ᠲᠠᠪᠤᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ︽64 ᠬᠦᠴᠦᠷᠬᠡᠭ︾ ᠪᠥᠬᠡ ᠶᠢᠨ ᠤᠷᠤᠯᠳᠤᠭᠠᠨ ᠠᠪᠠᠭ᠎ᠠ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/3/12
     1 ᠰᠠᠷ᠎ᠠ ᠶᠢᠨ 7 ᠤ ᠡᠳᠤᠷ᠂ ᠠᠪᠠᠭ᠎ᠠ ᠬᠤᠰᠢᠭᠤᠨ ᠤ ᠪᠡᠯᠭᠦᠳᠡᠢ ᠪᠦᠬᠡ ᠶᠢᠨ ᠨᠡᠶᠢᠬᠡᠮᠯᠢᠭ᠂ ᠦᠪᠤᠷ ᠮᠤᠩᠭᠤᠯ ᠤᠨ ᠪᠠᠶᠢᠭᠠᠯᠢ ᠵᠠᠭᠤᠴᠢᠯᠠᠭᠤᠷ ᠤᠨ ᠬᠢᠵᠠᠭᠠᠷᠳᠤ ᠺᠤᠮᠫᠠᠨᠢ ᠠᠴᠠ ᠬᠤᠯᠪᠤᠭᠠᠯᠠᠨ ᠡᠷᠬᠢᠯᠡᠭᠰᠡᠨ ᠳᠠᠪᠤᠳᠤᠭᠠᠷ ᠬᠤᠭᠤᠴᠠᠭᠠᠨ ᠤ ᠳᠤᠮᠳᠠᠳᠤ ᠮᠤᠩᠭᠤᠯ ᠤᠨ 64 ᠬᠦᠴᠦᠷᠬᠡᠭ ᠪᠦᠬᠡ ᠶᠢᠨ ᠤᠷᠤᠯᠳᠤᠭᠠᠨ ᠨᠢ ᠠᠪᠠᠭ᠎ᠠ ᠬᠤᠰᠢᠭᠤᠨ ᠤ ᠪᠡᠯᠭᠦᠳᠡᠢ ᠪᠠᠯᠭᠠᠰᠤᠨ ᠳᠤ ᠠᠮᠵᠢᠯᠳᠠ ᠲᠠᠢ ᠶᠠᠪᠤᠭᠳᠠᠪᠠ᠃      ᠲᠣᠰ ᠤᠳᠠᠭᠠᠨ ᠤ ︽64 ᠬᠦᠴᠦᠷᠬᠡᠭ︾ ᠪᠥᠬᠡ ᠶᠢᠨ ᠤᠷᠤᠯᠳᠤᠭᠠᠨ ᠳᠤ  ᠰᠢᠯᠢ ᠶᠢᠨ ᠭᠤᠤᠯ ᠠᠶᠢᠮᠠᠭ᠂ ᠤᠯᠠᠭᠠᠨᠬᠠᠳᠠ ᠬᠤᠲᠠ᠂ ᠬᠥᠯᠥᠨ ᠪᠤᠶᠢᠷ ᠬᠤᠲᠠ ᠶᠢᠨ ᠡᠯ᠎ᠡ ᠬᠤᠰᠢᠭᠤ ᠰᠢᠶᠠᠨ ᠠᠴᠠ ᠬᠦᠷᠦᠯᠴᠡᠨ ᠢᠷᠡᠭᠰᠡᠨ‌‍ᠰᠢᠯᠢᠳᠡᠭ ᠲᠠᠮᠢᠷᠴᠢᠨ 48 ᠨᠡᠷ᠎ᠡ᠂ ᠮᠣᠩᠭᠤᠯ ᠤᠯᠤᠰ ᠠᠴᠠ 14 ᠨᠡᠷ᠎ᠡ ᠲᠠᠮᠢᠷᠴᠢᠳ ᠤᠷᠤᠯᠴᠠᠪᠠ᠃      ᠬᠤᠷᠴᠠ ᠰᠢᠷᠦᠭᠦᠨ ᠪᠠᠶᠢᠯᠳᠤᠭᠠᠨ ᠢᠶᠠᠷ ᠳᠠᠮᠵᠢᠨ᠂ ᠪᠠᠷᠠᠭᠤᠨ ᠦᠵᠦᠮᠦᠴᠢᠨ ᠬᠤᠰᠢᠭᠤᠨ ᠤ ᠨᠠᠮᠰᠠᠷᠠᠢ ᠤᠷᠤᠯᠳᠤᠭᠠᠨ ᠳᠤ ᠮᠠᠩᠯᠠᠶᠢᠯᠠᠵᠤ᠂ ᠪᠠᠷᠠᠭᠤᠨ ᠦᠵᠦᠮᠦᠴᠢᠨ ᠬᠤᠰᠢᠭᠤᠨ ᠤ ᠴᠠᠭᠠᠨᠵᠠᠭᠠᠨ ᠳᠡᠳ᠋ᠯᠡᠨ᠂ ᠬᠥᠯᠥᠨ ᠪᠤᠶᠢᠷ ᠤᠨ ᠰᠧᠩᠭᠡᠭᠠᠷᠪᠤ ᠭᠤᠳᠠᠭᠠᠷ ᠲᠤ᠂ ᠵᠡᠭᠦᠨ ᠦᠵᠦᠮᠦᠴᠢᠨ ᠬᠤᠰᠢᠭᠤᠨ ᠤ ᠰᠡᠴᠡᠨᠪᠢᠯᠢᠭ ᠲᠦᠳᠦᠭᠡᠷ ᠲᠤ ᠲᠤᠳᠤᠷᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号