ᠪᠤᠳᠠᠰ ᠤᠨ ᠪᠤᠰᠤ ᠰᠤᠶᠤᠯ ᠤᠨ ᠦᠪ ᠢᠶᠠᠷ ᠲᠡᠯᠬᠡᠭᠳᠡᠬᠦ ᠴᠠᠭᠠᠨ ᠰᠠᠷ᠎ᠠ ᠶᠢᠨ ᠪᠠᠷᠠᠭᠠᠨ ᠤ ᠦᠵᠡᠬᠦᠯᠬᠡ ᠰᠤᠨᠢᠷᠬᠠᠯᠳᠡᠢ
ᠨᠡᠶᠢᠲᠡᠯᠡᠭᠰᠡᠨ ᠴᠠᠭ᠄
2024/2/28
           1 ᠰᠠᠷ᠎ᠠ ᠶᠢᠨ 19 ᠤ ᠡᠳᠤᠷ᠂ ︽ᠤᠮᠠᠷᠡᠳᠤ ᠬᠢᠯᠢ ᠶᠢᠨ ᠰᠤᠶᠤᠯ ᠢ ᠱᠤᠭᠤᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠳᠤ ᠬᠦᠴᠤᠨ ᠨᠠᠮᠠᠷᠢᠯᠠᠶ᠎ᠠ︾ — ᠠᠪᠠᠭ᠎ᠠ ᠬᠤᠰᠢᠭᠤᠨ ᠤ 2024 ᠤᠨ ᠤ ᠪᠤᠳᠠᠰ ᠤᠨ ᠪᠤᠰᠤ ᠰᠤᠶᠤᠯ ᠤᠨ ᠦᠪ ᠤᠨ ᠴᠠᠭᠠᠨ ᠰᠠᠷ᠎ᠠ ᠶᠢᠨ ᠪᠠᠷᠠᠭᠠᠨ ᠤ ᠦᠵᠡᠬᠦᠯᠬᠡ ᠬᠤᠰᠢᠭᠤ ᠠᠵᠢᠯ ᠮᠠᠷᠬᠡᠵᠢᠯ ᠤᠨ ᠰᠤᠷᠭᠠᠨ ᠬᠦᠮᠤᠵᠢᠯ ᠤᠨ ᠶᠠᠷᠤᠩᠬᠡᠶᠢᠯᠡᠭᠰᠡᠨ ᠦᠢᠯᠡᠴᠢᠯᠡᠬᠡᠨ ᠤ ᠲᠦᠪ ᠲᠤ ᠲᠡᠯᠬᠡᠭᠳᠡᠪᠡ᠃
           ᠦᠢᠯᠠᠭᠠᠭᠰᠡᠨ ᠢᠶᠠᠷ᠂ ᠲᠤᠰ ᠤᠳᠠᠭᠠᠨ ᠤ ᠪᠤᠳᠠᠰ ᠤᠨ ᠪᠤᠰᠤ ᠰᠤᠶᠤᠯ ᠤᠨ ᠦᠪ ᠴᠠᠭᠠᠨ ᠰᠠᠷ᠎ᠠ ᠶᠢᠨ ᠪᠠᠷᠠᠭᠠᠨ ᠤ ᠦᠵᠡᠬᠦᠯᠬᠡ ᠶᠢ ᠠᠮᠳᠠᠯᠠᠬᠤ᠂ ᠰᠤᠨᠢᠷᠬᠠᠬᠤ᠂ ᠭᠤᠶᠤᠯᠠᠬᠤ᠂ ᠤᠡᠴᠠᠯᠢᠭᠳᠠᠬᠤ ᠵᠠᠷᠬᠡ ᠲᠦᠷᠪᠡᠨ ᠲᠤᠭᠤᠷᠢᠭ ᠬᠤᠪᠢᠶᠠᠵᠤ᠂ ᠮᠠᠨ ᠤ ᠬᠤᠰᠢᠭᠤᠨ ᠤ 25 ᠪᠤᠳᠠᠰ ᠤᠨ ᠪᠤᠰᠤ ᠰᠤᠶᠤᠯ ᠤᠨ ᠦᠪ ᠤᠨ ᠦᠪᠯᠡᠨ ᠤᠯᠠᠮᠵᠢᠯᠠᠭᠴᠢᠳ ᠠᠴᠠ ᠠᠪᠠᠭ᠎ᠠ ᠤᠯᠠᠮᠵᠢᠯᠠᠯᠳᠤ ᠬᠤᠪᠴᠠᠰᠤ ᠵᠠᠰᠠᠯ᠂ ᠴᠡᠭᠡ᠂ ᠢᠰᠡᠬᠡᠢ ᠤᠷᠠᠯᠠᠯ᠂ ᠮᠤᠳᠤᠨ ᠰᠠᠶᠢᠯᠤᠮᠠᠯ᠂ ᠮᠤᠷᠢᠨ ᠤ ᠡᠳ᠋ᠯᠡᠯ ᠬᠡᠷᠡᠭᠰᠡᠯ ᠵᠡᠷᠬᠡ ᠡᠯᠪᠡᠭ ᠪᠠᠶᠠᠯᠢᠭ ᠪᠤᠳᠠᠰ ᠤᠨ ᠪᠤᠰᠤ ᠰᠤᠶᠤᠯ ᠤᠨ ᠦᠪ ᠤᠨ ᠲᠦᠯᠤᠬᠡᠯᠡᠬᠦ ᠴᠢᠨᠡᠷᠳᠡᠢ ᠲᠦᠷᠤᠯ ᠵᠥᠢᠯ ᠢ ᠦᠵᠡᠬᠦᠯᠬᠡ ᠳᠤ ᠲᠡᠯᠬᠡᠵᠡᠢ᠃ ᠲᠡᠯᠬᠡᠨ ᠦᠵᠡᠬᠦᠯᠬᠦ᠂ ᠲᠡᠯᠬᠡᠨ ᠪᠤᠷᠤᠯᠠᠭᠤᠯᠬᠤ ᠠᠷᠭ᠎ᠠ ᠬᠡᠯᠪᠡᠷᠢ ᠪᠠᠷ ᠲᠠᠮᠵᠢᠭᠤᠯᠤᠨ᠂ ᠮᠠᠨ ᠤ ᠬᠤᠰᠢᠭᠤᠨ ᠤ ᠤᠡᠴᠠᠯᠢᠭᠳᠤ ᠪᠤᠳᠠᠰ ᠤᠨ ᠪᠤᠰᠤ ᠰᠤᠶᠤᠯ ᠤᠨ ᠦᠪ ᠢ ᠤᠯᠠᠨ ᠲᠦᠮᠡᠨ ᠳᠤ ᠬᠦᠷᠬᠡᠵᠤ᠂ ᠨᠤᠳᠤᠭ ᠤᠨ ᠢᠶᠠᠨ ᠪᠤᠳᠠᠰ ᠤᠨ ᠪᠤᠰᠤ ᠰᠤᠶᠤᠯ ᠤᠨ ᠦᠪ ᠤᠨ ᠷᠢᠳᠢ ᠰᠢᠳᠢ ᠶᠢ ᠦᠢᠷ᠎ᠠ ᠵᠠᠢ ᠠᠴᠠ ᠤᠯᠠᠨ ᠲᠦᠮᠡᠨ ᠳᠤ ᠦᠢᠯᠠᠭᠠᠭᠤᠯᠤᠭᠰᠡᠨ ᠪᠠᠶᠢᠨ᠎ᠠ᠃
           ᠪᠤᠳᠠᠰ ᠤᠨ ᠪᠤᠰᠤ ᠰᠤᠶᠤᠯ ᠤᠨ ᠦᠪ ᠤᠨ ᠦᠪᠯᠡᠨ ᠤᠯᠠᠮᠵᠢᠯᠠᠭᠴᠢ ᠴᠢᠮᠡᠭ᠄ ︽ᠤᠯᠠᠮᠵᠢᠯᠠᠯᠳᠤ ᠴᠠᠭᠠᠨ ᠢᠳᠡᠬᠡᠨ ᠬᠢᠬᠡᠳ ᠨᠢᠬᠡᠨᠳᠡ 20 ᠭᠠᠷᠤᠢ ᠵᠢᠯ ᠪᠤᠯᠵᠤ ᠪᠠᠶᠢᠨ᠎ᠠ᠂ ᠪᠤᠳᠠᠰ ᠤᠨ ᠪᠤᠰᠤ ᠰᠤᠶᠤᠯ ᠤᠨ ᠦᠪ ᠤᠨ ᠴᠠᠭᠠᠨ ᠰᠠᠷ᠎ᠠ ᠶᠢᠨ ᠪᠠᠷᠠᠭᠠᠨ ᠤ ᠦᠵᠡᠬᠦᠯᠬᠡ ᠳᠤ ᠬᠤᠶᠠᠳᠡᠬᠢ ᠤᠳᠠᠭ᠎ᠠ ᠪᠠᠨ ᠤᠷᠤᠯᠴᠠᠵᠤ ᠪᠠᠶᠢᠨ᠎ᠠ᠂ ᠡᠨ᠋ᠨ ᠵᠢᠯ ᠤᠨ ᠲᠦᠷᠤᠯ ᠵᠥᠢᠯ ᠪᠠ ᠬᠡᠪᠴᠢᠶ᠎ᠠ ᠨᠢ ᠨᠢᠳᠤᠨᠤᠨ ᠤ ᠬᠢ ᠠᠴᠠ ᠬᠤᠯᠠ ᠶᠡᠭᠡ ᠪᠤᠯᠵᠠᠢ᠂ ᠡᠨᠡᠬᠦ ᠠᠵᠢᠯᠯᠠᠭ᠎ᠠ ᠪᠠᠨ ᠤᠯᠠᠮ ᠠᠴᠠ ᠤᠯᠠᠮ ᠰᠠᠶᠢᠨ ᠡᠷᠬᠢᠯᠡᠬᠦ ᠶᠢ ᠬᠦᠰᠠᠵᠤ ᠪᠠᠶᠢᠨ᠎ᠠ︾ ᠬᠡᠮᠡᠨ ᠤᠴᠢᠷᠯᠠᠨ᠎ᠠ᠃
           ᠪᠤᠳᠠᠰ ᠤᠨ ᠪᠤᠰᠤ ᠰᠤᠶᠤᠯ ᠤᠨ ᠦᠪ ᠤᠨ ᠦᠪᠯᠡᠨ ᠤᠯᠠᠮᠵᠢᠯᠠᠭᠴᠢ ᠠᠯᠳᠠᠡᠰᠤᠪᠤᠳ᠄ ︽ᠴᠠᠭᠠᠨ ᠰᠠᠷ᠎ᠠ ᠶᠢᠨ ᠪᠠᠷᠠᠭᠠᠨ ᠤ ᠦᠵᠡᠬᠦᠯᠬᠡ ᠳᠤ ᠤᠷᠤᠯᠴᠠᠭᠰᠡᠨ ᠳᠤ ᠪᠠᠨ ᠮᠠᠰᠢ ᠪᠠᠶᠠᠷᠳᠡᠢ ᠪᠠᠶᠢᠨ᠎ᠠ᠂ ᠨᠢᠳᠤᠨᠤᠨ ︿ᠪᠤᠳᠠᠰ ᠤᠨ ᠪᠤᠰᠤ ᠰᠤᠶᠤᠯ  ᠤᠨ ᠦᠪᠯᠡᠨ ᠤᠯᠠᠮᠵᠢᠯᠠᠭᠴᠢ﹀ ᠪᠠᠷ ᠨᠠᠷᠠᠶᠢᠳᠦᠭᠳᠡᠭᠰᠡᠨ ᠶᠤᠮ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠤᠯᠠᠮᠵᠢᠯᠠᠯᠳᠤ ᠰᠤᠶᠤᠯ᠂ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠥᠢᠯ ᠤᠨ ᠨᠢᠬᠡ ᠪᠤᠯᠬᠤ ᠦᠡᠳᠤᠰᠤᠳᠠᠨ ᠤ ᠤᠯᠠᠮᠵᠢᠯᠠᠯᠳᠤ ᠬᠤᠪᠴᠠᠰᠤ ᠵᠠᠰᠠᠯ ᠢ ᠶᠡᠭᠡ ᠪᠠᠷ ᠲᠠᠮᠵᠢᠵᠤ ᠬᠦᠭᠵᠢᠬᠦᠯᠵᠤ ᠪᠠᠶᠢᠭ᠎ᠠ ᠳᠤ ᠲᠠᠯᠠᠷᠬᠠᠵᠤ ᠪᠠᠶᠢᠨ᠎ᠠ︾ ᠬᠡᠵᠤ ᠰᠡᠳᠬᠢᠯ ᠢᠶᠠᠨ ᠲᠡᠯᠬᠡᠨ᠎ᠠ᠃
     ᠪᠤᠳᠠᠰ ᠤᠨ ᠪᠤᠰᠤ ᠰᠤᠶᠤᠯ ᠤᠨ ᠦᠪ ᠤᠨ ᠴᠠᠭᠠᠨ ᠰᠠᠷ᠎ᠠ ᠶᠢᠨ ᠪᠠᠷᠠᠭᠠᠨ ᠤ ᠦᠵᠡᠬᠦᠯᠬᠡ ᠪᠤᠯ ᠲᠤᠮᠳᠠᠳᠤ ᠶᠢᠨ ᠰᠢᠯᠢᠳᠡᠭ ᠰᠤᠶᠤᠯ ᠢ ᠤᠯᠠᠮᠵᠢᠯᠠᠬᠤ᠂ ᠦᠡᠳᠤᠰᠤᠳᠠᠨ   ᠨᠦᠭᠦᠳ   ᠤᠨ  ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠠᠬᠢᠭᠤᠯᠬᠤ᠂ ᠪᠤᠳᠠᠰ ᠤᠨ ᠪᠤᠰᠤ ᠰᠤᠶᠤᠯ ᠤᠨ ᠦᠪ ᠤᠨ ᠤᠳᠤ ᠦᠶ᠎ᠠ ᠶᠢᠨ ᠠᠮᠢᠳᠤᠷᠡᠯ ᠳᠤ ᠠᠭᠤᠰᠤᠯᠴᠠᠬᠤ ᠶᠢ ᠠᠬᠢᠭᠤᠯᠬᠤ᠂ ᠬᠦᠳᠡᠭᠡ  ᠲᠤᠰᠬᠤᠨ   ᠢ  ᠬᠦᠭᠵᠢᠬᠦᠯᠤᠨ ᠮᠠᠡᠳᠤᠭᠤᠯᠬᠤ ᠳᠤ ᠬᠦᠴᠤᠨ ᠨᠠᠮᠠᠷᠢᠯᠠᠬᠦ᠂ ᠪᠠᠶᠠᠷ ᠤᠨ ᠡᠳᠤᠷ ᠤᠨ ᠠᠭᠤᠷ ᠠᠮᠢᠰᠬᠤᠯ ᠢ ᠦᠳᠬᠡᠷᠡᠬᠦᠯᠬᠦ ᠪᠠᠰᠠ ᠨᠢᠬᠡᠨ ᠴᠢᠬᠤᠯᠠ ᠠᠷᠭ᠎ᠠ ᠵᠠᠮ ᠪᠤᠯᠤᠨ᠎ᠠ᠃ ᠲᠤᠰ ᠤᠳᠠᠭᠠᠨ ᠤ ︽ᠤᠮᠠᠷᠡᠳᠤ ᠬᠢᠯᠢ ᠶᠢᠨ ᠰᠤᠶᠤᠯ ᠶᠢᠨ ᠱᠤᠭᠤᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠳᠤ ᠬᠦᠴᠤᠨ ᠨᠠᠮᠠᠷᠢᠯᠠᠬᠦ︾ ᠠᠪᠠᠭ᠎ᠠ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠦᠪ ᠢᠶᠠᠷ ᠲᠡᠯᠬᠡᠭᠳᠡᠬᠦ ᠴᠠᠭᠠᠨ ᠰᠠᠷ᠎ᠠ ᠶᠢᠨ ᠪᠠᠷᠠᠭᠠᠨ ᠤ ᠦᠵᠡᠬᠦᠯᠬᠡ ᠶᠢ ᠡᠷᠬᠢᠯᠡᠭᠰᠡᠨ ᠨᠢ ᠪᠦᠬᠦ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠦᠪ ᠤᠨ ᠦᠪᠯᠡᠨ ᠤᠯᠠᠮᠵᠢᠯᠠᠭᠴᠢᠳ ᠲᠤ ᠤᠷ᠎ᠠ ᠮᠠᠷᠬᠡᠵᠢᠯ ᠢᠶᠠᠨ ᠲᠡᠯᠬᠡᠨ ᠦᠵᠡᠬᠦᠯᠬᠦ ᠰᠢᠯᠢᠳᠡᠭ ᠲᠠᠪᠴᠠᠩ ᠪᠤᠯᠤᠭᠰᠡᠨ ᠢᠶᠠᠷ ᠪᠠᠷᠠᠬᠤ ᠦᠬᠡᠢ ᠦᠷᠬᠡᠨ ᠤᠯᠠᠨ ᠠᠷᠡᠳ ᠲᠦᠮᠡᠨ ᠤ ᠪᠤᠳᠠᠰ ᠤᠨ ᠪᠤᠰᠤ ᠰᠤᠶᠤᠯ ᠤᠨ ᠦᠪ ᠤᠨ ᠰᠤᠶᠤᠯ ᠢ ᠤᠯᠠᠮ ᠨᠢᠬᠡ ᠠᠯᠬᠤᠮ ᠦᠢᠯᠠᠭᠠᠬᠤ ᠳᠤ ᠴᠢᠬᠤᠯᠠ ᠠᠷᠭ᠎ᠠ ᠵᠠᠮ ᠪᠤᠯᠤᠭᠰᠡᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号