2024  ᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠢ ᠲᠦᠪᠯᠡᠷᠡᠭᠦᠯᠦᠨ ᠳᠤᠰᠢᠶᠠᠬᠤ ᠬᠤᠭᠤᠴᠠᠭ᠎ᠠ 20 ᠡᠳᠦᠷ ᠦᠯᠡᠳᠡᠵᠦ ᠪᠠᠶᠢᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/3/13
ᠦᠷᠭᠡᠨ ᠣᠯᠠᠨ ᠮᠠᠯᠴᠢᠨ ᠲᠦᠮᠡᠨ᠂ ᠰᠠᠭᠤᠭᠠᠯᠢ ᠠᠷᠠᠳ᠄      ᠰᠠᠶᠢᠨ ᠪᠠᠶᠢᠨ᠎ᠠ ᠤᠤ︖      2024 ᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠤᠷᠤᠯᠴᠠᠵᠤ ᠰᠦᠢᠳᠭᠡᠯ ᠳᠤᠰᠢᠶᠠᠬᠤ ᠴᠠᠭ ᠤᠨ ᠬᠢᠵᠠᠭᠠᠷ ᠨᠢ 2024 ᠣᠨ ᠤ 3 ᠰᠠᠷ᠎ᠠ ᠶᠢᠨ 31᠎ ᠤ ᠡᠳᠦᠷ ᠪᠣᠯᠣᠨ᠎ᠠ᠃ ᠰᠦᠢᠳᠭᠡᠯ ᠳᠤᠰᠢᠶᠠᠬᠤ ᠪᠠᠷᠢᠮᠵᠢᠶ᠎ᠠ ᠨᠢ ᠬᠦᠮᠦᠨ ᠪᠦᠷᠢ 400 ᠲᠦᠭᠦᠷᠢᠭ᠃      ᠲᠠ ᠰᠦᠢᠳᠭᠡᠯ ᠢᠶᠠᠨ ᠳᠤᠰᠢᠶᠠᠭᠰᠠᠨ ᠤᠤ︖      2024 ᠣᠨ ᠤ ᠨᠢᠭᠡ ᠵᠢᠯ ᠤᠨ ᠳᠤᠷᠰᠢᠬᠢ ᠡᠮ ᠡᠮᠨᠡᠯᠭᠡ ᠶᠢᠨ ᠳᠠᠭᠠᠳᠬᠠᠯ ᠤᠨ ᠡᠷᠬᠡ ᠠᠰᠢᠭ ᠢᠶᠠᠨ ᠪᠠᠲᠤᠯᠠᠬᠤ ᠶᠢᠨ ᠳᠤᠰᠠᠳᠠ ᠲᠠ ᠳᠠᠷᠤᠶᠢᠬᠠᠨ ᠰᠦᠢᠳᠭᠡᠯ ᠢᠶᠠᠨ ᠳᠤᠰᠢᠶᠠᠭᠠᠷᠠᠢ︕ ᠰᠦᠯᠵᠢᠶ᠎ᠡ ᠪᠠᠷ ᠳᠤᠰᠢᠶᠠᠬᠤ ᠪᠤᠶᠤ ᠰᠣᠮᠣ ᠪᠠᠯᠭᠠᠰᠤ᠂ ᠭᠠᠴᠠᠭ᠎ᠠ᠂ ᠨᠡᠶᠢᠭᠡᠮ ᠲᠤᠭᠤᠷᠢᠭ ᠲᠤ ᠴᠢᠨᠢ ᠪᠠᠭ᠎ᠠ ᠦᠨᠳᠦᠰᠦᠨ ᠱᠠᠳᠤᠨ ᠤ ᠡᠮᠴᠢᠯᠡᠭᠡᠨ ᠤ ᠪᠠᠲᠤᠯᠠᠭᠠᠨ ᠤ ᠦᠢᠯᠡᠴᠢᠯᠡᠭᠡᠨ ᠤ ᠦᠷᠲᠡᠭᠡ ︵ᠴᠡᠭ︶᠎ ᠲᠠᠢ ᠬᠠᠷᠢᠯᠴᠠᠵᠤ ᠳᠤᠰᠢᠶᠠᠭᠰᠠᠨ ᠴᠦ ᠪᠣᠯᠣᠨ᠎ᠠ᠃ ᠰᠦᠢᠳᠭᠡᠯ ᠳᠤᠰᠢᠶᠠᠬᠤ ᠠᠷᠭ᠎ᠠ ᠬᠡᠯᠪᠡᠷᠢ ᠨᠢ ᠲᠤᠤᠷᠠᠬᠢ ᠮᠡᠲᠦ᠄      ⒈ᠭᠠᠷ ᠤᠲᠠᠰᠤ ᠪᠠᠷ ᠰᠦᠢᠳᠭᠡᠯ ᠳᠤᠰᠢᠶᠠᠬᠤ      ᠸᠢᠴᠠᠲ ᠤᠨ ᠪᠢᠴᠢᠯ ᠰᠤᠹᠲ ︽ᠦᠪᠤᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ︾᠎ ᠢᠶᠠᠷ ᠳᠠᠮᠵᠢᠨ ᠰᠦᠢᠳᠭᠡᠯ ᠳᠤᠰᠢᠶᠠᠵᠤ ᠪᠣᠯᠣᠨ᠎ᠠ᠃ ᠸᠢᠴᠠᠲ ᠤᠨ ᠬᠤᠲᠠ ᠶᠢᠨ ᠦᠢᠯᠡᠴᠢᠯᠡᠭᠡ ᠢᠶᠠᠷ ᠳᠠᠮᠵᠢᠨ ᠰᠦᠢᠳᠭᠡᠯ ᠳᠤᠰᠢᠶᠠᠵᠤ ᠪᠣᠯᠣᠨ᠎ᠠ᠃ ᠮᠦᠨᠴᠦ ︽ᠮᠦᠩᠬᠡ ᠰᠣᠪᠠᠭ蒙速办︾ ᠭᠠᠷ ᠣᠲᠠᠰᠣᠨ ᠤ APP᠎ ᠶᠢᠨ ︽ᠦᠪᠤᠷ ᠮᠤᠩᠭᠤᠯ ᠤᠨ ᠨᠡᠶᠢᠭᠡᠮ ᠤᠨ ᠳᠠᠭᠠᠳᠬᠠᠯ︾ ᠦᠢᠯᠡᠴᠢᠯᠡᠭᠡ ᠪᠠᠷ ᠳᠠᠮᠵᠢᠨ ᠰᠦᠢᠳᠬᠡᠯ ᠳᠤᠰᠢᠶᠠᠵᠤ ᠪᠣᠯᠣᠨ᠎ᠠ᠃ ︽ᡁᠢ ᠹᠦ᠋ ᠪᠤᠣ支付宝︾ ︽ᠦᠪᠤᠷ ᠮᠤᠩᠭᠤᠯ ᠤᠨ ᠨᠡᠶᠢᠭᠡᠮ ᠤᠨ ᠳᠠᠭᠠᠳᠬᠠᠯ︾ ᠦᠢᠯᠡᠴᠢᠯᠡᠭᠡ ᠪᠠᠷ ᠳᠠᠮᠵᠢᠨ ᠰᠦᠢᠳᠭᠡᠯ ᠳᠤᠰᠢᠶᠠᠵᠤ ᠪᠣᠯᠣᠨ᠎ᠠ᠃ ᠰᠦᠢᠳᠭᠡᠯ ᠢᠶᠠᠨ ᠳᠤᠰᠢᠶᠠᠭᠰᠠᠨ ᠠᠴᠠ 2 ᠠᠵᠢᠯᠯᠠᠬᠤ ᠡᠳᠦᠷ ᠤᠨ ᠳᠠᠷᠠᠭ᠎ᠠ ᠸᠢᠴᠠᠲ ᠤᠨ ᠪᠢᠴᠢᠯ ᠰᠤᠹᠲ ︽ᠦᠪᠤᠷ ᠮᠤᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ︾ ᠲᠡᠭᠡᠷ᠎ᠡ ᠠᠴᠠ ᠰᠦᠢᠳᠭᠡᠯ ᠳᠤᠰᠢᠶᠠᠭᠰᠠᠨ ᠭᠡᠷᠡᠴᠢ ᠪᠠᠷᠢᠮᠲᠠ ᠪᠠᠨ ᠪᠠᠭᠤᠯᠭᠠᠨ ᠠᠪᠴᠦ ᠪᠣᠯᠣᠨ᠎ᠠ᠃      ⒉ᠬᠤᠲᠠ ᠪᠠ ᠮᠠᠯᠵᠢᠬᠤ ᠤᠷᠤᠨ ᠤ ᠰᠠᠭᠤᠭᠠᠯᠢ ᠠᠷᠠᠳ ᠡᠷᠦᠬᠡ ᠠᠮᠠ ᠶᠢᠨ ᠬᠠᠮᠢᠶᠠᠷᠤᠯᠲᠠ ᠶᠢᠨ ᠵᠠᠷᠴᠢᠮ ᠶᠤᠰᠤᠭᠠᠷ ᠡᠷᠦᠬᠡ ᠪᠠᠷ ᠨᠢᠭᠡᠴᠡ ᠪᠣᠯᠭᠠᠨ ᠳᠠᠭᠠᠳᠬᠠᠯ ᠳᠤ ᠤᠷᠤᠯᠴᠠᠬᠤ ᠰᠦᠢᠳᠭᠡᠯ ᠢᠶᠠᠨ ᠳᠤᠰᠢᠶᠠᠵᠤ ᠪᠣᠯᠣᠨ᠎ᠠ᠃ ᠡᠭᠦᠨ ᠳᠤ ᠲᠤᠰ ᠬᠦᠮᠦᠨ ᠤ ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠲᠡᠪᠳᠡᠷ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢᠶᠠᠨ ᠠᠪᠴᠦ᠂ ᠰᠠᠭᠤᠭ᠎ᠠ ᠰᠣᠮᠣ ᠪᠠᠯᠭᠠᠰᠣ᠂ ᠨᠡᠶᠢᠭᠡᠮ ᠲᠤᠭᠤᠷᠢᠭ ᠤᠨ ᠵᠦᠪᠯᠡᠯ᠂ ᠦᠨᠳᠦᠰᠦᠨ ᠱᠠᠳᠤᠨ ᠤ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠦᠷᠲᠡᠭᠡᠨ ᠳᠤ ᠬᠦᠷᠴᠦ ᠰᠦᠢᠳᠭᠡᠯ ᠢᠶᠠᠨ ᠳᠤᠰᠢᠶᠠᠵᠤ ᠪᠣᠯᠣᠨ᠎ᠠ᠃ ᠡᠭᠦᠨ ᠠᠴᠠ ᠭᠠᠳᠠᠨ᠎ᠠ᠂ ᠲᠤᠰ ᠬᠦᠮᠦᠨ ᠤ ᠪᠡᠶ᠎ᠡ ᠶᠢᠨ ᠦᠨᠡᠮᠯᠡᠯ ᠢᠶᠠᠨ ᠠᠪᠴᠦ᠂ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠤᠨ ᠬᠤᠶᠠᠳᠤᠭᠠᠷ ᠳᠠᠪᠬᠤᠷᠭ᠎ᠠ ᠶᠢᠨ ᠭᠠᠶᠢᠯᠢ ᠶᠢᠨ ᠶᠠᠪᠤᠳᠠᠯ ᠤᠨ ᠦᠢᠯᠡᠴᠢᠯᠡᠭᠡᠨ ᠤ ᠴᠣᠩᠬᠤᠨ ᠳᠤ ᠬᠦᠷᠴᠦ ᠰᠦᠢᠳᠭᠡᠯ ᠢᠶᠠᠨ ᠳᠤᠰᠢᠶᠠᠵᠤ ᠪᠣᠯᠣᠨ᠎ᠠ᠃          ᠬᠤᠰᠢᠭᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠦᠪ ᠤᠨ ᠬᠠᠷᠢᠯᠴᠠᠬᠤ ᠤᠲᠠᠰᠤ᠄ 0479-2308022
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号