ᠠᠪᠠᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢ 2024 ᠣᠨ ᠤ 1—3 ᠰᠠᠷ᠎ᠠ ᠳᠤ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠪᠡᠯᠡ ᠮᠥᠩᠭᠦ ᠶᠢ ᠲᠠᠷᠬᠠᠭᠠᠪᠠ
ᠨᠡᠶᠢᠲᠡᠯᠡᠭᠰᠡᠨ ᠴᠠᠭ᠄
2024/3/14
     ᠠᠪᠠᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠨᠡᠶᠢᠭᠡᠮ ᠤᠨ ᠠᠪᠤᠷᠠᠨ ᠳᠤᠰᠠᠯᠠᠯᠲᠠ ᠶᠢᠨ ᠠᠵᠢᠯ ᠤᠨ ᠲᠤᠭᠲᠠᠯᠴᠠᠭ᠎ᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠬᠦᠴᠢᠷᠳᠡᠯᠲᠡᠶ ᠣᠯᠠᠨ ᠲᠦᠮᠡᠨ ᠤ ᠠᠪᠤᠷᠠᠨ ᠲᠤᠰᠠᠯᠠᠬᠤ ᠪᠠᠯᠠ ᠮᠥᠩᠭᠦ ᠶᠢ ᠲᠠᠷᠬᠠᠭᠠᠬᠤ ᠠᠵᠢᠯ ᠳᠤ ᠴᠠᠭ ᠲᠤᠬᠠᠶ ᠳᠤᠨᠢ ᠬᠢᠨᠠᠯᠲᠠ ᠲᠠᠯᠪᠢᠬᠤ ᠶᠢ ᠴᠢᠩᠭᠠᠳᠬᠠᠨ᠂ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠠᠪᠤᠷᠠᠨ ᠳᠤᠰᠠᠯᠠᠯᠲᠠ ᠶᠢᠨ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠬᠤ ᠶᠢ ᠪᠠᠲᠤᠯᠠᠪᠠ᠃      ᠨᠢᠭᠡ᠂ ᠬᠤᠳᠠ ᠬᠥᠳᠡᠭᠡ ᠶᠢᠨ ᠬᠠᠮᠤᠭ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ      2024 ᠣᠨ ᠤ 1—3 ᠰᠠᠷ᠎ᠠ ᠳᠤ᠂ ᠪᠥᠬᠦ ᠬᠤᠰᠢᠭᠤᠨ ᠤ ᠬᠤᠲᠠ ᠬᠥᠳᠡᠭᠡ ᠶᠢᠨ ᠬᠠᠮᠤᠭ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠬᠦ 897 ᠡᠷᠦᠬᠡ ᠶᠢᠨ 1237 ᠬᠥᠮᠦᠨ ᠪᠠᠶᠢᠵᠤ᠂ ᠬᠤᠲᠠ ᠬᠥᠳᠡᠭᠡ ᠶᠢᠨ ᠬᠠᠮᠤᠭ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠯᠠ ᠮᠥᠩᠭᠦ ᠎ ᠶᠢ  ᠨᠡᠶᠢᠲᠡ  228.4808 ᠲᠦᠮᠡᠨ ᠲᠥᠭᠦᠷᠢᠭ ᠲᠠᠷᠬᠠᠭᠠᠪᠠ᠃      3 ᠰᠠᠷ᠎ᠠ ᠳᠤ ᠬᠤᠲᠠ ᠪᠠᠯᠭᠠᠰᠤᠨ ᠤ ᠬᠠᠮᠤᠭ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ 542 ᠡᠷᠦᠬᠡ ᠶᠢᠨ 737 ᠬᠥᠮᠦᠨ ᠤ  48.0836 ᠲᠦᠮᠡᠨ ᠲᠥᠭᠦᠷᠢᠭ ᠤᠨ ᠪᠡᠯᠡ ᠮᠦᠩᠬᠦ ᠲᠠᠷᠬᠠᠭᠠᠪᠠ᠃ ᠮᠠᠯᠵᠢᠬᠤ ᠣᠷᠣᠨ ᠤ ᠬᠠᠮᠤᠭ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ 355 ᠡᠷᠦᠬᠡ ᠶᠢᠨ 500 ᠬᠥᠮᠦᠨ ᠳᠤ 27.391 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠪᠠ᠃      ᠬᠤᠶᠠᠷ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ      1—3 ᠰᠠᠷ᠎ᠠ ᠳᠤ ᠣᠨᠴᠠ ᠬᠦᠴᠢᠷᠳᠡᠯᠲᠡᠶ 81 ᠬᠥᠮᠦᠨ ᠳᠤ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠬᠤ ᠪᠠᠯᠠ ᠮᠥᠩᠭᠦ ᠶᠢ ᠨᠡᠶᠢᠲᠡ 40.572 ᠲᠦᠮᠡᠨ ᠲᠥᠭᠦᠷᠢᠭ ᠲᠠᠷᠬᠠᠭᠠᠪᠠ᠃ ᠡᠭᠦᠨ ᠳᠤ᠄ ᠦᠨᠳᠦᠰᠦᠨ ᠠᠮᠢᠳᠤᠷᠠᠯ ᠤᠨ ᠨᠥᠬᠦᠪᠥᠷᠢ ᠶᠢᠨ ᠪᠡᠯᠡ ᠮᠥᠩᠭᠦ 33.32 ᠲᠦᠮᠡᠨ ᠲᠥᠭᠦᠷᠢᠭ᠂ ᠬᠠᠷᠠᠭᠠᠯᠵᠠᠨ ᠰᠤᠪᠢᠯᠠᠬᠤ ᠨᠥᠬᠦᠪᠥᠷᠢ 7.252 ᠲᠦᠮᠡᠨ ᠲᠥᠭᠦᠷᠢᠭ ᠪᠣᠶ᠃3 ᠰᠠᠷ᠎ᠠ ᠳᠤ ᠬᠤᠲᠠ ᠪᠠᠯᠭᠠᠰᠤᠨ ᠤ ᠣᠨᠴᠠ ᠬᠦᠴᠢᠷᠳᠡᠯᠲᠡᠶ 41 ᠬᠥᠮᠦᠨ ᠳᠤ 5.576 ᠲᠦᠮᠡᠨ ᠲᠥᠭᠦᠷᠢᠭ ᠤᠨ ᠪᠠᠯᠠ ᠮᠥᠩᠭᠦ ᠲᠠᠷᠬᠠᠭᠠᠪᠠ︔ ᠬᠥᠳᠡᠭᠡ ᠲᠣᠰᠬᠤᠨ ᠤ ᠣᠨᠴᠠ ᠬᠦᠴᠢᠷᠳᠡᠯᠲᠡᠶ 40 ᠬᠥᠮᠦᠨ ᠳᠤ 5.44 ᠲᠦᠮᠡᠨ ᠲᠥᠭᠦᠷᠢᠭ ᠤᠨ ᠪᠠᠯᠠ ᠮᠥᠩᠭᠦ ᠲᠠᠷᠬᠠᠭᠠᠪᠠ︔ 30 ᠬᠥᠮᠦᠨ ᠳᠤ 2.331 ᠲᠦᠮᠡᠨ ᠲᠥᠭᠦᠷᠢᠭ  ᠤᠨ ᠠᠰᠠᠷᠠᠨ ᠰᠣᠪᠢᠯᠠᠬᠤ ᠨᠦᠬᠦᠪᠦᠷᠢ ᠲᠠᠷᠬᠠᠭᠠᠪᠠ᠃      ᠭᠤᠷᠪᠠ᠂ ᠬᠡᠦᠬᠡᠳ ᠤᠨ ᠠᠰᠠᠷᠠᠮᠵᠢ ᠶᠢᠨ ᠣᠯᠭᠤᠮᠵᠢ      1 - 3 ᠰᠠᠷ᠎ᠠ ᠳᠤ᠂ ᠪᠥᠬᠦ ᠬᠤᠰᠢᠭᠤᠨ ᠳᠤ ᠨᠡᠶᠢᠲᠡ 2 ᠥᠨᠥᠴᠢᠨ ᠬᠡᠤᠬᠡᠳ ᠳᠤ ᠪᠠᠲᠤᠯᠠᠭ᠎ᠠ ᠬᠠᠩᠭᠠᠵᠤ᠂  1.1958 ᠲᠦᠮᠡᠨ ᠲᠥᠭᠦᠷᠢᠭ ᠤᠨ ᠠᠰᠠᠷᠠᠨ ᠲᠡᠵᠢᠭᠡᠬᠦ ᠮᠥᠩᠭᠦ ᠣᠯᠭᠤᠪᠠ︔ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ 5 ᠬᠡᠤᠬᠡᠳ ᠪᠠᠶᠢᠵᠤ᠂ 2.2581 ᠲᠦᠮᠡᠨ ᠲᠥᠭᠦᠷᠢᠭ ᠤᠨ ᠦᠨᠳᠦᠰᠦᠨ ᠠᠮᠢᠳᠤᠷᠠᠯ ᠤᠨ ᠨᠥᠬᠦᠪᠥᠷᠢ ᠣᠯᠭᠤᠪᠠ᠃     3 ᠰᠠᠷ᠎ᠠ ᠳᠤ ᠥᠨᠥᠴᠢᠨ ᠬᠡᠤᠬᠡᠳ ᠢ ᠠᠰᠠᠷᠠᠨ ᠲᠡᠵᠢᠭᠡᠬᠦ ᠮᠥᠩᠭᠦ ᠶᠢ 0.3986 ᠲᠦᠮᠡᠨ ᠲᠥᠭᠦᠷᠢᠭ ᠲᠠᠷᠬᠠᠭᠠᠵᠤ᠂ 2 ᠬᠥᠮᠦᠨ ᠳᠤ ᠪᠠᠲᠤᠯᠠᠭ᠎ᠠ ᠬᠠᠩᠭᠠᠪᠠ︔ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠢ ᠬᠡᠤᠬᠡᠳ ᠤᠨ ᠦᠨᠳᠦᠰᠦᠨ ᠠᠮᠢᠳᠤᠷᠠᠯ ᠤᠨ ᠨᠥᠬᠦᠪᠥᠷᠢ ᠶᠢ 0.7527 ᠲᠦᠮᠡᠨ ᠲᠥᠭᠦᠷᠢᠭ ᠲᠠᠷᠬᠠᠭᠠᠵᠤ᠂ 5 ᠬᠥᠮᠦᠨ ᠳᠤ ᠪᠠᠲᠤᠯᠠᠭ᠎ᠠ ᠬᠠᠩᠭᠠᠪᠠ︔ 3 ᠰᠠᠷ᠎ᠠ ᠶᠢᠨ ︽ᠵᠣᠯ ᠵᠢᠷᠭᠠᠯᠲᠤ ᠬᠦᠰᠡᠯ ᠵᠡᠭᠦᠳᠦ ᠪᠠᠨ ᠲᠡᠷᠭᠡᠯᠰᠢᠭᠦᠯᠬᠦ · ᠥᠨᠥᠴᠢᠨ ᠬᠡᠤᠬᠡᠳ ᠤᠨ ᠰᠤᠷᠤᠯᠭ᠎ᠠ ᠶᠢ ᠲᠡᠳᠬᠦᠬᠦ ᠢᠨᠵᠧᠨᠧᠷᠢᠩ︾᠎ ᠢᠶᠠᠷ ᠥᠨᠥᠴᠢᠨ ᠬᠡᠤᠬᠡᠳ ᠲᠤ ᠰᠤᠷᠤᠯᠭ᠎ᠠ ᠶᠢ ᠲᠡᠳᠬᠦᠬᠦ ᠨᠥᠬᠦᠪᠥᠷᠢ ᠶᠢ 0.125 ᠲᠦᠮᠡᠨ ᠲᠥᠭᠦᠷᠢᠭ ᠲᠠᠷᠬᠠᠭᠠᠪᠠ᠃      ᠳᠥᠷᠪᠡ᠂ ᠲᠦᠷ ᠴᠠᠭ ᠤᠨ ᠠᠪᠤᠷᠠᠨ ᠳᠤᠰᠠᠯᠠᠯᠲᠠ      ᠲᠦᠷ ᠴᠠᠭ ᠤᠨ ᠠᠪᠤᠷᠠᠨ ᠲᠤᠰᠠᠯᠠᠯᠲᠠ ᠪᠠᠷ 21 ᠬᠥᠮᠦᠨ ᠤᠳᠠᠭ᠎ᠠ ᠶᠢᠨ 7.392 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠪᠠ᠃      ᠲᠠᠪᠤ᠂ ᠵᠡᠮᠳᠡᠭᠴᠦᠳ ᠤᠨ ᠬᠤᠶᠠᠷ ᠵᠦᠢᠯ ᠤᠨ ᠨᠥᠬᠦᠪᠦᠷᠢ      1—3 ᠰᠠᠷ᠎ᠠ ᠳᠤ 30.79 ᠲᠦᠮᠡᠨ ᠲᠥᠭᠦᠷᠢᠭ ᠤᠨ ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ ᠶᠢᠨ ᠪᠠᠯᠠ ᠮᠥᠩᠭᠦ ᠶᠢ ᠨᠢᠭᠡᠨᠲᠡ ᠲᠠᠷᠬᠠᠭᠠᠵᠤ᠂ ᠪᠠᠲᠤᠯᠠᠬᠤ ᠬᠡᠪᠴᠢᠶ᠎ᠡ ᠨᠢ 1022  ᠬᠥᠮᠦᠨ   ︵ᠡᠭᠦᠨ ᠳᠤ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠎ ᠶᠢ 11.68 ᠲᠦᠮᠡᠨ ᠲᠥᠭᠦᠷᠢᠭ ᠲᠠᠷᠬᠠᠭᠠᠵᠤ᠂ ᠪᠠᠲᠤᠯᠠᠬᠤ ᠬᠡᠪᠴᠢᠶ᠎ᠡ ᠨᠢ 387 ᠬᠥᠮᠦᠨ︔ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢ 19.11 ᠲᠦᠮᠡᠨ ᠲᠥᠭᠦᠷᠢᠭ ᠲᠠᠷᠬᠠᠭᠠᠵᠤ᠂ ᠪᠠᠲᠤᠯᠠᠬᠤ ᠬᠡᠪᠴᠢᠶ᠎ᠡ ᠨᠢ 635 ᠬᠥᠮᠦᠨ ᠢ  ᠬᠠᠮᠤᠷᠪᠠ︶᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号