ᠠᠪᠠᠭ᠎ᠠ ᠬᠤᠰᠢᠭᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠵᠥᠪᠯᠡᠯ ᠤᠨ 2024 ᠣᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/13
     3 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠨᠠᠰᠤᠨᠪᠠᠲᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠵᠥᠪᠯᠡᠯ ᠤᠨ 2024 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠯ ᠪᠡᠯᠴᠢᠭᠡᠷ ᠢ ᠨᠢᠭᠡ ᠴᠤᠭᠴᠠᠵᠢᠭᠤᠯᠬᠤ᠂ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠰᠤᠷᠭᠠᠭᠤᠯᠢ ᠶᠢᠨ ᠬᠦᠷᠢᠶᠡᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠲᠥᠰᠦᠯ ᠢ ᠰᠣᠨᠣᠰᠴᠤ ᠬᠢᠨᠠᠨ ᠵᠥᠪᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠣᠯ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠶᠢᠨ ᠰᠢᠰᠲ᠋ᠧᠮ ᠤᠨ ᠲᠥᠯᠥᠪᠵᠢᠭᠦᠯᠭᠡ ᠪᠠ ᠨᠢᠭᠡᠳᠦᠯᠲᠡᠶ ᠲᠥᠯᠥᠪᠯᠡᠨ ᠲᠣᠬᠢᠷᠠᠭᠤᠯᠤᠭᠰᠠᠨ ᠶᠠᠪᠤᠳᠠᠯ ᠪᠣᠯᠤᠨ᠎ᠠ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ᠂ ᠠᠭᠤᠰᠤᠯᠴᠠᠨ ᠬᠥᠭᠵᠢᠬᠦ ᠶᠢ ᠪᠠᠷᠢᠮᠲᠠᠯᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠶᠡᠷᠦᠩᠬᠡᠶ ᠱᠠᠭᠠᠷᠳᠠᠯᠭ᠎ᠠ ᠪᠠ ᠦᠨᠳᠦᠰᠦᠨ ᠵᠠᠷᠴᠢᠮ ᠢ ᠣᠨᠣᠪᠴᠢᠲᠠᠶ ᠡᠵᠡᠮᠳᠡᠵᠦ᠂ ᠦᠢᠯᠡᠳᠪᠦᠷᠢᠯᠡᠯ ᠠᠮᠢᠳᠤᠷᠠᠯ᠂ ᠠᠮᠢ ᠠᠬᠤᠶ ᠶᠢᠨ ᠣᠷᠣᠨ ᠵᠠᠶ᠂ ᠠᠵᠤ ᠦᠢᠯᠡᠰ ᠤᠨ ᠬᠥᠭᠵᠢᠯᠲᠡ ᠪᠠ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠵᠡᠷᠭᠡ ᠣᠯᠠᠨ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠲᠥᠰᠦᠯ ᠤᠨ ᠰᠢᠨᠵᠢᠯᠡᠬᠦ ᠤᠬᠠᠭᠠᠨᠴᠢ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ︔ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠱᠤᠭᠤᠮ᠂ ᠲᠡᠦᠬᠡ ᠰᠣᠶᠣᠯ ᠤᠨ ᠬᠠᠮᠠᠭᠠᠯᠠᠯᠲᠠ ᠵᠡᠷᠭᠡ ᠬᠦᠴᠦᠨ ᠵᠦᠢᠯ ᠢ ᠵᠢᠭᠰᠠᠭᠠᠨ ᠪᠠᠶᠢᠴᠠᠭᠠᠬᠤ ᠶᠢ ᠴᠢᠩᠭ᠎ᠠ ᠰᠠᠶᠢᠲᠤᠷ ᠬᠢᠵᠦ᠂ ᠲᠥᠯᠥᠪᠵᠢᠭᠦᠯᠭᠡ ᠶᠢᠨ ᠰᠢᠰᠲ᠋ᠧᠮ ᠢ ᠨᠠᠩ ᠪᠦᠷᠢᠨ ᠲᠡᠭᠦᠯᠳᠡᠷ᠂ ᠣᠷᠣᠨ ᠵᠠᠶ ᠶᠢᠨ ᠪᠠᠶᠢᠷᠢᠰᠢᠭᠤᠯᠤᠯᠲᠠ ᠶᠢ ᠨᠠᠩ ᠡᠮᠬᠢ ᠵᠢᠷᠤᠮ ᠲᠠᠢ᠂ ᠲᠥᠯᠥᠪᠵᠢᠭᠦᠯᠭᠡ ᠶᠢ ᠬᠡᠷᠡᠭᠵᠢᠭᠦᠯᠬᠦ ᠠᠵᠢᠯ ᠢ ᠨᠠᠩ ᠬᠦᠴᠦᠲᠡᠶ ᠪᠣᠯᠭᠠᠬᠤ ᠶᠢ ᠦᠨᠡᠨ ᠬᠦ ᠠᠬᠢᠭᠤᠯᠵᠤ᠂ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠨ᠂ ᠬᠠᠤᠯᠢ ᠲᠣᠭᠲᠠᠭᠠᠯ ᠶᠣᠰᠣᠭᠠᠷ ᠲᠥᠯᠥᠪᠵᠢᠭᠦᠯᠭᠡ ᠶᠢ ᠬᠢᠨᠠᠨ ᠪᠠᠶᠢᠴᠠᠭᠠᠬᠤ ᠶᠢ ᠥᠷᠨᠢᠭᠦᠯᠵᠦ᠂ ᠲᠥᠷᠥᠯ ᠵᠦᠢᠯ ᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠶ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠰᠢᠶᠤᠤ ᠸᠧᠶ᠂ ᠬᠤᠰᠢᠭᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠵᠥᠪᠯᠡᠯ ᠤᠨ ᠬᠠᠮᠢᠶ᠎ᠠ ᠪᠥᠬᠦᠶ ᠤᠳᠤᠷᠢᠳᠤᠯᠭ᠎ᠠ ᠪᠠ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号