ᠠᠷᠡᠳ ᠤᠨ ᠲᠦᠯᠤᠬᠡᠯᠡᠭᠴᠢᠳ ᠠᠷᠡᠳ ᠲᠦᠮᠡᠨ ᠤ ᠪᠠᠨ ᠬᠦᠰᠠᠯ ᠨᠠᠶᠢᠳᠠᠯᠭ᠎ᠠ ᠶᠢ ᠡᠪᠤᠷᠯᠠᠵᠤ ᠶᠡᠭᠡ ᠬᠤᠷᠡᠯ ᠳᠤ ᠪᠠᠨ ᠢᠷᠡᠯ᠎ᠠ
ᠨᠡᠶᠢᠲᠡᠯᠡᠭᠰᠡᠨ ᠴᠠᠭ᠄
2024/3/1
     ᠠᠷᠡᠳ ᠤᠨ ᠰᠠᠨᠠᠭ᠎ᠠ ᠶᠢ ᠡᠪᠤᠷᠯᠡᠨ ᠦᠪᠡᠳᠡᠭᠰᠢ ᠬᠤᠷᠡᠯ ᠳᠤ ᠤᠷᠤᠯᠴᠠᠵᠤ᠂ ᠬᠦᠡᠳᠤ ᠨᠠᠶᠢᠳᠠᠯᠭ᠎ᠠ ᠶᠢ ᠬᠦᠰᠠᠷᠳᠡᠬᠦᠯᠬᠦ ᠦᠬᠡᠢ ᠪᠠᠷ ᠰᠠᠨᠠᠯ ᠵᠦᠪᠯᠡᠯᠬᠡ ᠲᠠᠪᠰᠢᠬᠦᠯᠤᠨ᠎ᠠ᠃ 1 ᠰᠠᠷ᠎ᠠ ᠶᠢᠨ 24 ᠤ ᠦᠳᠠ ᠶᠢᠨ ᠡᠮᠤᠨ᠎ᠠ᠂ ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠡᠳ ᠤᠨ ᠲᠦᠯᠤᠬᠡᠯᠡᠭᠴᠢᠳ ᠤᠨ ᠶᠡᠭᠡ ᠬᠤᠷᠡᠯ  ᠤᠨ ᠭᠤᠷᠪᠡᠳᠤᠭᠠᠷ ᠤᠳᠠᠭᠠᠨ ᠤ ᠬᠤᠷᠠᠯᠳᠤᠭᠠᠨ ᠳᠤ ᠤᠷᠤᠯᠴᠠᠬᠤ ᠲᠦᠯᠤᠬᠡᠯᠡᠭᠴᠢᠳ ᠪᠦᠬᠦ ᠬᠤᠰᠢᠭᠤᠨ ᠤ ᠠᠷᠡᠳ ᠲᠦᠮᠡᠨ ᠤ ᠬᠦᠡᠳᠤ ᠨᠠᠶᠢᠳᠠᠯᠭ᠎ᠠ ᠶᠢ ᠡᠬᠦᠷᠬᠡᠯᠡᠵᠤ᠂ ᠬᠠᠤᠯᠢ ᠶᠤᠰᠤᠭᠠᠷ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠤᠷᠬᠢᠯᠤᠮ᠎ᠠ ᠰᠡᠳᠬᠢᠯᠬᠡ ᠪᠠᠳᠠᠷᠠᠭᠤᠨ ᠶᠡᠭᠡ ᠬᠤᠷᠡᠯ ᠳᠤ ᠨᠠᠷ᠎ᠠ ᠪᠠᠨ ᠮᠠᠳᠡᠬᠦᠯᠤᠯ᠎ᠠ᠃ ᠢᠷᠡᠬᠦ ᠬᠤᠶᠡᠷ ᠡᠳᠤᠷ ᠳᠤ ᠲᠦᠯᠤᠬᠡᠯᠡᠭᠴᠢᠳ ᠮᠠᠨᠢ ᠲᠡᠬᠡᠳᠤ ᠬᠡᠮᠵᠢᠶᠠᠨ ᠤ ᠬᠠᠷᠢᠭᠤᠴᠠᠯᠭᠠᠳᠤ ᠰᠡᠳᠬᠢᠯᠬᠡ ᠪᠠᠷ ᠰᠠᠨᠠᠯ ᠵᠦᠪᠯᠡᠯᠬᠡ ᠪᠠᠨ ᠢᠳᠡᠪᠬᠢᠳᠡᠢ ᠲᠤᠷᠡᠳᠤᠨ᠂ ᠤᠯᠠᠨ ᠲᠦᠮᠡᠨ ᠤ ᠰᠡᠳᠬᠢᠯ ᠤᠨ ᠲᠠᠭᠤᠨ ᠢ ᠤᠯᠠᠮᠵᠢᠯᠠᠵᠤ᠂ ᠮᠠᠨ ᠤ ᠬᠤᠰᠢᠭᠤᠨ ᠤ ᠠᠵᠤ ᠠᠬᠤᠢ ᠨᠠᠶᠢᠬᠡᠮ ᠤᠨ ᠴᠢᠨᠡᠷ ᠰᠠᠶᠢᠳᠡᠢ ᠬᠦᠭᠵᠢᠯᠳᠠ ᠳᠤ ᠬᠠᠮᠳᠤ ᠪᠠᠷ ᠠᠷᠭ᠎ᠠ ᠪᠤᠳᠤᠯᠭ᠎ᠠ ᠰᠦᠪᠡᠭᠴᠢᠯᠡᠨ᠂ ᠬᠠᠮᠳᠤᠪᠠᠷ ᠲᠦᠰᠤᠪ ᠲᠦᠯᠤᠪᠯᠡᠭᠡ ᠭᠠᠷᠭᠠᠬᠤ ᠳᠤ ᠢᠳᠡᠬᠡᠯ ᠪᠠᠳᠤ ᠪᠠᠶᠢᠯ᠎ᠠ᠃      ᠨᠠᠷ᠎ᠠ ᠮᠠᠳᠡᠬᠦᠯᠬᠦ ᠭᠠᠵᠡᠷ ᠲᠤ ᠠᠵᠢᠯᠳᠠᠳ ᠠᠴᠠ ᠠᠷᠡᠳ ᠤᠨ ᠲᠦᠯᠤᠬᠡᠯᠡᠭᠴᠢᠳ ᠲᠤ ᠭᠠᠷ ᠬᠦᠢᠴᠡᠳᠬᠡᠯ ᠬᠢᠬᠦ᠂ ᠮᠠᠳᠡᠭᠡ ᠵᠠᠩᠬᠢ ᠶᠢ ᠲᠠᠩᠰᠠᠯᠠᠬᠤ᠂ ᠲᠦᠯᠤᠬᠡᠯᠡᠭᠴᠢ ᠶᠢᠨ ᠦᠨᠡᠮᠯᠡᠯ ᠪᠠ ᠬᠤᠷᠡᠯ ᠤᠨ ᠮᠠᠲ᠋ᠧᠷᠢᠶᠠᠯ ᠢ ᠭᠠᠷᠳᠠᠭᠤᠯᠬᠤ ᠮᠠᠳᠤ ᠪᠠᠷ ᠪᠦᠬᠦᠶᠢᠯᠡ ᠶᠠᠪᠤᠴᠠ ᠶᠢᠨ ᠠᠵᠢᠯ ᠰᠢᠯᠤᠭᠤᠬᠠᠨ ᠮᠦᠷᠳᠡᠬᠡᠨ ᠲᠦᠬᠦᠮ᠂ ᠡᠮᠬᠢ ᠴᠡᠭᠴᠠ  ᠲᠠᠢ ᠶᠠᠪᠤᠭᠳᠠᠨ᠎ᠠ᠃      ᠠᠷᠡᠳ ᠤᠨ ᠲᠦᠯᠤᠬᠡᠯᠡᠭᠴᠢᠳ ᠮᠠᠨᠢ ᠠᠷᠡᠳ ᠤᠯᠠᠨ ᠤ ᠰᠡᠳᠬᠢᠯ ᠤᠨ ᠲᠠᠭᠤᠨ ᠢ ᠴᠤᠤᠷᠢᠶᠠᠳᠤᠭᠤᠯᠬᠤ ᠪᠠᠷ ᠪᠡᠯᠡᠳᠬᠡᠯ ᠪᠦᠷᠢᠨ ᠨᠢ ᠢᠯᠡᠬᠡᠨ ᠬᠠᠷᠠᠭᠳᠠᠨ᠎ᠠ᠃ ᠲᠡᠳᠡ ᠠᠪᠠᠭ᠎ᠠ ᠬᠤᠰᠢᠭᠤᠨ ᠤ ᠬᠦᠭᠵᠢᠯᠳᠠ ᠳᠤ ᠠᠷᠭ᠎ᠠ ᠪᠤᠳᠤᠯᠭ᠎ᠠ ᠰᠦᠪᠡᠭᠴᠢᠯᠡᠬᠦ᠂ ᠠᠷᠡᠳ ᠲᠦᠮᠡᠨ ᠳᠤ ᠵᠤᠯ ᠵᠢᠷᠭᠠᠯ ᠡᠳ᠋ᠯᠡᠭᠦᠯᠬᠦ ᠬᠦᠡᠳᠤ ᠨᠠᠶᠢᠳᠠᠯᠭ᠎ᠠ ᠶᠢ ᠡᠪᠤᠷᠯᠡᠨ᠂ ᠦᠵᠡᠯ ᠰᠠᠨᠠᠭᠠᠨ ᠤ ᠬᠦᠡᠴᠠ ᠲᠠᠢ᠂ ︽ᠠᠷᠡᠳ ᠤᠨ ᠲᠠᠭᠤᠨ᠂ ᠠᠷᠡᠳ ᠤᠨ ᠰᠠᠨᠠᠯ︾ ᠶᠢ ᠰᠢᠩᠬᠡᠬᠡᠭᠰᠡᠨ ᠰᠠᠨᠠᠯ ᠵᠦᠪᠯᠡᠯᠬᠡ  ᠪᠠᠨ ᠶᠡᠭᠡ ᠬᠤᠷᠡᠯ ᠳᠤ ᠲᠠᠪᠰᠢᠬᠦᠯᠬᠦ ᠪᠠᠷ ᠪᠠᠶᠢᠯ᠎ᠠ᠃      ᠠᠷᠡᠳ ᠤᠨ ᠲᠦᠯᠤᠬᠡᠯᠡᠭᠴᠢ ᠾᠸᠤ ᠰᠢᠶᠠᠨ ᠮᠸᠢ᠄ ︽ᠡᠨ᠋ᠨ ᠤᠳᠠᠭᠠᠨ ᠤ ᠬᠤᠷᠡᠯ ᠳᠤ ᠪᠠᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠡᠷ ᠤᠨ ᠰᠦᠨᠤᠬᠡᠯᠳᠡ ᠶᠢᠨ ᠲᠠᠶᠢᠯᠠᠯᠳᠤᠭᠠᠨ ᠳᠤ ᠪᠦᠬᠦ ᠠᠷᠡᠳ ᠢᠶᠠᠷ ᠢᠶᠠᠨ ᠤᠷᠤᠯᠴᠠᠬᠤ ᠲᠤᠬᠠᠢ ᠰᠠᠨᠠᠯ ᠵᠦᠪᠯᠡᠯᠬᠡ ᠪᠠᠨ ᠲᠠᠪᠰᠢᠬᠦᠯᠬᠦ ᠰᠠᠨᠠᠭᠠᠳᠡᠢ ᠪᠠᠶᠢᠭ᠎ᠠ᠃ ᠮᠠᠨ ᠤ ᠬᠤᠰᠢᠭᠤᠨ ᠤ ᠡᠮᠤᠨ᠎ᠠ ᠬᠡᠰᠡᠭ ᠢᠶᠠᠷ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠡᠷ ᠢ ᠵᠠᠬᠠᠳᠠᠵᠤ᠂ ᠡᠯᠡᠰᠤᠷᠬᠡᠭ ᠭᠠᠵᠡᠷ ᠤᠨ ᠶᠠᠷᠤᠩᠬᠡᠢ ᠲᠠᠯᠠᠪᠠᠢ ᠨᠢ 596.8 ᠲᠦᠮᠡᠨ ᠮᠤ᠋ ᠪᠠᠶᠢᠵᠤ᠂ 1321 ᠮᠠᠯᠵᠢᠬᠤ ᠡᠷᠤᠬᠡ ᠡᠯᠡᠰᠤᠷᠬᠡᠭ ᠭᠠᠵᠡᠷ ᠰᠠᠭᠤᠷᠢᠰᠢᠵᠤ ᠪᠠᠶᠢᠳᠠᠭ᠃ 2000 ᠤᠨ ᠳᠤ ᠪᠡᠬᠡᠵᠢᠩ ᠲᠢᠶᠠᠡᠵᠢᠨ ᠤ ᠡᠯᠡᠰᠤᠨ ᠤ ᠡᠬᠢ ᠶᠢ ᠵᠠᠰᠠᠬᠤ ᠠᠵᠢᠯ ᠢ ᠡᠬᠢᠯᠡᠬᠦᠯᠦᠭᠰᠡᠨ ᠠᠴᠠ ᠨᠠᠰᠢ᠂ ᠮᠠᠨ ᠤ ᠬᠤᠰᠢᠭᠤ ᠠᠮᠢ ᠠᠬᠤᠢ ᠶᠢ ᠬᠠᠮᠠᠭᠠᠯᠠᠬᠤ ᠪᠠ ᠰᠡᠷᠬᠦᠬᠡᠬᠦ ᠠᠵᠢᠯ ᠢ ᠲᠡᠬᠡᠳᠤ ᠬᠡᠮᠵᠢᠶ᠎ᠠ ᠪᠠᠷ ᠴᠢᠬᠤᠯᠠᠴᠢᠯᠠᠵᠤ᠂ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠠᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠷᠤᠩᠬᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠳᠤ ᠲᠠᠯᠪᠢᠭᠰᠡᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠭᠤᠯᠠᠪᠤᠷᠢ ᠶᠢᠨ ᠵᠤᠷᠢᠭ ᠰᠠᠨᠠᠭ᠎ᠠ ᠪᠤᠯᠤᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠶᠢᠨ ᠲᠤᠭᠤᠷᠢᠨ ᠳᠤ᠂ ᠠᠮᠢ ᠠᠬᠤᠢ ᠶᠢᠨ ᠬᠠᠮᠠᠭᠠᠯᠠᠯᠳᠠ ᠶᠢᠨ ᠪᠦᠳᠤᠬᠡᠨ ᠪᠠᠶᠢᠭᠤᠯᠤᠯᠳᠠ ᠳᠤ ︿ᠬᠠᠮᠠᠭᠠᠯᠠᠬᠤ ᠪᠠ ᠪᠦᠳᠤᠬᠡᠨ ᠪᠠᠶᠢᠭᠤᠯᠬᠤ ᠶᠢ ᠵᠡᠷᠬᠡ ᠳᠤ ᠨᠢ ᠴᠢᠬᠤᠯᠠᠴᠢᠯᠡᠬᠤ᠂ ᠬᠠᠮᠠᠭᠠᠯᠠᠬᠤ ᠶᠢ ᠲᠡᠷᠢᠬᠦᠨ ᠳᠤ ᠲᠠᠯᠪᠢᠬᠤ﹀ ᠴᠢᠭᠯᠡᠯᠳᠡ ᠶᠢ ᠪᠠᠷᠢᠮᠳᠠᠯᠠᠨ᠂ ᠡᠯᠡᠰᠤᠷᠬᠡᠭᠵᠢᠬᠦ ᠶᠢ ᠰᠡᠷᠬᠡᠶᠢᠯᠡᠨ ᠡᠯᠡᠰᠤ ᠶᠢ ᠵᠠᠰᠠᠬᠤ ᠠᠮᠢ ᠠᠬᠤᠢ ᠶᠢᠨ ᠪᠦᠳᠤᠬᠡᠨ ᠪᠠᠶᠢᠭᠤᠯᠤᠯᠳᠠ ᠶᠢ ᠦᠷᠬᠦᠯᠵᠢᠯᠡᠨ ᠦᠷᠨᠢᠬᠦᠯᠵᠤ᠂ ᠢᠯᠡᠳᠳᠡ ᠦᠷ᠎ᠠ ᠪᠦᠳᠤᠮᠵᠢ ᠤᠯᠪᠠ᠃ ᠵᠠᠯᠭᠠᠭᠠᠳ ᠡᠯᠡᠰᠤᠷᠬᠡᠭᠵᠢᠬᠦ ᠶᠢ ᠰᠡᠷᠬᠡᠶᠢᠯᠡᠵᠤ ᠡᠯᠡᠰᠤ ᠶᠢ ᠵᠠᠰᠠᠬᠤ᠂ ᠲᠠᠴᠢᠷᠳᠠᠭᠰᠡᠨ ᠨᠤᠳᠤᠭ ᠪᠡᠯᠴᠢᠬᠡᠷ ᠤᠨ ᠠᠮᠢ ᠠᠬᠤᠢ ᠶᠢ ᠵᠠᠰᠠᠨ ᠰᠡᠷᠬᠦᠬᠡᠬᠦ ᠪᠠᠷ ᠲᠠᠮᠵᠢᠭᠤᠯᠤᠨ᠂ ᠮᠠᠨ ᠤ ᠬᠤᠰᠢᠭᠤᠨ ᠤ ᠭᠤᠤᠯᠳᠠᠯᠭ᠎ᠠ ᠲᠠᠢ ᠤᠷᠤᠨ ᠪᠦᠰᠠ ᠶᠢᠨ ᠠᠮᠢ ᠠᠬᠤᠢ ᠶᠢᠨ ᠲᠠᠴᠢᠷᠳᠠᠬᠤ ᠬᠠᠨᠳᠤᠰᠢ ᠶᠢ ᠪᠦᠳᠤᠮᠵᠢᠳᠡᠢ ᠬᠤᠷᠢᠭᠯᠠᠵᠤ᠂ ᠪᠠᠯᠴᠢᠬᠡᠷᠡᠯᠡᠬᠦᠯᠬᠦ ᠶᠢ ᠵᠤᠭᠰᠤᠭᠠᠬᠤ᠂ ᠪᠠᠯᠴᠢᠬᠡᠷ ᠰᠡᠷᠬᠦᠬᠡᠬᠦ᠂ ᠮᠠᠯ ᠪᠠᠯᠴᠢᠬᠡᠷ ᠤᠨ ᠲᠠᠩᠴᠡᠬᠦᠷᠢ ᠶᠢ ᠪᠠᠳᠤᠯᠠᠬᠤ ᠪᠠ ᠨᠠᠶᠢᠳᠠ ᠶᠢᠨ ᠠᠰᠠᠷᠠᠮᠵᠢ ᠶᠢᠨ ᠤᠢ  ᠶᠢᠨ ᠨᠦᠬᠦᠪᠤᠷᠢ ᠶᠢᠨ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠᠷ ᠲᠠᠮᠵᠢᠭᠤᠯᠤᠨ᠂ ᠮᠠᠨ ᠤ ᠬᠤᠰᠢᠭᠤᠨ  ᠤ ᠤᠢ ᠰᠢᠭᠤᠢ᠂ ᠨᠤᠳᠤᠭ ᠪᠠᠯᠴᠢᠬᠡᠷ ᠤᠨ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠨ᠂ ᠵᠠᠰᠠᠵᠤ ᠪᠤᠯᠬᠤ ᠡᠯᠡᠰᠤᠷᠬᠡᠭᠵᠢᠭᠰᠡᠨ ᠭᠠᠵᠡᠷ ᠢ ᠪᠦᠬᠦᠨ ᠢ ᠬᠠᠮᠤᠷᠤᠨ ᠵᠠᠰᠠᠬᠤ ᠶᠢ ᠪᠠᠶᠠᠯᠠᠬᠦᠯᠵᠤ᠂ ᠤᠷᠭᠤᠮᠠᠯ ᠤᠨ ᠪᠦᠷᠬᠦᠴᠠ ᠶᠢ ᠲᠤᠭᠳᠠᠭᠤᠨ ᠢᠶᠠᠷ ᠲᠡᠬᠡᠭᠰᠢᠯᠡᠬᠦᠯᠤᠨ᠂ ᠡᠬᠡ ᠤᠯᠤᠰ ᠤᠨ ᠤᠮᠠᠷᠡᠳᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ  ᠤ ᠬᠠᠯᠬᠠᠪᠴᠢ ᠶᠢ ᠪᠠᠬᠢᠵᠢᠬᠦᠯᠬᠦ ᠳᠤ ᠠᠪᠠᠭ᠎ᠠ ᠬᠤᠰᠢᠭᠤᠨ ᠤ ᠬᠦᠴᠤᠨ ᠴᠢᠳᠠᠯ ᠢᠶᠠᠨ ᠡᠷᠬᠦᠨ᠎ᠠ  ︾ ᠬᠡᠵᠡᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号