ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠵᠢᠴᠢ ᠤᠯᠤᠰ ᠤᠨ ᠳᠣᠲᠣᠭᠠᠳᠤ ᠶᠢᠨ ᠨᠠᠷᠠᠲᠤ ᠲᠤᠰᠬᠠᠶ | ᠮᠡᠷᠭᠡᠵᠢᠯ ᠤᠨ ᠵᠣᠬᠢᠶᠠᠨ ᠪᠠᠶᠢᠭᠤᠯᠤᠯᠲᠠ᠂ ᠶᠡᠭᠡ ᠳᠡᠭᠡᠳᠦ ᠰᠤᠷᠭᠠᠭᠤᠯᠢ᠂ ᠪᠦᠯᠦᠭᠯᠡᠯ ᠵᠡᠷᠭᠡ ᠡᠷᠬᠡ ᠰᠦᠷᠲᠦ 24 | ᠲᠤᠰᠬᠠᠶ ᠮᠡᠷᠭᠡᠵᠢᠯᠲᠡᠨ ᠬᠠᠮᠲᠤ ᠪᠠᠷ ᠬᠢᠨᠠᠨ ᠪᠠᠶᠢᠴᠠᠭᠠᠭᠰᠠᠨ ᠤ ᠬᠠᠮᠲᠤ ᠨᠡᠶᠢᠭᠡᠮ ᠳᠤ ᠬᠠᠨᠳᠤᠭᠤᠯᠤᠨ ᠵᠠᠷᠯᠠᠨ | ᠨᠡᠶᠢᠲᠡᠯᠡᠭᠰᠡᠨ ᠤ ᠳᠠᠷᠠᠭ᠎ᠠ᠂ 197 ᠵᠦᠢᠯ ᠤᠨ ᠦᠷ᠎ᠡ ᠪᠦᠲᠦᠭᠡᠯ ᠨᠢ 2023 ᠣᠨ ᠤ ᠪᠣᠬᠢᠷᠲᠤᠯ ᠥᠬᠡᠶ | ᠠᠭᠤᠷᠬᠠᠶ ᠶᠢᠨ ᠰᠢᠨᠵᠢᠯᠡᠬᠦ ᠮᠡᠷᠭᠡᠵᠢᠯ ᠤᠨ ᠱᠠᠩᠨᠠᠯ ᠭᠥᠷᠳᠡᠭᠰᠡᠨ ᠲᠥᠷᠥᠯ ᠵᠦᠢᠯ ᠢ ᠲᠣᠭᠲᠠᠭᠠᠪᠠ᠃ ᠡᠭᠦᠨ ᠳᠤ᠂ | ᠠᠪᠠᠭ᠎ᠠ ᠬᠤᠰᠢᠭᠤᠨ ᠤ ᠶᠢᠨ ᠳ᠋ᠢ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ | ᠮᠡᠳᠡᠭᠦᠯᠦᠭᠰᠡᠨ ᠬᠦᠳᠡᠷ ᠰᠢᠯᠢᠬᠦ ᠦᠢᠯᠡᠳᠪᠦᠷᠢ ᠶᠢᠨ ᠣᠶᠤᠨᠴᠢ ᠬᠤᠪᠢᠶᠠᠷᠢ ᠮᠡᠷᠭᠡᠵᠢᠯ ᠤᠨ ᠰᠠᠶᠢᠵᠢᠷᠠᠭᠤᠯᠤᠯᠲᠠ ᠪᠠ | ᠬᠡᠷᠡᠭᠯᠡᠭᠡᠨ ᠤ ᠲᠥᠷᠥᠯ ᠵᠦᠢᠯ ᠨᠢ ᠰᠢᠨᠵᠢᠯᠡᠬᠦ ᠮᠡᠷᠭᠡᠵᠢᠯ ᠤᠨ ᠳᠠᠪᠰᠢᠯᠲᠠ ᠶᠢᠨ ᠲᠥᠷᠥᠯ ᠤᠨ ᠭᠤᠷᠪᠠᠳᠤᠭᠠᠷ ᠳᠡᠰ ᠤᠨ | ᠱᠠᠩᠨᠠᠯ ᠭᠥᠷᠳᠡᠪᠡ᠃ ᠲᠣᠰ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠦᠢᠯᠡᠳᠪᠦᠷᠢᠯᠡᠯ ᠤᠨ | ᠰᠢᠰᠲ᠋ᠧᠮ ᠨᠢ 20% ᠶᠢᠨ ᠬᠠᠶᠠᠭᠳᠠᠮᠠᠯ ᠴᠢᠯᠠᠭᠤ ᠶᠢ ᠤᠷᠢᠳᠠᠪᠠᠷ ᠰᠢᠯᠢᠵᠦ ᠪᠠᠶᠢᠭᠠᠳ ᠪᠠᠷᠢᠯᠭ᠎ᠠ ᠶᠢᠨ | ᠮᠠᠲ᠋ᠧᠷᠢᠶᠠᠯ ᠤᠨ ᠦᠢᠯᠡᠳᠬᠦᠨ ᠪᠣᠯᠭᠠᠵᠤ᠂ ᠬᠦᠳᠡᠷ ᠰᠢᠯᠢᠬᠦ ᠬᠡᠮᠵᠢᠶ᠎ᠡ ᠶᠢ ᠪᠠᠭᠤᠷᠠᠭᠤᠯᠤᠨ᠂ ᠬᠦᠳᠡᠷ ᠤᠨ ᠴᠢᠨᠠᠷ | ᠳᠡᠰ ᠢ ᠳᠡᠭᠡᠭᠰᠢᠯᠡᠭᠦᠯᠵᠦ᠂ ᠭᠠᠷᠤᠯᠲᠠ ᠶᠢ ᠨᠡᠮᠡᠭᠳᠡᠭᠦᠯᠦᠨ᠂ ᠡᠨᠧᠷᠭᠢ ᠶᠢᠨ ᠬᠤᠷᠣᠭᠳᠠᠯ ᠪᠠ ᠤᠰᠤᠨ ᠤ ᠬᠤᠷᠣᠭᠳᠠᠯ ᠢ | ᠪᠠᠭᠠᠰᠬᠠᠵᠤ ᠴᠢᠳᠠᠬᠤ ᠪᠣᠯᠣᠨ᠎ᠠ᠃ |