ᠠᠪᠠᠭ᠎ᠠ ᠬᠤᠰᠢᠭᠤᠨ ᠤ 2024 ᠣᠨ ᠤ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/3/11
     ᠠᠵᠢᠯ ᠣᠯᠭᠤᠯᠲᠠ ᠶᠢᠨ ᠬᠠᠷᠠᠭᠠᠯᠵᠠᠯ ᠤᠨ  ᠲᠥᠷᠥ ᠶᠢᠨ ᠪᠣᠳᠣᠯᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ ᠲᠠᠰ ᠳᠠᠷᠠᠭᠠᠯᠠᠯ ᠢ ᠵᠢᠷᠤᠮᠵᠢᠭᠤᠯᠤᠨ᠂ ᠠᠵᠢᠯ ᠣᠯᠭᠤᠯᠲᠠ ᠶᠢᠨ ᠲᠤᠰᠠᠯᠠᠮᠵᠢ ᠶᠢᠨ ᠲᠦᠷᠢᠮ ᠢ  ᠲᠡᠭᠦᠯᠳᠡᠷᠵᠢᠭᠦᠯᠬᠦ ᠶᠢᠨ  ᠲᠥᠯᠥᠭᠡ  ᠂  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ ᠠᠷᠭ᠎ᠠ︾᠎ ᠶᠢᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤ 2024 ᠣᠨ ᠤ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠵᠦ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠬᠡᠪᠴᠢᠶ᠎ᠡ ᠪᠣᠯᠤᠨ ᠲᠤᠭᠳᠠᠭᠠᠬᠤ ᠪᠠᠷᠢᠮᠵᠢᠶ᠎ᠠ      ᠠᠵᠢᠯ ᠣᠯᠬᠤ ᠳᠤ ᠬᠦᠴᠢᠷᠳᠡᠯᠲᠡᠢ ᠬᠥᠮᠥᠰ ᠭᠡᠳᠡᠭ ᠨᠢ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠬᠥᠮᠥᠰ ᠤᠨ ᠳᠣᠲᠣᠷᠠᠬᠢ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠤ ᠳᠣᠲᠣᠷ᠎ᠠ᠂ ᠬᠥᠳᠡᠯᠮᠦᠷᠢᠯᠡᠬᠦ ᠴᠢᠳᠠᠪᠤᠷᠢ ᠲᠠᠢ ᠪᠥᠭᠡᠳ ᠠᠵᠢᠯ ᠣᠯᠬᠤ ᠬᠦᠰᠡᠯ ᠲᠠᠢ ᠪᠥᠭᠡᠳ ᠨᠢᠭᠡᠨᠲᠡ ᠠᠵᠢᠯ ᠠᠯᠳᠠᠭᠰᠠᠨ ᠳᠠᠩᠰᠠᠯᠠᠯ ᠬᠢᠭᠰᠡᠨ ᠳᠣᠣᠷᠠᠬᠢ 6 ᠲᠥᠷᠥᠯ ᠤᠨ ᠬᠥᠮᠥᠰ ᠪᠠᠭᠳᠠᠨ᠎ᠠ᠃      ︵ᠨᠢᠭᠡ᠂ ᠥᠨᠳᠥᠷ ᠨᠠᠰᠤᠨ ᠤ ᠠᠵᠢᠯ ᠠᠯᠳᠠᠭᠰᠠᠳ᠃ ᠪᠠᠶᠢᠩᠭᠤ ᠰᠠᠭᠤᠭ᠎ᠠ ᠭᠠᠵᠠᠷ ᠲᠤ ᠵᠠᠯᠭᠠᠪᠠᠷ 6 ᠰᠠᠷ᠎ᠠ ᠠᠴᠠ ᠳᠡᠭᠡᠭᠰᠢ ᠰᠠᠭᠤᠵᠤ ᠪᠠᠶᠢᠬᠤ ᠪᠦᠭᠡᠳ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠳᠤ ᠣᠷᠤᠯᠴᠠᠭᠰᠠᠨ 1 ᠵᠢᠯ ᠠᠴᠠ ᠳᠡᠭᠡᠭᠰᠢᠬᠢ ᠡᠮᠡᠭᠲᠡᠢ ᠪᠦᠬᠦᠯᠢ 40 - 50 ᠪᠦᠬᠦᠯᠢ ᠨᠠᠰᠤ ᠬᠦᠷᠦᠭᠰᠡᠨ᠂ ᠡᠷᠡᠭᠲᠡᠢ ᠪᠦᠬᠦᠯᠢ 50 - 60 ᠨᠠᠰᠤᠨ ᠤ ᠠᠵᠢᠯ ᠠᠯᠳᠠᠭᠰᠠᠳ ︵40᠂ 50 ᠬᠦᠮᠦᠨ ᠢ ᠵᠢᠭᠠᠵᠤ ᠪᠠᠶᠢᠨ᠎ᠠ︶      ︵ᠬᠤᠶᠠᠷ︶ ᠵᠡᠮᠳᠡᠭ ᠬᠦᠮᠦᠨ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠥᠮᠦᠨ ᠤ ᠦᠨᠡᠮᠯᠡᠯ︾᠎ ᠲᠠᠢ ᠵᠡᠮᠳᠡᠭᠴᠦᠳ᠃      ︵ᠭᠤᠷᠪᠠ︶ ᠠᠵᠢᠯ ᠦᠭᠡᠢ ᠭᠡᠷ ᠪᠦᠯᠢ ᠶᠢᠨ ᠪᠦᠷᠢᠯᠳᠦᠬᠦᠨ᠃ ᠠᠳᠠᠯᠢ ᠨᠢᠭᠡᠨ ᠭᠡᠷ ᠪᠦᠯᠢ ᠶᠢᠨ ᠡᠷᠦᠬᠡ ᠠᠮᠠ ᠳᠤ 2 ᠨᠡᠷᠡᠰ ᠵᠢᠴᠢ 2᠎ ᠠᠴᠠ ᠳᠡᠭᠡᠭᠰᠢ ᠬᠠᠮᠲᠤᠪᠠᠷ ᠠᠮᠢᠳᠤᠷᠠᠵᠤ ᠪᠠᠶᠢᠭ᠎ᠠ ᠪᠦᠷᠢᠯᠳᠦᠬᠦᠨ ᠲᠠᠢ ᠪᠥᠭᠡᠳ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠴᠢᠳᠠᠪᠤᠷᠢ ᠲᠠᠢ ᠪᠠ ᠠᠵᠢᠯ ᠣᠯᠬᠤ ᠱᠠᠭᠠᠷᠳᠠᠯᠭ᠎ᠠ ᠲᠠᠢ ᠭᠡᠷ ᠪᠦᠯᠢ ᠶᠢᠨ ᠪᠦᠷᠢᠯᠳᠦᠬᠦᠨ ᠨᠢ ᠴᠥᠮ ᠠᠵᠢᠯ ᠠᠯᠳᠠᠭᠰᠠᠨ ᠳᠠᠩᠰᠠᠯᠠᠯ ᠲᠠᠢ ᠪᠥᠭᠡᠳ ᠡᠵᠡᠩᠨᠡᠯᠲᠡ ᠶᠢᠨ ᠴᠢᠨᠠᠷᠲᠠᠶ᠂ ᠪᠡᠯᠡ ᠣᠷᠣᠭᠤᠯᠤᠯᠲᠠ ᠶᠢᠨ ᠴᠢᠨᠠᠷᠲᠠᠶ ᠣᠷᠣᠯᠭ᠎ᠠ ᠦᠭᠡᠶ ᠬᠤᠲᠠ ᠪᠠᠯᠭᠠᠰᠣᠨ ᠤ ᠰᠠᠭᠤᠭᠠᠯᠢ ᠠᠷᠠᠳ ᠤᠨ ᠭᠡᠷ ᠪᠦᠯᠢ ᠶᠢᠨ ᠬᠥᠮᠦᠰ ᠢ ᠵᠢᠭᠠᠵᠤ ᠪᠤᠶ᠃      ︵ᠲᠦᠷᠪᠡ︶ ᠨᠤᠳᠤᠭ ᠦᠬᠡᠢ ᠮᠠᠯᠴᠢᠨ ᠲᠠᠷᠢᠶᠠᠴᠢᠨ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠳᠤ ᠬᠠᠤᠯᠢ ᠶᠣᠰᠣᠭᠠᠷ ᠨᠢᠭᠡᠳᠦᠯᠲᠡᠶ ᠭᠠᠵᠠᠷ ᠲᠠᠲᠠᠪᠤᠷᠢᠯᠠᠭᠰᠠᠨ ᠤ ᠳᠠᠷᠠᠭ᠎ᠠ᠂ ᠤᠤᠯ ᠤᠨ ᠳᠠᠭᠠᠭᠠᠴᠢᠯᠠᠭᠰᠠᠨ ᠲᠠᠷᠢᠶᠠᠨ ᠭᠠᠵᠠᠷ ᠪᠤᠶᠤ ᠬᠠᠳᠤᠯᠠᠩ ᠪᠡᠯᠴᠢᠭᠡᠷ ᠨᠢ ᠲᠠᠳᠠᠪᠤᠷᠢᠯᠠᠭᠳᠠᠭᠰᠡᠨ᠂ ᠡᠮᠡᠭᠲᠡᠶ ᠪᠦᠬᠦᠯᠢ 40 ᠨᠠᠰᠤ᠂ ᠡᠷᠡᠭᠲᠡᠶ ᠪᠦᠬᠦᠯᠢ 50 ᠨᠠᠰᠤᠨ ᠠᠴᠠ ᠳᠡᠭᠡᠭᠰᠢᠬᠢ ᠲᠠᠷᠢᠶᠠᠴᠢᠨ ᠮᠠᠯᠴᠢᠳ ᠢ ᠵᠢᠭᠠᠵᠤ ᠪᠤᠶ᠃ ᠶᠠᠭ ᠬᠦᠷᠲᠡᠵᠦ ᠪᠠᠶᠢᠭ᠎ᠠ ᠭᠠᠵᠠᠷ ᠲᠠᠲᠠᠪᠤᠷᠢᠯᠠᠬᠤ ᠨᠥᠬᠦᠪᠥᠷᠢ ᠶᠢᠨ ᠰᠠᠷ᠎ᠠ ᠶᠢᠨ ᠪᠠᠷᠢᠮᠵᠢᠶ᠎ᠠ ᠨᠢ ᠲᠤᠬᠠᠶ ᠶᠢᠨ ᠭᠠᠵᠠᠷ ᠤᠨ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠠᠴᠠ ᠥᠨᠳᠥᠷ ᠪᠣᠯᠤᠭᠰᠠᠨ ᠬᠥᠮᠦᠰ ᠲᠤᠰ ᠲᠥᠷᠥᠯ ᠤᠨ ᠬᠥᠮᠦᠰ ᠤᠨ ᠬᠡᠪᠴᠢᠶ᠎ᠡ ᠳᠤ ᠪᠠᠶᠢᠬᠤ ᠦᠭᠡᠶ᠃      ︵ᠲᠠᠪᠤ︶ ᠤᠷᠲᠤ ᠬᠤᠭᠤᠴᠠᠭ᠎ᠠ ᠪᠠᠷ ᠠᠵᠢᠯ ᠠᠯᠳᠠᠭᠰᠠᠳ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠬᠦᠷᠲᠡᠵᠦ ᠪᠠᠶᠢᠭ᠎ᠠ ᠮᠥᠷᠲᠡᠭᠡᠨ ᠦᠷᠭᠦᠯᠵᠢᠯᠡᠨ ᠠᠵᠢᠯ ᠠᠯᠳᠠᠭᠰᠠᠨ ᠢᠶᠠᠷ ᠳᠠᠩᠰᠠᠯᠠᠭᠤᠯᠤᠭᠰᠠᠨ 1 ᠵᠢᠯ ᠠᠴᠠ ᠳᠡᠭᠡᠭᠰᠢ ᠡᠮᠡᠭᠲᠡᠶ ᠪᠦᠬᠦᠯᠢ 35 ᠨᠠᠰᠤ ᠬᠦᠷᠦᠭᠰᠡᠨ᠂ ᠡᠷᠡᠭᠲᠡᠶ ᠪᠦᠬᠦᠯᠢ 45 ᠨᠠᠰᠤᠨ ᠤ ᠠᠵᠢᠯ ᠠᠯᠳᠠᠭᠰᠠᠳ ᠢ ᠵᠢᠭᠠᠵᠤ ᠪᠤᠶ᠃      ︵ᠵᠢᠷᠭᠤᠭ᠎ᠠ᠂ ᠠᠵᠢᠯ ᠣᠯᠬᠤ ᠳᠤ ᠬᠦᠴᠢᠷᠲᠡᠶ ᠳᠡᠭᠡᠳᠦ ᠰᠤᠷᠭᠠᠭᠤᠯᠢ ᠲᠡᠭᠦᠰᠦᠭᠰᠡᠨ ᠤᠶᠤᠳᠠᠳ᠃ ᠰᠤᠷᠭᠠᠭᠤᠯᠢ ᠠᠴᠠ ᠪᠠᠨ 2 ᠵᠢᠯ ᠵᠢᠴᠢ ᠲᠡᠭᠦᠨ ᠠᠴᠠ ᠳᠡᠭᠡᠭᠰᠢᠬᠢ ᠶᠡᠷᠦ ᠠᠴᠠ ᠠᠵᠢᠯ ᠣᠯᠣᠭᠰᠠᠨ ᠦᠭᠡᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ︵ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠣᠯ ᠭᠤᠣᠯᠳᠠᠭᠤ ᠪᠦᠬᠦᠯᠢ ᠡᠳᠦᠷ ᠤᠨ ᠳᠦᠷᠢᠮᠲᠦ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠢ ᠵᠢᠭᠠᠨ᠎ᠠ︶      ᠬᠤᠶᠠᠷ᠂ ᠮᠠᠭᠠᠳᠯᠠᠨ ᠲᠣᠭᠲᠠᠭᠠᠬᠤ ᠳᠡᠰ ᠳᠠᠷᠠᠭᠠᠯᠠᠯ      ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠬᠥᠮᠥᠰ ᠪᠠᠶᠢᠩᠭᠤ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠭᠤᠶᠤᠴᠢᠯᠠᠯ ᠢᠶᠠᠨ ᠲᠤᠰᠢᠶᠠᠬᠤ ᠶᠢᠨ ᠬᠠᠮᠲᠤ᠂ ᠲᠣᠰ ᠬᠥᠮᠦᠨ ᠤ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠤᠨ ᠲᠦᠷᠦᠭᠦᠤ ᠨᠢᠭᠤᠷ ᠨᠢ ᠲᠣᠰ ᠬᠥᠮᠦᠨ ᠤ ᠬᠠᠭᠤᠳᠠᠰᠤ᠂ ᠬᠤᠶᠠᠷ ᠢᠮᠠᠬᠤ ᠶᠢᠨ ᠬᠡᠷᠡᠯ ᠵᠢᠷᠤᠭ ᠨᠢᠭᠡ ᠬᠠᠭᠤᠳᠠᠰᠤ ︵ᠲᠣᠰ ᠭᠠᠵᠠᠷ ᠤᠨ ᠡᠷᠦᠬᠡ ᠠᠮᠠ ᠶᠢᠨ ᠲᠠᠩᠰᠠ ᠥᠬᠡᠶ ᠬᠥᠮᠦᠰ ᠣᠷᠣᠰᠢᠨ ᠰᠠᠭᠤᠬᠤ ᠭᠡᠷᠡᠴᠢ ᠪᠠᠨ ᠬᠠᠩᠭᠠᠬᠤ ᠬᠡᠷᠡᠭᠲᠡᠶ︶ ᠬᠠᠩᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠵᠤ ᠬᠢᠨᠠᠨ ᠵᠥᠪᠰᠢᠶᠡᠷᠡᠭᠦᠯᠬᠦ ᠬᠦᠰᠦᠨᠦᠭᠲᠦ︾᠎ ᠶᠢ ᠲᠠᠭᠯᠠᠬᠤ ᠶᠢᠨ ᠬᠠᠮᠲᠤ᠂ ᠬᠡᠪᠴᠢᠶ᠎ᠡ ᠪᠠ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠣᠰᠣᠭᠠᠷ᠂ ᠠᠳᠠᠯᠢ ᠪᠤᠰᠤ ᠲᠥᠷᠥᠯ ᠢᠯᠭᠠᠯ ᠤᠨ ᠬᠥᠮᠦᠰ ᠪᠠᠰᠠ ᠲᠣᠰ ᠲᠣᠰ ᠳᠣᠤᠷᠠᠬᠢ ᠨᠥᠬᠦᠴᠡᠯ ᠢ ᠬᠠᠩᠭᠠᠬᠤ ᠬᠡᠷᠡᠭᠲᠡᠶ᠄      ᠵᠡᠮᠳᠡᠭ ᠬᠥᠮᠦᠰ ᠵᠡᠮᠳᠡᠭᠴᠦᠳ ᠤᠨ ᠬᠤᠯᠪᠣᠭᠠᠲᠤ ᠬᠤᠷᠠᠯ ᠤᠨ ᠬᠢᠨᠠᠨ ᠣᠯᠭᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾ᠨᠤᠳᠤᠭ ᠦᠬᠡᠢ ᠮᠠᠯᠴᠢᠨ ᠲᠠᠷᠢᠶᠠᠴᠢᠨ ᠭᠠᠵᠠᠷ ᠰᠢᠷᠤᠢ ᠶᠢ ᠲᠠᠲᠠᠪᠤᠷᠢᠯᠠᠨ ᠬᠡᠷᠡᠭᠯᠡᠬᠦ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠬᠠᠩᠭᠠᠬᠤ ᠴᠢᠬᠤᠯᠠᠲᠠᠢ      ᠠᠵᠢᠯ ᠣᠯᠬᠤ ᠳᠤ ᠬᠦᠴᠢᠷᠲᠡᠢ ᠳᠡᠭᠡᠳᠦ ᠰᠤᠷᠭᠠᠭᠤᠯᠢ ᠲᠡᠭᠦᠰᠦᠭᠰᠡᠳ ᠰᠤᠷᠭᠠᠭᠤᠯᠢ ᠲᠡᠭᠦᠰᠦᠭᠰᠡᠨ ᠦᠨᠡᠮᠯᠡᠯ ᠵᠡᠷᠭᠡ ᠭᠡᠷᠡᠴᠢᠯᠡᠬᠦ ᠪᠢᠴᠢᠭ ᠮᠠᠲ᠋ᠧᠷᠢᠶᠠᠯ ᠬᠠᠩᠭᠠᠨ᠎ᠠ᠃ᠤᠷᠲᠤ ᠬᠤᠭᠤᠴᠠᠭ᠎ᠠ ᠪᠠᠷ ᠠᠵᠢᠯ ᠠᠯᠳᠠᠭᠰᠠᠳ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠢᠨᠠᠨ ᠣᠯᠭᠤᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷᠡᠴᠢ ᠬᠠᠩᠭᠠᠬᠤ ᠬᠡᠷᠡᠭᠲᠡᠶ᠃      ᠠᠵᠢᠯ ᠤᠯᠬᠤ ᠳᠤ ᠬᠦᠴᠢᠷᠲᠡᠶ ᠮᠠᠭᠠᠳᠯᠠᠨ ᠲᠣᠭᠲᠠᠭᠠᠭᠰᠠᠨ ᠬᠥᠮᠦᠰ ᠪᠦᠬᠦᠨ ᠬᠠᠮᠢᠶ᠎ᠠ ᠪᠥᠬᠦᠶ ᠮᠠᠲ᠋ᠧᠷᠢᠶᠠᠯ ᠢᠶᠠᠨ ᠠᠪᠴᠤ ᠬᠠᠷᠢᠶ᠎ᠠ ᠨᠡᠶᠢᠭᠡᠮ ᠲᠣᠭᠤᠷᠢᠭ᠂ ᠰᠤᠮᠤᠨ ᠳᠤ ᠬᠦᠷᠴᠦ ᠭᠤᠶᠤᠴᠢᠯᠠᠯ ᠳᠡᠪᠰᠢᠭᠦᠯᠵᠦ᠂ ᠥᠷᠭᠡᠨ ᠣᠯᠠᠨ ᠠᠷᠠᠳ ᠲᠦᠮᠡᠨ ᠬᠠᠷᠢᠯᠴᠠᠨ ᠮᠡᠳᠡᠭᠳᠡᠬᠦ ᠶᠢ ᠬᠦᠰᠡᠵᠦ ᠪᠠᠶᠢᠨ᠎ᠠ᠃      ᠰᠤᠮᠤᠨ ᠤ ᠲᠤᠬᠠᠶᠢᠯᠠᠭᠰᠠᠨ ᠠᠵᠢᠯ ᠢ ᠭᠠᠷᠲᠠᠨ ᠡᠷᠬᠢᠯᠡᠬᠦ ᠠᠵᠢᠯᠲᠠᠨ ᠪᠠ ᠬᠠᠷᠢᠯᠴᠠᠬᠤ ᠤᠲᠠᠰᠤ᠄      ᠪᠠᠶᠠᠨᠴᠠᠭᠠᠨ ᠨᠡᠶᠢᠭᠡᠮ ᠲᠣᠭᠤᠷᠢᠭ ᠤᠨ ᠴᠠᠭᠠᠡᠬᠦᠦ᠄ 2308909      ᠬᠥᠭᠵᠢᠯ ᠨᠡᠶᠢᠭᠡᠮ ᠲᠣᠭᠤᠷᠢᠭ ᠤᠨ ᠯᠢ ᠵᠧ᠄ 2028855      ᠪᠡᠯᠭᠦᠳᠠᠢ ᠨᠠᠶᠢᠭᠡᠮ ᠲᠤᠭᠤᠷᠢᠭ ᠤᠨ ᠰᠦᠩ ᠰᠢᠶᠤᠤ ᠸᠧᠢ᠄ 2306781      ᠬᠠᠨ ᠪᠸᠢ ᠨᠡᠶᠢᠭᠡᠮ ᠲᠤᠭᠤᠷᠢᠭ ᠤᠨ ᠸᠠᠩ ᠢᠤᠢ ᠹᠸᠢ 2308178      ᠪᠠᠶᠠᠨᠲᠤᠭ ᠰᠣᠮᠣᠨ ᠤ ᠠᠷᠠᠳ ᠤᠨ ᠵᠠᠰᠠᠭ ᠤᠨ ᠣᠷᠳᠣᠨ ᠯᠢᠩ ᠯᠢᠩ᠄ 2300889      ᠴᠠᠭᠠᠨᠨᠠᠭᠤᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠰᠶ᠎ᠠ᠄ 2457118      ᠨᠠᠷᠠᠨᠪᠤᠯᠠᠭ ᠰᠤᠮᠤᠨ ᠤ ᠠᠷᠠᠳ ᠤᠨ ᠵᠠᠰᠠᠭ ᠤᠨ ᠤᠷᠳᠤᠨ ᠤ ᠴᠠᠯᠮᠡᠭ᠄ 2301368      ᠵᠢᠷᠭᠠᠯᠠᠩᠲᠤ ᠰᠣᠮᠣᠨ ᠤ ᠠᠷᠠᠳ ᠤᠨ ᠵᠠᠰᠠᠭ ᠤᠨ ᠣᠷᠳᠣᠨ ᠤ ᠸᠠᠩ ᠲᠢᠩ ᠲᠢᠩ᠄ 2300653      ᠬᠤᠩᠭᠤᠷᠭᠤᠤᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠰᠦᠷᠯᠢᠭ᠄ 240 2203      ᠠᠰᠠᠭᠤᠨ ᠯᠠᠪᠯᠠᠬᠤ ᠤᠲᠠᠰᠤ᠄ 2022800 ᠬᠠᠷᠢᠯᠴᠠᠬᠤ ᠬᠥᠮᠦᠨ᠄ ᠤᠶᠠᠩᠭ᠎ᠠ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号