ᠬᠠᠯᠳᠠᠪᠤᠷᠢᠯᠡᠯ ᠤᠨ ᠱᠤᠭᠤᠮ ᠢ ᠪᠠᠳᠤ ᠰᠠᠬᠢᠭ᠎ᠠ ᠪᠦᠰᠠᠬᠦᠢ ᠡᠮᠴᠢ ᠶᠢᠨ ᠵᠢᠪᠬᠤᠭ᠎ᠠ
ᠨᠡᠶᠢᠲᠡᠯᠡᠭᠰᠡᠨ ᠴᠠᠭ᠄
2024/3/11
     ᠠᠪᠠᠭ᠎ᠠ ᠬᠤᠰᠢᠭᠤᠨ ᠤ ᠠᠷᠡᠳ ᠤᠨ ᠡᠮᠨᠡᠯᠬᠡ ᠶᠢᠨ ᠬᠤᠷᠢᠶᠠᠨ ᠤ ᠬᠠᠯᠳᠠᠪᠤᠷᠢᠯᠡᠯ ᠢ ᠰᠡᠷᠬᠡᠶᠢᠯᠡᠬᠦ ᠰᠠᠯᠠᠭᠠᠨ ᠤ ᠡᠷᠬᠢᠯᠡᠭᠴᠢ ᠯᠢ ᠾᠦᠢ ᠴᠦᠨ ᠪᠤᠯ ᠡᠬᠡᠯ ᠵᠢᠷ ᠤᠨ ᠠᠳᠠᠯ᠎ᠠ ᠪᠠᠨ ᠠᠭᠤᠤ ᠶᠡᠭᠡ ᠠᠯᠢ ᠤᠯᠠᠨ ᠡᠮᠴᠢᠯᠡᠬᠡᠨ ᠤ ᠠᠵᠢᠯᠳᠠᠨ ᠤ ᠨᠢᠬᠡ ᠨᠢ ᠪᠠᠶᠢᠭ᠎ᠠ᠃ ᠲᠠᠷᠠ ᠠᠵᠢᠯ ᠳᠤ ᠭᠠᠷᠤᠭᠰᠡᠨ 7 ᠵᠢᠯ ᠤᠨ ᠲᠤᠷᠰᠢ ᠰᠢᠷᠭᠠᠭᠤ ᠠᠵᠢᠯᠯᠠᠵᠤ᠂ ᠬᠠᠰᠢᠷ ᠲᠤᠷᠰᠢᠯᠭ᠎ᠠ ᠲᠠᠢ ᠪᠤᠯᠤᠭᠰᠡᠨ ᠶᠤᠮ᠃ ᠲᠠᠷᠠ ᠬᠠᠷᠠᠮ ᠦᠬᠡᠢ ᠬᠠᠯᠠᠭᠤᠨ ᠰᠡᠳᠬᠢᠯᠬᠡ᠂  ᠦᠢᠯᠡ ᠠᠵᠢᠯᠯᠠᠭ᠎ᠠ ᠎ ᠪᠠᠷ ᠢᠶᠠᠨ ︽ ᠠᠮᠢ ᠨᠠᠰᠤ ᠶᠢ ᠬᠠᠶᠢᠷᠠᠯᠠᠵᠤ᠂ ᠰᠢᠷᠬᠠᠳᠤᠭᠰᠡᠳ ᠢ ᠠᠪᠤᠷᠠᠨ ᠲᠡᠩᠬᠡᠷᠡᠬᠦᠯᠬᠦ︾ ᠵᠤᠷᠢᠭ ᠰᠠᠨᠠᠭ᠎ᠠ ᠶᠢ ᠦᠢᠯᠡᠳᠤᠯᠬᠡᠵᠢᠬᠦᠯᠵᠤ ᠶᠠᠪᠤᠨ᠎ᠠ᠃      ᠬᠠᠯᠳᠠᠪᠤᠷᠢᠯᠡᠯ ᠢ ᠰᠡᠷᠬᠡᠶᠢᠯᠡᠬᠦ ᠰᠠᠯᠠᠭ᠎ᠠ ᠬᠡᠳᠡᠭ ᠨᠢ ᠲᠠᠷᠤᠢ ᠡᠮᠨᠡᠯᠬᠡ ᠶᠢᠨ ᠬᠤᠷᠢᠶᠠᠨ ᠤ ᠬᠠᠯᠳᠠᠪᠤᠷᠢᠯᠡᠯ ᠢ ᠤᠷᠢᠳᠴᠢᠯᠡᠨ ᠰᠡᠷᠬᠡᠶᠢᠯᠡᠬᠦ ᠪᠠ ᠡᠵᠡᠮᠳᠡᠬᠦ ᠠᠯᠪᠠᠨ ᠬᠡᠷ ᠪᠤᠯᠤᠨ᠎ᠠ᠃ ᠡᠨ᠋ᠨ ᠬᠦ᠋ ᠰᠠᠯᠠᠭ᠎ᠠ ᠪᠤᠯ ᠡᠮᠨᠡᠯᠬᠡ ᠶᠢᠨ ᠬᠤᠷᠢᠶᠠᠨ ᠎ ᠤ ᠬᠠᠮᠢᠶᠠᠷᠤᠯᠳᠠ ᠶᠢᠨ ᠰᠢᠰᠲ᠋ᠧᠮ ᠤᠨ ᠲᠤᠳᠠᠭᠳᠠᠵᠤ ᠪᠤᠯᠤᠰᠢ ᠦᠬᠡᠢ ᠴᠢᠬᠤᠯᠠ ᠪᠦᠷᠢᠯᠳᠤᠬᠦᠨ ᠬᠡᠰᠡᠭ ᠮᠥᠨ᠂ ᠡᠳᠤᠷ ᠲᠤᠳᠤᠮ ᠤᠨ ᠠᠵᠢᠯ ᠤᠨ ᠲᠤᠮᠳᠠ ᠬᠠᠯᠳᠠᠪᠤᠷᠢᠯᠡᠯ ᠢ ᠰᠡᠷᠬᠡᠶᠢᠯᠡᠬᠦ ᠠᠵᠢᠯ ᠲᠤᠩ ᠴᠢᠬᠤᠯᠠ ᠪᠠᠶᠢᠳᠠᠭ᠂ ᠤᠴᠢᠷ ᠨᠢ ᠡᠨᠡᠬᠦ ᠠᠵᠢᠯ ᠤᠰᠤᠯ ᠭᠠᠷᠴᠤ᠂ ᠡᠮᠨᠡᠯᠬᠡ ᠶᠢᠨ ᠬᠤᠷᠢᠶᠠᠨ ᠳᠤ ᠬᠠᠯᠳᠠᠪᠤᠷᠢᠯᠡᠯ ᠡᠬᠦᠰᠪᠠᠯ ᠪᠦᠬᠦᠶᠢᠯᠠ ᠡᠮᠴᠢᠯᠡᠬᠡᠨ ᠤ ᠠᠵᠢᠯ ᠴᠦᠮ ᠲᠠᠯᠠᠭᠠᠷᠳᠠᠬᠤ ᠪᠤᠯᠤᠨ᠎ᠠ᠃ ᠯᠢ ᠾᠦᠢ ᠴᠦᠨ ᠶᠠᠭ ᠡᠶᠢᠮᠤ ᠨᠢᠬᠡᠨ ᠤᠡᠴᠠᠭᠠᠢ ᠠᠵᠢᠯ ᠎ ᠤᠨ ᠪᠠᠶᠢᠷᠢᠨ ᠲᠡᠬᠡᠷ ᠶᠠᠭᠠᠷᠠᠵᠤ ᠪᠠᠶᠢᠳᠠᠭ᠃      ︽ᠡᠮᠨᠡᠯᠬᠡ ᠶᠢᠨ ᠬᠤᠷᠢᠶᠠᠨ ᠤ ᠬᠠᠯᠳᠠᠪᠤᠷᠢᠯᠡᠯ ᠢ ᠰᠡᠷᠬᠡᠶᠢᠯᠡᠬᠦ ᠰᠠᠯᠠᠭ᠎ᠠ ᠳᠤ ᠠᠵᠢᠯᠯᠠᠭᠰᠡᠨ 7 ᠵᠢᠯ ᠤᠨ ᠲᠤᠷᠰᠢ ᠰᠢᠷᠭᠠᠭᠤ ᠬᠢᠴᠢᠶᠠᠩᠬᠦᠢ ᠠᠵᠢᠯᠯᠠᠵᠤ᠂ ᠤᠳᠤ ᠪᠤᠯᠳᠠᠯ᠎ᠠ ᠡᠮᠨᠡᠯᠬᠡ ᠶᠢᠨ ᠬᠤᠷᠢᠶᠠᠨ ᠳᠤ ᠬᠠᠯᠳᠠᠪᠤᠷᠢᠯᠡᠯ ᠡᠬᠦᠰᠴᠤ ᠦᠩᠬᠡᠷᠡᠭᠰᠡᠨ ᠦᠬᠡᠢ᠂ ᠡᠳᠡᠬᠡᠷ ᠨᠢ ᠶᠠᠷᠢᠶᠠᠨ ᠦᠬᠡᠢ ᠬᠠᠮᠳᠤ ᠠᠵᠢᠯᠯᠠᠭᠰᠡᠳ ᠤᠨ ᠮᠠᠨᠢ ᠬᠠᠮᠳᠤ ᠶᠢᠨ ᠴᠢᠷᠮᠠᠶᠢᠯᠭ᠎ᠠ ᠪᠤᠯᠤᠨ᠎ᠠ᠂ ᠬᠤᠶᠢᠰᠢᠳᠠ ᠶᠢᠨ ᠠᠵᠢᠯ ᠤᠨ ᠲᠤᠮᠳᠠ ᠪᠠᠨ ᠪᠢᠳᠠ ᠬᠠᠮᠳᠤ ᠪᠠᠷ ᠴᠢᠷᠮᠠᠶᠢᠵᠤ ᠪᠠᠶᠢᠭᠠᠳ ᠡᠮᠨᠡᠯᠬᠡ ᠶᠢᠨ ᠬᠤᠷᠢᠶᠠᠨ ᠤ ᠡᠮ ᠡᠮᠨᠡᠯᠬᠡ ᠶᠢᠨ ᠦᠢᠯᠡᠰ ᠢ ᠨᠠᠩ ᠰᠠᠶᠢᠨ ᠨᠠᠩ ᠬᠦᠴᠤᠷᠬᠡᠭ ᠪᠤᠯᠭᠠᠬᠤ ᠪᠠᠷ ᠴᠢᠷᠮᠠᠶᠢᠨ᠎ᠠ︾ ᠬᠡᠵᠤ ᠯᠢ ᠾᠦᠢ ᠴᠦᠨ ᠶᠠᠷᠢᠨ᠎ᠠ᠃      ︽ᠯᠢ ᠾᠦᠢ ᠴᠦᠨ ᠠᠵᠢᠯ ᠳᠠᠭᠠᠨ ᠲᠤᠩ ᠬᠢᠨᠠᠮᠠᠭᠠᠢ᠂ ᠬᠠᠯᠳᠠᠪᠤᠷᠢᠯᠠᠯ ᠢ ᠰᠡᠷᠬᠡᠶᠢᠯᠡᠬᠦ ᠰᠠᠯᠠᠭ᠎ᠠ ᠨᠢ ᠮᠠᠨ ᠤ ᠡᠮᠨᠡᠯᠬᠡ ᠶᠢᠨ ᠬᠤᠷᠢᠶᠠᠨ ᠳᠤ ᠠᠪᠴᠤ ᠬᠡᠯᠡᠪᠡᠯ ᠲᠦᠢᠯ ᠤᠨ ᠴᠢᠬᠤᠯᠠ ᠨᠢᠬᠡᠨ ᠰᠠᠯᠠᠭ᠎ᠠ ᠮᠥᠨ᠂ ᠦᠢᠷ᠎ᠠ ᠶᠢᠨ ᠬᠡᠳᠤᠨ ᠵᠢᠯ ᠳᠤ ᠲᠡᠬᠦᠨ ᠤ ᠲᠠᠭᠠᠭᠤᠯᠭ᠎ᠠ ᠲᠤᠤᠷ᠎ᠠ᠂ ᠮᠠᠨ ᠤ ᠰᠠᠯᠠᠭ᠎ᠠ ᠳᠤ ᠶᠠᠷᠤ ᠠᠴᠠ ᠶᠠᠮᠠᠷ ᠴᠤ ᠡᠮᠴᠢᠯᠡᠬᠡᠨ ᠤ ᠤᠰᠤᠯ ᠭᠠᠷᠤᠭᠰᠡᠨ ᠦᠬᠡᠢ ᠰᠢᠤ︾ ᠬᠡᠵᠤ ᠯᠢ ᠾᠦᠢ ᠴᠦᠨ ᠤ ᠬᠠᠮᠳᠤ ᠠᠵᠢᠯᠯᠠᠭᠴᠢ ᠤᠴᠢᠷᠯᠠᠨ᠎ᠠ᠃      ᠯᠢ ᠾᠦᠢ ᠴᠦᠨ ᠪᠤᠯ ᠦᠢ ᠤᠯᠠᠨ ︽ᠬᠠᠯᠳᠠᠪᠤᠷᠢᠯᠠᠯ ᠢ ᠰᠡᠷᠬᠡᠶᠢᠯᠡᠬᠦ ᠬᠦᠮᠤᠰ︾᠎ ᠤᠨ ᠬᠤᠷᠢᠶᠠᠩᠭᠤᠢ ᠲᠦᠷᠢ᠂ ᠲᠦᠮᠡᠨ ᠤᠯᠠᠨ ᠤ ᠡᠷᠡᠬᠦᠯ ᠴᠢᠬᠢᠷᠠᠭ ᠪᠠᠶᠢᠬᠤ ᠪᠠᠷ ᠡᠬᠦᠷᠬᠡ ᠬᠠᠷᠢᠭᠤᠴᠠᠯᠭ᠎ᠠ ᠪᠠᠷ ᠪᠤᠯᠭᠠᠵᠤ᠂ ᠭᠤᠮᠤᠳᠠᠭᠰᠡᠨ ᠶᠠᠷᠢᠶ᠎ᠠ᠂ ᠬᠤᠶᠢᠷᠭᠤᠰᠢᠭᠰᠡᠨ ᠦᠢᠯᠡ ᠠᠵᠢᠯᠯᠠᠭ᠎ᠠ ᠶᠠᠷᠤ ᠪᠠᠶᠢᠳᠠᠭ ᠦᠬᠡᠢ᠂ ᠬᠠᠷᠢᠭᠤᠴᠠᠯᠭᠠᠳᠤ ᠰᠡᠳᠬᠢᠯᠬᠡ᠂ ᠪᠠᠳᠤ ᠢᠳᠡᠬᠡᠯ ᠰᠢᠳᠤᠷᠭᠤ ᠦᠢᠯᠡ ᠪᠠᠷ ᠦᠢᠯᠡᠰ ᠤᠨ ᠮᠦᠷ ᠢᠶᠠᠨ ᠲᠤᠷᠠᠶᠢᠯᠭᠠᠵᠤ᠂ ᠰᠢᠨ᠎ᠠ ᠴᠠᠭ ᠦᠶ᠎ᠠ ᠶᠢᠨ ᠪᠦᠰᠠᠬᠦᠶᠢᠴᠤᠳ ᠤᠨ ᠲᠦᠷᠢ ᠲᠦᠷᠬᠦ ᠶᠢ ᠱᠤᠭᠤᠵᠤ᠂ ᠦᠪᠡᠷ ᠤᠨ ᠦᠢᠯᠡ ᠠᠵᠢᠯᠯᠠᠭ᠎ᠠ ᠪᠠᠷ ᠢᠶᠠᠨ ᠡᠬᠦᠷᠬᠡ ᠬᠠᠷᠢᠭᠤᠴᠠᠯᠭ᠎ᠠ ᠪᠠᠨ ᠲᠠᠶᠢᠯᠪᠤᠷᠢᠯᠠᠵᠤ᠂ ᠦᠬᠡ ᠲᠠᠭᠤᠨ ᠦᠬᠡᠢ᠂ ᠭᠤᠮᠤᠳᠠᠯ ᠬᠠᠷᠠᠮᠰᠠᠯ ᠦᠬᠡᠢ ᠠᠵᠢᠯᠯᠠᠭᠰᠠᠭᠠᠷ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号