ᠨᠠᠷᠠᠡᠪᠤᠯᠠᠭ ᠰᠤᠮᠤᠨ ᠤ ᠠᠮᠢᠳᠤᠷᠡᠯ ᠤᠨ ᠬᠤᠭ ᠨᠤᠪᠰᠢ ᠶᠢ ᠲᠤᠭᠳᠠᠭᠰᠡᠨ ᠭᠠᠵᠡᠷ ᠲᠤ ᠬᠠᠶᠠᠬᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/3/11
ᠦᠷᠬᠡᠨ ᠤᠯᠠᠨ ᠮᠠᠯᠴᠢᠳ᠂ ᠰᠠᠭᠤᠭᠠᠯᠢ ᠠᠷᠡᠳ ᠲᠤ᠄      ᠮᠠᠯᠵᠢᠬᠤ ᠤᠷᠤᠨ ᠤ ᠤᠷᠤᠰᠢᠨ ᠰᠠᠭᠤᠬᠤ ᠤᠷᠴᠢᠨ ᠲᠤᠭᠤᠷᠢᠨ ᠤ ᠠᠷᠢᠭᠤᠨ ᠴᠠᠪᠡᠷ ᠢ ᠴᠡᠭᠴᠡᠯᠡᠨ ᠵᠠᠰᠠᠬᠤ ᠶᠢ ᠤᠯᠠᠨ ᠢᠶᠠᠷ ᠢᠶᠠᠨ ᠲᠡᠬᠡᠳᠤ ᠬᠡᠮᠵᠢᠶ᠎ᠠ ᠪᠠᠷ ᠴᠢᠬᠤᠯᠠᠴᠢᠯᠠᠵᠤ᠂ ᠶᠡᠭᠡ ᠪᠠᠷ ᠲᠡᠮᠵᠢᠬᠦ ᠶᠢ ᠱᠠᠭᠠᠷᠳᠠᠬᠤ ᠪᠠᠷ ᠪᠠᠷᠠᠬᠤ ᠦᠬᠡᠢ᠂ ᠨᠠᠩ ᠴᠤ ᠬᠦᠮᠤᠨ ᠪᠦᠬᠦᠨ ᠤ ᠤᠬᠠᠮᠰᠠᠷ ᠠᠴᠠ ᠪᠠᠨ ᠬᠠᠮᠠᠭᠠᠯᠠᠬᠤ ᠪᠠ ᠤᠯᠠᠨ ᠢᠶᠠᠷ ᠢᠶᠠᠨ ᠤᠷᠤᠯᠴᠠᠬᠤ ᠶᠢ ᠱᠠᠭᠠᠷᠳᠠᠨ᠎ᠠ᠃ ᠡᠬᠦᠨ ᠤ ᠲᠤᠯᠠ᠂ ᠪᠦᠬᠦ ᠰᠤᠮᠤᠨ ᠤ ᠦᠷᠬᠡᠨ ᠤᠯᠠᠨ ᠮᠠᠯᠴᠢᠳ᠂ ᠰᠠᠭᠤᠭᠠᠯᠢ ᠠᠷᠡᠳ ᠲᠤ ᠪᠠᠨ ᠰᠠᠨᠠᠭᠤᠯᠬᠤ ᠨᠢ᠄      ⒈ ᠬᠤᠭ ᠨᠤᠪᠰᠢ ᠶᠢ ᠲᠤᠷ᠎ᠠ ᠪᠠᠷ ᠢᠶᠠᠨ ᠬᠠᠶᠠᠬᠤ ᠦᠬᠡᠢ᠂ ᠦᠢᠯᠡᠳᠪᠤᠷᠢᠯᠡᠯ ᠠᠮᠢᠳᠤᠷᠡᠯ ᠤᠨ ᠬᠤᠭ ᠨᠤᠪᠰᠢ ᠶᠢ ᠲᠦᠷᠤᠯ ᠠᠩᠬᠢᠯᠠᠨ᠂ ᠰᠤᠮᠤᠨ ᠤ ᠰᠠᠭᠤᠭᠠᠯᠢ ᠳᠠᠬᠢ ᠪᠤᠬᠢᠷᠳᠤᠯ ᠦᠬᠡᠢ ᠢᠯᠴᠢ ᠪᠠᠷ ᠵᠠᠳᠠᠷᠠᠭᠤᠯᠤᠨ ᠪᠣᠬᠢᠷᠳᠤᠯ ᠤᠨ ᠬᠡᠮᠵᠢᠶ᠎ᠠ ᠶᠢ ᠪᠠᠭᠠᠰᠬᠠᠬᠤ ᠦᠷᠳᠡᠬᠡᠨ ᠳᠤ ᠠᠪᠠᠴᠢᠨ ᠴᠠᠪᠠᠷᠯᠡᠭᠴᠢ ᠶᠢᠨ ᠵᠢᠯᠤᠭᠤᠳᠤᠯᠭ᠎ᠠ ᠪᠠᠷ ᠲᠤᠭᠳᠠᠭᠰᠡᠨ ᠭᠠᠵᠡᠷ ᠲᠤ ᠬᠠᠶᠠᠨ᠎ᠠ᠃      ⒉ ᠦᠢᠯᠡᠳᠪᠤᠷᠢᠯᠡᠯ ᠠᠮᠢᠳᠤᠷᠡᠯ ᠤᠨ ᠬᠤᠭ ᠨᠤᠪᠰᠢ ᠪᠠᠨ ᠨᠢᠬᠡᠨᠳᠡ ᠴᠡᠪᠡᠷᠯᠡᠭᠰᠡᠨ ᠬᠤᠭ ᠬᠠᠶᠠᠬᠤ ᠭᠠᠵᠡᠷ ᠪᠤᠶᠤ ᠵᠠᠮ ᠤᠨ ᠬᠠᠵᠠᠭᠤ ᠭᠠᠵᠡᠷ ᠪᠤᠶᠤ ᠵᠠᠮ ᠤᠨ ᠬᠠᠵᠠᠭᠤ ᠳᠤ ᠬᠠᠶᠠᠵᠤ ᠪᠤᠯᠬᠤ ᠦᠬᠡᠢ᠂ ᠬᠡᠷᠪᠡ ᠲᠤᠷ᠎ᠠ ᠪᠠᠷ ᠬᠤᠭ ᠨᠤᠪᠰᠢ ᠬᠠᠶᠠᠬᠤ ᠶᠢ ᠤᠯᠵᠤ ᠮᠡᠳᠡᠪᠡᠯ᠂ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠬᠠᠤᠯᠢ ᠶᠤᠰᠤ ᠬᠠᠤᠯᠢ ᠲᠦᠷᠢᠮ ᠤᠨ ᠲᠠᠭᠠᠤ ᠰᠢᠢᠳᠬᠡᠨ᠎ᠠ᠃      ⒊ ᠰᠠᠭᠤᠭᠠᠯᠢ ᠲᠤᠭᠤᠷᠢᠭ ᠲᠠᠬᠢ ᠡᠯ᠎ᠠ ᠡᠷᠤᠬᠡ ᠤᠳ ᠡᠬᠦᠳᠠᠨ ᠡᠮᠤᠨᠡᠬᠢ ᠤᠷᠴᠢᠨ ᠲᠤᠭᠤᠷᠢᠨ ᠤ ᠠᠷᠢᠭᠤᠨ ᠴᠠᠪᠡᠷ ᠢ ᠠᠩᠬᠠᠷᠴᠤ᠂ ᠴᠠᠪᠠᠷ ᠲᠤᠬᠢᠯᠢᠭ ᠪᠠᠶᠢᠯᠭᠠᠨ᠎ᠠ᠃      ⒋ ᠪᠦᠬᠦᠳᠡᠬᠡᠷ ᠬᠠᠷᠢᠯᠴᠠᠨ ᠬᠢᠨᠠᠯᠳᠠ ᠲᠠᠯᠪᠢᠵᠤ᠂ ᠬᠠᠮᠳᠤᠪᠠᠷ ᠴᠠᠪᠠᠷ ᠰᠠᠶᠢᠬᠠᠨ ᠤᠷᠴᠢᠨ ᠠᠬᠤᠢ ᠶᠢ ᠪᠤᠢ ᠪᠤᠯᠭᠠᠶ᠎ᠠ᠃      ᠬᠡᠷ ᠤᠷᠤᠨ ᠢᠶᠠᠨ ᠭᠤᠶᠤᠯᠠᠨ ᠴᠢᠮᠡᠬᠦ ᠳᠤ᠂ ᠲᠠ ᠪᠢᠳᠠᠨ ᠳᠤ ᠲᠦᠰᠢᠭᠯᠡᠨ᠎ᠠ᠃ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠳᠤ ᠬᠦᠮᠤᠨ ᠪᠦᠬᠦᠨ ᠬᠠᠷᠢᠭᠤᠴᠠᠯᠭ᠎ᠠ ᠲᠠᠢ᠂ ᠪᠢᠳᠠ ᠪᠦᠬᠦᠨ ᠰᠡᠳᠬᠢᠯ ᠢᠶᠠᠨ ᠨᠢᠬᠡᠳᠬᠡᠨ ᠬᠦᠴᠤ ᠪᠠᠨ ᠬᠠᠮᠳᠤᠳᠬᠠᠵᠤ᠂ ᠪᠤᠳᠡᠳᠤ ᠠᠵᠢᠯᠯᠠᠭ᠎ᠠ ᠪᠠᠷ ᠢᠶᠠᠨ ᠰᠠᠶᠢᠨ ᠰᠠᠶᠢᠬᠠᠨ ᠬᠡᠷ ᠤᠷᠤᠨ ᠢᠶᠠᠨ ᠬᠠᠮᠳᠤᠪᠠᠷ ᠴᠤᠭᠴᠠᠯᠠᠨ ᠪᠠᠶᠢᠭᠤᠯᠤᠶ᠎ᠠ᠃             ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠷᠠᠡᠪᠤᠯᠠᠭ ᠰᠤᠮᠤᠨ ᠤ ᠬᠤᠷᠢᠶ᠎ᠠ                       ᠨᠠᠷᠠᠡᠪᠤᠯᠠᠭ ᠰᠤᠮᠤᠨ ᠤ ᠠᠷᠡᠳ ᠤᠨ ᠵᠠᠰᠠᠭ ᠤᠨ ᠤᠷᠳᠤᠨ                            2024 ᠤᠨ ᠤ 3 ᠰᠠᠷ᠎ᠠ ᠶᠢᠨ 6᠎ ᠤ ᠡᠳᠤᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号