2024 ᠣᠨ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠯᠪᠠᠨ ᠵᠠᠷ
ᠨᠡᠶᠢᠲᠡᠯᠡᠭᠰᠡᠨ ᠴᠠᠭ᠄
2024/3/14
     2024 ᠣᠨ ᠤ 3 ᠰᠠᠷ᠎ᠠ ᠶᠢᠨ 15᠎ ᠤ ᠡᠳᠦᠷ ᠠᠴᠠ 6 ᠰᠠᠷ᠎ᠠ ᠶᠢᠨ 15᠎ ᠤ ᠡᠳᠦᠷ ᠪᠣᠯᠲᠠᠯ᠎ᠠ᠂ ᠮᠠᠨ ᠤ ᠬᠤᠰᠢᠭᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ ᠣᠷᠣᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠳᠤᠰᠠᠳᠠ᠂ ᠡᠳᠦᠭᠡ ᠬᠤᠯᠪᠣᠭᠳᠠᠯ ᠪᠥᠬᠦᠶ ᠶᠠᠪᠤᠳᠠᠯ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠪᠣᠯ ᠠᠷᠠᠳ ᠢᠷᠭᠡᠨ ᠨᠢᠭᠡᠪᠦᠷᠢ ᠶᠢᠨ ᠡᠭᠦᠷᠭᠡ ᠪᠣᠯᠤᠨ᠎ᠠ᠃ ᠶᠠᠮᠠᠷᠪᠠ ᠨᠢᠭᠡᠴᠡ ᠪᠣᠯᠤᠨ ᠬᠤᠪᠢ ᠬᠥᠮᠦᠨ ᠴᠥᠮ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠᠶᠢᠴᠠᠭᠠᠯᠲᠠ ᠪᠣᠯᠤᠨ ᠤᠬᠠᠭᠤᠯᠭ᠎ᠠ ᠬᠥᠮᠦᠵᠢᠯ ᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃      ᠬᠤᠶᠠᠷ᠂ ᠡᠯ᠎ᠡ ᠰᠤᠮᠤ ︵ᠪᠠᠯᠭᠠᠰᠤ︶᠂ ᠭᠠᠴᠠᠭ᠎ᠠ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠬᠡᠭᠡᠷ᠎ᠡ ᠭᠠᠳᠠᠨ᠎ᠠ ᠪᠠᠷᠢᠯᠭ᠎ᠠ ᠪᠠᠷᠢᠬᠤ ᠠᠵᠤ ᠠᠬᠤᠶᠢᠯᠠᠯ ᠵᠡᠷᠭᠡ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠤᠤᠯᠳᠠᠯᠭ᠎ᠠ ᠲᠠᠢ ᠨᠢᠭᠡᠴᠡ ᠨᠦᠭᠦᠳ ᠭᠠᠯ ᠤᠨᠲᠠᠷᠠᠭᠠᠬᠤ ᠠᠩᠭᠢ ᠶᠢ ᠵᠣᠬᠢᠶᠠᠨ ᠪᠠᠶᠢᠭᠤᠯᠵᠤ᠂ ᠬᠠᠷᠠᠭᠠᠯᠵᠠᠭᠰᠠᠨ ᠭᠠᠯ ᠤᠨᠲᠠᠷᠠᠭᠠᠬᠤ ᠪᠠᠭᠠᠵᠢ ᠪᠠ ᠲᠣᠨᠤᠭ ᠲᠥᠬᠦᠭᠡᠷᠦᠮᠵᠢ ᠶᠢ ᠳᠣᠭᠢᠷᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠭᠠᠯ ᠰᠡᠷᠭᠡᠶᠢᠯᠡᠨ ᠤᠨᠲᠠᠷᠠᠭᠠᠬᠤ ᠪᠣᠯᠪᠠᠰᠤᠷᠠᠭᠤᠯᠤᠯ ᠰᠣᠷᠢᠯᠲᠠ ᠶᠢ ᠬᠢᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠤᠨ ᠳᠤᠬᠢᠷᠠᠭᠤᠯᠤᠯᠲᠠ ᠶᠢ ᠬᠦᠯᠢᠶᠡᠬᠦ ᠶᠢᠨ ᠬᠠᠮᠲᠤ᠂ ᠬᠤᠰᠢᠭᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠭᠠᠯ ᠰᠡᠷᠭᠡᠶᠢᠯᠡᠬᠦ ᠦᠢᠯᠡᠴᠢᠯᠡᠭᠡᠨ ᠤ ᠲᠥᠪ ᠤᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠬᠦᠯᠢᠶᠡᠬᠦ ᠬᠡᠷᠡᠭᠲᠡᠶ᠃      ᠭᠤᠷᠪᠠ᠂ ᠶᠠᠮᠠᠷᠪᠠ ᠨᠢᠭᠡᠴᠡ ᠪᠤᠶᠤ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠲᠡᠷᠡ ᠳᠠᠷᠤᠶ ᠳᠤᠨᠢ ᠪᠠᠶᠢᠭ᠎ᠠ ᠰᠤᠮᠤ ︵ᠪᠠᠯᠭᠠᠰᠤ︶ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠲᠤ ᠮᠡᠳᠡᠭᠦᠯᠬᠦ ᠶᠢᠨ ᠬᠠᠮᠲᠤ ᠲᠣᠰ ᠪᠡᠶ᠎ᠡ ᠶᠢᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠪᠠᠶᠢᠳᠠᠯ ᠳᠣᠤᠷ᠎ᠠ ᠬᠠᠷᠠᠭᠠᠯᠵᠠᠭᠰᠠᠨ ᠭᠠᠯ ᠤᠨᠲᠠᠷᠠᠭᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠳᠤ ᠵᠡᠮᠳᠡᠭ ᠬᠥᠮᠦᠰ᠂ ᠵᠢᠷᠮᠦᠰᠦᠨ ᠡᠮᠡᠭᠲᠡᠶ᠂ ᠨᠠᠰᠤᠨ ᠳᠤ ᠦᠯᠦ ᠬᠦᠷᠦᠭᠰᠡᠳ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠳᠤ ᠲᠣᠬᠢᠷᠠᠬᠤ ᠦᠭᠡᠶ ᠪᠤᠰᠤᠳ ᠬᠥᠮᠦᠰ ᠢ ᠳᠠᠶᠢᠴᠢᠯᠠᠵᠤ ᠪᠣᠯᠬᠤ ᠦᠭᠡᠶ᠃      ᠳᠥᠷᠪᠡ᠂ ᠰᠣᠮᠣ ᠪᠠᠯᠭᠠᠰᠤ ᠨᠢ ᠬᠠᠷᠢᠶ᠎ᠠ ᠣᠷᠣᠨ ᠤ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠬᠠᠷᠢᠶ᠎ᠠ ᠣᠷᠣᠨ ᠤ ᠳᠣᠲᠣᠷᠠᠬᠢ ᠪᠣᠶ ᠪᠥᠬᠦᠶ ᠰᠠᠭᠤᠭᠠᠯᠢ ᠠᠷᠠᠳ᠂ ᠮᠠᠯᠵᠢᠬᠤ ᠡᠷᠦᠬᠡ᠂ ᠦᠢᠯᠡᠳᠪᠤᠷᠢ ᠠᠭᠤᠷᠬᠠᠶ ᠶᠢᠨ ᠠᠵᠤ ᠠᠬᠤᠶᠢᠯᠠᠯ ᠳᠤ ᠤᠬᠠᠭᠤᠯᠭ᠎ᠠ ᠬᠢᠵᠦ᠂ ᠮᠠᠯᠴᠢᠳ ᠤᠨ ᠭᠠᠯ ᠰᠡᠷᠭᠡᠶᠢᠯᠡᠬᠦ ᠤᠬᠠᠮᠰᠠᠷ ᠢ ᠴᠢᠩᠭᠠᠳᠬᠠᠬᠤ ᠶᠢᠨ ᠬᠠᠮᠲᠤ ᠭᠤᠤᠯᠳᠠᠯᠭ᠎ᠠ ᠲᠠᠢ ᠭᠠᠵᠠᠷ ᠣᠷᠣᠨ ᠳᠤ ᠴᠢᠭᠯᠡᠭᠦᠯᠦᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂   ︽ᠬᠠᠩᠰᠢ ᠶᠢᠨ ᠡᠳᠦᠷ︾᠂ ︽ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢᠴᠢᠳ ᠤᠨ ᠪᠠᠶᠠᠷ︾ ᠵᠡᠷᠭᠡ ᠭᠤᠤᠯᠳᠠᠯᠭ᠎ᠠ ᠲᠠᠢ ᠴᠠᠭ ᠬᠤᠭᠤᠴᠠᠭᠠᠨ ᠤ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠭᠦᠢᠴᠡᠳᠭᠡᠬᠦ ᠬᠡᠷᠡᠭᠲᠡᠶ᠃      ᠲᠠᠪᠤ᠂ ᠡᠯ᠎ᠡ ᠱᠠᠲᠤᠨ ᠤ ᠭᠠᠯ ᠰᠡᠷᠭᠡᠶᠢᠯᠡᠬᠦ ᠨᠢᠭᠡᠴᠡ ᠠᠴᠠ 24 ᠴᠠᠭ ᠢᠶᠠᠷ ᠵᠢᠵᠢᠭᠦᠷᠯᠡᠬᠦ᠂ ᠤᠳᠤᠷᠢᠳᠤᠯᠭ᠎ᠠ ᠵᠢᠵᠢᠭᠦᠷ ᠳᠠᠭᠠᠭᠤᠯᠬᠤ᠂ ᠲᠡᠷᠭᠡ ᠬᠥᠰᠬᠡ ᠶᠢᠨ ᠵᠠᠷᠯᠢᠭ ᠬᠦᠯᠢᠶᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠴᠢᠮᠡᠭᠡ ᠨᠡᠪᠲᠡᠷᠡᠯᠭᠡ᠂ ᠮᠡᠳᠡᠭᠡ ᠵᠠᠩᠭᠢ ᠶᠢᠨ ᠰᠠᠭᠠᠳ ᠦᠭᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠭᠠᠯ ᠰᠡᠷᠭᠡᠶᠢᠯᠡᠬᠦ ᠮᠡᠳᠡᠭᠡ ᠵᠠᠩᠭᠢ ᠮᠡᠳᠡᠭᠦᠯᠬᠦ ᠳᠡᠰ ᠳᠠᠷᠠᠭᠠᠯᠠᠯ ᠢ ᠴᠢᠩᠳᠠᠯᠠᠵᠤ᠂ ᠣᠯᠠᠨ ᠲᠠᠯ᠎ᠠ ᠠᠴᠠ ᠳᠡᠭᠡᠭᠰᠢ ᠮᠡᠳᠡᠭᠦᠯᠬᠦ ᠶᠢ ᠡᠷᠡᠰ ᠬᠤᠷᠢᠭᠯᠠᠬᠤ ᠬᠡᠷᠡᠭᠲᠡᠶ᠃      ᠵᠢᠷᠭᠤᠭ᠎ᠠ᠂ ᠡᠯ᠎ᠡ ᠰᠤᠮᠤ ︵ᠪᠠᠯᠭᠠᠰᠤ︶᠂ ᠪᠦᠷᠢᠯᠳᠦᠬᠦᠨ ᠨᠢᠭᠡᠴᠡ ᠨᠦᠭᠦᠳ ᠡᠯ᠎ᠡ ᠲᠦᠷᠦᠯ ᠤᠨ ᠣᠬᠠᠭᠤᠯᠭ᠎ᠠ ᠵᠠᠭᠤᠴᠢᠯᠠᠭᠤᠷ ᠪᠠ ᠠᠷᠭ᠎ᠠ ᠪᠠᠷᠢᠯ ᠢ ᠭᠦᠢᠴᠡᠳ ᠠᠰᠢᠭᠯᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠶᠡᠷᠦ ᠶᠢᠨ ᠮᠡᠳᠡᠯᠭᠡ ᠶᠢ ᠶᠡᠬᠡᠪᠡᠷ ᠲᠦᠭᠡᠮᠡᠯᠵᠢᠭᠦᠯᠬᠦ ᠬᠡᠷᠡᠭᠲᠡᠶ᠃      ᠳᠣᠯᠤᠭ᠎ᠠ᠂ ᠬᠡᠷᠪᠡ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠪᠡᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾᠎ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃      ᠠᠪᠠᠭ᠎ᠠ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠤᠨ ᠵᠢᠵᠢᠭᠦᠷᠯᠡᠬᠦ ᠤᠲᠠᠰᠤ᠄ 0479 - 2306138      ᠠᠪᠠᠭ᠎ᠠ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠤᠲᠠᠰᠤ᠄ 12119      ᠠᠪᠠᠭ᠎ᠠ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠤᠲᠠᠰᠤ᠄ 0479 - 2022745      ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠢᠵᠢᠭᠦᠷᠯᠡᠬᠦ ᠤᠲᠠᠰᠤ᠄ 0479 - 2306866      ᠠᠪᠠᠭ᠎ᠠ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠵᠢᠵᠢᠭᠦᠷᠯᠡᠬᠦ ᠤᠲᠠᠰᠤ᠄ 0479 - 202783      ᠪᠡᠯᠭᠦᠳᠡᠢ ᠪᠠᠯᠭᠠᠰᠤᠨ ᠤ ᠵᠢᠵᠢᠭᠦᠷᠯᠡᠬᠦ ᠤᠲᠠᠰᠤ᠄ 0479 - 2026683      ᠴᠠᠭᠠᠨᠨᠠᠭᠤᠷ ᠪᠠᠯᠭᠠᠰᠤᠨ ᠤ ᠵᠢᠵᠢᠭᠦᠷᠯᠡᠬᠦ ᠤᠲᠠᠰᠤ᠄ 0479 - 2457118      ᠬᠤᠩᠭᠤᠷᠭᠤᠤᠯ ᠪᠠᠯᠭᠠᠰᠤᠨ ᠤ ᠵᠢᠵᠢᠭᠦᠷᠯᠡᠬᠦ ᠤᠲᠠᠰᠤ᠄ 0479 - 2402203      ᠨᠠᠷᠠᠨᠪᠤᠯᠠᠭ ᠰᠤᠮᠤ ᠶᠢᠨ ᠵᠢᠵᠢᠭᠦᠷᠯᠡᠬᠦ ᠤᠲᠠᠰᠤ᠄ 0479-2301368      ᠪᠠᠶᠠᠨᠳᠤᠭ ᠰᠤᠮᠤ ᠶᠢᠨ ᠵᠢᠵᠢᠭᠦᠷᠯᠡᠬᠦ ᠤᠲᠠᠰᠤ᠄ 0479 - 2300889      ᠵᠢᠷᠭᠠᠯᠠᠩᠲᠤ ᠰᠤᠮᠤ ᠶᠢᠨ ᠵᠢᠵᠢᠭᠦᠷᠯᠡᠬᠦ ᠤᠲᠠᠰᠤ᠄ 0479 - 2300656      ᠶᠡᠬᠡᠭᠤᠣᠯ ᠰᠤᠮᠤ ᠶᠢᠨ ᠵᠢᠵᠢᠭᠦᠷᠯᠡᠬᠦ ᠤᠲᠠᠰᠤ᠄ 0479 - 2317120
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号