ᠠᠪᠠᠭ᠎ᠠ ᠴᠡᠭᠡ ᠪᠥᠬᠦ ᠣᠷᠣᠨ ᠤ ᠴᠡᠭᠡ ᠶᠢᠨ ᠪᠦᠳᠦᠭᠡᠭᠳᠡᠭᠦᠨ ᠤ ᠠᠵᠢᠯ ᠲᠥᠷᠥᠯ ᠤᠨ ︽蒙︾ ᠥᠰᠥᠭ ᠤᠨ ᠲᠡᠮᠳᠡᠭ ᠤᠨ ᠭᠡᠷᠡᠴᠢᠯᠡᠯ ᠢᠶᠠᠨ ᠠᠩᠬ᠎ᠠ ᠬᠦᠷᠲᠡᠪᠡ
ᠨᠡᠶᠢᠲᠡᠯᠡᠭᠰᠡᠨ ᠴᠠᠭ᠄
2024/2/27
     ᠠᠪᠠᠭ᠎ᠠ ᠬᠤᠰᠢᠭᠤᠨ ᠤ ᠵᠤᠤ ᠹᠦ᠋ ᠠᠵᠤ ᠠᠬᠤᠶ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠣᠷᠣᠨ ᠨᠤᠲᠤᠭ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠣᠯᠠᠨ ᠵᠢᠯ ᠤᠨ ᠲᠤᠷᠰᠢ ᠣᠷᠣᠨ ᠨᠤᠲᠤᠭ ᠤᠨ ᠣᠨᠴᠠᠯᠢᠭᠲᠤ ᠰᠦᠨ ᠤ ᠪᠦᠳᠦᠭᠡᠭᠳᠡᠭᠦᠨ ᠤ ᠠᠵᠤ ᠦᠢᠯᠡᠰ ᠤᠨ ᠡᠵᠡᠩᠨᠡᠯᠲᠡ ᠪᠠ ᠬᠥᠭᠵᠢᠯᠲᠡ ᠳᠤ ᠬᠦᠴᠦᠨ ᠢᠶᠠᠨ ᠨᠡᠮᠡᠷᠢᠯᠡᠭᠰᠡᠭᠡᠷ ᠢᠷᠡᠪᠡ᠃ ᠲᠣᠰ ᠺᠣᠮᠫᠠᠨᠢ ᠲᠤᠬᠠᠶ ᠶᠢᠨ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠵᠦ᠂ ᠭᠡᠭᠦᠦ ᠶᠢᠨ ᠰᠦ ︵ᠴᠡᠭᠡ︶ ᠪᠠᠨ ᠨᠡᠷᠢᠯᠢᠭ᠌ᠵᠢᠭᠤᠯᠤᠨ ᠡᠳ᠋ᠰᠢᠭᠦᠯᠬᠦ ᠪᠠᠷ ᠳᠠᠮᠵᠢᠨ᠂ ᠠᠵᠤ ᠦᠶᠢᠯᠡᠰᠵᠢᠭᠰᠡᠨ ᠵᠣᠬᠢᠶᠠᠨ ᠪᠠᠶᠢᠭᠤᠯᠤᠯᠲᠠ ᠶᠢᠨ ᠳᠣᠲᠣᠷᠠᠬᠢ 57 ᠮᠠᠯᠵᠢᠬᠤ ᠡᠷᠦᠬᠡ ᠢᠶᠠᠨ ᠳᠠᠶᠢᠴᠢᠯᠠᠨ᠂ ᠠᠳᠤᠭᠤᠨ ᠤ ᠠᠵᠤ ᠦᠢᠯᠡᠰ ᠢ ᠬᠥᠭᠵᠢᠭᠦᠯᠵᠦ᠂ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ ᠠᠵᠤ ᠠᠬᠤᠶ ᠶᠢᠨ ᠦᠨ᠎ᠡ ᠥᠷᠲᠡᠭ ᠢᠶᠠᠷ ᠥᠨᠳᠥᠷ ᠠᠳᠤᠭᠤᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠣᠷᠣᠯᠭ᠎ᠠ ᠢᠶᠠᠨ ᠲᠣᠭᠲᠠᠭᠤᠨ ᠢᠶᠠᠷ ᠨᠡᠮᠡᠭᠳᠡᠭᠦᠯᠬᠦ ᠠᠷᠭ᠎ᠠ ᠵᠠᠮ ᠪᠣᠯᠭᠠᠪᠠ᠃      ᠠᠪᠠᠭ᠎ᠠ ᠴᠡᠭᠡ ᠪᠣᠯ ᠤᠮᠠᠷᠠᠲᠤ ᠶᠢᠨ ᠦᠨᠳᠦᠰᠦᠲᠡᠨ ᠤ ᠢᠳᠡᠭᠡᠨ ᠪᠠ ᠡᠮ ᠤᠨ ᠢᠷᠡᠯᠲᠡ ᠶᠢᠨ ᠳᠡᠭᠡᠳᠦ ᠲᠠᠰ ᠤᠨ ᠪᠡᠶ᠎ᠡ ᠰᠤᠪᠢᠯᠠᠬᠤ ᠤᠮᠳᠠᠭᠠᠨ ᠪᠣᠯᠤᠨ᠎ᠠ᠃ 2015 ᠣᠨ ᠳᠤ᠂ ᠪᠥᠬᠦ ᠤᠯᠤᠰ ᠤᠨ ᠴᠡᠭᠡ ᠢᠰᠭᠡᠬᠦ ᠠᠩᠬᠠᠳᠤᠭᠠᠷ ᠵᠥᠪᠰᠢᠶᠡᠷᠡᠯ ᠤᠨ ᠦᠨᠡᠮᠯᠡᠯ ᠢ ᠣᠯᠣᠭᠰᠠᠨ ᠤ ᠬᠠᠮᠲᠤ᠂ 2017 ᠣᠨ ᠳᠤ ISO9001 ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠤᠨ ᠭᠡᠷᠡᠴᠢᠯᠡᠭᠡ ᠪᠠ ᠰᠦᠨ ᠤ ᠪᠦᠳᠦᠭᠡᠭᠳᠡᠭᠦᠨ HACCP ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠤᠨ ᠬᠤᠤᠰ ᠭᠡᠷᠡᠴᠢᠯᠡᠭᠡ ᠶᠢ ᠳᠠᠮᠵᠢᠭᠤᠯᠤᠨ᠂ ᠦᠢᠯᠡᠳᠬᠦᠨ ᠤ ᠶᠠᠰᠤ ᠴᠢᠨᠠᠷ ᠢ ᠴᠢᠩᠭ᠎ᠠ ᠪᠥᠭᠡᠳ ᠪᠦᠲᠦᠮᠵᠢᠲᠡᠶ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠠᠳᠤᠭᠤᠨ ᠤ ᠠᠵᠤ ᠦᠢᠯᠡᠰ ᠤᠨ ᠬᠤᠭᠤᠰᠤᠨ ᠤᠷᠤᠨ ᠵᠠᠢ ᠶᠢ ᠨᠦᠬᠦᠪᠦᠷᠢᠯᠡᠪᠡ᠃      ᠡᠭᠦᠨ ᠠᠴᠠ ᠭᠠᠲᠠᠨ᠎ᠠ᠂ ᠲᠤᠰ ᠺᠤᠮᠫᠠᠨᠢ ᠨᠢ 2 ᠲᠦᠷᠦᠯ ᠤᠨ ᠨᠡᠬᠡᠬᠡᠯᠲᠡ ᠶᠢᠨ ᠲᠤᠰᠬᠠᠢ ᠠᠰᠢᠭ ᠭᠤᠶᠤᠴᠢᠯᠠᠵᠤ᠂ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠢ ᠠᠰᠢᠭ ᠤᠨ ᠦᠨᠡᠮᠯᠡᠯ 6 ᠶᠢ ᠣᠯᠵᠤ᠂ 2 ᠲᠦᠷᠦᠯ ᠤᠨ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠢ ᠠᠰᠢᠭ ᠢ ᠭᠤᠶᠤᠴᠢᠯᠠᠨ᠂ 2020 ᠤᠨ ᠳᠤ ᠴᠡᠭᠡ ᠶᠢᠨ 5 ᠵᠦᠢᠯ ᠤᠨ ᠪᠠᠷᠢᠮᠵᠢᠶ᠎ᠠ ᠶᠢᠨ ᠬᠢᠨᠠᠨ ᠲᠤᠭᠲᠠᠭᠠᠯᠲᠠ ᠶᠢ ᠦᠩᠭᠡᠷᠡᠭᠡᠪᠡ᠃ ᠦᠢᠯᠡᠳᠬᠦᠨ ᠤ ᠰᠤᠳᠤᠯᠤᠨ ᠨᠡᠭᠡᠭᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠳᠤᠰᠠᠳᠠ᠂ ᠠᠵᠤ ᠠᠬᠤᠶᠢᠯᠠᠯ ᠨᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠬᠠᠮᠳᠤᠷᠠᠯᠴᠠᠭ᠎ᠠ ᠦᠷᠨᠢᠭᠦᠯᠵᠦ᠂ ᠨᠢᠭᠡ ᠪᠦᠰᠡ ᠨᠢᠭᠡ ᠵᠠᠮ ᠳᠠᠭᠠᠤ ᠶᠢᠨ ᠤᠯᠤᠰ ᠤᠨ ᠰᠦᠨ ᠤ ᠪᠦᠳᠦᠭᠡᠭᠳᠡᠭᠦᠨ ᠤ ︽ᠠᠰᠫᠢᠷᠠᠨᠲ ᠬᠠᠮᠲᠤᠷᠠᠨ ᠬᠥᠮᠦᠵᠢᠭᠦᠯᠵᠦ ᠦᠢᠯᠡᠳᠦᠯᠭᠡᠵᠢᠭᠦᠯᠬᠦ ᠰᠠᠭᠤᠷᠢᠨ ᠭᠠᠵᠠᠷ︾᠂ ︽ᠭᠠᠳᠠᠭᠰᠢ ᠳᠤᠰᠠᠯᠠᠮᠵᠢ ᠬᠠᠩᠭᠠᠬᠤ ᠪᠣᠯᠪᠠᠰᠤᠷᠠᠭᠤᠯᠤᠯ ᠤᠨ ᠲᠥᠷᠥᠯ ᠵᠦᠢᠯ ᠤᠨ ᠵᠢᠭᠠᠨ ᠰᠤᠷᠭᠠᠯᠲᠠ ᠶᠢᠨ ᠳᠠᠳᠤᠯᠭ᠎ᠠ ᠬᠢᠬᠦ ᠰᠠᠭᠤᠷᠢᠨ ᠭᠠᠵᠠᠷ︾ ᠲᠠᠢ ᠭᠠᠷ ᠤᠨ ᠦᠰᠦᠭ ᠵᠢᠷᠤᠪᠠ᠃      ᠠᠪᠠᠭ᠎ᠠ ᠬᠤᠰᠢᠭᠤᠨ ᠤ ᠵᠣᠣ ᠹᠦ᠋ ᠠᠵᠤ ᠠᠬᠤᠶ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠨᠠᠩ ᠴᠤ ᠪᠥᠬᠦ ᠣᠷᠣᠨ ᠤ ᠭᠡᠭᠦᠦ ᠶᠢᠨ ᠰᠦᠨ ᠤ ᠪᠦᠳᠦᠭᠡᠭᠳᠡᠭᠦᠨ ᠤ ᠠᠵᠢᠯ ᠲᠥᠷᠥᠯ ᠤᠨ ︽蒙︾ ᠦᠰᠦᠭ ᠤᠨ ᠭᠡᠷᠡᠴᠢᠯᠡᠯ ᠢ ᠭᠥᠷᠳᠡᠪᠡ᠃ ᠡᠨᠡ ᠪᠣᠯ ᠲᠤᠰ ᠺᠣᠮᠫᠠᠨᠢ ᠶᠢᠨ ᠣᠯᠠᠨ ᠵᠢᠯ ᠤᠨ ᠲᠤᠷᠰᠢ᠂ ᠭᠡᠭᠦᠦ ᠶᠢᠨ ᠰᠦ ᠶᠢᠨ ᠪᠦᠳᠦᠭᠡᠭᠳᠡᠭᠦᠨ ᠤ ᠠᠵᠢᠯ ᠲᠥᠷᠥᠯ ᠳᠤ ᠵᠢᠳᠭᠦᠯ ᠦᠵᠡᠭᠦᠯᠦᠨ ᠭᠠᠷᠮᠠᠭᠠᠢ ᠠᠵᠢᠯᠯᠠᠭᠰᠠᠨ ᠢ ᠨᠤᠲᠠᠯᠠᠵᠤ ᠪᠠᠶᠢᠭ᠎ᠠ ᠶᠠᠪᠤᠳᠠᠯ ᠪᠣᠯᠣᠨ᠎ᠠ᠃ ᠢᠷᠡᠭᠡᠳᠦᠶ ᠳᠤ ᠲᠣᠰ ᠺᠣᠮᠫᠠᠨᠢ ᠨᠠᠩ ᠣᠯᠠᠨ ᠴᠢᠨᠠᠷ ᠰᠠᠶᠢᠲᠠᠶ ᠴᠡᠭᠡ ᠶᠢᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠪᠠᠷ ᠬᠦᠴᠦᠯᠡᠨ᠂ ᠡᠷᠡᠭᠦᠯ ᠮᠡᠨᠳᠦ ᠪᠠ ᠪᠡᠶ᠎ᠡ ᠰᠤᠪᠢᠯᠠᠯᠲᠠ ᠶᠢᠨ ᠬᠡᠷᠡᠭᠴᠡᠭᠡ ᠱᠠᠭᠠᠷᠳᠠᠯᠭ᠎ᠠ ᠳᠤ ᠳᠤᠬᠢᠷᠠᠭᠤᠯᠤᠨ᠂ ᠭᠠᠵᠠᠷ ᠣᠷᠣᠨ ᠤ ᠠᠵᠤ ᠠᠬᠤᠶ ᠪᠠ ᠠᠳᠤᠭᠤᠨ ᠤ ᠠᠵᠤ ᠦᠢᠯᠡᠰ ᠤᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠣᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号