ᠠᠵᠢᠯ ᠣᠯᠭᠤᠯᠲᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠩ ᠰᠠᠶᠢᠲᠤᠷ | ᠨᠠᠶᠢᠳᠠᠪᠤᠷᠢᠵᠢᠭᠤᠯᠵᠤ᠂ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ ᠲᠠᠰ ᠳᠠᠷᠠᠭᠠᠯᠠᠯ ᠢ | ᠵᠢᠷᠤᠮᠵᠢᠭᠤᠯᠤᠨ᠂ ᠠᠵᠢᠯ ᠣᠯᠭᠤᠯᠲᠠ ᠶᠢᠨ ᠲᠤᠰᠠᠯᠠᠮᠵᠢ ᠶᠢᠨ ᠲᠦᠷᠢᠮ ᠢ ᠲᠡᠭᠦᠯᠳᠡᠷᠵᠢᠭᠦᠯᠬᠦ ᠶᠢᠨ ᠲᠥᠯᠥᠭᠡ ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ | ᠲᠣᠭᠲᠠᠭᠠᠬᠤ ᠠᠷᠭ᠎ᠠ︾ ᠶᠢᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤ 2024 ᠣᠨ ᠤ ᠠᠵᠢᠯ | ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠵᠦ᠂ ᠡᠳᠦᠭᠡ ᠬᠤᠯᠪᠣᠭᠳᠠᠯ ᠪᠥᠬᠦᠶ | ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠬᠡᠪᠴᠢᠶ᠎ᠡ ᠪᠣᠯᠤᠨ ᠲᠤᠭᠳᠠᠭᠠᠬᠤ ᠪᠠᠷᠢᠮᠵᠢᠶ᠎ᠠ | ᠠᠵᠢᠯ ᠣᠯᠬᠤ ᠳᠤ ᠬᠦᠴᠢᠷᠳᠡᠯᠲᠡᠢ ᠬᠥᠮᠥᠰ ᠭᠡᠳᠡᠭ ᠨᠢ ᠬᠤᠲᠠ ᠪᠠᠯᠭᠠᠰᠤᠨ ᠤ ᠪᠠᠶᠢᠩᠭᠤ ᠰᠠᠭᠤᠭ᠎ᠠ | ᠬᠥᠮᠥᠰ ᠤᠨ ᠳᠣᠲᠣᠷᠠᠬᠢ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠤ ᠳᠣᠲᠣᠷ᠎ᠠ᠂ ᠬᠥᠳᠡᠯᠮᠦᠷᠢᠯᠡᠬᠦ | ᠴᠢᠳᠠᠪᠤᠷᠢ ᠲᠠᠢ ᠪᠥᠭᠡᠳ ᠠᠵᠢᠯ ᠣᠯᠬᠤ ᠬᠦᠰᠡᠯ ᠲᠠᠢ ᠪᠥᠭᠡᠳ ᠨᠢᠭᠡᠨᠲᠡ ᠠᠵᠢᠯ ᠠᠯᠳᠠᠭᠰᠠᠨ ᠳᠠᠩᠰᠠᠯᠠᠯ ᠬᠢᠭᠰᠡᠨ | ᠳᠣᠣᠷᠠᠬᠢ 6 ᠲᠥᠷᠥᠯ ᠤᠨ ᠬᠥᠮᠥᠰ ᠪᠠᠭᠳᠠᠨ᠎ᠠ᠃ | ︵ᠨᠢᠭᠡ᠂ ᠥᠨᠳᠥᠷ ᠨᠠᠰᠤᠨ ᠤ ᠠᠵᠢᠯ ᠠᠯᠳᠠᠭᠰᠠᠳ᠃ ᠪᠠᠶᠢᠩᠭᠤ ᠰᠠᠭᠤᠭ᠎ᠠ ᠭᠠᠵᠠᠷ ᠲᠤ ᠵᠠᠯᠭᠠᠪᠠᠷ 6 | ᠰᠠᠷ᠎ᠠ ᠠᠴᠠ ᠳᠡᠭᠡᠭᠰᠢ ᠰᠠᠭᠤᠵᠤ ᠪᠠᠶᠢᠬᠤ ᠪᠦᠭᠡᠳ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠡᠶᠢᠭᠡᠮ ᠤᠨ | ᠳᠠᠭᠠᠳᠬᠠᠯ ᠳᠤ ᠣᠷᠤᠯᠴᠠᠭᠰᠠᠨ 1 ᠵᠢᠯ ᠠᠴᠠ ᠳᠡᠭᠡᠭᠰᠢᠬᠢ ᠡᠮᠡᠭᠲᠡᠢ ᠪᠦᠬᠦᠯᠢ 40 - 50 ᠪᠦᠬᠦᠯᠢ ᠨᠠᠰᠤ | ᠬᠦᠷᠦᠭᠰᠡᠨ᠂ ᠡᠷᠡᠭᠲᠡᠢ ᠪᠦᠬᠦᠯᠢ 50 - 60 ᠨᠠᠰᠤᠨ ᠤ ᠠᠵᠢᠯ ᠠᠯᠳᠠᠭᠰᠠᠳ ︵40᠂ 50 ᠬᠦᠮᠦᠨ ᠢ ᠵᠢᠭᠠᠵᠤ | ᠪᠠᠶᠢᠨ᠎ᠠ︶ | ︵ᠬᠤᠶᠠᠷ︶ ᠵᠡᠮᠳᠡᠭ ᠬᠦᠮᠦᠨ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ | ᠬᠥᠮᠦᠨ ᠤ ᠦᠨᠡᠮᠯᠡᠯ︾ ᠲᠠᠢ ᠵᠡᠮᠳᠡᠭᠴᠦᠳ᠃ | ︵ᠭᠤᠷᠪᠠ︶ ᠠᠵᠢᠯ ᠦᠭᠡᠢ ᠭᠡᠷ ᠪᠦᠯᠢ ᠶᠢᠨ ᠪᠦᠷᠢᠯᠳᠦᠬᠦᠨ᠃ ᠠᠳᠠᠯᠢ ᠨᠢᠭᠡᠨ ᠭᠡᠷ ᠪᠦᠯᠢ ᠶᠢᠨ ᠡᠷᠦᠬᠡ | ᠠᠮᠠ ᠳᠤ 2 ᠨᠡᠷᠡᠰ ᠵᠢᠴᠢ 2 ᠠᠴᠠ ᠳᠡᠭᠡᠭᠰᠢ ᠬᠠᠮᠲᠤᠪᠠᠷ ᠠᠮᠢᠳᠤᠷᠠᠵᠤ ᠪᠠᠶᠢᠭ᠎ᠠ ᠪᠦᠷᠢᠯᠳᠦᠬᠦᠨ ᠲᠠᠢ ᠪᠥᠭᠡᠳ | ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠴᠢᠳᠠᠪᠤᠷᠢ ᠲᠠᠢ ᠪᠠ ᠠᠵᠢᠯ ᠣᠯᠬᠤ ᠱᠠᠭᠠᠷᠳᠠᠯᠭ᠎ᠠ ᠲᠠᠢ ᠭᠡᠷ ᠪᠦᠯᠢ ᠶᠢᠨ | ᠪᠦᠷᠢᠯᠳᠦᠬᠦᠨ ᠨᠢ ᠴᠥᠮ ᠠᠵᠢᠯ ᠠᠯᠳᠠᠭᠰᠠᠨ ᠳᠠᠩᠰᠠᠯᠠᠯ ᠲᠠᠢ ᠪᠥᠭᠡᠳ ᠡᠵᠡᠩᠨᠡᠯᠲᠡ ᠶᠢᠨ ᠴᠢᠨᠠᠷᠲᠠᠶ᠂ ᠪᠡᠯᠡ | ᠣᠷᠣᠭᠤᠯᠤᠯᠲᠠ ᠶᠢᠨ ᠴᠢᠨᠠᠷᠲᠠᠶ ᠣᠷᠣᠯᠭ᠎ᠠ ᠦᠭᠡᠶ ᠬᠤᠲᠠ ᠪᠠᠯᠭᠠᠰᠣᠨ ᠤ ᠰᠠᠭᠤᠭᠠᠯᠢ ᠠᠷᠠᠳ ᠤᠨ ᠭᠡᠷ ᠪᠦᠯᠢ ᠶᠢᠨ | ᠬᠥᠮᠦᠰ ᠢ ᠵᠢᠭᠠᠵᠤ ᠪᠤᠶ᠃ | ︵ᠲᠦᠷᠪᠡ︶ ᠨᠤᠳᠤᠭ ᠦᠬᠡᠢ ᠮᠠᠯᠴᠢᠨ ᠲᠠᠷᠢᠶᠠᠴᠢᠨ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠵᠠᠰᠠᠭ ᠤᠨ ᠣᠷᠳᠣᠨ ᠳᠤ ᠬᠠᠤᠯᠢ ᠶᠣᠰᠣᠭᠠᠷ ᠨᠢᠭᠡᠳᠦᠯᠲᠡᠶ ᠭᠠᠵᠠᠷ ᠲᠠᠲᠠᠪᠤᠷᠢᠯᠠᠭᠰᠠᠨ ᠤ ᠳᠠᠷᠠᠭ᠎ᠠ᠂ ᠤᠤᠯ ᠤᠨ | ᠳᠠᠭᠠᠭᠠᠴᠢᠯᠠᠭᠰᠠᠨ ᠲᠠᠷᠢᠶᠠᠨ ᠭᠠᠵᠠᠷ ᠪᠤᠶᠤ ᠬᠠᠳᠤᠯᠠᠩ ᠪᠡᠯᠴᠢᠭᠡᠷ ᠨᠢ ᠲᠠᠳᠠᠪᠤᠷᠢᠯᠠᠭᠳᠠᠭᠰᠡᠨ᠂ ᠡᠮᠡᠭᠲᠡᠶ ᠪᠦᠬᠦᠯᠢ 40 | ᠨᠠᠰᠤ᠂ ᠡᠷᠡᠭᠲᠡᠶ ᠪᠦᠬᠦᠯᠢ 50 ᠨᠠᠰᠤᠨ ᠠᠴᠠ ᠳᠡᠭᠡᠭᠰᠢᠬᠢ ᠲᠠᠷᠢᠶᠠᠴᠢᠨ ᠮᠠᠯᠴᠢᠳ ᠢ ᠵᠢᠭᠠᠵᠤ ᠪᠤᠶ᠃ ᠶᠠᠭ ᠬᠦᠷᠲᠡᠵᠦ | ᠪᠠᠶᠢᠭ᠎ᠠ ᠭᠠᠵᠠᠷ ᠲᠠᠲᠠᠪᠤᠷᠢᠯᠠᠬᠤ ᠨᠥᠬᠦᠪᠥᠷᠢ ᠶᠢᠨ ᠰᠠᠷ᠎ᠠ ᠶᠢᠨ ᠪᠠᠷᠢᠮᠵᠢᠶ᠎ᠠ ᠨᠢ ᠲᠤᠬᠠᠶ ᠶᠢᠨ ᠭᠠᠵᠠᠷ ᠤᠨ ᠠᠵᠢᠯ | ᠠᠯᠳᠠᠭᠰᠠᠳ ᠤᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠠᠴᠠ ᠥᠨᠳᠥᠷ ᠪᠣᠯᠤᠭᠰᠠᠨ ᠬᠥᠮᠦᠰ ᠲᠤᠰ ᠲᠥᠷᠥᠯ ᠤᠨ | ᠬᠥᠮᠦᠰ ᠤᠨ ᠬᠡᠪᠴᠢᠶ᠎ᠡ ᠳᠤ ᠪᠠᠶᠢᠬᠤ ᠦᠭᠡᠶ᠃ | ︵ᠲᠠᠪᠤ︶ ᠤᠷᠲᠤ ᠬᠤᠭᠤᠴᠠᠭ᠎ᠠ ᠪᠠᠷ ᠠᠵᠢᠯ ᠠᠯᠳᠠᠭᠰᠠᠳ᠃ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠣᠯᠭᠤᠮᠵᠢ ᠬᠦᠷᠲᠡᠵᠦ ᠪᠠᠶᠢᠭ᠎ᠠ ᠮᠥᠷᠲᠡᠭᠡᠨ ᠦᠷᠭᠦᠯᠵᠢᠯᠡᠨ ᠠᠵᠢᠯ ᠠᠯᠳᠠᠭᠰᠠᠨ ᠢᠶᠠᠷ | ᠳᠠᠩᠰᠠᠯᠠᠭᠤᠯᠤᠭᠰᠠᠨ 1 ᠵᠢᠯ ᠠᠴᠠ ᠳᠡᠭᠡᠭᠰᠢ ᠡᠮᠡᠭᠲᠡᠶ ᠪᠦᠬᠦᠯᠢ 35 ᠨᠠᠰᠤ ᠬᠦᠷᠦᠭᠰᠡᠨ᠂ ᠡᠷᠡᠭᠲᠡᠶ ᠪᠦᠬᠦᠯᠢ 45 | ᠨᠠᠰᠤᠨ ᠤ ᠠᠵᠢᠯ ᠠᠯᠳᠠᠭᠰᠠᠳ ᠢ ᠵᠢᠭᠠᠵᠤ ᠪᠤᠶ᠃ | ︵ᠵᠢᠷᠭᠤᠭ᠎ᠠ᠂ ᠠᠵᠢᠯ ᠣᠯᠬᠤ ᠳᠤ ᠬᠦᠴᠢᠷᠲᠡᠶ ᠳᠡᠭᠡᠳᠦ ᠰᠤᠷᠭᠠᠭᠤᠯᠢ ᠲᠡᠭᠦᠰᠦᠭᠰᠡᠨ ᠤᠶᠤᠳᠠᠳ᠃ | ᠰᠤᠷᠭᠠᠭᠤᠯᠢ ᠠᠴᠠ ᠪᠠᠨ 2 ᠵᠢᠯ ᠵᠢᠴᠢ ᠲᠡᠭᠦᠨ ᠠᠴᠠ ᠳᠡᠭᠡᠭᠰᠢᠬᠢ ᠶᠡᠷᠦ ᠠᠴᠠ ᠠᠵᠢᠯ ᠣᠯᠣᠭᠰᠠᠨ ᠦᠭᠡᠢ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ︵ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠣᠯ ᠭᠤᠣᠯᠳᠠᠭᠤ ᠪᠦᠬᠦᠯᠢ | ᠡᠳᠦᠷ ᠤᠨ ᠳᠦᠷᠢᠮᠲᠦ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠢ ᠵᠢᠭᠠᠨ᠎ᠠ︶ | ᠬᠤᠶᠠᠷ᠂ ᠮᠠᠭᠠᠳᠯᠠᠨ ᠲᠣᠭᠲᠠᠭᠠᠬᠤ ᠳᠡᠰ ᠳᠠᠷᠠᠭᠠᠯᠠᠯ | ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠬᠥᠮᠥᠰ ᠪᠠᠶᠢᠩᠭᠤ ᠰᠠᠭᠤᠭ᠎ᠠ ᠭᠠᠵᠠᠷ ᠤᠨ ᠨᠡᠶᠢᠭᠡᠮ | ᠲᠣᠭᠤᠷᠢᠭ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠭᠤᠶᠤᠴᠢᠯᠠᠯ ᠢᠶᠠᠨ ᠲᠤᠰᠢᠶᠠᠬᠤ ᠶᠢᠨ | ᠬᠠᠮᠲᠤ᠂ ᠲᠣᠰ ᠬᠥᠮᠦᠨ ᠤ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠤᠨ | ᠲᠦᠷᠦᠭᠦᠤ ᠨᠢᠭᠤᠷ ᠨᠢ ᠲᠣᠰ ᠬᠥᠮᠦᠨ ᠤ ᠬᠠᠭᠤᠳᠠᠰᠤ᠂ ᠬᠤᠶᠠᠷ ᠢᠮᠠᠬᠤ ᠶᠢᠨ ᠬᠡᠷᠡᠯ ᠵᠢᠷᠤᠭ ᠨᠢᠭᠡ ᠬᠠᠭᠤᠳᠠᠰᠤ ︵ | ᠲᠣᠰ ᠭᠠᠵᠠᠷ ᠤᠨ ᠡᠷᠦᠬᠡ ᠠᠮᠠ ᠶᠢᠨ ᠲᠠᠩᠰᠠ ᠥᠬᠡᠶ ᠬᠥᠮᠦᠰ ᠣᠷᠣᠰᠢᠨ ᠰᠠᠭᠤᠬᠤ ᠭᠡᠷᠡᠴᠢ ᠪᠠᠨ ᠬᠠᠩᠭᠠᠬᠤ | ᠬᠡᠷᠡᠭᠲᠡᠶ︶ ᠬᠠᠩᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠯᠬᠤ ᠳᠤ ᠬᠦᠴᠢᠷᠲᠡᠶ | ᠬᠥᠮᠦᠰ ᠢ ᠮᠠᠭᠠᠳᠯᠠᠨ ᠲᠣᠭᠲᠠᠭᠠᠵᠤ ᠬᠢᠨᠠᠨ ᠵᠥᠪᠰᠢᠶᠡᠷᠡᠭᠦᠯᠬᠦ ᠬᠦᠰᠦᠨᠦᠭᠲᠦ︾ ᠶᠢ ᠲᠠᠭᠯᠠᠬᠤ ᠶᠢᠨ ᠬᠠᠮᠲᠤ᠂ | ᠬᠡᠪᠴᠢᠶ᠎ᠡ ᠪᠠ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠣᠰᠣᠭᠠᠷ᠂ ᠠᠳᠠᠯᠢ ᠪᠤᠰᠤ ᠲᠥᠷᠥᠯ ᠢᠯᠭᠠᠯ ᠤᠨ ᠬᠥᠮᠦᠰ | ᠪᠠᠰᠠ ᠲᠣᠰ ᠲᠣᠰ ᠳᠣᠤᠷᠠᠬᠢ ᠨᠥᠬᠦᠴᠡᠯ ᠢ ᠬᠠᠩᠭᠠᠬᠤ ᠬᠡᠷᠡᠭᠲᠡᠶ᠄ | ᠵᠡᠮᠳᠡᠭ ᠬᠥᠮᠦᠰ ᠵᠡᠮᠳᠡᠭᠴᠦᠳ ᠤᠨ ᠬᠤᠯᠪᠣᠭᠠᠲᠤ ᠬᠤᠷᠠᠯ ᠤᠨ ᠬᠢᠨᠠᠨ ᠣᠯᠭᠤᠭᠰᠠᠨ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾ | ᠨᠤᠳᠤᠭ ᠦᠬᠡᠢ ᠮᠠᠯᠴᠢᠨ ᠲᠠᠷᠢᠶᠠᠴᠢᠨ ᠭᠠᠵᠠᠷ ᠰᠢᠷᠤᠢ ᠶᠢ ᠲᠠᠲᠠᠪᠤᠷᠢᠯᠠᠨ ᠬᠡᠷᠡᠭᠯᠡᠬᠦ ᠬᠠᠮᠢᠶ᠎ᠠ ᠪᠦᠬᠦᠢ ᠭᠡᠷᠡᠴᠢ | ᠮᠠᠲ᠋ᠧᠷᠢᠶᠠᠯ ᠢ ᠬᠠᠩᠭᠠᠬᠤ ᠴᠢᠬᠤᠯᠠᠲᠠᠢ | ᠠᠵᠢᠯ ᠣᠯᠬᠤ ᠳᠤ ᠬᠦᠴᠢᠷᠲᠡᠢ ᠳᠡᠭᠡᠳᠦ ᠰᠤᠷᠭᠠᠭᠤᠯᠢ ᠲᠡᠭᠦᠰᠦᠭᠰᠡᠳ ᠰᠤᠷᠭᠠᠭᠤᠯᠢ ᠲᠡᠭᠦᠰᠦᠭᠰᠡᠨ ᠦᠨᠡᠮᠯᠡᠯ | ᠵᠡᠷᠭᠡ ᠭᠡᠷᠡᠴᠢᠯᠡᠬᠦ ᠪᠢᠴᠢᠭ ᠮᠠᠲ᠋ᠧᠷᠢᠶᠠᠯ ᠬᠠᠩᠭᠠᠨ᠎ᠠ᠃ | ᠤᠷᠲᠤ ᠬᠤᠭᠤᠴᠠᠭ᠎ᠠ ᠪᠠᠷ ᠠᠵᠢᠯ ᠠᠯᠳᠠᠭᠰᠠᠳ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠢᠨᠠᠨ | ᠣᠯᠭᠤᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷᠡᠴᠢ ᠬᠠᠩᠭᠠᠬᠤ ᠬᠡᠷᠡᠭᠲᠡᠶ᠃ | ᠠᠵᠢᠯ ᠤᠯᠬᠤ ᠳᠤ ᠬᠦᠴᠢᠷᠲᠡᠶ ᠮᠠᠭᠠᠳᠯᠠᠨ ᠲᠣᠭᠲᠠᠭᠠᠭᠰᠠᠨ ᠬᠥᠮᠦᠰ ᠪᠦᠬᠦᠨ ᠬᠠᠮᠢᠶ᠎ᠠ ᠪᠥᠬᠦᠶ | ᠮᠠᠲ᠋ᠧᠷᠢᠶᠠᠯ ᠢᠶᠠᠨ ᠠᠪᠴᠤ ᠬᠠᠷᠢᠶ᠎ᠠ ᠨᠡᠶᠢᠭᠡᠮ ᠲᠣᠭᠤᠷᠢᠭ᠂ ᠰᠤᠮᠤᠨ ᠳᠤ ᠬᠦᠷᠴᠦ ᠭᠤᠶᠤᠴᠢᠯᠠᠯ ᠳᠡᠪᠰᠢᠭᠦᠯᠵᠦ᠂ | ᠥᠷᠭᠡᠨ ᠣᠯᠠᠨ ᠠᠷᠠᠳ ᠲᠦᠮᠡᠨ ᠬᠠᠷᠢᠯᠴᠠᠨ ᠮᠡᠳᠡᠭᠳᠡᠬᠦ ᠶᠢ ᠬᠦᠰᠡᠵᠦ ᠪᠠᠶᠢᠨ᠎ᠠ᠃ | ᠰᠤᠮᠤᠨ ᠤ ᠲᠤᠬᠠᠶᠢᠯᠠᠭᠰᠠᠨ ᠠᠵᠢᠯ ᠢ ᠭᠠᠷᠲᠠᠨ ᠡᠷᠬᠢᠯᠡᠬᠦ ᠠᠵᠢᠯᠲᠠᠨ ᠪᠠ ᠬᠠᠷᠢᠯᠴᠠᠬᠤ ᠤᠲᠠᠰᠤ᠄ | ᠪᠠᠶᠠᠨᠴᠠᠭᠠᠨ ᠨᠡᠶᠢᠭᠡᠮ ᠲᠣᠭᠤᠷᠢᠭ ᠤᠨ ᠴᠠᠭᠠᠡᠬᠦᠦ᠄ 2308909 | ᠬᠥᠭᠵᠢᠯ ᠨᠡᠶᠢᠭᠡᠮ ᠲᠣᠭᠤᠷᠢᠭ ᠤᠨ ᠯᠢ ᠵᠧ᠄ 2028855 | ᠪᠡᠯᠭᠦᠳᠠᠢ ᠨᠠᠶᠢᠭᠡᠮ ᠲᠤᠭᠤᠷᠢᠭ ᠤᠨ ᠰᠦᠩ ᠰᠢᠶᠤᠤ ᠸᠧᠢ᠄ 2306781 | ᠬᠠᠨ ᠪᠸᠢ ᠨᠡᠶᠢᠭᠡᠮ ᠲᠤᠭᠤᠷᠢᠭ ᠤᠨ ᠸᠠᠩ ᠢᠤᠢ ᠹᠸᠢ 2308178 | ᠪᠠᠶᠠᠨᠲᠤᠭ ᠰᠣᠮᠣᠨ ᠤ ᠠᠷᠠᠳ ᠤᠨ ᠵᠠᠰᠠᠭ ᠤᠨ ᠣᠷᠳᠣᠨ ᠯᠢᠩ ᠯᠢᠩ᠄ 2300889 | ᠴᠠᠭᠠᠨᠨᠠᠭᠤᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠰᠶᠠ᠄ 2457118 | ᠨᠠᠷᠠᠨᠪᠤᠯᠠᠭ ᠰᠤᠮᠤᠨ ᠤ ᠠᠷᠠᠳ ᠤᠨ ᠵᠠᠰᠠᠭ ᠤᠨ ᠤᠷᠳᠤᠨ ᠤ ᠴᠠᠯᠮᠡᠭ᠄ 2301368 | ᠵᠢᠷᠭᠠᠯᠠᠩᠲᠤ ᠰᠣᠮᠣᠨ ᠤ ᠠᠷᠠᠳ ᠤᠨ ᠵᠠᠰᠠᠭ ᠤᠨ ᠣᠷᠳᠣᠨ ᠤ ᠸᠠᠩ ᠲᠢᠩ ᠲᠢᠩ᠄ 2300653 | ᠬᠤᠩᠭᠤᠷᠭᠤᠤᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠰᠦᠷᠯᠢᠭ᠄ 240 2203 | ᠠᠰᠠᠭᠤᠨ ᠯᠠᠪᠯᠠᠬᠤ ᠤᠲᠠᠰᠤ᠄ 2022800 ᠬᠠᠷᠢᠯᠴᠠᠬᠤ ᠬᠥᠮᠦᠨ᠄ ᠤᠶᠠᠩᠭ᠎ᠠ |