠰᠢᠨ | ᠲᠡᠷᠭᠡ ᠰᠡᠯᠪᠢᠨ ᠵᠠᠰᠠᠬᠤ ᠭᠠᠵᠠᠷ᠂ ᠴᠠᠬᠢᠯᠭᠠᠨ ᠭᠠᠩᠨᠠᠭᠤᠷ ᠤᠨ ᠭᠠᠵᠠᠷ ᠵᠡᠷᠭᠡ ᠶᠢᠨ ᠵᠢᠷᠤᠮᠵᠢᠭᠰᠠᠨ ᠬᠠᠮᠢᠶᠠᠷᠤᠯᠲᠠ ᠶᠢ | ᠭᠤᠣᠯᠳᠠᠯᠭ᠎ᠠ ᠲᠠᠢ ᠰᠠᠶᠢᠲᠤᠷ ᠠᠳᠬᠤᠵᠤ᠂ ᠬᠤᠲᠠ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠪᠡᠶᠡᠯᠡᠭᠦᠯᠵᠦ᠂ ᠬᠤᠭ ᠨᠣᠪᠰᠢ ᠶᠢ ᠬᠤᠷᠢᠶᠠᠨ | ᠴᠤᠭᠯᠠᠭᠤᠯᠬᠤ ᠨᠣᠷᠮ᠎ᠠ ᠶᠢ 100% ᠳᠤ ᠬᠦᠷᠭᠡᠬᠦ ᠪᠠᠷ ᠴᠢᠷᠮᠠᠶᠢᠵᠤ᠂ ᠠᠷᠢᠭᠤᠨ ᠴᠡᠪᠡᠷ᠂ ᠳᠤᠬᠢᠯᠢᠭ ᠲᠠᠭᠠᠯᠠᠮᠵᠢᠲᠠᠢ | ᠂ ᠡᠶ᠎ᠡ ᠵᠣᠬᠢᠴᠠᠯ ᠲᠠᠢ ᠬᠤᠲᠠ ᠪᠠᠯᠭᠠᠰᠤᠨ ᠤ ᠣᠷᠴᠢᠨ ᠲᠣᠭᠤᠷᠢᠨ ᠢ ᠴᠢᠷᠮᠠᠶᠢᠨ ᠡᠭᠦᠳᠦᠨ᠎ᠡ᠃ ᠬᠠᠷᠠᠨᠠᠭᠤᠷ | ᠴᠡᠴᠡᠷᠯᠢᠭ ᠤᠨ ᠪᠦᠯᠬᠦᠮᠳᠡᠯ ᠠᠭᠤᠳᠠᠮ ᠲᠠᠯᠠᠪᠠᠶ ᠶᠢ ᠲᠠᠰ ᠳᠡᠪᠰᠢᠭᠦᠯᠬᠦ ᠪᠠ ᠪᠡᠯᠭᠦᠳᠡᠢ ᠪᠤᠳᠠᠰ ᠤᠨ ᠭᠦᠢᠯᠭᠡᠭᠡᠨ ᠤ | ᠦᠢᠯᠡᠴᠢᠯᠡᠭᠡᠨ ᠤ ᠲᠣᠭᠤᠷᠢᠭ ᠤᠨ ᠢᠨᠵᠧᠨᠧᠷᠢᠩ ᠢ ᠲᠦᠷᠭᠡᠳᠬᠡᠨ ᠪᠡᠶᠡᠯᠡᠭᠦᠯᠵᠦ᠂ ᠣᠯᠠᠨ ᠲᠦᠮᠡᠨ ᠳᠤ ᠨᠠᠩ | ᠳᠤᠬᠢᠯᠢᠭ ᠰᠠᠶᠢᠬᠠᠨ ᠬᠦᠳᠡᠯᠭᠡᠭᠡᠨ ᠤ ᠣᠷᠣᠨ ᠵᠠᠢ ᠬᠠᠩᠭᠠᠵᠤ᠂ ᠪᠤᠳᠠᠰ ᠤᠨ ᠭᠦᠢᠯᠭᠡᠭᠡᠨ ᠤ ᠦᠢᠯᠡᠴᠢᠯᠡᠭᠡᠨ ᠤ | ᠳᠤᠲᠠᠭᠤᠳᠠᠯ ᠢ ᠨᠥᠬᠦᠪᠦᠷᠢᠯᠡᠬᠦ ᠪᠠᠷ ᠴᠢᠷᠮᠠᠶᠢᠨ᠎ᠠ᠃ | ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ ᠤᠯᠤᠰ ᠤᠨ ᠬᠢᠯᠢ | ᠬᠢᠵᠠᠭᠠᠷ ᠢᠶᠠᠨ ᠰᠠᠬᠢᠨ᠂ ᠬᠢᠯᠢ ᠬᠢᠵᠠᠭᠠᠷ ᠢ ᠪᠠᠬᠢᠵᠢᠭᠦᠯᠵᠦ᠂ ᠬᠢᠯᠢ ᠬᠢᠵᠠᠭᠠᠷ ᠢ ᠬᠥᠭᠵᠢᠭᠦᠯᠬᠦ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠰᠢᠭᠲᠠᠢ ᠠᠵᠠ ᠲᠣᠬᠢᠶᠠᠯ ᠢ ᠡᠵᠡᠮᠳᠡᠨ᠂ | ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠪᠦᠬᠦ ᠬᠦᠴᠦᠨ ᠢᠶᠠᠷ ᠢᠶᠠᠨ ᠨᠥᠬᠦᠪᠦᠷᠢᠯᠡᠨ᠎ᠡ᠃ ᠬᠤᠶᠢᠲᠤ ᠰᠣᠮᠣᠨ ᠤ | ᠭᠤᠣᠯᠳᠠᠯᠭ᠎ᠠ ᠲᠠᠢ ᠠᠵᠤ ᠠᠬᠤᠶᠢᠯᠠᠯ ᠤᠨ ᠮᠡᠷᠭᠡᠵᠢᠯ ᠴᠢᠳᠠᠪᠬᠢ ᠶᠢᠨ ᠥᠭᠡᠷᠡᠴᠢᠯᠡᠯᠲᠡ᠂ ᠮᠠᠯ ᠠᠵᠤ ᠠᠬᠤᠢ ᠶᠢᠨ | ᠬᠡᠪᠴᠢᠶᠡᠵᠢᠭᠰᠡᠨ ᠬᠦᠭᠵᠢᠯᠲᠡ ᠳᠤ ᠬᠡᠷᠡᠭᠯᠡᠬᠦ ᠤᠰᠤ ᠳᠤᠲᠠᠭᠳᠠᠵᠤ ᠪᠠᠶᠢᠬᠤ ᠵᠡᠷᠭᠡ ᠠᠵᠢᠯ ᠢ ᠡᠷᠲᠡ ᠠᠴᠠ | ᠲᠦᠯᠦᠪᠯᠡᠨ᠂ ︽ᠴᠠᠭᠠᠨ ᠨᠠᠭᠤᠷ ᠤᠨ ᠣᠰᠤ ᠶᠢ ᠬᠤᠶᠢᠰᠢ ᠲᠠᠲᠠᠬᠤ︾ ᠶᠢ ᠡᠳᠦᠷ ᠲᠤᠲᠤᠮ ᠤᠨ ᠵᠥᠪᠯᠡᠬᠦ | ᠵᠦᠢᠯ ᠳᠡᠭᠡᠨ ᠣᠷᠣᠭᠤᠯᠵᠤ᠂ ᠪᠠᠶᠢᠳᠠᠯ ᠢ ᠣᠶᠢᠯᠠᠭᠠᠬᠤ ᠪᠠᠶᠢᠴᠠᠭᠠᠨ ᠰᠤᠳᠤᠯᠤᠯᠲᠠ ᠬᠢᠬᠦ᠂ ᠵᠠᠮ ᠱᠤᠭᠤᠮ | ᠲᠦᠯᠦᠪᠵᠢᠬᠦᠯᠬᠦ᠂ ᠲᠥᠷᠥᠯ ᠵᠦᠢᠯ ᠢ ᠲᠥᠰᠥᠪᠯᠡᠬᠦ᠂ ᠪᠡᠯᠡ ᠮᠥᠩᠭᠦ ᠭᠤᠶᠤᠴᠢᠯᠠᠬᠤ ᠵᠡᠷᠭᠡ ᠶᠠᠪᠤᠳᠠᠯ ᠢ ᠤᠷᠢᠳᠠᠪᠠᠷ | ᠡᠬᠢᠯᠡᠭᠦᠯᠵᠦ᠂ ︽ᠲᠠᠲᠠᠬᠤ᠂ ᠲᠣᠬᠢᠷᠠᠭᠤᠯᠬᠤ᠂ ᠬᠠᠳᠠᠭᠠᠯᠠᠬᠤ︾ ᠢᠨᠵᠧᠨᠧᠷᠢᠩ ᠢᠶᠠᠷ ᠳᠠᠮᠵᠢᠨ᠂ ᠬᠤᠶᠢᠲᠤ | ᠬᠡᠰᠡᠭ ᠤᠨ ᠭᠠᠵᠠᠷ ᠣᠷᠣᠨ ᠤ ᠠᠵᠤ ᠦᠢᠯᠡᠳᠪᠦᠷᠢ ᠶᠢᠨ ᠬᠡᠷᠡᠭᠯᠡᠬᠦ ᠤᠰᠤ ᠳᠤᠲᠠᠭᠳᠠᠵᠤ ᠪᠠᠶᠢᠭ᠎ᠠ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠵᠦ᠂ ᠣᠶᠢᠷ᠎ᠠ ᠬᠠᠪᠢ ᠶᠢᠨ ᠮᠠᠯᠵᠢᠬᠤ ᠦᠢᠯᠡᠳᠪᠤᠷᠢᠯᠡᠯ ᠳᠤ ᠬᠡᠷᠡᠭᠰᠡᠬᠦ ᠤᠰᠤᠨ ᠤ | ᠬᠠᠩᠭᠠᠯᠭ᠎ᠠ ᠶᠢᠨ ᠳᠠᠷᠤᠯᠲᠠ ᠶᠢ ᠬᠥᠩᠭᠡᠷᠡᠭᠦᠯᠦᠨ᠎ᠡ᠃ ᠮᠠᠯᠵᠢᠬᠤ ᠣᠷᠣᠨ ᠤ ᠤᠰᠤ ᠤᠮᠳᠠ ᠶᠢᠨ ᠠᠶᠤᠯᠭᠦᠢ | ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ 134 ᠤᠰᠤᠨ ᠰᠤᠷᠪᠤᠯᠵᠢ ᠶᠢᠨ ᠬᠤᠳᠳᠤᠭ᠂ 84 ᠤᠰᠤ | ᠬᠠᠳᠠᠭᠠᠯᠠᠬᠤ ᠵᠣᠭᠤᠷᠢ ᠰᠢᠨ᠎ᠡ ᠪᠠᠷ ᠪᠠᠶᠢᠭᠤᠯᠵᠤ᠂ ᠮᠠᠯᠴᠢᠳ ᠤᠨ ᠬᠤᠯᠠ ᠠᠴᠠ ᠤᠰᠤ ᠲᠡᠭᠡᠭᠡᠬᠦ ᠠᠰᠠᠭᠤᠳᠠᠯ ᠢ | ᠠᠯᠬᠤᠮ ᠠᠯᠬᠤᠮ ᠢᠶᠠᠷ ᠰᠢᠢᠳᠪᠦᠷᠢᠯᠡᠨ᠎ᠡ᠃ ᠬᠥᠳᠡᠭᠡ ᠲᠣᠰᠬᠤᠨ ᠤ ᠴᠠᠬᠢᠯᠭᠠᠨ ᠲᠣᠣᠷ ᠢ ᠲᠠᠰ ᠳᠡᠪᠰᠢᠭᠦᠯᠦᠨ | ᠥᠭᠡᠷᠡᠴᠢᠯᠡᠬᠦ ᠵᠠᠮ ᠱᠤᠭᠤᠮ ᠢ ᠤᠷᠲᠤᠳᠬᠠᠬᠤ ᠠᠰᠢᠭᠲᠠᠢ ᠠᠵᠠ ᠲᠣᠬᠢᠶᠠᠯ ᠢ ᠡᠵᠡᠮᠳᠡᠨ᠂ ᠪᠤᠶᠢᠳᠠ ᠪᠥᠭᠯᠡᠭᠦᠦ | ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠢ ᠲᠠᠰ ᠳᠡᠪᠰᠢᠭᠦᠯᠬᠦ᠂ ᠰᠢᠨ᠎ᠡ ᠡᠨᠧᠷᠭᠢ ᠶᠢ ᠴᠠᠬᠢᠯᠭᠠᠨ ᠲᠣᠣᠷ ᠲᠤ | ᠤᠷᠤᠭᠤᠯᠬᠤ᠂ ᠰᠢᠨ᠎ᠡ ᠡᠨᠧᠷᠭᠢ ᠶᠢᠨ ᠴᠠᠬᠢᠯᠭᠠᠨ ᠬᠠᠩᠭᠠᠬᠤ ᠲᠥᠬᠦᠭᠡᠷᠦᠮᠵᠢ ᠶᠢ ᠲᠠᠰ ᠳᠡᠪᠰᠢᠭᠦᠯᠦᠨ ᠦᠭᠡᠷᠡᠴᠢᠯᠡᠬᠦ | ᠢᠨᠵᠧᠨᠧᠷᠢᠩ ᠢ ᠲᠣᠭᠲᠠᠭᠤᠨ ᠢᠶᠠᠷ ᠬᠡᠷᠡᠭᠵᠢᠭᠦᠯᠵᠦ᠂ ᠵᠢᠯ ᠤᠨ ᠳᠣᠲᠣᠷ᠎ᠠ 10 ᠺᠢᠯᠤᠸᠤᠯᠲ ᠤᠨ ᠴᠠᠬᠢᠯᠭᠠᠨ | ᠱᠤᠭᠤᠮ ᠢ ᠰᠢᠨ᠎ᠠ ᠪᠠᠷ ᠪᠠᠶᠢᠭᠤᠯᠬᠤ ᠪᠠ ᠦᠬᠡᠷᠡᠴᠢᠯᠡᠨ ᠰᠠᠶᠢᠵᠢᠷᠠᠭᠤᠯᠵᠤ᠂ 93 ᠮᠠᠯᠴᠢᠨ ᠡᠷᠦᠬᠡ ᠳᠤ | ᠨᠡᠪᠲᠡᠷᠡᠭᠦᠯᠦᠨ᠎ᠡ᠃ ᠵᠠᠮ ᠤᠨ ᠪᠦᠲᠦᠭᠡᠨ ᠪᠠᠶᠢᠭᠤᠯᠤᠯᠲᠠ ᠶᠢᠨ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠨᠢᠭᠡᠳᠦᠯᠲᠡᠢ | ᠲᠥᠯᠥᠪᠯᠡᠨ ᠰᠠᠶᠢᠲᠤᠷ ᠬᠡᠷᠡᠭᠵᠢᠭᠦᠯᠦᠨ᠂ 625 ᠤᠯᠤᠰ ᠤᠨ ᠲᠡᠰ ᠤᠨ ᠵᠠᠮ ᠤᠨ ᠡᠮᠦᠨᠡᠬᠢ ᠬᠤᠭᠤᠴᠠᠭᠠᠨ ᠤ | ᠠᠵᠢᠯ ᠢ ᠬᠠᠮᠵᠢᠯᠴᠠᠨ ᠰᠠᠶᠢᠲᠤᠷ ᠪᠡᠶᠡᠯᠡᠬᠦᠯᠵᠦ᠂ 331 ᠤᠯᠤᠰ ᠤᠨ ᠲᠡᠰ ᠤᠨ ᠵᠠᠮ ᠤᠨ ᠷᠠᠰᠢᠶᠠᠨ ᠠᠴᠠ ᠪᠡᠯᠭᠦᠳᠡᠢ | ᠬᠦᠷᠬᠦ ᠬᠡᠰᠡᠭ ᠤᠨ 62 ᠺᠢᠯᠣᠮᠧᠲᠷ ᠤᠨ ᠵᠠᠰᠠᠮᠠᠯ ᠵᠠᠮ᠂ ᠪᠠᠶᠠᠨᠳᠤᠭ ᠰᠤᠮᠤ ᠠᠴᠠ ᠪᠡᠯᠭᠦᠳᠡᠢ ᠪᠠᠯᠭᠠᠰᠤ ᠬᠦᠷᠬᠦ 87 | ᠺᠢᠯᠣᠮᠧᠲᠷ ᠤᠨ ᠵᠠᠰᠠᠮᠠᠯ ᠵᠠᠮ᠂ ᠵᠢᠩ ᠨᠧᠩ ᠴᠠᠬᠢᠯᠭᠠᠨ ᠤ ᠦᠢᠯᠡᠳᠪᠦᠷᠢ ᠠᠴᠠ ᠵᠢᠩ ᠨᠧᠩ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠠᠯᠠᠪᠠᠶ ᠬᠦᠷᠬᠦ 2.88 ᠺᠢᠯᠣᠮᠧᠲᠷ ᠤᠨ ᠵᠠᠰᠠᠮᠠᠯ ᠵᠠᠮ᠂ ᠴᠠᠭᠠᠨᠨᠠᠭᠤᠷ | ᠪᠠᠯᠭᠠᠰᠣᠨ ᠤ 2.4 ᠺᠢᠯᠣᠮᠧᠲᠷ ᠤᠨ ᠵᠠᠮ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ︔ | ᠪᠠᠶᠠᠨᠵᠢᠷᠭᠠᠯᠠᠩᠲᠤ ᠭᠠᠴᠠᠭ᠎ᠠ ᠠᠴᠠ ᠬᠢᠯᠢ ᠶᠢᠨ ᠬᠠᠮᠠᠭᠠᠯᠠᠯᠲᠠ ᠶᠢᠨ ᠱᠤᠭᠤᠮ ᠬᠦᠷᠬᠦ 18.5 ᠺᠢᠯᠣᠮᠧᠲᠷ ᠤᠨ ᠵᠠᠰᠠᠮᠠᠯ | ᠵᠠᠮ᠂ ᠴᠠᠭᠠᠨᠨᠠᠭᠤᠷ ᠪᠠᠯᠭᠠᠰᠣᠨ ᠤ ᠪᠠᠶᠠᠨᠨᠠᠭᠤᠷ ᠭᠠᠴᠠᠭᠠᠨ ᠤ 33 ᠺᠢᠯᠣᠮᠧᠲᠷ ᠤᠨ ᠵᠠᠰᠠᠮᠠᠯ ᠵᠠᠮ᠂ ᠯᠦᠩ ᠰᠢᠩ | ᠠᠭᠤᠷᠬᠠᠢ ᠶᠢᠨ ᠦᠢᠯᠡᠰ ᠠᠴᠠ ᠪᠠᠶᠠᠨᠲᠤᠭ ᠰᠣᠮᠣ ᠬᠦᠷᠬᠦ 13 ᠺᠢᠯᠣᠮᠧᠲᠷ ᠤᠨ ᠵᠠᠰᠠᠮᠠᠯ ᠵᠠᠮ ᠢ ᠲᠣᠭᠲᠠᠭᠰᠠᠨ | ᠴᠠᠭ ᠲᠤ ᠠᠵᠢᠯ ᠳᠠᠭᠤᠰᠬᠠᠬᠤ ᠶᠢ ᠦᠨᠡᠨᠬᠦ ᠪᠠᠲᠤᠯᠠᠨ᠎ᠠ︔ ᠪᠡᠯᠭᠦᠳᠡᠢ ᠪᠠᠯᠭᠠᠰᠤᠨ ᠠᠴᠠ ᠨᠠᠷᠠᠨᠪᠤᠯᠠᠭ ᠰᠤᠮᠤ᠂ | ᠪᠡᠯᠭᠦᠳᠡᠢ ᠪᠠᠯᠭᠠᠰᠤᠨ ᠠᠴᠠ ᠶᠡᠬᠡᠭᠤᠣᠯ ᠰᠤᠮᠤ ᠬᠦᠷᠬᠦ ᠨᠡᠶᠢᠲᠡ 160 ᠺᠢᠯᠣᠮᠧᠲᠷ ᠤᠨ ᠵᠠᠮ ᠢ ᠠᠷᠠᠴᠢᠯᠠᠨ | ᠬᠠᠮᠠᠭᠠᠯᠠᠬᠤ ᠢᠨᠵᠧᠨᠧᠷᠢᠩ ᠢ ᠯᠠᠪᠳᠠᠭᠤᠨ ᠪᠠᠲᠤᠲᠠᠢ ᠰᠠᠶᠢᠲᠤᠷ ᠭᠦᠢᠴᠡᠳᠭᠡᠵᠦ᠂ ᠮᠠᠯᠵᠢᠬᠤ ᠣᠷᠣᠨ ᠤ ᠵᠠᠮ | ᠨᠡᠪᠲᠡᠷᠡᠯᠭᠡ ᠶᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠴᠢᠮᠡᠭᠡ ᠨᠡᠪᠲᠡᠷᠡᠯᠭᠡ ᠶᠢᠨ ᠡᠵᠡᠩᠨᠡᠯᠲᠡ ᠶᠢᠨ | ᠠᠷᠠᠯᠵᠢᠶᠠᠴᠢᠨ ᠲᠠᠢ ᠬᠠᠷᠢᠴᠠᠵᠤ ᠨᠡᠪᠳᠡᠷᠡᠯᠴᠡᠬᠦ ᠡᠷᠴᠢᠮ ᠢᠶᠠᠨ ᠴᠢᠩᠭᠠᠳᠬᠠᠵᠤ᠂ ᠰᠢᠨ᠎ᠡ ᠪᠠᠷ ᠪᠠᠶᠢᠭᠤᠯᠬᠤ ᠰᠠᠭᠤᠷᠢ | ᠥᠷᠲᠡᠭᠡ ᠶᠢᠨ ᠴᠡᠭ ᠪᠠᠶᠢᠷᠢ ᠶᠢ ᠵᠦᠢ ᠵᠣᠬᠢᠰᠲᠠᠢ ᠲᠣᠬᠢᠷᠠᠭᠤᠯᠤᠨ᠂ ᠴᠢᠮᠡᠭᠡ ᠨᠡᠪᠲᠡᠷᠡᠯᠭᠡ ᠶᠢᠨ ᠪᠦᠷᠬᠦᠴᠡ ᠶᠢᠨ | ᠨᠣᠷᠮ᠎ᠠ ᠶᠢ ᠬᠠᠮᠤᠭ ᠤᠨ ᠶᠡᠭᠡ ᠬᠡᠮᠵᠢᠶᠡᠨ ᠳᠤ ᠬᠦᠷᠭᠡᠬᠦ ᠶᠢ ᠪᠠᠲᠤᠯᠠᠨ᠎ᠠ᠃ | ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠲᠠᠰᠤᠷᠠᠯᠳᠠ ᠦᠭᠡᠢ | ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠦᠷᠭᠦᠯᠵᠢᠯᠡᠨ | ᠴᠢᠩᠭᠠᠳᠬᠠᠨ ᠨᠠᠶᠢᠳᠠᠪᠤᠷᠢᠵᠢᠭᠤᠯᠵᠤ᠂ ᠵᠢᠯ ᠤᠨ ᠳᠣᠲᠣᠷ᠎ᠠ 3500 ᠠᠵᠢᠯ ᠤᠨ ᠪᠠᠶᠢᠷᠢ ᠴᠤᠭᠯᠠᠭᠤᠯᠤᠨ᠂ ᠬᠤᠳᠠ | ᠪᠠᠯᠭᠠᠰᠤᠨ ᠤ 450 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠤᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠂ 500 ᠬᠦᠮᠦᠨ ᠳᠤ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠭᠡᠬᠦ ᠪᠠᠷ ᠴᠢᠷᠮᠠᠶᠢᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠪᠠᠷᠢᠮᠵᠢᠶ᠎ᠠ ᠳᠤ ᠬᠦᠷᠭᠡᠨ ᠴᠤᠭᠴᠠᠯᠠᠨ ᠪᠠᠶᠢᠭᠤᠯᠬᠤ ᠠᠵᠢᠯ ᠢ | ᠢᠳᠡᠪᠬᠢᠲᠡᠢ ᠦᠷᠨᠢᠭᠦᠯᠦᠨ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠠᠭᠤᠷᠢ ᠲᠦᠬᠦᠭᠡᠷᠦᠮᠵᠢ ᠶᠢ ᠴᠢᠷᠮᠠᠶᠢᠨ | ᠲᠡᠭᠦᠯᠳᠡᠷᠵᠢᠭᠦᠯᠵᠦ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠭᠦᠶᠦᠯᠲᠡ ᠶᠢᠨ | ᠵᠠᠮ ᠤᠨ ᠥᠭᠡᠷᠡᠴᠢᠯᠡᠯᠲᠡ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠤᠭᠤᠯᠠᠨ ᠭᠡᠷ ᠤᠨ ᠶᠡᠷᠦᠩᠬᠡᠶᠢᠯᠡᠭᠰᠡᠨ | ᠠᠰᠠᠷ ᠤᠨ ᠪᠦᠲᠦᠭᠡᠨ ᠪᠠᠶᠢᠭᠤᠯᠤᠯᠲᠠ᠂ ᠨᠢᠭᠡᠳᠦᠭᠡᠷ ᠪᠠᠭ᠎ᠠ ᠰᠤᠷᠭᠠᠭᠤᠯᠢ ᠶᠢᠨ ᠰᠠᠭᠤᠷᠢ ᠲᠦᠬᠦᠭᠡᠷᠦᠮᠵᠢ ᠶᠢ | ᠥᠭᠡᠷᠡᠴᠢᠯᠡᠨ ᠲᠠᠰ ᠳᠡᠪᠰᠢᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠪᠥᠬᠦ ᠠᠶᠢᠮᠠᠭ ᠤᠨ ᠳᠤᠮᠳᠠᠳᠤ | ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠪᠡᠶ᠎ᠡ ᠲᠠᠮᠢᠷ ᠤᠨ ᠴᠤᠭᠯᠠᠭᠠᠨ ᠢ ᠡᠷᠬᠢᠯᠡᠨ ᠶᠠᠪᠤᠭᠳᠠᠭᠤᠯᠬᠤ | ᠪᠡᠯᠡᠳᠬᠡᠯ ᠠᠵᠢᠯ ᠢ ᠪᠥᠬᠦ ᠲᠠᠯ᠎ᠠ ᠪᠠᠷ ᠰᠠᠶᠢᠲᠤᠷ ᠭᠦᠢᠴᠡᠳᠭᠡᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠮᠦᠵᠢᠯ ᠢ ᠴᠢᠩᠭᠠᠳᠬᠠᠵᠤ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ | ᠭᠦᠨᠵᠡᠭᠡᠶᠢᠷᠡᠭᠦᠯᠦᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ | ᠵᠢᠭᠠᠨ ᠰᠤᠷᠭᠠᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠨᠠᠮᠤᠷ ᠤᠨ ᠣᠯᠠᠷᠢᠯ ᠤᠨ ᠰᠤᠷᠤᠯᠭ᠎ᠠ ᠶᠢᠨ | ᠬᠤᠭᠤᠴᠠᠭ᠎ᠠ ᠠᠴᠠ ᠡᠬᠢᠯᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠦᠬᠦ ᠬᠢᠴᠢᠶᠡᠯ ᠲᠦᠷᠦᠯ ᠢ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠨ ᠰᠤᠷᠭᠠᠯᠲᠠ ᠬᠢᠨ᠎ᠡ᠃ ᠡᠮᠴᠢᠯᠡᠭᠡᠨ ᠤ | ᠶᠠᠰᠤ ᠴᠢᠨᠠᠷ ᠪᠣᠯᠣᠨ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ︽ᠡᠮᠴᠢᠯᠡᠭᠡᠨ ᠤ | ᠬᠠᠮᠲᠤ ᠶᠢᠨ ᠴᠣᠭᠴᠠ︾ ᠪᠠ ︽ᠡᠮᠴᠢᠯᠡᠭᠡᠨ ᠤ ᠬᠤᠯᠪᠣᠭᠠᠲᠤ ᠴᠣᠭᠴᠠ︾ ᠶᠢᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠬᠤᠰᠢᠭᠤ ᠡᠮᠨᠡᠯᠭᠡ ᠶᠢᠨ ᠬᠤᠷᠢᠶ᠎ᠠ ᠶᠢᠨ ︽ᠲᠠᠪᠤᠨ ᠶᠡᠭᠡ ᠲᠥᠪ︾ ᠪᠠ ᠮᠣᠩᠭᠤᠯ | ᠡᠮᠨᠡᠯᠭᠡ ᠶᠢᠨ ᠬᠤᠷᠢᠶ᠎ᠠ ᠶᠢᠨ ᠲᠦᠷᠭᠡᠨ ᠡᠮᠨᠡᠯᠭᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ | ᠪᠡᠯᠭᠦᠳᠡᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠮᠨᠡᠯᠭᠡ ᠳᠤ ᠰᠠᠭᠤᠬᠤ | ᠭᠠᠵᠠᠷ ᠤᠨ ᠠᠰᠢᠭᠯᠠᠯᠲᠠ ᠳᠤ ᠣᠷᠣᠬᠤ ᠶᠢ ᠢᠳᠡᠪᠬᠢᠲᠡᠢ ᠠᠬᠢᠭᠤᠯᠵᠤ᠂ ᠬᠤᠰᠢᠭᠤ ᠡᠮᠨᠡᠯᠭᠡ ᠶᠢᠨ ᠬᠤᠷᠢᠶ᠎ᠠ ᠶᠢᠨ | ᠲᠤᠨᠤᠭ ᠲᠦᠬᠦᠭᠡᠷᠦᠮᠵᠢ᠂ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ᠂ ᠰᠦᠯᠵᠢᠶᠡᠨ ᠤ ᠡᠮᠨᠡᠯᠭᠡ ᠶᠢᠨ ᠬᠤᠷᠢᠶ᠎ᠠ | ᠵᠢᠴᠢ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠯ ᠹᠢᠽᠢᠺ ᠵᠠᠰᠠᠯ ᠤᠨ ᠰᠢᠯᠭᠠᠨ ᠪᠠᠶᠢᠴᠠᠭᠠᠬᠤ ᠲᠥᠪ ᠢ | ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠬᠤᠯᠤᠭᠠᠨ᠎ᠠ ᠶᠢᠨ ᠬᠢᠵᠢᠭ ᠵᠡᠷᠭᠡ | ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠬᠤᠯᠤᠭᠠᠨ᠎ᠠ ᠪᠠ ᠨᠣᠬᠠᠢ ᠶᠢᠨ ᠪᠥᠭᠡᠰᠦ ᠤᠰᠠᠳᠬᠠᠬᠤ ᠠᠵᠢᠯ ᠢ ᠬᠠᠮᠠᠭᠠᠯᠠᠯᠲᠠ ᠶᠢᠨ ᠴᠢᠨᠠᠷᠲᠠᠢ | ᠴᠠᠭ ᠲᠤᠬᠠᠢ ᠳᠤᠨᠢ ᠥᠷᠨᠢᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ ᠶᠢᠨ | ᠪᠣᠯᠪᠠᠰᠤᠷᠠᠯ ᠤᠨ ᠨᠤᠷᠮ᠎ᠠ᠂ ᠬᠢᠷᠢ ᠲᠡᠩᠴᠡᠭᠰᠡᠨ ᠨᠤᠷᠮ᠎ᠠ ᠶᠢ ᠴᠦᠮ 100% ᠳᠤ ᠬᠦᠷᠭᠡᠬᠦ ᠶᠢ ᠪᠠᠲᠤᠯᠠᠨ᠎ᠠ᠃ ᠪᠥᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ︽ᠰᠦᠯᠵᠢᠶᠡᠨ | ᠳᠡᠭᠡᠷ᠎ᠡ + ᠰᠦᠯᠵᠢᠶᠡᠨ ᠭᠠᠳᠠᠨ᠎ᠠ︾ ᠣᠯᠠᠨ ᠠᠷᠭ᠎ᠠ ᠵᠠᠮ ᠢᠶᠠᠷ ᠳᠠᠮᠵᠢᠨ᠂ ᠨᠡᠶᠢᠭᠡᠮ ᠤᠨ ᠳᠠᠭᠠᠳᠬᠠᠯ ᠤᠨ | ᠲᠥᠷᠥ ᠶᠢᠨ ᠪᠣᠳᠣᠯᠭ᠎ᠠ ᠶᠢ ᠤᠬᠠᠭᠤᠯᠵᠤ᠂ ᠬᠡᠪᠴᠢᠶ᠎ᠡ ᠶᠢ ᠨᠠᠷᠢᠯᠢᠭ ᠣᠨᠣᠴᠠᠲᠠᠢ ᠪᠠᠷ ᠥᠷᠭᠡᠳᠬᠡᠬᠦ ᠶᠢ ᠪᠡᠶᠡᠯᠡᠭᠦᠯᠦᠨ᠎ᠡ | ᠃ ᠭᠡᠷ ᠲᠡᠭᠡᠨ ᠰᠠᠭᠤᠬᠤ ᠬᠡᠯᠪᠡᠷᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ | ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠵᠢᠯ ᠤᠨ ᠳᠣᠲᠣᠷ᠎ᠠ ᠭᠡᠷ ᠲᠡᠭᠡᠨ ᠰᠠᠭᠤᠬᠤ | ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠪᠠᠶᠢᠭᠤᠯᠤᠨ ᠳᠠᠭᠤᠰᠬᠠᠵᠤ | ᠠᠰᠢᠭᠯᠠᠯᠲᠠ ᠳᠤ ᠤᠷᠤᠭᠤᠯᠤᠨ᠎ᠠ᠃ ᠰᠣᠶᠣᠯ ᠲᠠᠮᠢᠷ ᠤᠨ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠶᠠᠩᠳᠤᠤ | ᠰᠦᠮ᠎ᠡ ᠶᠢᠨ ᠬᠤᠶᠠᠳᠤᠭᠠᠷ ᠬᠤᠭᠤᠴᠠᠭᠠᠨ ᠤ ᠰᠡᠯᠪᠢᠨ ᠵᠠᠰᠠᠬᠤ ᠢᠨᠵᠧᠨᠧᠷᠢᠩ ᠤᠨ ᠲᠦᠷᠦᠯ ᠵᠦᠢᠯ ᠤᠨ ᠪᠡᠯᠡ | ᠮᠥᠩᠭᠦ ᠶᠢ ᠭᠤᠶᠤᠴᠢᠯᠠᠨ ᠣᠯᠬᠤ ᠡᠷᠴᠢᠮ ᠢᠶᠠᠨ ᠴᠢᠩᠭᠠᠷᠠᠭᠤᠯᠵᠤ᠂ ᠮᠦᠽᠧᠢ ᠶᠢᠨ ᠳᠡᠯᠭᠡᠨ ᠦᠵᠡᠭᠦᠯᠦᠯᠭᠡ ᠶᠢᠨ | ᠲᠢᠩᠬᠢᠮ ᠢ ᠵᠠᠰᠠᠨ ᠰᠠᠶᠢᠵᠢᠷᠠᠭᠤᠯᠬᠤ ᠲᠦᠷᠦᠯ ᠵᠦᠢᠯ ᠢ ᠪᠡᠶᠡᠯᠡᠭᠦᠯᠦᠨ᠂ ᠳᠥᠷᠪᠡᠳᠦᠭᠡᠷ ᠣᠳᠠᠭᠠᠨ ᠤ ᠪᠦᠬᠦ | ᠤᠯᠤᠰ ᠤᠨ ᠦᠯᠦ ᠬᠦᠳᠡᠯᠬᠦ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ | ᠨᠠᠷᠢᠨ ᠬᠢᠨᠠᠮᠠᠭᠠᠢ ᠰᠠᠶᠢᠲᠤᠷ ᠦᠷᠨᠢᠬᠦᠯᠦᠨ᠎ᠡ᠃ ᠵᠠᠯᠠᠭᠤᠴᠤᠳ ᠪᠠᠭᠠᠴᠤᠳ ᠤᠨ ᠬᠥᠭᠵᠢᠯᠲᠡ ᠶᠢᠨ | ᠲᠥᠯᠦᠪᠵᠢᠭᠦᠯᠭᠡ ᠶᠢᠨ ᠠᠵᠢᠯ ᠤᠨ ᠲᠤᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠳᠡᠭᠡᠷ᠎ᠡ ᠳᠣᠣᠷ᠎ᠠ | ᠱᠠᠲᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠭᠰᠠᠨ ᠵᠠᠯᠠᠭᠤᠴᠤᠳ ᠤᠨ ᠬᠥᠭᠵᠢᠯᠲᠡ ᠶᠢᠨ | ᠠᠵᠢᠯ ᠤᠨ ᠨᠢᠭᠲᠠᠷᠠᠯ ᠤᠨ ᠬᠦᠴᠦᠨ ᠢ ᠴᠢᠷᠮᠠᠶᠢᠨ ᠪᠦᠷᠢᠯᠳᠦᠭᠦᠯᠦᠨ᠎ᠡ᠃ ᠰᠢᠨ᠎ᠡ ᠴᠠᠭ ᠦᠶ᠎ᠡ ᠶᠢᠨ | ᠤᠯᠠᠭᠠᠨᠮᠥ᠋ᠴᠢᠷ ᠤᠨ ᠠᠵᠢᠯ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠠᠷᠠᠳ ᠲᠤ ᠠᠰᠢᠭ | ᠬᠦᠷᠲᠡᠭᠡᠬᠦ ᠲᠣᠭᠯᠠᠯᠲᠠ ᠶᠢᠨ ᠶᠡᠷᠦᠩᠬᠡᠶᠢᠯᠡᠭᠰᠡᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠨᠠᠢᠮᠠ᠂ ᠬᠠᠯᠬᠠᠪᠴᠢ ᠪᠠᠶᠢᠭᠤᠯᠬᠤ᠂ ᠠᠮᠤᠷ ᠲᠦᠪᠰᠢᠨ ᠢ ᠪᠠᠲᠤᠯᠠᠬᠤ ᠶᠢ ᠪᠥᠬᠦ ᠬᠦᠴᠦᠨ ᠢᠶᠠᠷ ᠢᠶᠠᠨ | ᠠᠳᠬᠤᠵᠤ᠂ ᠬᠦᠨᠳᠦ ᠶᠡᠭᠡ ᠲᠦᠭᠰᠢᠭᠦᠷᠢ ᠶᠢ ᠡᠷᠡᠰ ᠢᠶᠠᠷ ᠰᠡᠷᠭᠡᠶᠢᠯᠡᠨ ᠨᠠᠮᠳᠠᠭᠠᠨ᠎ᠠ᠃ ᠦᠨᠳᠦᠰᠦᠲᠡᠨ ᠤ ᠠᠵᠢᠯ ᠢ | ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠱᠤᠭᠤᠮ ᠢ ᠪᠠᠲᠤ ᠡᠵᠡᠮᠳᠡᠵᠦ᠂ ︽ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ︾ ᠢ ᠴᠤᠭᠴᠠᠯᠠᠬᠤ ᠪᠠᠶᠢᠴᠠᠭᠠᠯᠲᠠ ᠶᠢ | ᠤᠭᠲᠤᠬᠤ ᠵᠢᠱᠢᠶ᠎ᠡ ᠦᠵᠡᠭᠦᠯᠬᠦ ᠴᠡᠭ ᠤᠨ ᠲᠡᠰ ᠳᠡᠪᠰᠢᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠰᠢᠯᠭᠠᠨ ᠪᠠᠶᠢᠴᠠᠭᠠᠯᠲᠠ ᠶᠢ ᠤᠷᠤᠭᠰᠢᠲᠠᠢ ᠦᠩᠭᠡᠷᠡᠭᠡᠬᠦ ᠶᠢ ᠪᠠᠲᠤᠯᠠᠨ᠎ᠠ᠃ ᠦᠨᠳᠦᠰᠦᠲᠡᠨ ᠤ ᠠᠵᠢᠯ ᠳᠤ | ᠬᠤᠯᠪᠣᠭᠳᠠᠬᠤ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠬᠤ᠂ ᠰᠤᠳᠤᠯᠤᠨ ᠮᠠᠭᠠᠳᠯᠠᠬᠤ | ᠪᠠ ᠰᠢᠢᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ ᠦᠨᠳᠦᠰᠦᠲᠡᠨ ᠤ ᠠᠵᠢᠯ ᠤᠨ ᠶᠠᠷᠢᠶ᠎ᠠ | ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢᠨ ᠰᠠᠨᠠᠭᠠᠴᠢᠯᠠᠭᠠᠲᠤ ᠡᠷᠬᠡ᠂ ᠭᠤᠣᠯᠯᠠᠭᠴᠢ ᠡᠷᠬᠡ ᠶᠢ ᠪᠠᠲᠤ | ᠡᠵᠡᠮᠳᠡᠵᠦ᠂ ᠡᠯ᠎ᠡ ᠵᠦᠢᠯ ᠤᠨ ᠠᠰᠠᠭᠤᠳᠠᠯ ᠤᠨ ᠳᠠᠯᠳᠠ ᠬᠡᠮ ᠢ ᠴᠢᠩᠭ᠎ᠠ ᠰᠡᠷᠭᠡᠶᠢᠯᠡᠬᠦ ᠶᠢᠨ ᠬᠠᠮᠲᠤ ᠴᠠᠭ ᠲᠤᠬᠠᠢ | ᠳᠤᠨᠢ ᠨᠠᠮᠳᠠᠭᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠠᠢᠮᠠ ᠳᠤ ᠤᠷᠤᠭᠤᠯᠬᠤ︾ ᠠᠵᠢᠯ ᠢ | ᠨᠠᠷᠢᠨ ᠬᠢᠨᠠᠮᠠᠭᠠᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠣᠶᠢᠯᠠᠭᠠᠭᠳᠠᠬᠤᠨ ᠪᠠ ︽ᠭᠤᠷᠪᠠᠨ ᠰᠠᠯᠵᠤ | ᠴᠢᠳᠠᠬᠤ ᠦᠭᠡᠢ︾ ᠂ ︽ᠲᠠᠪᠤ ᠶᠢ ᠮᠡᠳᠡᠷᠡᠬᠦ︾ ᠦᠵᠡᠯ ᠰᠠᠨᠠᠭ᠎ᠠ ᠶᠢ ᠬᠥᠮᠥᠰ ᠤᠨ ᠰᠡᠳᠬᠢᠯ ᠳᠤ | ᠬᠠᠳᠠᠩᠰᠢᠭᠤᠯᠬᠤ ᠶᠢ ᠠᠬᠢᠭᠤᠯᠤᠨ᠎ᠠ᠃ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠬᠦᠯᠦᠨ᠎ᠡ᠃ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠬᠦᠯᠬᠦ | ᠵᠠᠭᠤᠨ ᠡᠳᠦᠷ ᠤᠨ ᠳᠠᠶᠢᠯᠠᠯᠳᠤᠭᠠᠨ ᠤ ᠴᠡᠭᠴᠡᠯᠡᠨ ᠵᠠᠰᠠᠬᠤ ᠠᠵᠢᠯᠯᠠᠭ᠎ᠠ ᠶᠢᠨ ᠦᠷ᠎ᠡ ᠪᠦᠲᠦᠮᠵᠢ ᠶᠢ ᠦᠷᠭᠦᠯᠵᠢᠯᠡᠨ | ᠪᠠᠬᠢᠵᠢᠭᠦᠯᠦᠨ ᠭᠦᠨᠵᠡᠭᠡᠶᠢᠷᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ | ᠪᠠᠶᠢᠩᠭᠤᠵᠢᠭᠤᠯᠤᠨ ᠥᠷᠨᠢᠭᠦᠯᠦᠨ᠎ᠡ᠃ ᠴᠢᠬᠤᠯᠠ ᠶᠡᠭᠡ ᠬᠦᠴᠢᠷ ᠲᠦᠪᠡᠭᠲᠡᠢ ᠵᠠᠬᠢᠳᠠᠯ ᠰᠣᠷᠪᠤᠯᠵᠢᠯᠠᠭ᠎ᠠ ᠶᠢᠨ | ᠠᠰᠠᠭᠤᠳᠠᠯ ᠤᠨ ᠤᠳᠤᠷᠢᠳᠤᠯᠭ᠎ᠠ ᠳᠠᠭᠠᠭᠠᠴᠢᠯᠠᠨ ᠰᠢᠢᠳᠪᠤᠷᠢᠯᠡᠬᠦ ᠪᠠ ᠭᠠᠵᠠᠷ ᠤᠨ ᠲᠡᠰ ᠤᠨ ᠤᠳᠤᠷᠢᠳᠤᠯᠭ᠎ᠠ ᠶᠢᠨ | ᠵᠠᠬᠢᠳᠠᠯ ᠰᠣᠷᠪᠤᠯᠵᠢᠯᠠᠭ᠎ᠠ ᠶᠢᠨ ᠵᠢᠵᠢᠭᠦᠷᠯᠡᠬᠦ ᠳᠦᠷᠢᠮ ᠵᠡᠷᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠴᠠᠭ | ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠰᠠᠶᠢᠳᠤᠷ ᠰᠤᠷᠤᠯᠴᠠᠨ ᠬᠡᠷᠡᠭᠵᠢᠬᠦᠯᠵᠦ᠂ ᠡᠷᠲᠡ ᠠᠴᠠ᠂ ᠪᠠᠭ᠎ᠠ | ᠲᠡᠭᠡᠷ᠎ᠡ ᠨᠢ᠂ ᠡᠬᠢ ᠡᠭᠦᠰᠦᠯ ᠠᠴᠠ ᠨᠢ ᠦᠨᠡᠨᠬᠦ ᠠᠳᠬᠤᠵᠤ᠂ ᠵᠥᠷᠢᠴᠡᠯ ᠪᠠ ᠠᠰᠠᠭᠤᠳᠠᠯ ᠢ ᠦᠨᠳᠦᠰᠦᠨ | ᠱᠠᠲᠤᠨ ᠳᠤ ᠪᠠᠨ ᠨᠠᠮᠳᠠᠭᠠᠵᠤ᠂ ᠡᠬᠢ ᠡᠭᠦᠰᠦᠯ ᠠᠴᠠ ᠨᠢ ᠰᠢᠢᠳᠪᠦᠷᠢᠯᠡᠨ᠎ᠡ᠃ ᠬᠤᠶᠠᠷ ᠢ ᠬᠦᠷᠢᠶᠡᠯᠡᠵᠦ ᠬᠠᠮᠲᠤᠪᠠᠷ | ᠪᠠᠶᠢᠭᠤᠯᠴᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ | ᠪᠤᠩᠬᠤᠨ ᠤ ᠬᠦᠷᠢᠶᠡᠯᠡᠩ ᠢ ᠥᠷᠭᠡᠳᠬᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠦᠨ᠂ ᠰᠢᠨ᠎ᠡ ᠨᠢᠭᠡ | ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾ ᠶᠢ | ᠴᠤᠭᠴᠠᠯᠠᠬᠤ ᠪᠠᠷ ᠴᠢᠷᠮᠠᠶᠢᠨ᠎ᠠ᠃ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢ ᠴᠢᠨᠠᠷ ᠰᠠᠶᠢᠲᠠᠢ ᠥᠨᠳᠥᠷ ᠬᠢᠷᠢ ᠲᠦᠪᠰᠢᠨ ᠲᠠᠢ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ | ᠲᠤᠭ᠎ᠠ ᠪᠠᠷᠢᠮᠲᠠ ᠶᠢᠨ ᠦᠨᠡᠨ ᠪᠤᠳᠠᠳᠠᠢ᠂ ᠵᠦᠪ ᠣᠨᠣᠪᠴᠢᠲᠠᠶ ᠶᠢ ᠪᠠᠲᠤᠯᠠᠨ᠂ ᠪᠥᠬᠦ ᠲᠠᠯ᠎ᠠ ᠪᠠᠷ ᠪᠤᠰᠤᠳᠴᠢ ᠪᠠᠷ | ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠠᠶᠢᠳᠠᠯ ᠢ ᠳᠤᠰᠬᠠᠨ᠎ᠠ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ | ᠡᠷᠡᠰ ᠢᠶᠠᠷ ᠰᠡᠷᠭᠡᠶᠢᠯᠡᠨ ᠨᠠᠮᠳᠠᠭᠠᠨ᠎ᠠ᠃ ᠵᠠᠷᠤᠯᠭ᠎ᠠ ᠶᠢᠨ ᠪᠦᠲᠦᠴᠡ ᠶᠢ ᠦᠷᠭᠦᠯᠵᠢᠯᠡᠨ ᠲᠣᠬᠢᠷᠠᠭᠤᠯᠤᠨ | ᠰᠢᠯᠢᠳᠡᠭᠵᠢᠭᠦᠯᠵᠦ᠂ ︽ᠭᠤᠷᠪᠠᠨ ᠪᠠᠲᠤᠯᠠᠭ᠎ᠠ︾ ᠶᠢᠨ ᠬᠠᠮᠤᠭ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠦᠬᠦ | ᠬᠦᠴᠦᠨ ᠢᠶᠠᠷ ᠢᠶᠠᠨ ᠪᠠᠲᠤᠯᠠᠨ᠎ᠠ᠃ ᠠᠷᠪᠢᠯᠠᠨ ᠭᠠᠮᠨᠠᠵᠤ ᠠᠮᠢᠳᠤᠷᠠᠬᠤ ᠦᠵᠡᠯ ᠣᠬᠠᠮᠰᠠᠷ ᠢ ᠪᠠᠲᠤ ᠪᠠᠬᠢ ᠪᠤᠢ | ᠪᠣᠯᠭᠠᠵᠤ᠂ ᠠᠵᠢᠯᠴᠢ ᠠᠷᠪᠢᠴᠢ ᠂ ᠨᠠᠷᠢᠨ ᠨᠢᠮᠪᠠᠢ ᠲᠥᠯᠥᠪᠯᠡᠨ ᠪᠤᠳᠤᠬᠤ ᠵᠠᠷᠴᠢᠮ ᠢ ᠪᠠᠷᠢᠮᠲᠠᠯᠠᠨ᠂ ᠲᠥᠰᠥᠪ ᠤᠨ | ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ᠪᠡᠯᠡ ᠮᠥᠩᠭᠦ ᠶᠢ ᠡᠮᠬᠢᠯᠡᠨ ᠴᠣᠮᠬᠠᠳᠬᠠᠬᠤ ᠡᠷᠴᠢᠮ ᠢᠶᠠᠨ ᠴᠢᠩᠭᠠᠷᠠᠭᠤᠯᠵᠤ᠂ | ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠡᠯᠡ ᠮᠥᠩᠭᠦ | ᠨᠢᠭᠡᠪᠦᠷᠢ ᠶᠢ ᠦᠷ᠎ᠡ ᠪᠦᠳᠦᠮᠵᠢ ᠲᠠᠢ ᠬᠡᠷᠡᠭᠯᠡᠬᠦ ᠶᠢ ᠪᠠᠲᠤᠯᠠᠨ᠎ᠠ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ | ᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢ ᠨᠠᠮᠳᠠᠭᠠᠬᠤ ᠡᠭᠦᠷᠭᠡ ᠶᠢ ᠪᠦᠬᠦ ᠬᠦᠴᠦᠨ ᠢᠶᠠᠷ ᠢᠶᠠᠨ | ᠪᠡᠶᠡᠯᠡᠭᠦᠯᠦᠨ᠎ᠡ᠃ ᠪᠠᠩᠬᠢ ᠶᠢᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠵᠤᠬᠢᠰᠲᠠᠢ ᠰᠢᠢᠳᠪᠦᠷᠢᠯᠡᠵᠦ᠂ ᠵᠢᠯ ᠤᠨ | ᠳᠣᠲᠣᠷ᠎ᠠ 50% ᠶᠢᠨ ᠠᠰᠠᠭᠤᠳᠠᠯ ᠲᠠᠢ ᠬᠥᠷᠥᠩᠭᠡ ᠶᠢ ᠴᠡᠪᠡᠷᠯᠡᠨ ᠰᠢᠢᠳᠪᠦᠷᠢᠯᠡᠬᠦ ᠠᠵᠢᠯ ᠢ ᠪᠡᠶᠡᠯᠡᠭᠦᠯᠦᠨ᠎ᠡ᠃ | ᠠᠶᠤᠯᠭᠦᠢ ᠦᠢᠯᠡᠳᠪᠦᠷᠢᠯᠡᠯ ᠢ ᠡᠭᠡᠨᠡᠭᠲᠡ ᠰᠠᠶᠢᠲᠤᠷ ᠠᠳᠬᠤᠬᠤ ᠶᠢ ᠪᠡᠶᠡᠯᠡᠭᠦᠯᠦᠨ᠎ᠡ᠃ ᠬᠤᠷᠢᠭ᠎ᠠ ᠱᠤᠭᠤᠮ ᠤᠨ | ᠰᠡᠳᠬᠢᠬᠦᠢ ᠪᠠ ᠤᠯᠠᠭᠠᠨ ᠱᠤᠭᠤᠮ ᠤᠨ ᠤᠬᠠᠮᠰᠠᠷ ᠢ ᠪᠠᠷᠢᠮᠲᠠᠯᠠᠨ᠂ ︽ᠭᠤᠷᠪᠠ ᠶᠢ ᠬᠠᠮᠢᠶᠠᠷᠴᠤ ᠭᠤᠷᠪᠠ ᠶᠢ | ᠡᠷᠬᠡᠪᠰᠢ ᠭᠦᠢᠴᠡᠳᠬᠡᠬᠦ︾ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠲᠠᠯᠳᠠ ᠭᠡᠮ ᠢ | ᠶᠡᠭᠡ ᠪᠠᠷ ᠪᠠᠶᠢᠴᠠᠭᠠᠨ ᠴᠡᠭᠴᠡᠯᠡᠯᠲᠡ ᠬᠢᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠭᠦᠢᠴᠡᠳᠭᠡᠵᠦ᠂ ᠠᠶᠤᠯᠭᠦᠢ | ᠦᠢᠯᠡᠳᠪᠤᠷᠢᠯᠡᠯ ᠤᠨ ᠠᠳᠡᠯ ᠢ ᠡᠷᠡᠰ ᠰᠡᠷᠭᠡᠶᠢᠯᠡᠨ ᠬᠤᠷᠢᠭᠯᠠᠨ᠎ᠠ᠃ ᠨᠤᠲᠤᠭ ᠪᠡᠯᠴᠢᠭᠡᠷ ᠤᠨ ᠭᠠᠯ ᠤᠨᠲᠠᠷᠠᠭᠠᠬᠤ | ᠡᠩᠨᠡᠭᠡ ᠪᠠ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠬᠢᠵᠠᠭᠠᠷ ᠤᠨ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠬᠡᠷᠡᠭᠵᠢᠭᠦᠯᠦᠨ᠂ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠰᠡᠷᠭᠡᠶᠢᠯᠡᠨ ᠡᠵᠡᠮᠳᠡᠵᠦ᠂ | ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠴᠢᠩᠭᠠᠷᠠᠭᠤᠯᠤᠨ᠎ᠠ᠃ ︽ᠥᠪᠡᠷᠲᠡᠭᠡᠨ ᠵᠠᠰᠠᠬᠤ ᠣᠷᠣᠨ ᠤ ᠢᠳᠡᠭᠡᠨ ᠤ | ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ︾ ᠶᠢ ᠢᠳᠡᠪᠬᠢᠲᠡᠢ ᠪᠠᠷ ᠴᠤᠭᠴᠠᠯᠠᠨ᠂ ᠪᠠᠶᠠᠷ ᠤᠨ ᠡᠳᠦᠷ ᠤᠨ | ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ | ᠪᠠ ᠢᠳᠡᠭᠡᠨ᠂ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠦᠷᠨᠢᠬᠦᠯᠵᠦ | ᠂ ᠣᠯᠠᠨ ᠲᠦᠮᠡᠨ ᠤ ᠪᠠᠶᠠᠷ ᠳᠤᠷᠠᠰᠬᠠᠯ ᠤᠨ ᠡᠳᠦᠷ ᠢᠶᠠᠨ ᠠᠮᠤᠷ ᠳᠦᠪᠰᠢᠨ ᠦᠩᠭᠡᠷᠡᠬᠦ ᠶᠢ ᠪᠠᠲᠤᠯᠠᠨ᠎ᠠ᠃ | ᠲᠥᠯᠥᠭᠡᠯᠡᠭᠴᠢᠳ ᠠ᠋︕ ᠰᠢᠨ᠎ᠡ ᠵᠤᠭᠰᠤᠴᠠ᠂ ᠰᠢᠨ᠎ᠡ ᠠᠶᠠᠨ ᠳᠤ ᠥᠭᠡᠷᠡᠴᠢᠯᠡᠯᠲᠡ ᠬᠥᠭᠵᠢᠯᠲᠡ ᠶᠢᠨ | ᠬᠦᠨᠳᠦ ᠨᠦᠰᠡᠷ ᠡᠭᠦᠷᠭᠡ ᠬᠠᠷᠢᠭᠤᠴᠠᠯᠭ᠎ᠠ ᠶᠢᠨ ᠡᠮᠦᠨ᠎ᠡ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ | ᠪᠠᠶᠢᠭᠤᠯᠤᠯᠲᠠ ᠪᠠᠨ ᠦᠨᠡᠨᠬᠦ ᠴᠢᠩᠭᠠᠳᠬᠠᠵᠤ᠂ ᠠᠷᠢᠭᠤᠨ ᠴᠢᠬᠡᠴᠢ᠂ ᠥᠨᠳᠥᠷ ᠪᠦᠲᠦᠮᠵᠢᠲᠡᠶ᠂ ᠠᠷᠠᠳ ᠲᠦᠮᠡᠨ ᠳᠤ | ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠵᠤ᠂ ᠤᠯᠤᠰ | ᠲᠦᠷᠦ ᠶᠢᠨ ᠵᠣᠭᠰᠣᠯᠲᠠ ᠪᠠᠨ ᠪᠠᠳᠤᠳᠬᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ︽ᠬᠤᠶᠠᠷ ᠢ ᠲᠣᠭᠲᠠᠭᠠᠬᠤ︾ ᠶᠢᠨ | ᠰᠢᠢᠳᠪᠤᠷᠢᠲᠦ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠦᠨᠡᠨᠬᠦ | ᠴᠢᠩᠭᠠᠳᠬᠠᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ | ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ | ᠲᠦᠷᠦ ᠶᠢᠨ ᠬᠡᠷᠡᠭᠵᠢᠭᠦᠯᠬᠦ ᠬᠦᠴᠦᠨ ᠢ ᠲᠠᠰᠤᠷᠠᠯᠳᠡ ᠦᠭᠡᠢ ᠳᠡᠭᠡᠭᠰᠢᠯᠡᠬᠦᠯᠦᠨ᠎ᠡ᠃ ᠨᠠᠮ ᠤᠨ ᠤᠯᠤᠰ ᠲᠦᠷᠦ ᠶᠢᠨ | ᠰᠠᠬᠢᠯᠭ᠎ᠠ ᠪᠠᠲᠤ ᠪᠠ ᠤᠯᠤᠰ ᠲᠦᠷᠦ ᠶᠢᠨ ᠳᠦᠷᠢᠮ ᠲᠤᠭᠲᠠᠭᠠᠯ ᠢ ᠴᠢᠩᠭ᠎ᠠ ᠰᠠᠬᠢᠨ ᠵᠢᠷᠤᠮᠯᠠᠵᠤ᠂ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠨ᠂ ᠠᠷᠠᠳᠴᠢᠯᠠᠯ ᠲᠥᠪᠯᠡᠷᠡᠯ ᠤᠨ | ᠲᠦᠷᠢᠮ ᠢ ᠴᠢᠩᠭ᠎ᠠ ᠬᠡᠷᠡᠭᠵᠢᠭᠦᠯᠦᠨ᠂ ᠴᠢᠬᠤᠯᠠ ᠶᠡᠭᠡ ᠬᠡᠷᠡᠭ ᠶᠠᠪᠤᠳᠠᠯ ᠤᠨ ᠲᠤᠬᠠᠢ ᠵᠢᠭᠠᠪᠤᠷᠢ ᠠᠪᠬᠤ ᠪᠠ | ᠮᠡᠳᠡᠭᠦᠯᠦᠯᠲᠡ ᠬᠢᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ | ᠨᠠᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠡᠯ᠎ᠡ | ᠬᠦᠷᠢᠶ᠎ᠡ ᠴᠠᠷ᠎ᠠ ᠡᠯ᠎ᠡ ᠭᠤᠭᠴᠤᠭ᠎ᠠ ᠳᠤ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ | ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭ᠎ᠠ᠂ ᠬᠤᠰᠢᠭᠤ ᠨᠠᠮ ᠤᠨ ᠬᠤᠷᠢᠶ᠎ᠠ ᠶᠢᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠤᠨ᠎ᠠ᠃ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠴᠢᠩᠳᠠᠯᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠮᠡᠳᠡᠭᠡ ᠵᠠᠩᠭᠢ ᠶᠢ ᠢᠯᠡ ᠪᠣᠯᠭᠠᠬᠤ ᠶᠢ | ᠭᠦᠨᠵᠡᠭᠡᠢ ᠲᠦᠯᠬᠢᠨ ᠠᠬᠢᠭᠤᠯᠵᠤ᠂ ᠡᠷᠬᠡ ᠶᠢᠨ ᠲᠣᠳᠣᠷᠬᠠᠢ ᠳᠠᠩᠰᠠ᠂ ᠬᠠᠷᠢᠭᠤᠴᠠᠯᠭ᠎ᠠ ᠶᠢᠨ ᠲᠣᠳᠣᠷᠬᠠᠢ | ᠳᠠᠩᠰᠠ ᠶᠢ ᠬᠠᠤᠯᠢ ᠶᠣᠰᠣᠭᠠᠷ ᠪᠦᠬᠦ ᠲᠠᠯ᠎ᠠ ᠪᠠᠷ ᠢᠯᠡ ᠪᠣᠯᠭᠠᠵᠤ᠂ ᠡᠷᠬᠡ ᠶᠢ ᠢᠮᠠᠭᠲᠠ ᠢᠯᠡ ᠪᠠᠷ | ᠶᠠᠪᠤᠭᠳᠠᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ | ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠠᠵᠢᠯ ᠤᠨ ᠬᠠᠤᠯᠢᠵᠢᠯᠲᠠ᠂ ᠵᠢᠷᠤᠮᠵᠢᠯᠲᠠ᠂ ᠰᠢᠨᠵᠢᠯᠡᠬᠦ | ᠣᠬᠠᠭᠠᠨᠴᠢᠯᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠷᠠᠳ ᠤᠨ ᠠᠷᠠᠳᠴᠢᠯᠠᠯ ᠢ | ᠪᠦᠬᠦ ᠶᠠᠪᠤᠴᠠ ᠳᠤ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ | ᠬᠢᠨᠠᠯᠲᠠ ᠶᠢ ᠤᠬᠠᠮᠰᠠᠷ ᠠᠴᠠ ᠪᠠᠨ ᠬᠠᠤᠯᠢ ᠶᠣᠰᠣᠭᠠᠷ ᠬᠦᠯᠢᠶᠡᠵᠦ᠂ ᠬᠢᠨᠠᠨ ᠪᠠᠶᠢᠴᠠᠭᠠᠯᠲᠠ᠂ ᠨᠡᠶᠢᠭᠡᠮ ᠪᠠ ᠶᠠᠷᠢᠶ᠎ᠠ | ᠬᠡᠯᠡᠯᠴᠡᠭᠡᠨ ᠤ ᠬᠢᠨᠠᠯᠲᠠ ᠶᠢ ᠣᠬᠠᠮᠰᠠᠷ ᠠᠴᠠ ᠪᠠᠨ ᠬᠦᠯᠢᠶᠡᠨ᠂ ᠬᠢᠨᠠᠨ ᠪᠤᠳᠤᠬᠤ ᠬᠢᠨᠠᠯᠲᠠ᠂ ᠲᠤᠭ᠎ᠠ ᠪᠦᠷᠢᠳᠬᠡᠯ ᠤᠨ | ᠬᠢᠨᠠᠯᠲᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠨᠠᠷᠢᠨ ᠬᠢᠨᠠᠮᠠᠭᠠᠢ ᠭᠦᠢᠴᠡᠳᠭᠡᠨ᠎ᠡ᠃ ︽ᠬᠡᠨ ᠬᠠᠤᠯᠢ | ᠬᠡᠷᠡᠭᠵᠢᠭᠦᠯᠪᠡᠯ ᠬᠡᠨ ᠬᠠᠤᠯᠢ ᠴᠠᠭᠠᠵᠠ ᠲᠦᠭᠡᠮᠡᠯᠵᠢᠭᠦᠯᠬᠦ︾ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠤᠯᠢ ᠪᠠᠷ | ᠵᠠᠰᠠᠬᠤ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠨᠡᠶᠢᠭᠡᠮ ᠳᠠᠶᠠᠭᠠᠷ ᠢᠶᠠᠨ ᠬᠠᠤᠯᠢ ᠶᠤᠰᠤᠭᠠᠷ | ᠭᠦᠢᠴᠡᠳᠭᠡᠬᠦ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠤᠰᠤᠭᠠᠷ ᠰᠢᠢᠳᠪᠤᠷᠢᠯᠡᠬᠦ᠂ ᠠᠰᠠᠭᠤᠳᠠᠯ ᠳᠤ | ᠲᠤᠯᠭᠠᠷᠠᠪᠠᠯ ᠬᠠᠤᠯᠢ ᠳᠤ ᠲᠦᠰᠢᠭᠯᠡᠬᠦ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠬᠤ ᠶᠢ ᠲᠦᠯᠬᠢᠨ ᠠᠬᠢᠭᠤᠯᠤᠨ᠎ᠠ᠃ ᠰᠢᠯᠢᠳᠡᠭ ᠰᠠᠶᠢᠨ ᠰᠤᠷᠲᠠᠯ ᠢ ᠳᠠᠪᠲᠠᠨ ᠪᠣᠯᠪᠠᠰᠤᠷᠠᠭᠤᠯᠤᠨ᠎ᠠ᠃ ᠠᠵᠢᠯ ᠤᠨ | ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠠᠷᠠᠳ ᠲᠦᠮᠡᠨ ᠢ ᠢᠮᠠᠭᠲᠠ | ᠬᠠᠮᠤᠭ ᠤᠨ ᠭᠤᠣᠯ ᠪᠠᠶᠢᠷᠢᠨ ᠳᠤ ᠲᠠᠯᠪᠢᠵᠤ᠂ ᠠᠷᠠᠳ ᠲᠦᠮᠡᠨ ᠳᠤ ᠠᠵᠠ ᠵᠢᠷᠭᠠᠯ ᠡᠳ᠋ᠯᠡᠭᠦᠯᠬᠦ ᠶᠢ ᠬᠠᠮᠤᠭ ᠤᠨ ᠶᠡᠭᠡ | ᠠᠵᠢᠯ ᠤᠨ ᠪᠦᠲᠦᠮᠵᠢ ᠪᠠᠨ ᠪᠣᠯᠭᠠᠨ᠂ ᠦᠨᠡᠨ ᠢ ᠪᠠᠷᠢᠮᠲᠠᠯᠠᠨ ᠪᠤᠳᠠᠳᠠᠢ ᠶᠢ ᠡᠷᠬᠢᠮᠯᠡᠬᠦ ᠰᠢᠯᠢᠳᠡᠭ ᠰᠤᠷᠲᠠᠯ ᠢ ᠶᠡᠬᠡᠪᠡᠷ | ᠪᠠᠳᠠᠷᠠᠭᠤᠯᠤᠨ᠎ᠠ᠃ ᠦᠵᠡᠯ ᠰᠠᠨᠠᠭ᠎ᠠ ᠪᠠᠨ ᠴᠢᠯᠦᠭᠡᠯᠡᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ | ᠂ ᠵᠤᠷᠰᠢᠭᠰᠠᠨ ᠰᠡᠳᠬᠢᠬᠦᠢ᠂ ᠬᠡᠪᠰᠢᠮᠡᠯ ᠪᠠᠶᠢᠳᠠᠯ᠂ ᠬᠠᠭᠤᠴᠢᠨ ᠢᠶᠠᠨ ᠪᠠᠷᠢᠮᠲᠠᠯᠠᠬᠤ ᠬᠦᠯᠢᠶᠡᠰᠦᠯᠡᠯ ᠠᠴᠠ | ᠵᠣᠷᠢᠭᠲᠠᠢ ᠪᠠᠷ ᠴᠢᠯᠦᠭᠡᠯᠡᠭᠳᠡᠵᠦ᠂ ︽ᠲᠤᠯᠤᠭᠠᠨ ᠵᠦᠢᠯ ᠤᠨ ᠴᠢᠳᠠᠪᠤᠷᠢ︾ ᠶᠢ ᠬᠦᠴᠦᠯᠡᠨ ᠳᠡᠭᠡᠭᠰᠢᠯᠡᠭᠦᠯᠵᠦ᠂ ︽ | ᠲᠤᠯᠤᠭᠠᠨ ᠵᠦᠢᠯ ᠤᠨ ᠰᠡᠳᠬᠢᠬᠦᠢ︾ ᠶᠢ ᠴᠢᠩᠭᠠᠳᠬᠠᠨ᠎ᠠ᠃ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ | ᠪᠠᠳᠠᠷᠠᠭᠤᠯᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠭᠦᠨᠵᠡᠭᠡᠢ ᠦᠢᠯᠡᠳᠦᠯᠭᠡᠵᠢᠭᠦᠯᠦᠨ᠂ | ᠪᠠᠶᠢᠴᠠᠭᠠᠨ ᠰᠤᠳᠤᠯᠤᠯᠲᠠ ᠶᠢ ᠦᠨᠡᠨᠬᠦ ᠤᠴᠢᠷ ᠶᠠᠪᠤᠳᠠᠯ ᠪᠣᠳᠣᠯᠬᠢᠯᠠᠬᠤ ᠶᠢᠨ ᠰᠠᠭᠤᠷᠢ᠂ ᠤᠴᠢᠷ ᠶᠠᠪᠤᠳᠠᠯ ᠢ | ᠪᠦᠲᠦᠭᠡᠬᠦ ᠠᠷᠭ᠎ᠠ ᠵᠠᠮ ᠪᠣᠯᠭᠠᠨ᠎ᠠ᠃ ᠡᠯ᠎ᠡ ᠱᠠᠲᠤᠨ ᠤ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠪᠠᠨ | ᠡᠭᠦᠷᠭᠡᠯᠡᠬᠦ ᠶᠢ ᠬᠥᠲᠥᠯᠥᠨ ᠵᠢᠯᠤᠭᠤᠳᠴᠤ ᠤᠷᠮᠠᠰᠢᠭᠤᠯᠤᠨ ᠵᠣᠷᠢᠭᠵᠢᠭᠤᠯᠵᠤ᠂ ᠡᠯ᠎ᠡ ᠱᠠᠲᠤᠨ ᠤ ᠺᠠᠳ᠋ᠷ ᠪᠠ ᠥᠷᠭᠡᠨ | ᠤᠯᠠᠨ ᠲᠦᠮᠡᠨ ᠤ ᠲᠣᠭᠲᠠᠭᠤᠨ ᠢ ᠪᠠᠲᠤᠯᠠᠬᠤ᠂ ᠬᠥᠭᠵᠢᠯᠲᠡ ᠶᠢ ᠡᠷᠢᠯᠬᠢᠯᠡᠬᠦ᠂ ᠥᠭᠡᠷᠡᠴᠢᠯᠡᠯᠲᠡ ᠶᠢ ᠠᠬᠢᠭᠤᠯᠬᠤ | ᠳᠤᠮᠳᠠᠬᠢ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠳᠠᠶᠢᠴᠢᠯᠠᠨ᠎ᠠ᠃ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠰᠠᠶᠢᠲᠤᠷ | ᠠᠳᠬᠤᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ | ᠡᠭᠦᠷᠭᠡᠯᠡᠨ᠎ᠡ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ | ᠬᠡᠷᠡᠭᠵᠢᠭᠦᠯᠵᠦ᠂ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠭᠤᠣᠯᠳᠠᠯᠭ᠎ᠠ ᠲᠠᠢ ᠵᠠᠰᠠᠨ ᠴᠡᠭᠴᠡᠯᠡᠨ᠎ᠡ᠃ ︽ᠭᠤᠷᠪᠠᠨ ᠴᠢᠬᠤᠯᠠ ᠨᠢᠭᠡ | ᠶᠡᠭᠡ︾ ᠰᠢᠢᠳᠪᠦᠷᠢᠲᠦ ᠪᠣᠳᠣᠯᠭ᠎ᠠ ᠶᠢᠨ ᠲᠡᠰ ᠳᠠᠷᠠᠭ᠎ᠠ ᠶᠢ ᠵᠢᠷᠤᠮᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ | ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠶᠢ ᠴᠢᠩᠭᠠᠳᠬᠠᠨ᠎ᠠ᠃ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠠᠴᠠ ᠨᠢ ᠵᠡᠷᠭᠡ ᠪᠠᠷ ᠵᠠᠰᠠᠬᠤ ᠶᠢ | ᠪᠠᠷᠢᠮᠲᠠᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ᠂ | ᠢᠯᠵᠠᠷᠠᠬᠤ ᠶᠢ ᠪᠤᠳᠤᠬᠤ ᠦᠭᠡᠢ ᠤᠬᠠᠮᠰᠠᠷ ᠢ ᠣᠯᠠᠮ ᠴᠢᠨᠠᠭᠰᠢᠳᠠ ᠳᠡᠭᠡᠭᠰᠢᠯᠡᠭᠦᠯᠦᠨ᠂ ᠠᠷᠠᠳ ᠤᠨ ᠲᠥᠯᠥᠭᠡ | ᠦᠨᠡᠨ ᠪᠤᠳᠠᠳᠠᠢ ᠠᠷᠢᠭᠤᠨ ᠴᠢᠬᠡᠴᠢ ᠪᠠᠶᠢᠬᠤ ᠤᠯᠤᠰ ᠲᠦᠷᠦ ᠶᠢᠨ ᠮᠥᠨ ᠴᠢᠨᠠᠷ ᠢ ᠡᠭᠦᠷᠢᠳᠡ ᠪᠠᠷᠢᠮᠲᠠᠯᠠᠨ᠎ᠠ᠃ | ᠲᠥᠯᠥᠭᠡᠯᠡᠭᠴᠢᠳ ᠠ᠋︕ ᠰᠡᠳᠬᠢᠯ ᠨᠢᠭᠡᠳᠪᠡᠯ ᠬᠦᠴᠦᠨ ᠵᠣᠷᠢᠭ ᠢᠳᠡᠷᠡᠭᠦᠨ᠂ ᠵᠣᠷᠢᠯᠲᠠ ᠨᠢᠭᠡᠳᠪᠡᠯ | ᠦᠢᠯᠡᠰ ᠤᠨ ᠬᠠᠷᠭᠤᠢ ᠲᠡᠨᠢᠭᠦᠨ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠬᠦᠴᠦ ᠪᠠᠨ ᠬᠠᠮᠳᠤᠳᠬᠠᠨ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠨ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ | ᠵᠠᠬᠢᠷᠭ᠎ᠠ ᠪᠣᠯᠣᠨ ᠬᠤᠰᠢᠭᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠬᠤ ᠬᠤᠶᠠᠷ ᠶᠡᠭᠡ ᠶᠠᠪᠤᠳᠠᠯ ᠳᠤ | ᠠᠩᠬᠠᠷᠤᠯ ᠢᠶᠠᠨ ᠲᠦᠪᠯᠡᠷᠡᠭᠦᠯᠦᠨ᠂ ᠯᠠᠪᠳᠠᠭᠤᠨ ᠪᠠᠲᠤᠲᠠᠢ ᠴᠢᠷᠮᠠᠶᠢᠨ ᠠᠵᠢᠯᠯᠠᠵᠤ᠂ ᠴᠠᠭ ᠤᠨ ᠪᠠᠶᠢᠳᠠᠯ᠂ | ᠬᠦᠭᠵᠢᠯᠲᠡ ᠶᠢᠨ ᠬᠠᠨᠳᠤᠰᠢ ᠳᠤ ᠴᠢᠭᠯᠡᠭᠦᠯᠦᠨ᠂ ᠵᠦᠪ ᠣᠨᠣᠪᠴᠢᠲᠠᠢ ᠴᠢᠭᠯᠡᠯ ᠢᠶᠠᠨ ᠲᠤᠭᠲᠠᠭᠠᠵᠤ᠂ ᠴᠡᠴᠡᠭᠯᠡᠨ | ᠬᠥᠭᠵᠢᠭᠰᠡᠨ᠂ ᠪᠣᠯᠪᠠᠰᠤᠨ᠂ ᠡᠶ᠎ᠡ ᠵᠤᠬᠢᠴᠠᠯ ᠲᠠᠢ᠂ ᠦᠵᠡᠰᠬᠦᠯᠡᠩᠲᠦ ᠰᠠᠶᠢᠬᠠᠨ᠂ ᠵᠣᠯ ᠵᠢᠷᠭᠠᠯ ᠲᠠᠢ ᠠᠪᠠᠭ᠎ᠠ | ᠨᠣᠳᠤᠭ ᠢᠶᠠᠨ ᠴᠣᠭᠴᠠᠯᠠᠨ ᠪᠠᠶᠢᠭᠤᠯᠬᠤ ᠪᠠᠷ ᠬᠠᠮᠳᠤᠪᠠᠷ ᠴᠢᠷᠮᠠᠶᠢᠨ ᠲᠡᠮᠡᠴᠡᠰᠦᠭᠡᠢ︕ | | | | | | |