ᠦᠡᠳᠤᠰᠤᠨ ᠱᠠᠳᠤᠨ ᠤ ᠠᠵᠢᠯ ᠳᠤ ᠰᠢᠩᠬᠡᠭᠡᠭᠰᠡᠨ ᠬᠠᠶᠢᠷ᠎ᠠ ᠪᠠ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2024/2/28
     ᠬᠡᠷᠡᠯᠰᠤᠪᠤᠳ 1999 ᠤᠨ ᠤ 12 ᠰᠠᠷ᠎ᠠ ᠳᠤ ᠬᠤᠩᠭᠤᠷᠭᠤᠤᠯ ᠪᠠᠯᠭᠠᠰᠤᠨ ᠤ ᠬᠠᠰᠢᠶᠠᠳᠤ ᠭᠠᠴᠠᠭᠠᠨ ᠳᠤ ᠲᠦᠷᠤᠵᠤ᠂ ᠦᠪᠤᠷ ᠮᠤᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠠᠴᠠ ᠲᠡᠬᠦᠰᠤᠮᠡᠭᠴᠡ  ᠨᠤᠳᠤᠭ  ᠎ ᠲᠤ  ᠎ ᠪᠠᠨ  ᠪᠤᠴᠠᠨ  ᠂ 2022 ᠤᠨ ᠤ 9 ᠰᠠᠷ᠎ᠠ ᠳᠤ ᠠᠵᠢᠯ ᠳᠤ ᠭᠠᠷᠤᠨ᠂ ᠤᠳᠤ ᠬᠠᠰᠢᠶᠠᠳᠤ ᠭᠠᠴᠠᠭᠠᠨ ᠤ ᠦᠡᠳᠤᠰᠤᠨ ᠱᠠᠳᠤᠨ ᠤ ᠡᠮ ᠡᠮᠨᠡᠯᠬᠡ ᠶᠢᠨ ᠲᠠᠭᠠᠳᠬᠠᠯ ᠤᠨ ᠦᠢᠯᠡᠴᠢᠯᠡᠬᠡᠨ ᠤ ᠴᠡᠭ ᠤᠨ ᠭᠠᠷᠳᠠᠨ ᠬᠦᠢᠴᠡᠳᠬᠡᠬᠦ ᠠᠵᠢᠯᠳᠠᠨ ᠢᠶᠠᠷ ᠠᠵᠢᠯᠯᠠᠵᠤ ᠪᠠᠶᠢᠭ᠎ᠠ᠃ ᠡᠶᠢᠡᠬᠦ ᠲᠠᠷᠠ ᠨᠤᠳᠤᠭ ᠤᠰᠤᠨ ᠤ ᠪᠠᠨ ᠮᠠᠯᠴᠢᠨ ᠲᠦᠮᠡᠨ ᠎ ᠳᠤ ᠦᠪᠡᠷ ᠤᠨ ᠬᠡᠰᠡᠨ ᠬᠤᠪᠢ ᠨᠠᠮᠠᠷᠢ ᠪᠠᠨ ᠦᠵᠡᠬᠦᠯᠬᠦ ᠪᠠᠷ ᠵᠤᠷᠢᠭ ᠰᠢᠭᠤᠳᠤᠨ᠂ ᠲᠤᠬᠠᠶᠢᠯᠠᠭᠰᠡᠨ ᠠᠵᠢᠯ ᠳᠤ ᠎ ᠪᠠᠨ ᠭᠠᠪᠰᠢᠭᠠᠶᠢᠯᠠᠨ᠂ ᠮᠠᠰᠢ ᠲᠦᠷᠬᠡᠨ ᠢᠶᠠᠷ ᠠᠵᠢᠯ ᠳᠤ ᠪᠠᠨ ᠲᠠᠰᠪᠠ᠃      ᠦᠡᠳᠤᠰᠤᠨ ᠡᠮ ᠡᠮᠨᠡᠯᠬᠡ ᠶᠢᠨ ᠲᠠᠭᠠᠳᠬᠠᠯ ᠤᠨ ᠪᠦᠬᠦ ᠠᠷᠡᠳ ᠢᠶᠠᠷ ᠢᠶᠠᠨ ᠲᠠᠭᠠᠳᠬᠠᠯ ᠳᠤ ᠤᠷᠤᠯᠴᠠᠬᠤ ᠪᠠ ᠲᠠᠭᠠᠳᠬᠠᠯ ᠳᠤ ᠤᠷᠤᠯᠴᠠᠭᠰᠡᠳ ᠲᠤ ᠦᠢᠯᠡᠴᠢᠯᠡᠬᠦ ᠠᠵᠢᠯ ᠢ ᠬᠦᠡᠵᠡᠬᠡᠢ ᠲᠦᠯᠬᠢᠨ ᠠᠬᠢᠭᠤᠯᠬᠤ ᠪᠤᠯ ᠦᠡᠳᠤᠰᠤᠨ ᠱᠠᠳᠤᠨ ᠤ ᠡᠮ ᠡᠮᠨᠡᠯᠬᠡ ᠶᠢᠨ ᠲᠠᠭᠠᠳᠬᠠᠯ ᠤᠨ ᠦᠢᠯᠡᠴᠢᠯᠡᠬᠡᠨ ᠤ ᠴᠡᠭ ᠤᠨ ᠭᠠᠷᠳᠠᠨ ᠬᠦᠢᠴᠡᠳᠬᠡᠬᠦ ᠠᠵᠢᠯᠳᠠᠨ ᠤ ᠴᠢᠬᠤᠯᠠ ᠠᠵᠢᠯ ᠤᠨ ᠡᠬᠦᠷᠬᠡ ᠪᠠᠶᠢᠵᠤ᠂ ᠮᠠᠯᠴᠢᠨ ᠲᠦᠮᠡᠨ ᠤ ᠦᠡᠳᠤᠰᠤᠨ ᠠᠰᠢᠭ ᠲᠤᠰᠠ ᠲᠠᠢ ᠬᠤᠯᠪᠤᠭᠳᠠᠵᠤ ᠪᠠᠶᠢᠳᠠᠭ᠃ ᠡᠮ ᠡᠮᠨᠡᠯᠬᠡ ᠶᠢᠨ ᠲᠠᠭᠠᠳᠬᠠᠯ ᠤᠨ ᠲᠦᠷᠤ ᠶᠢᠨ  ᠪᠤᠳᠤᠯᠭ᠎ᠠ  ᠎ ᠶᠢ  ᠭᠠᠳᠠᠭᠰᠢ ᠤᠬᠠᠭᠤᠯᠬᠤ᠂ ᠡᠮ ᠡᠮᠨᠡᠯᠬᠡ ᠶᠢᠨ ᠲᠠᠭᠠᠳᠬᠠᠯ ᠤᠨ ᠲᠤᠬᠠᠶᠢᠯᠠᠭᠰᠡᠨ ᠠᠵᠢᠯ ᠢ ᠬᠦᠢᠴᠡᠳᠬᠡᠬᠦ᠂ ᠲᠠᠭᠠᠳᠬᠠᠯ ᠤᠨ ᠵᠠᠷᠤᠳᠠᠯ ᠢ ᠬᠠᠪᠰᠤᠷᠤᠨ ᠲᠤᠰᠢᠶᠠᠵᠤ ᠤᠷᠤᠯᠠᠨ ᠲᠤᠰᠢᠶᠠᠬᠤ ᠠᠵᠢᠯᠳᠠᠨ ᠪᠤᠯᠤᠭᠰᠡᠨ ᠤ ᠬᠤᠪᠢ ᠳᠤ᠂ ᠲᠠᠷᠡ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠮᠠᠯᠴᠢᠨ ᠲᠦᠮᠡᠨ ᠳᠤ ᠪᠠᠨ ᠦᠢᠯᠡᠴᠢᠯᠡᠬᠦ ᠶᠢ ᠬᠢᠴᠢᠶᠠᠳᠡᠭ᠃      ᠲᠡᠷᠡ ᠬᠠᠶᠢᠷ᠎ᠠ ᠬᠠᠷᠢᠭᠤᠴᠠᠯᠭ᠎ᠠ ᠶᠢ ᠮᠠᠰᠢ ᠲᠡᠬᠡᠳᠤᠯᠡᠳᠡᠭ ᠠᠴᠠ ᠮᠠᠯᠴᠢᠳ ᠤᠨ ᠰᠠᠶᠢᠨ ᠦᠨᠡᠯᠡᠯᠳᠡ ᠶᠢ ᠤᠯᠤᠭᠰᠠᠭᠠᠷ ᠢᠷᠡᠵᠡᠢ᠃ ᠡᠮ ᠡᠮᠨᠡᠯᠬᠡ ᠶᠢᠨ ᠲᠠᠭᠠᠳᠬᠠᠯ ᠤᠨ ᠦᠢᠯᠡᠴᠢᠯᠡᠬᠡᠨ ᠤ ᠴᠡᠭ ᠢ ︽ᠲᠦᠪᠯᠡᠷᠡᠬᠦᠯᠤᠨ ᠬᠦᠢᠴᠡᠳᠬᠡᠬᠦ︾ ᠵᠡᠷᠬᠡ ᠠᠷᠭ᠎ᠠ ᠵᠠᠮ ᠢᠶᠠᠷ ᠭᠠᠴᠠᠭᠠᠨ ᠤ ᠲᠠᠪᠠᠭᠤᠯᠢᠭ ᠢᠶᠠᠨ ᠠᠰᠢᠭᠯᠠᠨ᠂ ᠭᠠᠴᠠᠭᠠᠨ ᠤ ᠮᠠᠯᠵᠢᠬᠤ ᠡᠷᠤᠬᠡ ᠳᠤ ᠡᠮ ᠡᠮᠨᠡᠯᠬᠡ ᠶᠢᠨ ᠲᠠᠭᠠᠳᠬᠠᠯ ᠤᠨ ᠲᠦᠷᠤ ᠶᠢᠨ ᠪᠤᠳᠤᠯᠭ᠎ᠠ ᠶᠢ ᠤᠬᠠᠭᠤᠯᠵᠤ᠂ ᠡᠮ ᠡᠮᠨᠡᠯᠬᠡ ᠶᠢᠨ ᠲᠠᠭᠠᠳᠬᠠᠯ ᠢ ᠬᠠᠪᠰᠤᠷᠤᠨ ᠲᠤᠰᠢᠶᠠᠬᠤ ᠵᠠᠷᠬᠡ ᠮᠠᠰᠢ ᠤᠯᠠᠨ ᠮᠠᠯᠴᠢᠨ ᠲᠦᠮᠡᠨ ᠤ ᠠᠰᠢᠭ ᠲᠤᠰᠠ ᠲᠠᠢ ᠬᠤᠯᠪᠤᠭᠳᠠᠬᠤ ᠠᠵᠢᠯ ᠢ ᠬᠠᠪᠰᠤᠷᠤᠨ ᠬᠦᠢᠴᠡᠳᠬᠡᠳᠡᠭ᠃ ᠲᠦᠷᠤ ᠶᠢᠨ ᠪᠤᠳᠤᠯᠭ᠎ᠠ ᠶᠢ ᠤᠬᠠᠭᠤᠯᠬᠤ ᠪᠠ ᠲᠤᠬᠠᠶᠢᠯᠠᠭᠰᠡᠨ ᠠᠵᠢᠯ ᠢ ᠬᠦᠢᠴᠡᠳᠬᠡᠬᠦ ᠶᠠᠪᠤᠴᠠ ᠳᠤ᠂ ᠲᠠᠷᠡ ᠮᠠᠯᠴᠢᠳ ᠤᠨ ᠲᠤᠰ ᠪᠠᠶ᠎ᠠ ᠶᠢᠨ ᠪᠤᠳᠠᠳᠡᠢ ᠠᠰᠢᠭ ᠲᠤᠰᠠ ᠶᠢᠨ ᠡᠬᠦᠳᠠᠨ ᠠᠴᠠ ᠲᠡᠳᠡᠨ ᠲᠠᠢ ᠲᠤᠳᠤᠨᠤ ᠪᠠᠷ ᠬᠠᠷᠢᠯᠴᠠᠵᠤ᠂ ᠲᠠᠳᠠᠨ ᠤ ᠮᠠᠳᠠᠭ ᠲᠠᠢ ᠠᠰᠠᠭᠤᠳᠠᠯ ᠢ ᠨᠢ ᠰᠢᠢᠳᠪᠤᠷᠢᠯᠡᠵᠤ ᠦᠭᠬᠦ ᠶᠢᠨ ᠬᠠᠮᠳᠤ ᠡᠮ ᠡᠮᠨᠡᠯᠬᠡ ᠶᠢᠨ ᠲᠠᠭᠠᠳᠬᠠᠯ ᠤᠨ ᠡᠯᠧᠺᠲᠷᠤᠨ ᠬᠡᠷᠡᠴᠢ ᠪᠠᠷᠢᠮᠳᠠ ᠶᠢᠨ ᠴᠢᠳᠠᠮᠵᠢ ᠵᠢᠴᠢ ᠦᠢᠯᠡᠳᠤᠯ ᠢ ᠬᠡᠷᠡᠭᠯᠡᠨ ᠦᠵᠡᠬᠦᠯᠵᠤ᠂ ᠮᠠᠯᠴᠢᠳ ᠲᠤ ᠡᠮ ᠡᠮᠨᠡᠯᠬᠡ ᠶᠢᠨ ᠲᠠᠭᠠᠳᠬᠠᠯ ᠲᠤᠰᠢᠶᠠᠬᠤ ᠎ ᠶᠢᠨ ᠰᠠᠶᠢᠨ ᠲᠠᠯ᠎ᠠ ᠶᠢ ᠬᠦᠢᠴᠡᠳ ᠲᠠᠨᠢᠭᠤᠯᠵᠤ᠂ ᠡᠮ ᠡᠮᠨᠡᠯᠬᠡ ᠶᠢᠨ ᠲᠠᠭᠠᠳᠬᠠᠯ ᠤᠨ ᠲᠦᠷᠤ ᠶᠢᠨ ᠪᠤᠳᠤᠯᠭ᠎ᠠ ᠶᠢ ᠦᠢᠯᠠᠭᠠᠭᠤᠯᠤᠨ ᠲᠠᠨᠢᠭᠤᠯᠬᠤ ᠶᠢ ᠵᠤᠷᠢᠳᠠᠭ᠃      ᠵᠠᠷᠢᠮ ᠳᠤ ᠪᠠᠨ ᠬᠦᠳᠡᠭᠡ ᠪᠠᠭᠤᠵᠤ ᠡᠷᠤᠬᠡ ᠳᠤ ᠬᠦᠡᠵᠡᠬᠡᠶᠢᠷᠡᠬᠦ ᠠᠵᠢᠯ ᠤᠨ ᠲᠤᠮᠳᠠ᠂ ᠦᠡᠳᠤᠰᠤᠨ ᠡᠮ ᠡᠮᠨᠡᠯᠬᠡ ᠶᠢᠨ ᠲᠠᠭᠠᠳᠬᠠᠯ ᠢᠶᠠᠨ ᠲᠤᠰᠢᠶᠠᠵᠤ ᠴᠢᠳᠠᠬᠤ ᠦᠬᠡᠢ ᠮᠠᠯᠴᠢᠳ ᠲᠤᠬᠢᠶᠠᠯᠳᠤᠪᠠᠯ᠂ ᠲᠠᠳᠠᠨ ᠳᠤ ᠨᠢᠬᠡ ᠨᠢᠬᠡ ᠠᠯᠬᠤᠮ ᠢᠶᠠᠷ ᠵᠢᠭᠠᠨ ᠦᠭᠴᠤ᠂ ᠬᠠᠪᠰᠤᠷᠤᠨ ᠲᠤᠰᠢᠶᠠᠵᠤ ᠦᠭᠳᠡᠭ᠃ ᠤᠶᠤᠨᠴᠢ ᠭᠠᠷ ᠤᠳᠠᠰᠤ ᠦᠬᠡᠢ ᠨᠠᠰᠤᠳᠠᠨ ᠎ ᠲᠠᠢ ᠲᠠᠭᠠᠷᠠᠯᠳᠤᠪᠠᠯ᠂ ᠲᠠᠷᠠ ᠦᠪᠡᠷ ᠤᠨ ᠭᠠᠷ ᠤᠳᠠᠰᠤ ᠪᠠᠷ ᠢᠶᠠᠨ ᠬᠠᠪᠰᠤᠷᠤᠨ ᠡᠮ ᠡᠮᠨᠡᠯᠬᠡ ᠶᠢᠨ ᠲᠠᠭᠠᠳᠬᠠᠯ ᠢ ᠎ ᠨᠢ ᠲᠤᠰᠢᠶᠠᠵᠤ ᠦᠭᠳᠡᠭ ᠪᠦᠬᠡᠳ ᠲᠡᠳᠡᠨ ᠤ ᠲᠦᠷᠤᠯ ᠰᠠᠳᠤᠨ ᠤ ᠬᠢᠨᠢ ᠭᠠᠷ ᠤᠳᠠᠰᠤᠨ ᠲᠡᠬᠡᠷ᠎ᠠ ᠨᠠᠰᠤᠳᠠᠨ ᠪᠠ ᠬᠡᠤᠬᠡᠳ ᠤᠨ ᠡᠮ ᠡᠮᠨᠡᠯᠬᠡ ᠶᠢᠨ ᠲᠠᠭᠠᠳᠬᠠᠯ ᠤᠨ ᠡᠯᠧᠺᠲᠷᠤᠨ ᠬᠡᠷᠴᠢ ᠪᠠᠷᠢᠮᠳᠠ ᠶᠢ ᠦᠯᠡᠳᠡᠬᠡᠨ ᠦᠭᠴᠤ᠂ ᠮᠠᠯᠴᠢᠨ ᠲᠦᠮᠡᠨ ᠳᠤ ᠲᠦᠬᠦᠮ ᠦᠵᠡᠬᠦᠯᠳᠡᠭ᠃      ︽ᠬᠡᠷᠡᠯᠰᠤᠪᠤᠳ ᠬᠠᠷᠢᠵᠤ ᠢᠷᠡᠵᠤ ᠠᠵᠢᠯᠯᠠᠭᠠᠳ ᠪᠢᠳᠠᠨ ᠳᠤ ᠶᠡᠭᠡ ᠬᠠᠪᠰᠤᠷᠴᠤ ᠪᠠᠶᠢᠨ᠎ᠠ ᠰᠢᠤ᠂ ᠦᠡᠳᠤᠰᠤᠨ ᠱᠠᠳᠤᠨ ᠤ ᠡᠮ ᠡᠮᠨᠡᠯᠬᠡ ᠶᠢᠨ ᠲᠠᠭᠠᠳᠬᠠᠯ ᠤᠨ ᠲᠠᠯ᠎ᠠ ᠪᠠᠷ ᠶᠠᠮᠠᠷ ᠦᠢᠯᠠᠭᠠᠬᠤ ᠦᠬᠡᠢ ᠵᠥᠢᠯᠡᠰ ᠪᠠᠶᠢᠪᠠᠯ ᠲᠤᠳᠤᠷᠬᠠᠢ ᠰᠠᠶᠢᠬᠠᠨ ᠶᠠᠷᠢᠵᠤ ᠦᠭᠳᠡᠭ᠂ ᠭᠠᠷ ᠤᠳᠠᠰᠤᠨ ᠲᠡᠬᠡᠷ᠎ᠠ ᠬᠦᠢᠴᠡᠳᠬᠡᠬᠦ ᠭᠠᠷᠳᠠᠮ ᠢ ᠴᠤ ᠨᠢᠮᠪᠠᠢ ᠵᠢᠭᠠᠵᠤ ᠦᠭᠬᠦᠬᠡᠳ᠂ ᠮᠠᠰᠢ ᠲᠦᠬᠦᠮ ᠪᠤᠯᠤᠭᠰᠡᠨ ᠰᠢᠤ︾ ᠬᠡᠵᠤ ᠮᠠᠯᠴᠢᠳ ᠶᠠᠷᠢᠨ᠎ᠠ᠃      ︽ᠵᠠᠯᠠᠭᠤ ᠬᠦᠮᠤᠨ ᠤ ᠵᠠᠮ ᠤᠨ ᠬᠦᠵᠤᠬᠦᠦ ᠤᠷᠳᠤ︾ ᠬᠡᠳᠡᠭ ᠢᠶᠠᠷ ᠬᠡᠷᠡᠯᠰᠤᠪᠤᠳ ︽ᠵᠤᠷᠢᠭ ᠪᠠᠶᠢᠪᠠᠯ ᠵᠤᠷᠢᠭᠰᠡᠨ ᠳᠤ ᠪᠠᠨ︾ ᠬᠡᠳᠡᠭ ᠢ ᠠᠵᠢᠯ ᠦᠢᠯᠡᠰ ᠤᠨ ᠢᠶᠠᠨ ᠵᠤᠷᠢᠯᠳᠠ ᠪᠤᠯᠭᠠᠨ᠂ ᠡᠯᠢᠬᠡᠨ ᠨᠤᠳᠤᠭ ᠤᠨ ᠢᠶᠠᠨ ᠬᠦᠮᠤᠨ ᠠᠷᠡᠳ ᠲᠤ ᠡᠷᠡᠬᠦᠯ ᠮᠡᠡᠳᠤ᠂ ᠵᠤᠯ ᠵᠢᠷᠭᠠᠯ ᠢ ᠬᠦᠷᠳᠡᠬᠡᠵᠤ ᠶᠠᠪᠤᠨ᠎ᠠ᠃ ᠠᠵᠢᠯ ᠦᠢᠯᠡᠰ ᠢᠶᠠᠨ ᠲᠡᠬᠡᠳᠤᠯᠡᠨ᠂ ᠠᠵᠢᠯ ᠤᠨ ᠲᠤᠮᠳᠠ ᠪᠠᠨ ᠲᠤᠷᠰᠢᠯᠭ᠎ᠠ ᠰᠤᠷᠭᠠᠮᠵᠢ ᠬᠤᠷᠠᠮᠳᠤᠭᠤᠯᠵᠤ᠂ ᠰᠢᠨ᠎ᠠ ᠴᠠᠭ ᠦᠶ᠎ᠠ ᠶᠢᠨ ᠰᠢᠯᠢᠳᠡᠭ ᠵᠠᠯᠠᠭᠤᠴᠤᠳ ᠤᠨ ᠬᠡᠪ ᠲᠠᠭᠤᠷᠢᠶᠠᠯ ᠨᠢ ᠪᠤᠯᠵᠤ ᠬᠢᠯᠠᠷᠠᠭᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号