ᠠᠪᠠᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠮᠠᠯᠵᠢᠬᠤ ᠣᠷᠣᠨ ᠤ ᠣᠨᠴᠠ ᠬᠦᠴᠢᠷᠳᠡᠯᠲᠡᠶ ᠬᠥᠮᠦᠰ ᠲᠤ 2023 ᠣᠨ ᠤ ᠳᠥᠷᠪᠡᠳᠦᠭᠡᠷ ᠤᠯᠠᠷᠢᠯ ᠤᠨ ᠴᠠᠬᠢᠯᠭᠠᠨ ᠤ ᠰᠦᠢᠳᠭᠡᠯ ᠤᠨ ᠨᠥᠬᠦᠪᠥᠷᠢ ᠣᠯᠭᠤᠪᠠ
ᠨᠡᠶᠢᠲᠡᠯᠡᠭᠰᠡᠨ ᠴᠠᠭ᠄
2024/2/29
      ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ 2023 ᠣᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ ᠬᠥᠮᠦᠰ ᠤᠨ ᠴᠠᠬᠢᠯᠭᠠᠨ ᠤ ᠰᠦᠢᠳᠭᠡᠯ ᠤᠨ ᠨᠥᠬᠦᠪᠥᠷᠢ ᠶᠢᠨ ᠪᠠᠯᠠ ᠮᠥᠩᠭᠦ ᠶᠢ ᠣᠯᠭᠤᠬᠤ ᠲᠤᠬᠠᠶ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠴᠠᠬᠢᠯᠭᠠᠨ ᠤ  ᠰᠦᠢᠳᠭᠡᠯ ᠤᠨ ᠨᠥᠬᠦᠪᠥᠷᠢ ᠶᠢᠨ ᠪᠠᠯᠠ ᠮᠥᠩᠭᠦ ᠤ ᠨᠥᠬᠦᠪᠥᠷᠢ ᠶᠢ ᠴᠠᠭ ᠲᠤᠬᠠᠢ ᠳᠤᠨᠢ ᠬᠤᠪᠢ ᠬᠥᠮᠦᠨ ᠤ ᠲᠠᠩᠰᠠᠨ ᠳᠤ ᠤᠷᠤᠭᠤᠯᠵᠤ ᠲᠠᠷᠬᠠᠭᠠᠪᠠ᠃ 2023 ᠣᠨ ᠤ ᠰᠡᠭᠦᠯᠴᠢ ᠪᠠᠷ᠂ 2024 ᠣᠨ ᠤ ᠡᠬᠢ ᠪᠠᠷ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠰᠡᠳ᠂ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ ᠬᠥᠮᠦᠰ ᠤᠨ ᠬᠡᠷ ᠪᠦᠯᠢ ᠶᠢᠨ ᠡᠷᠦᠬᠡ ᠶᠢᠨ ᠲᠤᠭ᠎ᠠ ᠪᠠᠷ ᠰᠠᠭᠤᠷᠢ ᠲᠤᠭ᠎ᠠ ᠪᠣᠯᠭᠠᠵᠤ᠂ ᠡᠷᠦᠬᠡ ᠪᠦᠷᠢ ᠳᠤ ᠰᠠᠷ᠎ᠠ ᠳᠤ 15 ᠭᠷᠠᠳᠦ᠋ᠰ ᠤᠨ ᠴᠠᠬᠢᠯᠭᠠᠨ᠂ ᠭᠷᠠᠳᠦ᠋ᠰ ᠪᠦᠷᠢ ᠶᠢ 0.415 ᠲᠥᠭᠦᠷᠢᠭ ᠤᠨ ᠪᠠᠷᠢᠮᠵᠢᠶ᠎ᠠ ᠪᠠᠷ ᠨᠢᠭᠡᠳᠦᠯᠲᠡᠶ ᠨᠦᠬᠦᠪᠦᠷᠢ ᠣᠯᠭᠤᠪᠠ᠃ 2023 ᠣᠨ ᠤ 4 ᠰᠠᠷ᠎ᠠ ᠳᠤ 933 ᠡᠷᠦᠬᠡ ᠶᠢᠨ 1277 ᠬᠦᠴᠢᠷᠳᠡᠯᠲᠡᠶ ᠣᠯᠠᠨ ᠲᠦᠮᠡᠨ ᠤ ᠴᠠᠬᠢᠯᠭᠠᠨ ᠤ ᠦᠨ᠎ᠡ ᠶᠢᠨ ᠨᠥᠬᠦᠪᠥᠷᠢ ᠶᠢ 1.74471 ᠲᠦᠮᠡᠨ ᠲᠥᠭᠦᠷᠢᠭ ᠢ ᠨᠢᠭᠡᠨᠲᠡ ᠲᠠᠷᠬᠠᠭᠠᠪᠠ᠃ ᠡᠭᠦᠨ ᠳᠤ᠄ ᠬᠤᠲᠠ ᠪᠠᠯᠭᠠᠰᠤᠨ ᠤ 540 ᠡᠷᠦᠬᠡ ᠶᠢᠨ 738 ᠬᠥᠮᠦᠨ ᠳᠤ 1.0098 ᠲᠦᠮᠡᠨ ᠲᠥᠭᠦᠷᠢᠭ ᠤᠨ ᠨᠦᠬᠦᠪᠦᠷᠢ ᠲᠠᠷᠬᠠᠭᠠᠵᠤ︔ ᠮᠠᠯᠵᠢᠬᠤ ᠣᠷᠣᠨ ᠤ 352 ᠡᠷᠦᠬᠡ ᠶᠢᠨ 498 ᠬᠥᠮᠦᠨ ᠳᠤ 0.65824 ᠲᠦᠮᠡᠨ ᠲᠥᠭᠦᠷᠢᠭ ᠤᠨ ᠨᠦᠬᠦᠪᠦᠷᠢ ᠲᠠᠷᠬᠠᠭᠠᠪᠠ︔ ᠮᠠᠯᠵᠢᠬᠤ ᠣᠷᠣᠨ ᠤ ᠣᠨᠴᠠ ᠬᠦᠴᠢᠷᠳᠡᠯᠲᠡᠶ 41 ᠬᠥᠮᠦᠨ ᠳᠤ 0.07667 ᠲᠦᠮᠡᠨ ᠲᠥᠭᠦᠷᠢᠭ ᠤᠨ ᠨᠦᠬᠦᠪᠦᠷᠢ ᠲᠠᠷᠬᠠᠭᠠᠪᠠ᠃
 
ᠢᠷᠡᠯᠲᠡ᠄ ᠠᠪᠠᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号