ᠠᠪᠠᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠡᠶᠢᠭᠡᠮ ᠤᠨ ᠬᠦᠴᠦᠨ ᠠᠴᠠ 2024 ᠣᠨ ᠤ ᠨᠡᠶᠢᠭᠡᠮ ᠤᠨ ᠠᠪᠤᠷᠠᠨ ᠳᠤᠰᠠᠯᠠᠯᠲᠠ ᠶᠢᠨ ᠦᠢᠯᠡᠴᠢᠯᠡᠭᠡᠨ ᠤ ᠲᠥᠷᠥᠯ ᠵᠦᠢᠯ ᠢ ᠬᠤᠳᠠᠯᠳᠤᠨ ᠠᠪᠬᠤ ᠠᠯᠪᠠᠨ ᠵᠠᠷ
ᠨᠡᠶᠢᠲᠡᠯᠡᠭᠰᠡᠨ ᠴᠠᠭ᠄
2024/2/29
     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠪᠠ ︽ᠵᠠᠰᠠᠭ ᠤᠨ ᠣᠷᠳᠣᠨ ᠤ ᠨᠡᠶᠢᠭᠡᠮ ᠤᠨ ᠬᠦᠴᠦᠨ ᠠᠴᠠ ᠦᠢᠯᠡᠴᠢᠯᠡᠭᠡ ᠬᠤᠳᠠᠯᠳᠤᠨ ᠠᠪᠬᠤ ᠲᠤᠬᠠᠶ ᠬᠡᠷᠡᠭᠵᠢᠭᠦᠯᠬᠦ ᠰᠠᠨᠠᠯ  ︾  ︵ ᠰᠢᠯᠢ  ᠶᠢᠨ  ᠵᠠᠬᠢᠷᠭ᠎ᠠ  ᠠᠯᠪᠠᠨ ᠲᠠᠷᠬᠠᠭᠠᠭᠰᠠᠨ ︹2015︺ 165 ᠳ᠋ᠤᠭᠠᠷ ᠲᠣᠭᠠᠲᠤ︶᠂ ︽ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠶᠢ ᠢᠳᠡᠪᠬᠢᠲᠡᠶ ᠠᠬᠢᠭᠤᠯᠵᠤ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠳᠤᠰᠠᠯᠠᠯᠲᠠ ᠶᠢᠨ ᠭᠠᠷᠲᠠᠨ ᠭᠦᠢᠴᠡᠳᠬᠡᠬᠦ ᠴᠢᠳᠠᠪᠤᠷᠢ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ︵ᠰᠢᠯᠢ ᠶᠢᠨ ᠭᠤᠤᠯ ᠠᠶᠢᠮᠠᠭ ᠤᠨ ᠠᠷᠠᠳ ᠤᠨ ᠶᠠᠪᠤᠳᠠᠯ ᠤᠨ ᠲᠠᠷᠬᠠᠭᠠᠭᠰᠠᠨ ︹2018︺ 43 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠨᠡᠶᠢᠭᠡᠮ ᠤᠨ ᠬᠦᠴᠦᠨ ᠠᠴᠠ ᠨᠡᠶᠢᠭᠡᠮ ᠤᠨ ᠠᠪᠤᠷᠠᠨ ᠳᠤᠰᠠᠯᠠᠯᠲᠠ ᠶᠢᠨ ᠦᠢᠯᠡᠴᠢᠯᠡᠭᠡᠨ ᠤ ᠲᠥᠷᠥᠯ ᠵᠦᠢᠯ ᠢ ᠬᠤᠳᠠᠯᠳᠤᠨ ᠠᠪᠬᠤ ᠪᠠᠷ ᠲᠣᠭᠲᠠᠪᠠ᠃      ᠨᠢᠭᠡ᠂ ᠲᠥᠷᠥᠯ ᠵᠦᠢᠯ ᠤᠨ ᠨᠡᠷᠡᠶᠢᠳᠦᠯ᠄ ᠠᠪᠠᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠵᠠᠰᠠᠭ ᠤᠨ ᠣᠷᠳᠣᠨ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠲᠥᠷᠥᠯ ᠵᠦᠢᠯ ᠬᠤᠳᠠᠯᠳᠤᠨ ᠠᠪᠤᠪᠠ      ᠬᠤᠶᠠᠷ᠂ ᠥᠢᠯᠡᠴᠢᠯᠡᠭᠡᠨ ᠤ ᠠᠭᠤᠯᠭ᠎ᠠ᠄ ᠠᠷᠠᠳ ᠤᠨ ᠶᠠᠪᠤᠳᠠᠯ ᠤᠨ ᠠᠵᠢᠯ ᠶᠠᠪᠤᠳᠠᠯ ᠤᠨ ᠴᠢᠨᠠᠷᠲᠠᠢ ᠦᠢᠯᠡᠴᠢᠯᠡᠭᠡ ᠬᠤᠳᠠᠯᠳᠤᠨ ᠠᠪᠬᠤ ᠠᠭᠤᠯᠭ᠎ᠠ᠄ ᠠᠭᠤᠯᠭ᠎ᠠ ᠨᠢ ᠳᠣᠣᠷᠠᠬᠢ ᠮᠡᠲᠦ᠄      ⒈ ᠣᠳᠣ ᠪᠠᠶᠢᠭ᠎ᠠ ᠬᠤᠲᠠ ᠬᠦᠳᠡᠭᠡ ᠶᠢᠨ ᠬᠠᠮᠤᠭ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ ᠶᠢᠨ ᠭᠡᠷ ᠤᠨ ᠲᠥᠯᠥᠪᠯᠡᠭᠡ ᠳᠤ ᠪᠠᠶᠢᠴᠠᠭᠠᠯᠲᠠ ᠬᠢᠬᠦ᠂ ᠭᠡᠷ ᠪᠦᠯᠢ ᠶᠢᠨ ᠡᠳ᠋ ᠬᠥᠷᠥᠩᠭᠡ ᠵᠢᠴᠢ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠦᠢᠯᠡᠴᠢᠯᠡᠭᠡ ᠬᠢᠨ᠎ᠡ᠃      ⒉ ᠣᠳᠣ ᠪᠠᠶᠢᠭ᠎ᠠ ᠣᠨᠴᠠ ᠬᠦᠴᠢᠷᠳᠡᠯᠲᠡᠶ ᠠᠰᠠᠷᠠᠮᠵᠢ ᠶᠢᠨ ᠬᠥᠮᠦᠰ ᠤᠨ ᠭᠡᠷ ᠤᠨ ᠲᠥᠯᠥᠪᠯᠡᠭᠡ ᠳᠤ ᠪᠠᠶᠢᠴᠠᠭᠠᠯᠲᠠ ᠬᠢᠨ᠎ᠡ᠃      ⒊ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠶᠢ ᠰᠢᠨ᠎ᠡ ᠪᠠᠷ ᠭᠤᠶᠤᠴᠢᠯᠠᠬᠤ ᠵᠢᠴᠢ ᠣᠨᠴᠠ ᠬᠦᠴᠢᠷᠳᠡᠯᠲᠡᠶ ᠠᠰᠠᠷᠠᠮᠵᠢ ᠶᠢᠨ ᠬᠥᠮᠦᠰ᠂ ᠲᠦᠷ  ᠴᠠᠭ  ᠠᠪᠤᠷᠠᠨ ᠲᠤᠰᠠᠯᠠᠬᠤ ᠬᠥᠮᠦᠰ᠂ ᠪᠤᠰᠤᠳ ᠣᠷᠣᠯᠭ᠎ᠠ ᠪᠠᠭᠠᠲᠠᠶ ᠭᠡᠷ ᠪᠦᠯᠢ ᠶᠢᠨ ᠭᠡᠷ ᠤᠨ ᠲᠥᠯᠥᠪᠯᠡᠭᠡ ᠳᠤ ᠪᠠᠶᠢᠴᠠᠭᠠᠯᠲᠠ ᠬᠢᠬᠦ᠂ ᠭᠡᠷ ᠪᠦᠯᠢ ᠶᠢᠨ ᠡᠳ᠋ ᠬᠥᠷᠥᠩᠭᠡ ᠵᠢᠴᠢ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠦᠢᠯᠡᠴᠢᠯᠡᠭᠡ ᠬᠠᠩᠭᠠᠨ᠎ᠠ᠃      ⒋ ᠳᠠᠩᠰᠠ ᠡᠪᠬᠡᠮᠡᠯ ᠤᠨ ᠪᠠᠶᠢᠭᠤᠯᠤᠯᠲᠠ ᠵᠢᠴᠢ ᠬᠠᠮᠢᠶᠠᠷᠤᠯᠲᠠ ᠦᠢᠯᠡᠴᠢᠯᠡᠭᠡ᠃      ⒌ᠠᠷᠠᠳ ᠤᠨ ᠶᠠᠪᠤᠳᠠᠯ ᠤᠨ ᠲᠣᠪᠴᠢᠶ᠎ᠠ ᠠᠴᠠ ᠲᠤᠰᠢᠶᠠᠭᠰᠠᠨ ᠪᠤᠰᠤᠳ ᠬᠠᠷᠭᠤᠭᠤᠯᠤᠨ ᠴᠡᠭᠴᠡᠯᠡᠬᠦ ᠡᠭᠦᠷᠭᠡ᠃      ᠭᠤᠷᠪᠠ᠂ ᠦᠢᠯᠡᠴᠢᠯᠡᠭᠡᠨ ᠤ ᠶᠠᠰᠤ ᠴᠢᠨᠠᠷ ᠤᠨ ᠪᠠᠷᠢᠮᠵᠢᠶ᠎ᠠ ᠵᠢᠴᠢ ᠱᠠᠭᠠᠷᠳᠠᠯᠭ᠎ᠠ      ⒈ ᠪᠠᠶᠢᠴᠠᠭᠠᠯᠲᠠ ᠶᠢᠨ ᠱᠠᠭᠠᠷᠳᠠᠯᠭ᠎ᠠ      ⑴ ᠬᠤᠲᠠ ᠬᠥᠳᠡᠭᠡ ᠶᠢᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠡᠷᠦᠬᠡ᠃      ᠬᠤᠲᠠ ᠪᠠᠯᠭᠠᠰᠦᠨ ᠤ ᠬᠠᠮᠤᠭ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠬᠦᠷᠲᠡᠵᠦ ᠪᠠᠶᠢᠭ᠎ᠠ 544 ᠡᠷᠦᠬᠡ ᠶᠢᠨ 744 ᠬᠦᠮᠦᠨ ᠪᠠᠶᠢᠨ᠎ᠠ︔ ᠮᠠᠯᠵᠢᠬᠤ ᠣᠷᠣᠨ ᠤ ᠬᠠᠮᠤᠭ ᠤᠨ ᠨᠠᠭᠠᠲᠤ ᠵᠠᠬ᠎ᠠ ᠶᠢᠨ ᠠᠮᠢᠳᠤᠷᠠᠯ ᠤᠨ  ᠪᠠᠲᠤᠯᠠᠭ᠎ᠠ ᠶᠢ ᠬᠦᠷᠲᠡᠵᠦ ᠪᠠᠶᠢᠭ᠎ᠠ 360 ᠡᠷᠦᠬᠡ ᠶᠢᠨ 509 ᠬᠦᠮᠦᠨ ᠬᠦᠷᠳᠡᠵᠦ ᠪᠠᠶᠢᠨ᠎ᠠ᠃ ᠵᠢᠱᠢᠯᠲᠡ ᠪᠠᠷ᠂ ᠰᠢᠨ᠎ᠡ ᠪᠠᠷ 100 ᠡᠷᠦᠬᠡ ᠨᠡᠮᠡᠭᠳᠡᠵᠦ᠂ ᠨᠡᠶᠢᠲᠡ 1004 ᠡᠷᠦᠬᠡ ᠪᠣᠯᠣᠨ᠎ᠠ᠃ ᠣᠬᠤᠷ ᠬᠤᠭᠤᠴᠠᠭᠠᠨ ᠤ ᠳᠣᠲᠣᠷ᠎ᠠ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠬᠤᠪᠢᠷᠠᠯᠲᠠ ᠶᠡᠭᠡ ᠦᠭᠡᠶ ᠪᠠ ᠭᠡᠷ ᠪᠦᠯᠢ ᠶᠢᠨ ᠪᠦᠷᠢᠯᠳᠦᠬᠦᠨ ᠤ ᠦᠨᠳᠦᠰᠦᠨ ᠪᠠᠶᠢᠳᠠᠯ ᠨᠢ ᠬᠠᠷᠢᠴᠠᠩᠭᠤᠶ ᠲᠣᠭᠲᠠᠭᠤᠨ ᠪᠠᠶᠢᠬᠤ ᠬᠠᠮᠤᠭ ᠨᠠᠭᠠᠳᠤ ᠵᠠᠬ᠎ᠠ ᠶᠢᠨ ᠪᠠᠲᠤᠯᠠᠭ᠎ᠠ ᠬᠦᠷᠳᠡᠵᠦ ᠪᠠᠶᠢᠭ᠎ᠠ ᠭᠡᠷ ᠪᠦᠯᠢ ᠳᠤ ᠵᠢᠯ ᠪᠦᠷᠢ ᠨᠢᠭᠡ ᠤᠳᠠᠭ᠎ᠠ ᠳᠠᠬᠢᠨ ᠬᠢᠨᠠᠯᠲᠠ ᠬᠢᠵᠦ ᠪᠣᠯᠤᠨ᠎ᠠ︔ ᠣᠷᠣᠯᠭ᠎ᠠ ᠶᠢᠨ ᠢᠷᠡᠯᠲᠡ ᠨᠢ ᠲᠣᠭᠲᠠᠮᠠᠯ ᠪᠤᠰᠤ᠂ ᠬᠥᠳᠡᠯᠮᠦᠷᠢᠯᠡᠬᠦ ᠴᠢᠳᠠᠪᠤᠷᠢ ᠪᠠ ᠬᠥᠳᠡᠯᠮᠦᠷᠢᠯᠡᠬᠦ ᠨᠥᠬᠦᠴᠡᠯ ᠲᠠᠢ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠳᠤ ᠪᠣᠯ ᠬᠠᠭᠠᠰ ᠵᠢᠯ ᠪᠦᠷᠢ ᠨᠢᠭᠡ ᠤᠳᠠᠭ᠎ᠠ ᠳᠠᠬᠢᠨ ᠬᠢᠨᠠᠯᠲᠠ ᠬᠢᠵᠦ ᠪᠣᠯᠤᠨ᠎ᠠ᠃      ⑵ ᠣᠨᠴᠠ ᠬᠦᠴᠢᠷᠳᠡᠯᠲᠡᠶ ᠠᠰᠠᠷᠠᠮᠵᠢ ᠶᠢᠨ ᠬᠥᠮᠦᠰ᠃      ᠣᠲᠣ ᠣᠨᠴᠠ ᠬᠦᠴᠢᠷᠳᠡᠯᠲᠡᠶ ᠠᠰᠠᠷᠠᠮᠵᠢ ᠶᠢᠨ ᠬᠥᠮᠦᠰ 82 ᠪᠠᠶᠢᠵᠤ᠂ ᠵᠢᠱᠢᠯᠲᠡ ᠪᠠᠷ 10 ᠡᠷᠦᠬᠡ ᠰᠢᠨ᠎ᠡ ᠪᠠᠷ ᠨᠡᠮᠡᠭᠳᠡᠵᠦ᠂ ᠨᠡᠶᠢᠲᠡ 92 ᠡᠷᠦᠬᠡ ᠪᠣᠯᠣᠨ᠎ᠠ᠂ ᠵᠢᠯ ᠤᠨ ᠳᠣᠲᠣᠷ᠎ᠠ ᠡᠷᠦᠬᠡ ᠪᠦᠷᠢ ᠳᠤ ᠬᠤᠶᠠᠷ ᠪᠤᠶᠤ ᠬᠤᠶᠠᠷ ᠠᠴᠠ ᠳᠡᠭᠡᠭᠰᠢ ᠣᠳᠠᠭ᠎ᠠ ᠡᠷᠦᠬᠡ ᠳᠤ ᠭᠦᠨᠵᠡᠭᠡᠶᠢᠷᠡᠨ ᠣᠶᠢᠯᠠᠭᠠᠨ᠎ᠠ᠃      ⑶ ᠬᠦᠴᠢᠷᠳᠡᠯ ᠲᠠᠢ ᠭᠡᠷ ᠪᠦᠯᠢ ᠶᠢᠨ ᠲᠦᠷ ᠴᠠᠭ ᠠᠪᠤᠷᠠᠨ ᠳᠤᠰᠠᠯᠠᠬᠤ ᠡᠲᠡᠭᠡᠳ ᠢ ᠭᠤᠶᠤᠴᠢᠯᠠᠬᠤ᠃      ⑷ ᠪᠤᠰᠤᠳ ᠣᠷᠣᠯᠭ᠎ᠠ ᠪᠠᠭᠠᠲᠠᠢ ᠭᠡᠷ ᠪᠦᠯᠢ ᠶᠢᠨ ᠪᠣᠳᠠᠲᠠᠢ ᠱᠠᠭᠠᠷᠳᠠᠯᠭ᠎ᠠ ᠶᠢ ᠦᠨᠳᠦᠰᠦᠯᠡᠨ ᠡᠷᠦᠬᠡ ᠳᠤ ᠭᠦᠨᠵᠡᠭᠡᠶᠢᠷᠡᠵᠦ ᠪᠠᠶᠢᠴᠠᠭᠠᠨ ᠣᠶᠢᠯᠠᠭᠠᠨ᠎ᠠ᠃      ⒉ ᠪᠠᠶᠢᠴᠠᠭᠠᠯᠲᠠ ᠶᠢᠨ ᠮᠠᠷᠭᠡᠵᠢᠯ ᠤᠨ ᠱᠠᠭᠠᠷᠲᠠᠯᠭ᠎ᠠ      ⑴ ᠳᠠᠭᠠᠭᠠᠴᠢᠯᠠᠨ ᠭᠦᠢᠴᠡᠳᠭᠡᠬᠦ ᠭᠤᠤᠯ ᠴᠣᠭᠴᠠ ᠨᠢ ᠲᠣᠰ ᠠᠵᠢᠯ ᠢ ᠡᠷᠬᠡ ᠲᠡᠭᠰᠢ᠂ ᠲᠥᠪ ᠭᠤᠤᠯᠴᠢ ᠪᠠᠷ ᠦᠷᠨᠢᠭᠦᠯᠦᠨ᠎ᠡ᠃      ⑵ ᠪᠠᠶᠢᠴᠠᠭᠠᠨ ᠬᠠᠷᠭᠤᠭᠤᠯᠬᠤ ᠳᠤᠮᠳᠠ᠂ ᠪᠠᠰᠠ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠷᠭᠤᠭᠤᠯᠬᠤ ᠲᠠᠪᠴᠠᠩ ᠪᠠ ᠬᠠᠮᠢᠶ᠎ᠠ ᠪᠦᠬᠦᠢ ᠰᠢᠰᠲ᠋ᠧᠮ ᠢᠶᠠᠷ ᠳᠠᠮᠵᠢᠨ ᠬᠠᠷᠭᠤᠭᠤᠯᠬᠤ ᠵᠢᠴᠢ ᠬᠥᠷᠰᠢ ᠵᠡᠷᠭᠡᠯᠡᠳᠡᠭᠡ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠡᠵᠡᠮᠰᠢᠭᠰᠡᠨ ᠪᠠ ᠲᠠᠭᠯᠠᠨ ᠮᠡᠳᠡᠭᠦᠯᠦᠭᠰᠡᠨ ᠪᠠᠶᠢᠳᠠᠯ ᠢ ᠳᠠᠬᠢᠨᠲᠠ ᠬᠢᠨᠠᠨ ᠬᠠᠷᠭᠤᠭᠤᠯᠵᠤ ᠨᠣᠲᠠᠯᠠᠨ᠎ᠠ᠃      ⑶ ᠪᠠᠶᠢᠴᠠᠭᠠᠯᠲᠠ ᠶᠢᠨ ᠠᠭᠤᠯᠭ᠎ᠠ ᠶᠢᠨ ᠦᠨᠡᠨ ᠪᠣᠳᠠᠲᠠᠢ᠂ ᠨᠠᠶᠢᠳᠠᠪᠤᠷᠢᠲᠠᠢ ᠪᠠᠶᠢᠬᠤ ᠶᠢ ᠪᠠᠲᠤᠯᠠᠨ᠎ᠠ᠃      ⑷ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠪᠠᠶᠢᠴᠠᠭᠠᠯᠲᠠ ᠶᠢᠨ ᠬᠦᠰᠦᠨᠦᠭᠲᠦ᠂ ᠲᠤᠭ᠎ᠠ ᠪᠠᠷᠢᠮᠲᠠ ᠵᠡᠷᠭᠡ ᠶᠢ ᠲᠥᠷᠥᠯ ᠬᠤᠪᠢᠶᠠᠨ ᠳᠠᠩᠰᠠ ᠡᠪᠬᠡᠮᠡᠯ ᠳᠤ ᠣᠷᠣᠭᠤᠯᠬᠤ ᠶᠢ ᠴᠠᠭ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠪᠦᠷᠢᠳᠬᠡᠨ ᠵᠠᠳᠠᠯᠬᠤ ᠵᠢᠴᠢ ᠪᠠᠶᠢᠳᠠᠯ ᠢ ᠬᠠᠷᠢᠭᠤ ᠲᠤᠰᠬᠠᠬᠤ᠂ ᠳ᠋ᠦᠩᠨᠡᠵᠦ ᠳᠡᠭᠡᠭᠰᠢ ᠮᠡᠳᠡᠭᠦᠯᠬᠦ ᠵᠡᠷᠭᠡ ᠶᠢ ᠴᠠᠭ ᠲᠤᠬᠠᠢ ᠳᠤᠨᠢ ᠪᠡᠶᠡᠯᠡᠭᠦᠯᠬᠦ ᠬᠡᠷᠡᠭᠲᠡᠶ᠃      ⑸ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠬᠠᠮᠵᠢᠨ ᠪᠡᠶᠡᠯᠡᠭᠦᠯᠦᠨ᠎ᠡ᠃      ᠳᠥᠷᠪᠡ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠶᠢ ᠳᠠᠭᠠᠭᠠᠴᠢᠯᠠᠨ ᠭᠦᠢᠴᠡᠳᠭᠡᠬᠦ ᠭᠤᠤᠯ ᠴᠣᠭᠴᠠ ᠨᠢ ᠳᠣᠤᠷᠠᠬᠢ ᠦᠨᠳᠦᠰᠦᠨ ᠨᠥᠬᠦᠴᠡᠯ ᠢ ᠪᠦᠷᠢᠯᠳᠦᠬᠦᠯᠦᠨ᠎ᠡ᠄      ⒈ ᠳᠠᠭᠠᠭᠠᠴᠢᠯᠠᠨ ᠭᠦᠢᠴᠡᠳᠭᠡᠬᠦ ᠪᠠᠶᠢᠭᠤᠯᠤᠮᠵᠢ ᠨᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠬᠠᠤᠯᠢ ᠶᠣᠰᠣᠭᠠᠷ ᠳᠠᠩᠰᠠᠯᠠᠨ ᠪᠦᠷᠢᠳᠬᠡᠭᠦᠯᠦᠭᠰᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠶᠢᠬᠤ ᠬᠡᠷᠡᠭᠲᠡᠶ᠂ 3A ︵ᠪᠠᠭᠲᠠᠭᠠᠨ᠎ᠠ︶ ᠠᠴᠠ ᠳᠡᠭᠡᠭᠰᠢᠬᠢ ᠦᠨᠡᠯᠡᠨ ᠵᠢᠱᠢᠬᠦ ᠳᠡᠰ ᠲᠠᠢ ᠮᠥᠷᠲᠡᠭᠡᠨ ᠬᠦᠴᠦᠨ ᠲᠠᠢ ᠬᠤᠭᠤᠴᠠᠭᠠᠨ ᠳᠣᠲᠣᠷ᠎ᠠ᠂ ᠲᠡᠭᠦᠨ ᠤ ᠲᠤᠬᠠᠶᠢᠯᠠᠭᠰᠠᠨ ᠠᠵᠢᠯ ᠤᠨ ᠬᠡᠪᠴᠢᠶᠡᠨ ᠳᠤ ᠨᠡᠶᠢᠭᠡᠮ ᠤᠨ ᠠᠵᠢᠯ ᠦᠢᠯᠡᠰ ᠤᠨ ᠠᠭᠤᠯᠭ᠎ᠠ ᠶᠢ ᠪᠠᠭᠲᠠᠭᠠᠵᠤ᠂ ᠠᠳᠠᠭ ᠲᠠᠭᠠᠨ 2 ᠵᠢᠯ ︵ᠪᠠᠭᠲᠠᠭᠠᠨ᠎ᠠ︶ ᠠᠴᠠ ᠳᠡᠭᠡᠭᠰᠢᠬᠢ ᠨᠡᠶᠢᠭᠡᠮ ᠤᠨ ᠠᠵᠢᠯ ᠦᠢᠯᠡᠰ ᠤᠨ ᠦᠢᠯᠡᠴᠢᠯᠡᠭᠡᠨ ᠤ ᠲᠤᠷᠰᠢᠯᠭ᠎ᠠ ᠲᠠᠢ ᠪᠠᠶᠢᠬᠤ ᠶᠢᠨ ᠬᠠᠮᠲᠤ 2 ︵ᠪᠠᠭᠲᠠᠭᠠᠨ᠎ᠠ︶ ᠠᠴᠠ ᠳᠡᠭᠡᠭᠰᠢᠬᠢ ᠦᠢᠯᠡᠴᠢᠯᠡᠭᠡᠨ ᠤ ᠲᠥᠷᠥᠯ ᠵᠦᠢᠯ ᠢ ᠪᠡᠶᠡᠯᠡᠭᠦᠯᠦᠨ᠎ᠡ᠃      ⒉ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠡᠷᠭᠡ ᠳᠡᠰ ᠢ ᠦᠨᠡᠯᠡᠨ ᠵᠢᠱᠢᠬᠦ ᠠᠵᠢᠯ ᠢ ᠬᠠᠷᠠᠬᠠᠨ ᠥᠷᠨᠢᠭᠦᠯᠦᠭᠡᠳᠦᠶ ᠭᠠᠵᠠᠷ ᠣᠷᠣᠨ ᠪᠣᠯ᠂ ᠳᠠᠭᠠᠭᠠᠴᠢᠯᠠᠨ ᠭᠦᠢᠴᠡᠳᠭᠡᠬᠦ ᠪᠠᠶᠢᠭᠤᠯᠤᠮᠵᠢ ᠶᠢᠨ ᠳᠡᠭᠡᠷ᠎ᠡ ᠵᠢᠯ ᠤᠨ ᠣᠨ ᠤ ᠪᠠᠶᠢᠴᠠᠭᠠᠯᠲᠠ ᠶᠢᠨ ᠦᠷ᠎ᠡ ᠳ᠋ᠦᠩ ᠢ ︽ᠬᠢᠷᠢ ᠲᠡᠩᠴᠡᠭᠰᠡᠨ︾ ᠳᠤ ᠬᠦᠷᠭᠡᠨ᠎ᠡ᠃      ⒊ ᠳᠠᠭᠠᠭᠠᠴᠢᠯᠠᠨ ᠭᠦᠢᠴᠡᠳᠭᠡᠬᠦ ᠪᠠᠶᠢᠭᠤᠯᠤᠮᠵᠢ ᠶᠢᠨ ᠲᠥᠷᠥᠯ ᠵᠦᠢᠯ ᠳᠤ 3 ᠪᠤᠶᠤ 3 ᠠᠴᠠ ᠳᠡᠭᠡᠭᠰᠢ ᠨᠡᠶᠢᠭᠡᠮ ᠤᠨ ᠠᠵᠢᠯ ᠲᠦᠷᠦᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠨᠢ ᠤᠷᠤᠯᠴᠠᠭᠤᠯᠵᠤ᠂ ᠴᠥᠮ ᠨᠡᠶᠢᠭᠡᠮ ᠤᠨ ᠠᠵᠢᠯ ᠲᠦᠷᠦᠯ ᠤᠨ ᠳᠣᠰᠠᠯᠠᠭᠴᠢ ᠠᠵᠢᠯᠯᠠᠭᠴᠢ᠂ ᠨᠡᠶᠢᠭᠡᠮ ᠤᠨ ᠠᠵᠢᠯ ᠲᠦᠷᠦᠯ ᠤᠨ ᠠᠵᠢᠯᠯᠠᠭᠴᠢ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠨᠡᠶᠢᠭᠡᠮ ᠤᠨ ᠠᠵᠢᠯ ᠲᠦᠷᠦᠯ ᠤᠨ ᠲᠤᠰᠬᠠᠶ ᠮᠡᠷᠭᠡᠵᠢᠯ ᠤᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ  ᠰᠤᠷᠤᠯᠭ᠎ᠠ ᠶᠢᠨ ᠨᠠᠮᠲᠠᠷ ᠲᠠᠢ᠂ 1 ᠵᠢᠯ ᠠᠴᠠ ᠳᠡᠭᠡᠭᠰᠢᠬᠢ ᠲᠤᠰᠬᠠᠶ ᠮᠡᠷᠭᠡᠵᠢᠯ ᠤᠨ ᠨᠡᠶᠢᠭᠡᠮ ᠤᠨ ᠠᠵᠢᠯ ᠲᠦᠷᠦᠯ ᠤᠨ ᠲᠤᠷᠰᠢᠯᠭ᠎ᠠ ᠲᠠᠢ ᠪᠠᠶᠢᠬᠤ ᠬᠡᠷᠡᠭᠲᠡᠶ᠃      ᠲᠠᠪᠤ᠂ ᠦᠢᠯᠡᠴᠢᠯᠡᠭᠡᠨ ᠤ ᠬᠤᠭᠤᠴᠠᠭ᠎ᠠ      ᠲᠥᠷᠥᠯ ᠵᠦᠢᠯ ᠢ ᠬᠡᠷᠡᠭᠵᠢᠭᠦᠯᠬᠦ ᠴᠠᠭ ᠬᠤᠭᠤᠴᠠᠭ᠎ᠠ ᠨᠢ ᠭᠡᠷ᠎ᠡ ᠲᠣᠭᠲᠠᠭᠰᠠᠨ ᠠᠴᠠ ᠡᠬᠢᠯᠡᠨ ᠨᠢᠭᠡ ᠵᠢᠯ ᠪᠣᠯᠤᠨ᠎ᠠ᠃      ᠬᠠᠷᠢᠯᠴᠠᠬᠤ ᠬᠥᠮᠦᠨ᠄ ᠶᠠᠨ ᠯᠢ ᠬᠤᠩ 13947925706                       ᠵᠠᠩ ᠷᠦᠩ ᠫᠢᠩ 13081597654                  ᠣᠨᠴᠠᠭᠠᠶᠢᠯᠠᠨ ᠵᠠᠷᠯᠠᠪᠠ             ᠠᠪᠠᠭ᠎ᠠ ᠬᠤᠰᠢᠭᠤᠨ ᠤ ᠠᠷᠠᠳ ᠶᠢᠨ ᠶᠠᠪᠤᠳᠠᠯ ᠤᠨ ᠲᠣᠪᠴᠢᠶ᠎ᠠ                 2024 ᠣᠨ ᠤ 2 ᠰᠠᠷ᠎ᠠ ᠶᠢᠨ 27 ᠤ ᠡᠳᠦᠷ
 
ᠢᠷᠡᠯᠲᠡ᠄ ᠠᠪᠠᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号