ᠠᠪᠠᠭ᠎ᠠ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠪᠠ ᠰᠢᠯᠢ ᠶᠢᠨ ᠬᠤᠲᠠ ᠶᠢᠨ ᠲᠠᠪᠤᠳᠤᠭᠠᠷ ᠪᠠᠭ᠎ᠠ ᠰᠤᠷᠭᠠᠭᠤᠯᠢ ᠶᠢᠨ ︽ᠬᠠᠪᠰᠤᠷᠤᠯᠴᠠᠭ᠎ᠠ ᠪᠠᠶᠢᠭᠤᠯᠤᠨ ᠬᠠᠷᠢᠯᠴᠠᠨ ᠳᠤᠰᠠᠯᠠᠬᠤ ᠠᠵᠢᠯᠯᠠᠭ᠎ᠠ︾- ︵ᠬᠤᠷᠢᠨ ᠲᠠᠪᠤ︶
ᠨᠡᠶᠢᠲᠡᠯᠡᠭᠰᠡᠨ ᠴᠠᠭ᠄
2024/3/13
     ᠠᠪᠠᠭ᠎ᠠ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠨᠢ ᠪᠠᠭᠰᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ᠂ ᠪᠠᠶᠢᠩᠭᠤ ᠶᠢᠨ ᠵᠢᠭᠠᠨ ᠰᠤᠷᠭᠠᠯᠲᠠ ᠶᠢᠨ ᠦᠷ᠎ᠡ ᠠᠰᠢᠭ ᠢᠶᠠᠨ ᠣᠯᠠᠮ ᠨᠢᠭᠡ ᠠᠯᠬᠤᠮ ᠳᠡᠭᠡᠭᠰᠢᠯᠡᠯᠲᠡ ᠎ ᠲᠠᠢ ᠪᠣᠯᠭᠠᠬᠤ ᠶᠢᠨ ᠲᠦᠯᠦᠭᠡ᠂ 3  ᠰᠠᠷ᠎ᠠ ᠶᠢᠨ 8᠎ ᠤ ᠡᠳᠦᠷ ᠪᠤᠯᠳᠠᠯᠠᠬᠢ ᠬᠤᠭᠤᠴᠠᠭᠠᠨ ᠳᠤ ᠰᠢᠯᠢ ᠶᠢᠨ ᠬᠤᠲᠠ ᠶᠢᠨ ᠲᠠᠪᠤᠳᠤᠭᠠᠷ ᠪᠠᠭ᠎ᠠ ᠰᠤᠷᠭᠠᠭᠤᠯᠢ ᠶᠢᠨ ᠠᠵᠢᠯᠴᠢᠨ ᠤ ᠡᠪᠯᠡᠯ ᠤᠨ ᠲᠡᠷᠢᠭᠦᠯᠡᠭᠴᠢ ᠵᠧᠦ ᠰᠢᠨ ᠮᠧᠢ ᠪᠠᠭᠰᠢ ᠶᠢᠨ ᠳᠠᠭᠠᠭᠤᠯᠭ᠎ᠠ ᠲᠠᠢ ᠪᠠᠷ ᠬᠡᠯᠡ ᠪᠢᠴᠢᠭ ᠤᠨ ᠨᠢᠭᠡ ᠨᠡᠷ᠎ᠡ ᠭᠤᠣᠯᠯᠠᠭᠴᠢ ᠪᠠᠭᠰᠢ ᠶᠢ ᠣᠷᠢᠵᠤ ᠵᠢᠭᠠᠨ ᠵᠢᠯᠤᠭᠤᠳᠣᠯᠭ᠎ᠠ ᠬᠢᠯᠭᠡᠭᠰᠡᠨ ᠪᠠᠶᠢᠨ᠎ᠠ᠃      ᠰᠢᠯᠢ ᠶᠢᠨ ᠬᠤᠲᠠ ᠶᠢᠨ ᠲᠠᠪᠤᠳᠤᠭᠠᠷ ᠪᠠᠭ᠎ᠠ ᠰᠤᠷᠭᠠᠭᠤᠯᠢ ᠶᠢᠨ ᠪᠠᠭᠰᠢ ᠨᠠᠷ ᠮᠠᠨᠢ ᠲᠤᠰ ᠭᠠᠷᠠᠭ ᠲᠤ ᠲᠠᠭᠤᠷᠢᠶᠠᠯ ᠬᠢᠴᠢᠶᠡᠯ ᠤᠷᠤᠵᠤ᠂ ᠮᠠᠨ ᠤ ᠰᠤᠷᠭᠠᠭᠤᠯᠢ ᠶᠢᠨ ᠪᠠᠭᠰᠢ ᠨᠠᠷ ᠲᠤ ᠦᠨᠡᠨᠬᠦ ᠲᠠᠭᠠᠭᠤᠯᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠭᠰᠠᠨ ᠮᠦᠷᠲᠡᠭᠡᠨ ᠬᠤᠶᠠᠷ ᠰᠤᠷᠭᠠᠭᠤᠯᠢ ᠶᠢᠨ ᠪᠠᠭᠰᠢ ᠨᠠᠷ ᠨᠢᠭᠡᠴᠡ ᠶᠢᠨ ᠪᠦᠬᠦᠯᠢ ᠴᠤᠭᠴᠠ ᠶᠢᠨ ᠠᠭᠤᠯᠭ᠎ᠠ ᠶᠢ ᠬᠠᠮᠲᠤ ᠪᠠᠷ ᠬᠢᠴᠢᠶᠠᠯ ᠪᠡᠯᠡᠳᠬᠡᠬᠦ᠂ ᠲᠠᠭᠠᠭᠤᠯᠤᠭᠴᠢ ᠪᠠᠭᠰᠢ ᠨᠢ ᠬᠠᠷᠠᠭᠠᠯᠵᠠᠭᠰᠠᠨ ᠱᠠᠪᠢ ᠪᠠᠭᠰᠢ ᠶᠢᠨ ᠡᠩ ᠤᠨ ᠴᠠᠭ ᠤᠨ ᠬᠢᠴᠢᠶᠡᠯ ᠢ ᠰᠣᠨᠣᠰᠴᠦ ᠦᠨᠡᠯᠡᠬᠦ ᠵᠡᠷᠭᠡ ᠠᠵᠢᠯᠯᠠᠭ᠎ᠠ ᠨᠤᠭᠤᠳ ᠢ ᠵᠠᠯᠭᠠᠭ᠎ᠠ ᠵᠠᠯᠭᠠᠭ᠎ᠠ ᠪᠠᠷ ᠶᠠᠪᠤᠭᠳᠠᠭᠤᠯᠵᠤ᠂ ᠲᠠᠭᠠᠭᠤᠯᠤᠭᠴᠢ ᠪᠠᠭᠰᠢ ᠨᠠᠷ ᠠᠴᠠ ᠵᠢᠭᠠᠨ ᠰᠤᠷᠭᠠᠯᠲᠠ ᠶᠢᠨ ᠳᠤᠮᠳᠠᠬᠢ ᠤᠷᠤᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠬᠠᠨᠳᠤᠯᠭ᠎ᠠ ᠲᠠᠢ ᠬᠦᠳᠦᠯᠦᠨ ᠵᠢᠯᠤᠭᠤᠳᠴᠦ᠂ ᠬᠢᠴᠢᠶᠡᠯ ᠤᠨ ᠪᠠᠷᠢᠮᠵᠢᠶᠠᠨ ᠳᠤ ᠰᠠᠭᠤᠷᠢᠯᠠᠨ ᠨᠢᠭᠡᠴᠡ ᠶᠢᠨ ᠪᠦᠬᠦᠯᠢ ᠴᠤᠭᠴᠠ ᠶᠢᠨ ᠵᠢᠭᠠᠬᠤ ᠮᠠᠲ᠋ᠧᠷᠢᠶᠠᠯ ᠳᠤ ᠲᠠᠶᠢᠯᠪᠣᠷᠢ ᠬᠢᠵᠦ᠂ ᠰᠤᠷᠭᠠᠭᠤᠯᠢ ᠶᠢᠨ ᠭᠤᠣᠯᠳᠠᠯᠭ᠎ᠠ ᠲᠠᠢ ᠵᠢᠭᠠᠨ ᠰᠤᠷᠭᠠᠯᠲᠠ ᠶᠢᠨ ᠬᠦᠳᠡᠯᠭᠡᠭᠡᠨ ᠠᠵᠢᠯᠯᠠᠭ᠎ᠠ ᠳᠤ ᠢᠳᠡᠪᠬᠢᠯᠡᠨ ᠤᠷᠤᠯᠴᠠᠵᠤ᠂ ᠤᠷᠤᠰᠢᠵᠤ ᠪᠠᠶᠢᠭ᠎ᠠ ᠪᠤᠳᠠᠳᠤ ᠠᠰᠠᠭᠤᠳᠠᠯ ᠳᠤ ᠴᠢᠭᠯᠡᠭᠦᠯᠦᠨ᠂ ᠰᠢᠢᠳᠪᠤᠷᠢᠯᠡᠬᠦ ᠠᠷᠭ᠎ᠠ ᠵᠠᠮ ᠢ ᠰᠦᠪᠡᠭᠴᠢᠯᠡᠵᠦ ᠦᠭᠭᠦᠭᠰᠡᠨ ᠪᠠᠶᠢᠨ᠎ᠠ᠃      ᠲᠤᠰ ᠣᠳᠠᠭᠠᠨ ᠤ ︽ᠬᠠᠪᠰᠤᠷᠤᠯᠴᠠᠭ᠎ᠠ ᠪᠠᠶᠢᠭᠤᠯᠤᠨ ᠬᠠᠷᠢᠯᠴᠠᠨ ᠳᠤᠰᠠᠯᠠᠬᠤ ᠠᠵᠢᠯᠯᠠᠭ᠎ᠠ︾᠎ ᠨᠢ ᠪᠠᠭᠰᠢ ᠨᠠᠷ ᠤᠨ ᠵᠢᠭᠠᠨ ᠰᠤᠷᠭᠠᠯᠲᠠ ᠶᠢᠨ ᠳᠤᠮᠳᠠᠬᠢ ᠬᠦᠴᠢᠷᠳᠡᠯ ᠲᠠᠢ ᠠᠰᠠᠭᠤᠳᠠᠯ ᠢ ᠰᠢᠢᠳᠪᠤᠷᠢᠯᠡᠬᠦ ᠳᠤ ᠨᠢ ᠵᠦᠭ ᠴᠢᠭᠯᠡᠭᠦᠷ ᠪᠣᠯᠵᠤ ᠴᠢᠳᠠᠭᠰᠠᠨ ᠨᠢ ᠯᠠᠪᠲᠠᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号