ᠠᠷᠡᠳ ᠤᠨ ᠲᠦᠯᠤᠬᠡᠯᠡᠭᠴᠢᠳ ᠮᠠᠨᠢ ᠲᠤᠭᠤᠶᠢᠯᠠᠩ ᠬᠤᠪᠢᠶᠠᠨ ᠶᠠᠷᠢᠯᠴᠠᠯ᠎ᠠ
ᠨᠡᠶᠢᠲᠡᠯᠡᠭᠰᠡᠨ ᠴᠠᠭ᠄
2024/3/1
     1 ᠰᠠᠷ᠎ᠠ ᠶᠢᠨ 25 ᠤ ᠡᠳᠤᠷ᠂ ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠡᠳ  ᠤᠨ ᠲᠦᠯᠤᠬᠡᠯᠡᠭᠴᠢᠳ ᠤᠨ ᠶᠡᠭᠡ ᠬᠤᠷᠡᠯ ᠤᠨ ᠭᠤᠷᠪᠡᠳᠤᠭᠠᠷ ᠤᠳᠠᠭᠠᠨ ᠤ ᠬᠤᠷᠠᠯᠳᠤᠭᠠᠨ ᠳᠤ ᠤᠷᠤᠯᠴᠠᠭᠰᠡᠨ ᠠᠷᠡᠳ ᠤᠨ ᠲᠦᠯᠤᠬᠡᠯᠡᠭᠴᠢᠳ  ᠮᠠᠨᠢ  ᠪᠦᠬᠦ  ᠬᠤᠰᠢᠭᠤᠨ ᠤ ᠠᠷᠡᠳ ᠲᠦᠮᠡᠨ ᠤ ᠬᠦᠡᠳᠤ ᠨᠠᠶᠢᠳᠠᠯᠭ᠎ᠠ ᠶᠢ ᠡᠬᠦᠷᠬᠡᠯᠡᠵᠤ᠂ ᠲᠦᠯᠤᠬᠡᠯᠡᠭᠴᠢ ᠶᠢᠨ ᠡᠬᠦᠷᠬᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠪᠠᠶᠠᠯᠠᠬᠦᠯᠤᠨ᠂ ᠲᠤᠭᠤᠶᠢᠯᠠᠩ ᠬᠤᠪᠢᠶᠠᠨ ᠶᠠᠷᠢᠯᠴᠠᠯ᠎ᠠ᠃      ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠨᠠᠰᠤᠡᠪᠠᠳᠤ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠸᠠᠩ ᠰᠢᠶᠤᠤ ᠸᠧᠢ ᠵᠡᠷᠬᠡ ᠤᠳᠤᠷᠢᠳᠤᠯᠭ᠎ᠠ ᠨᠠᠷ ᠲᠤᠭᠤᠶᠢᠯᠠᠩ ᠬᠤᠪᠢᠶᠠᠨ ᠶᠠᠷᠢᠯᠴᠠᠬᠤ ᠳᠤ ᠤᠷᠤᠯᠴᠠᠪᠠ᠃      ᠰᠡᠳᠬᠢᠯ ᠤᠨ ᠲᠠᠭᠤᠨ ᠢ ᠲᠠᠮᠵᠢᠭᠤᠯᠤᠨ᠂ ᠠᠷᠡᠳ ᠤᠨ ᠰᠠᠨᠠᠭ᠎ᠠ ᠶᠢ ᠤᠯᠠᠮᠵᠢᠯᠠᠵᠤ᠂ ᠬᠦᠰᠠᠯ ᠮᠦᠷᠤᠬᠡᠳᠤᠯ ᠢ ᠲᠤᠳᠤᠷᠠᠭᠤᠯᠤᠨ᠂ ᠡᠯ᠎ᠠ ᠲᠦᠯᠤᠬᠡᠯᠡᠭᠴᠢᠳ ᠤᠨ ᠪᠦᠯᠬᠦᠮ ᠤᠨ ᠶᠠᠷᠢᠯᠴᠠᠭᠠᠨ ᠤ ᠠᠬᠤᠢ ᠲᠠᠯᠠᠪᠠᠢ ᠶᠢᠨ ᠠᠭᠤᠷ ᠠᠮᠢᠰᠬᠤᠯ ᠬᠦᠭᠵᠢᠶᠠᠨ ᠲᠠᠢ ᠠᠳᠠᠯ᠎ᠠ ᠪᠠᠨ ᠲᠦᠪ ᠴᠢᠩᠭ᠎ᠠ ᠪᠠᠶᠢᠵᠤ᠂ ᠲᠦᠯᠤᠬᠡᠯᠡᠭᠴᠢᠳ ᠮᠠᠨᠢ ᠢᠳᠡᠪᠬᠢᠳᠡᠢ ᠪᠠᠷ ᠰᠠᠨᠠᠯ ᠵᠦᠪᠯᠡᠯᠬᠡ ᠪᠠᠨ ᠲᠠᠪᠰᠢᠬᠦᠯᠤᠨ᠂ ᠠᠷᠭ᠎ᠠ ᠪᠤᠳᠤᠯᠭ᠎ᠠ ᠰᠦᠪᠡᠭᠴᠢᠯᠠᠨ᠎ᠠ᠃ ︽ᠵᠠᠰᠠᠭ ᠤᠨ ᠤᠷᠳᠤᠨ ᠤ ᠠᠵᠢᠯ  ᠤᠨ ᠢᠯᠡᠳᠬᠡᠯ︾ ᠵᠡᠷᠬᠡ ᠬᠠᠮᠢᠶ᠎ᠠ ᠪᠦᠬᠦᠢ ᠠᠵᠢᠯ ᠤᠨ ᠮᠡᠳᠡᠬᠦᠯᠤᠯᠳᠠ ᠶᠢ ᠬᠢᠨᠡᠨ ᠵᠦᠪᠯᠡᠵᠤ᠂ ᠢᠯᠡᠳᠬᠡᠯ ᠳᠠᠬᠢ ᠭᠤᠤᠯ ᠰᠠᠳᠤᠪ ᠲᠤᠳᠤᠷᠬᠠᠢ᠂ ᠰᠡᠳᠬᠢᠮᠵᠢ ᠰᠢᠯᠤᠭᠤᠬᠠᠨ᠂ ᠡᠬᠦᠷᠬᠡ ᠲᠤᠳᠤ᠂ ᠭᠤᠤᠯᠳᠠᠯᠭ᠎ᠠ ᠲᠤᠪᠤᠶᠢᠮ᠎ᠠ᠂ 2023 ᠤᠨ ᠤ ᠠᠵᠢᠯ ᠤᠨ ᠡᠷᠬᠢᠴᠠᠬᠦᠯᠤᠯ ᠢᠶᠠᠨ ᠡᠷᠡᠰ ᠴᠢᠩᠭ᠎ᠠ ᠳ᠋ᠦᠩᠨᠠᠵᠤ᠂ 2024 ᠤᠨ ᠤ ᠠᠵᠢᠯ ᠤᠨ ᠪᠠᠶᠢᠷᠢᠯᠠᠭᠤᠯᠤᠯᠳᠠ ᠪᠠᠨ ᠲᠤᠪᠴᠢ ᠲᠤᠳᠤᠷᠬᠠᠢ ᠲᠤᠬᠢᠷᠠᠭᠤᠯᠤᠨ᠂ ᠬᠦᠮᠤᠰ ᠤᠨ ᠢᠳᠡᠬᠡᠯ ᠵᠤᠷᠢᠭ ᠢ ᠬᠦᠪᠴᠢᠯᠠᠯ᠎ᠠ ᠬᠡᠮᠡᠨ ᠶᠠᠷᠢᠵᠠᠭᠠᠯ᠎ᠠ᠃      ᠠᠷᠡᠳ ᠤᠨ ᠲᠦᠯᠤᠬᠡᠯᠡᠭᠴᠢᠳ ᠮᠠᠨᠢ ᠡᠯ᠎ᠠ ᠵᠥᠢᠯ ᠤᠨ ᠮᠠᠳᠡᠬᠦᠯᠤᠯᠳᠠ ᠶᠢᠨ ᠠᠭᠤᠯᠭ᠎ᠠ ᠶᠢᠨ ᠲᠤᠭᠤᠷᠢᠨ ᠳᠤ᠂ ᠦᠪᠡᠷᠰᠡᠳ ᠤᠨ ᠠᠵᠢᠯ ᠤᠨ ᠪᠤᠳᠠᠳᠡᠢ ᠲᠠᠢ ᠪᠠᠨ ᠤᠶᠠᠯᠳᠤᠭᠤᠯᠤᠨ ᠪᠠᠶᠢᠵᠤ᠂ ᠠᠵᠤ ᠠᠬᠤᠶᠢᠯᠡᠯ ᠤᠨ ᠬᠦᠭᠵᠢᠯᠳᠠ᠂ ᠬᠤᠳᠠ ᠪᠠᠯᠭᠠᠰᠤᠨ ᠤ ᠪᠦᠳᠤᠬᠡᠨ ᠪᠠᠶᠢᠭᠤᠯᠤᠯᠳᠠ᠂ ᠵᠠᠮ ᠬᠠᠷᠢᠯᠴᠠᠭ᠎ᠠ᠂ ᠦᠡᠳᠤᠰᠤᠨ ᠱᠠᠳᠤᠨ ᠤ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ᠂ ᠰᠤᠷᠭᠠᠨ ᠬᠦᠮᠤᠵᠢᠯ ᠡᠮ ᠡᠮᠨᠡᠯᠬᠡ᠂ ᠨᠠᠶᠢᠬᠡᠮ ᠲᠤᠭᠤᠷᠢᠭ ᠠᠷᠡᠳ  ᠤᠨ ᠠᠮᠢᠳᠤᠷᠡᠯ᠂ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠵᠠᠷᠬᠡ ᠠᠰᠠᠭᠤᠳᠠᠯ ᠢ ᠬᠠᠮᠤᠷᠤᠭᠰᠡᠨ ᠦᠷᠬᠡᠨ ᠬᠡᠪᠴᠢᠶᠠᠨ ᠤ ᠶᠠᠷᠢᠯᠴᠠᠭ᠎ᠠ ᠦᠷᠨᠢᠬᠦᠯᠦᠭᠰᠡᠨ ᠪᠠᠶᠢᠨ᠎ᠠ᠃      ᠠᠷᠡᠳ ᠤᠨ ᠲᠦᠯᠤᠬᠡᠯᠡᠭᠴᠢ ᠦᠯᠵᠠᠶᠢᠪᠠᠳᠠᠷᠠᠬᠤ᠄ ︽2024 ᠤᠨ ᠪᠤᠯ ᠨᠠᠮ ᠤᠨ ᠬᠤᠷᠢᠳᠤᠭᠠᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠷᠤᠩᠬᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠳᠤ ᠲᠤᠰᠢᠶᠠᠭᠰᠡᠨ ︿ᠲᠠᠪᠤᠨ ᠶᠡᠭᠡ ᠡᠬᠦᠷᠬᠡ﹀ ᠶᠢ ᠨᠠᠶᠢᠳᠠᠪᠤᠷᠢᠵᠢᠭᠤᠯᠬᠤ ᠵᠠᠩᠬᠢᠯᠠᠭ᠎ᠠ ᠶᠢᠨ ᠨᠢᠬᠡ ᠵᠢᠯ ᠪᠤᠯᠤᠨ᠎ᠠ᠂ ᠬᠤᠶᠢᠰᠢᠳᠠ ᠡᠬᠦᠷᠬᠡ ᠲᠤᠰᠢᠶᠠᠯ ᠢᠶᠠᠨ ᠬᠦᠢᠴᠡᠳᠬᠡᠬᠦ ᠴᠢᠳᠠᠪᠤᠷᠢ ᠪᠠᠨ ᠦᠷᠬᠦᠯᠵᠢᠯᠡᠨ ᠲᠡᠬᠡᠭᠰᠢᠯᠡᠬᠦᠯᠵᠤ᠂ ᠢᠳᠡᠪᠬᠢᠳᠡᠢ ᠪᠠᠷ ᠠᠷᠭ᠎ᠠ ᠤᠬᠠᠭᠠᠨ ᠰᠦᠪᠡᠭᠴᠢᠯᠡᠨ᠂ ᠪᠦᠬᠦ ᠬᠤᠰᠢᠭᠤᠨ ᠤ ᠠᠵᠤ ᠠᠬᠤᠢ ᠪᠠ ᠨᠠᠶᠢᠬᠡᠮ ᠤᠨ ᠬᠦᠭᠵᠢᠯᠳᠠ ᠳᠤ ᠬᠤᠪᠢ ᠨᠠᠮᠠᠷᠢ ᠦᠵᠡᠬᠦᠯᠤᠨ᠎ᠠ︾ ᠬᠡᠮᠡᠨ ᠶᠠᠷᠢᠯ᠎ᠠ᠃      ᠠᠷᠡᠳ ᠤᠨ ᠲᠦᠯᠤᠬᠡᠯᠡᠭᠴᠢ ᠰᠤ᠋ ᠷᠦᠢ ᠶᠢᠨ᠄ ︽ᠵᠠᠰᠠᠭ ᠤᠨ ᠤᠷᠳᠤᠨ ᠤ ᠠᠵᠢᠯ ᠤᠨ ᠢᠯᠡᠳᠬᠡᠯ᠂ ᠠᠷᠡᠳ  ᠤᠨ ᠲᠦᠯᠤᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠠᠳᠡᠬᠦᠯᠤᠯᠳᠠ ᠶᠢ ᠰᠤᠨᠤᠰᠤᠭᠠᠳ᠂ 2023 ᠤᠨ ᠳᠤ ᠮᠠᠨ ᠤ ᠬᠤᠰᠢᠭᠤᠨ ᠤ ᠤᠯᠤᠭᠰᠡᠨ ᠠᠮᠵᠢᠯᠳᠠ ᠶᠢ ᠪᠦᠬᠦ ᠲᠠᠯ᠎ᠠ ᠪᠠᠷ ᠦᠢᠯᠠᠭᠠᠯ᠎ᠠ᠂ ᠬᠤᠷᠡᠯ ᠨᠢ ᠬᠦᠮᠤᠰ ᠤᠨ ᠰᠡᠳᠬᠢᠯ ᠢ ᠬᠦᠪᠴᠢᠯᠡᠵᠤ᠂ ᠤᠡᠴᠠᠭᠠᠶᠢᠯᠠᠨ ᠠᠷᠡᠳ ᠤᠨ ᠠᠮᠢᠳᠤᠷᠡᠯ ᠤᠨ ᠪᠤᠳᠠᠳᠤ ᠶᠠᠪᠤᠳᠠᠯ ᠤᠨ ᠲᠦᠷᠤᠯ ᠵᠥᠢᠯ ᠨᠢ ᠮᠠᠯᠴᠢᠨ ᠲᠦᠮᠡᠨ ᠤ ᠲᠤᠯᠭᠠᠮ᠎ᠠ ᠰᠢᠢᠳᠪᠤᠷᠢᠯᠡᠬᠦᠰᠢᠳᠡᠢ᠂ ᠬᠦᠴᠢᠷ ᠲᠦᠪᠡᠭᠳᠡᠢ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ᠂ ᠬᠦᠰᠠᠨ ᠬᠦᠯᠢᠶᠠᠵᠤ ᠪᠠᠶᠢᠭ᠎ᠠ ᠠᠰᠠᠭᠤᠳᠠᠯ ᠢ ᠰᠢᠢᠳᠪᠤᠷᠢᠯᠡᠨ ᠦᠭᠴᠤ᠂ ᠮᠠᠰᠢ ᠤᠯᠠᠨ ᠠᠰᠢᠭᠳᠡᠢ ᠲᠦᠷᠤ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠲᠤᠷᠠᠳᠤᠭᠰᠡᠨ ᠪᠠᠶᠢᠨ᠎ᠠ᠃ 2024  ᠤᠨ   ᠤ  ᠵᠠᠰᠠ᠊ ‍ᠭ ᠤᠨ  ᠤᠷᠳᠤᠨ ᠤ ᠠᠵᠢᠯ ᠤᠨ ᠪᠠᠶᠢᠷᠢᠯᠠᠭᠤᠯᠤᠯᠳᠠ ᠶᠢᠨ ᠰᠡᠳᠬᠢᠮᠵᠢ ᠲᠤᠳᠤᠷᠬᠠᠢ᠂ ᠠᠷᠭ᠎ᠠ ᠬᠡᠮᠵᠢᠶ᠎ᠠ ᠵᠤᠬᠢᠰᠳᠡᠢ ᠪᠦᠬᠡᠳ ᠦᠨᠡᠡᠬᠦ ᠶᠠᠪᠤᠭᠳᠠᠭᠤᠰᠢᠳᠡᠢ ᠪᠠᠶᠢᠵᠤ᠂ ᠦᠵᠡᠰᠬᠦᠯᠠᠩᠳᠤ ᠰᠠᠶᠢᠬᠠᠨ ᠠᠪᠠᠭ᠎ᠠ ᠨᠤᠳᠤᠭ ᠮᠠᠨᠢ ᠲᠠᠬᠢᠨ ᠨᠢᠬᠡ ᠲᠡᠭᠳᠡᠷ ᠲᠤ ᠭᠠᠷᠬᠤ ᠶᠢ ᠬᠦᠰᠠᠨ ᠬᠦᠯᠢᠶᠠᠵᠤ ᠪᠠᠶᠢᠨ᠎ᠠ︾ ᠬᠡᠮᠡᠨ ᠤᠴᠢᠷᠯᠠᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号