ᠬᠤᠩᠭᠤᠷᠭᠤᠤᠯ ᠪᠠᠯᠭᠠᠰᠤ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠰᠣᠷᠢᠯᠲᠠ ᠪᠠ ᠭᠠᠯ ᠰᠡᠷᠭᠡᠶᠢᠯᠡᠬᠦ ᠲᠣᠨᠤᠭ ᠲᠥᠬᠦᠭᠡᠷᠦᠮᠵᠢ ᠶᠢ ᠬᠠᠮᠠᠭᠠᠯᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/3/14
     ᠬᠤᠩᠭᠤᠷᠭᠤᠤᠯ ᠪᠠᠯᠭᠠᠰᠤᠨ ᠤ ᠭᠠᠯ ᠤᠨᠲᠠᠷᠠᠭᠠᠬᠤ ᠠᠩᠭᠢ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠ ᠪᠣᠳᠠᠲᠠᠶ ᠠᠵᠢᠯᠯᠠᠬᠤ ᠴᠢᠳᠠᠪᠤᠷᠢ ᠢᠶᠠᠨ ᠴᠢᠩᠭᠠᠳᠬᠠᠬᠤ ᠶᠢᠨ ᠲᠥᠯᠥᠭᠡ᠂ 3 ᠰᠠᠷ᠎ᠠ ᠶᠢᠨ 12᠎ ᠤᠨ ᠡᠳᠦᠷ᠂ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠰᠣᠷᠢᠯᠲᠠ ᠶᠢᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ᠃      ᠲᠣᠰ ᠤᠳᠠᠭᠠᠨ ᠤ ᠰᠣᠷᠢᠯᠲᠠ ᠶᠢᠨ ᠠᠵᠢᠯ ᠨᠢ ᠭᠠᠯ ᠤᠨ ᠭᠠᠮᠰᠢᠭ ᠤᠨ ᠲᠤᠬᠠᠶ ᠶᠢᠨ ᠲᠠᠯᠠᠪᠤᠷ ᠢᠶᠠᠷ ᠠᠷᠤ ᠦᠵᠡᠭᠳᠡᠯ ᠪᠣᠯᠭᠠᠵᠤ᠂ ᠵᠢᠵᠢᠭ ᠬᠡᠯᠪᠡᠷᠢ ᠶᠢᠨ ᠨᠣᠴᠣᠭᠠᠬᠤ ᠰᠠᠭᠤᠯᠠᠭ᠎ᠠ ᠭᠠᠷᠭᠠᠨ᠂ ᠭᠠᠯ ᠤᠡᠳᠠᠷᠠᠭᠠᠬᠤ ᠦᠨᠡᠨ ᠪᠣᠳᠠᠲᠠᠶ ᠰᠤᠷᠢᠯᠳᠠ ᠪᠠᠷ ᠲᠠᠮᠵᠢᠨ᠂ ᠭᠡᠰᠢᠭᠦᠳ ᠲᠤ ᠭᠠᠯ ᠤᠨᠲᠠᠷᠠᠭᠠᠬᠤ ᠠᠷᠭ᠎ᠠ ᠮᠠᠶ᠋ᠢᠭ ᠢ ᠣᠶᠢᠯᠠᠭᠠᠭᠤᠯᠤᠨ ᠡᠵᠡᠮᠰᠢᠭᠦᠯᠪᠡ᠃      ᠰᠣᠷᠢᠯᠲᠠ ᠶᠢᠨ ᠶᠠᠪᠤᠴᠠ ᠳᠤ᠂ ᠭᠡᠰᠢᠭᠦᠳ ᠳᠡᠭᠡᠳᠦ ᠬᠡᠮᠵᠢᠶᠡᠨ ᠤ ᠰᠠᠬᠢᠯᠭ᠎ᠠ ᠪᠠᠲᠤᠴᠢ ᠴᠢᠨᠠᠷ ᠪᠠ ᠬᠠᠮᠵᠢᠯᠴᠠᠬᠤ ᠵᠣᠷᠢᠭ ᠰᠠᠨᠠᠭ᠎ᠠ ᠶᠢ ᠢᠯᠡᠷᠡᠭᠦᠯᠪᠡ᠃ ᠲᠡᠳᠡ ᠭᠠᠯ ᠤᠨᠲᠠᠷᠠᠭᠠᠬᠤ ᠠᠵᠢᠯ ᠤᠨ ᠶᠠᠪᠤᠴᠠ ᠶᠢ ᠴᠢᠩᠭ᠎ᠠ ᠵᠢᠷᠤᠮᠯᠠᠨ᠂ ᠭᠠᠯ ᠤᠨ ᠪᠠᠶᠢᠳᠠᠯ ᠢ ᠦᠳᠲᠡᠷ ᠲᠦᠷᠭᠡᠨ ᠪᠥᠭᠡᠳ ᠪᠦᠲᠦᠮᠵᠢᠲᠡᠶ ᠪᠠᠷ ᠡᠵᠡᠮᠳᠡᠵᠦ᠂ ᠳᠠᠭᠤᠷᠢᠶᠠᠮᠠᠯ ᠭᠠᠯ ᠤᠨ ᠢᠷᠡᠯᠲᠡ ᠶᠢ ᠠᠮᠵᠢᠯᠲᠠ ᠲᠠᠢ ᠤᠨᠲᠠᠷᠠᠭᠠᠪᠠ᠃ ᠲᠣᠰ ᠤᠳᠠᠭᠠᠨ ᠤ ᠰᠣᠷᠢᠯᠲᠠ ᠪᠠᠷ ᠳᠡᠮᠵᠢᠨ᠂  ᠪᠠᠯᠭᠠᠰᠤᠨ ᠤ ᠭᠠᠯ ᠤᠨᠲᠠᠷᠠᠭᠠᠬᠤ ᠡᠩᠨᠡᠭᠡ ᠶᠢᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠰᠢᠯᠭᠠᠨ ᠪᠠᠶᠢᠴᠠᠭᠠᠭᠰᠠᠨ ᠪᠠᠷ ᠪᠠᠷᠠᠬᠤ ᠥᠬᠡᠶ ᠪᠠᠰᠠ ᠭᠡᠰᠢᠭᠦᠳ ᠤᠨ ᠪᠣᠳᠠᠲᠤ ᠪᠠᠶᠢᠯᠳᠤᠭᠠᠨ ᠤ ᠠᠵᠢᠯᠯᠠᠬᠤ ᠤᠷ᠎ᠠ ᠴᠢᠳᠠᠪᠤᠷᠢ ᠪᠠ ᠪᠦᠯᠬᠦᠮ ᠨᠡᠶᠢᠲᠡ ᠶᠢᠨ ᠬᠠᠮᠵᠢᠯᠴᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠬᠠᠪᠤᠷ ᠤᠨ ᠤᠯᠠᠷᠢᠯ ᠪᠣᠯ ᠭᠠᠯ ᠤᠨ ᠭᠠᠮᠰᠢᠭ ᠠᠮᠠᠷᠬᠠᠨ ᠡᠭᠦᠰᠬᠦ ᠤᠯᠠᠷᠢᠯ ᠪᠣᠯᠬᠤᠷ᠂ ᠵᠠᠩᠭᠢᠯᠠᠭ᠎ᠠ ᠶᠢᠨ ᠦᠶ᠎ᠡ ᠳᠤ ᠭᠠᠯ ᠤᠨ ᠭᠠᠮᠰᠢᠭ ᠤᠨ ᠠᠳᠡᠯ ᠢ ᠦᠳᠲᠡᠷ ᠲᠦᠷᠭᠡᠨ ᠪᠦᠲᠦᠮᠵᠢᠲᠡᠶ ᠠᠷᠭᠠᠴᠠᠬᠤ ᠶᠢ ᠪᠠᠲᠤᠯᠠᠬᠤ ᠶᠢᠨ ᠲᠥᠯᠥᠭᠡ᠂ ᠮᠠᠨ ᠤ ᠪᠠᠯᠭᠠᠰᠤ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠶᠢ ᠪᠥᠬᠦ ᠲᠠᠯ᠎ᠠ ᠪᠠᠷ ᠬᠠᠮᠠᠭᠠᠯᠠᠨ ᠠᠷᠠᠴᠢᠯᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃      ᠠᠷᠠᠴᠢᠯᠠᠨ ᠬᠠᠮᠠᠭᠠᠯᠠᠬᠤ ᠠᠵᠢᠯ ᠳᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠪᠠᠶᠢᠴᠠᠭᠠᠬᠤ᠂ ᠠᠷᠢᠭᠤᠨ ᠴᠡᠪᠡᠷ ᠪᠠᠶᠢᠯᠭᠠᠬᠤ ᠪᠠ ᠲᠣᠬᠢᠷᠠᠭᠤᠯᠤᠨ ᠲᠤᠷᠰᠢᠬᠤ ᠵᠡᠷᠭᠡ ᠪᠠᠭᠲᠠᠨ᠎ᠠ᠃ ᠭᠡᠰᠢᠭᠦᠳ ᠭᠠᠯ ᠤᠨᠲᠠᠷᠠᠭᠠᠬᠤ ᠲᠣᠨᠣᠭᠯᠠᠯ ᠨᠢᠭᠡᠪᠦᠷᠢ ᠶᠢ ᠴᠥᠮ ᠨᠠᠷᠢᠨ ᠨᠢᠮᠪᠠᠶ ᠪᠠᠶᠢᠴᠠᠭᠠᠵᠤ᠂ ᠰᠠᠶᠢᠨ ᠰᠠᠶᠢᠬᠠᠨ ᠪᠡᠯᠡᠳᠬᠡᠯ ᠪᠠᠶᠢᠳᠠᠯ ᠳᠤ ᠪᠠᠶᠢᠬᠤ ᠶᠢ ᠦᠨᠡᠨ ᠬᠦ ᠪᠠᠳᠤᠯᠠᠬᠤ ᠶᠢᠨ ᠬᠠᠮᠳᠤ ᠡᠭᠦᠨ ᠤ ᠬᠠᠮᠲᠤ᠂ ᠬᠡᠰᠡᠭ ᠬᠠᠭᠤᠴᠢᠨ ᠲᠥᠬᠦᠭᠡᠷᠦᠮᠵᠢ ᠶᠢ ᠴᠢᠬᠤᠯᠠ ᠪᠦᠬᠦᠢ ᠰᠡᠯᠪᠢᠨ ᠵᠠᠰᠠᠬᠤ ᠪᠠ ᠰᠣᠯᠢᠵᠤ᠂ ᠪᠤᠢ ᠪᠦᠬᠦᠢ ᠲᠣᠨᠤᠭ ᠲᠥᠬᠦᠭᠡᠷᠦᠮᠵᠢ ᠶᠢ ᠴᠥᠮ ᠵᠠᠩᠭᠢᠯᠠᠭ᠎ᠠ ᠶᠢᠨ ᠦᠶ᠎ᠡ ᠳᠤ ᠦᠢᠯᠡᠳᠦᠯ ᠦᠵᠡᠭᠦᠯᠬᠦ ᠶᠢ ᠦᠨᠡᠡᠬᠦ ᠪᠠᠲᠤᠯᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号