2023 ᠣᠨ ᠳᠤ᠂ ᠠᠪᠠᠭ᠎ᠠ ᠬᠤᠰᠢᠭᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠲᠠᠢ ᠨᠢᠭᠲᠠ ᠤᠶᠠᠯᠳᠤᠭᠤᠯᠤᠨ᠂ ᠤᠯᠤᠰ ᠤᠨ ᠴᠢᠬᠤᠯᠠ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠬᠠᠷᠠᠯᠲᠠ ᠶᠢᠨ | ᠲᠣᠭᠤᠷᠢᠨ ᠳᠤ᠂ ᠪᠥᠬᠦ ᠬᠤᠰᠢᠭᠤᠨ ᠤ ᠮᠠᠯ ᠠᠵᠤ ᠠᠬᠤᠶ ᠶᠢᠨ ᠳᠠᠪᠠᠭᠤᠯᠢᠭ ᠡᠬᠢ ᠪᠠᠶᠠᠯᠢᠭ ᠤᠨ ᠳᠠᠪᠠᠭᠤᠯᠢᠭ ᠲᠤ | ᠰᠠᠭᠤᠷᠢᠯᠠᠨ᠂ ᠲᠤᠯᠤᠭᠠᠶᠢᠯᠠᠭᠴᠢ ᠠᠵᠤ ᠠᠬᠤᠶᠢᠯᠠᠯ ᠤᠨ ᠡᠷᠳᠡᠨᠢ ᠪᠠᠷ ᠵᠢᠱᠢᠶ᠎ᠡ ᠦᠵᠡᠭᠦᠯᠬᠦ ᠪᠠ ᠵᠠᠬ᠎ᠠ ᠳᠡᠯᠭᠡᠭᠦᠷ ᠤᠨ | ᠥᠷᠢᠰᠥᠯᠳᠦᠬᠦ ᠬᠦᠴᠦᠨ ᠢ ᠭᠦᠢᠴᠡᠳ ᠠᠭᠤᠳᠠᠯᠤᠨ ᠪᠠᠳᠠᠷᠠᠭᠤᠯᠵᠤ᠂ ᠨᠡᠶᠢᠲᠡ 3250 ᠲᠦᠮᠡᠨ ᠲᠥᠭᠦᠷᠢᠭ ᠤᠨ | ᠲᠦᠮᠡᠨ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠢ ᠲᠥᠯᠥᠪᠵᠢᠭᠦᠯᠦᠨ | ᠬᠡᠷᠡᠭᠵᠢᠭᠦᠯᠵᠦ᠂ ᠫᠧᠩ ᠰᠠᠷᠠᠪᠴᠢ 10᠂ ᠡᠪᠡᠰᠦ ᠬᠠᠳᠠᠭᠠᠯᠠᠬᠤ ᠰᠠᠷᠠᠪᠴᠢ 1᠂ ᠣᠷᠣᠨ ᠨᠤᠲᠤᠭ ᠤᠨ ᠠᠵᠤ | ᠠᠬᠤᠶᠢᠯᠠᠯ ᠤᠨ ᠰᠣᠶᠣᠯ ᠤᠨ ᠦᠵᠡᠭᠦᠯᠦᠯᠭᠡ ᠶᠢᠨ ᠣᠷᠳᠣᠨ 1 ᠪᠠᠶᠢᠭᠤᠯᠵᠤ᠂ 1 ᠲᠦᠮᠡ ᠭᠠᠷᠤᠶ ᠮᠢᠬᠠᠨ ᠤ ᠬᠤᠨᠢ | ᠲᠡᠵᠢᠭᠡᠨ ᠦᠷᠡᠵᠢᠭᠦᠯᠬᠦ ᠬᠡᠪᠴᠢᠶ᠎ᠡ ᠶᠢ ᠪᠠᠶᠢᠭᠤᠯᠪᠠ᠃ ᠣᠳᠣᠬᠠᠨ ᠳᠤ ᠨᠢᠭᠡᠨᠲᠡ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠵᠤ᠂ ᠵᠢᠱᠢᠯᠲᠡ ᠪᠠᠷ 2024 ᠣᠨ ᠳᠤ 3000 ᠲᠦᠮᠡᠨ ᠲᠥᠭᠦᠷᠢᠭ ᠤᠨ | ᠦᠢᠯᠡᠳᠬᠦᠨ ᠤ ᠥᠷᠲᠡᠭ ᠢ ᠪᠡᠶᠡᠯᠡᠭᠦᠯᠬᠦ ᠪᠣᠯᠤᠨ᠎ᠠ᠃ | ᠨᠢᠭᠡ ᠳᠤ᠂ ︽ᠨᠠᠮ ᠤᠨ ᠡᠭᠦᠷ+ ᠲᠤᠯᠤᠭᠠᠶᠢᠯᠠᠭᠴᠢ ᠠᠵᠤ ᠠᠬᠤᠶᠢᠯᠠᠯ+ ᠰᠢᠯᠢᠳᠡᠭ ᠮᠠᠯᠵᠢᠬᠤ ᠡᠷᠦᠬᠡ︾ | ᠶᠢᠨ ᠮᠠᠯᠴᠢᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠤᠭᠠᠯᠠᠬᠤ ᠲᠤᠭᠲᠠᠯᠴᠠᠭ᠎ᠠ ᠶᠢ ᠰᠦᠪᠡᠭᠴᠢᠯᠡᠨ | ᠪᠠᠶᠢᠭᠤᠯᠪᠠ᠃ ᠪᠦᠬᠦ᠋ᠢᠯᠡ ᠲᠣᠰᠬᠤᠨ ᠢᠶᠠᠷ ᠠᠬᠢᠭᠤᠯᠬᠤ᠂ ᠭᠡᠰᠢᠭᠦᠨ ᠤ ᠳᠦᠷᠢᠮ ᠢ ᠪᠠᠶᠢᠭᠤᠯᠬᠤ ᠵᠡᠷᠭᠡ ᠠᠷᠭ᠎ᠠ | ᠬᠡᠯᠪᠡᠷᠢ ᠪᠠᠷ ᠳᠠᠮᠵᠢᠨ᠂ ᠬᠤᠨᠢᠨ ᠤ ᠢᠷᠡᠯᠲᠡ ᠶᠢ ᠲᠣᠭᠲᠠᠪᠤᠷᠢᠵᠢᠭᠤᠯᠤᠨ᠂ ᠨᠢᠭᠲᠠ ᠬᠡᠯᠪᠡᠷᠢ ᠶᠢᠨ ᠬᠤᠯᠪᠤᠭᠠᠯᠠᠬᠤ | ᠲᠣᠭᠲᠠᠴᠠ ᠶᠢ ᠪᠠᠶᠢᠭᠤᠯᠤᠨ᠂ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶᠠᠵᠢᠯ ᠤᠨ ᠲᠠᠯ᠎ᠠ ᠪᠠᠷ ᠪᠤᠵᠠᠭᠠᠶᠢᠷᠠᠨ | ᠬᠦᠴᠦᠷᠬᠡᠭᠵᠢᠬᠦ ᠶᠢ ᠴᠢᠷᠮᠠᠶᠢᠨ ᠪᠡᠶᠡᠯᠡᠭᠦᠯᠵᠦ᠂ ᠮᠠᠯᠴᠢᠳ ᠠᠵᠤ ᠦᠢᠯᠡᠰ ᠤᠨ ᠬᠡᠯᠬᠢᠶᠠᠵᠢᠯ ᠤᠨ ᠲᠠᠯ᠎ᠠ ᠪᠠᠷ | ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠨ᠎ᠡ᠃ ᠣᠳᠣᠬᠠᠨ ᠳᠤ ᠨᠢᠭᠡᠨᠲᠡ 2 ᠭᠠᠴᠠᠭ᠎ᠠ ᠲᠠᠢ | ᠬᠠᠮᠲᠤᠷᠠᠭᠰᠠᠨ ᠨᠠᠮ ᠤᠨ ᠡᠭᠦᠷ ᠪᠠᠶᠢᠭᠤᠯᠵᠤ᠂ 5 ᠭᠠᠴᠠᠭ᠎ᠠ ᠶᠢᠨ 383 ᠮᠠᠯᠵᠢᠬᠤ ᠡᠷᠦᠬᠡ ᠶᠢ ᠲᠠᠶᠢᠴᠢᠯᠡᠨ | ᠵᠢᠯᠣᠭᠤᠳᠴᠤ ᠡᠷᠳᠡᠨᠢ ᠺᠤᠮᠫᠠᠨᠢ ᠶᠢᠨ ᠭᠡᠰᠢᠭᠦᠨ ᠳᠤ ᠣᠷᠣᠭᠤᠯᠵᠤ᠂ ᠮᠠᠯᠴᠢᠳ ᠤᠨ ᠬᠠᠪᠤᠷ ᠤᠨ ᠲᠥᠯ ᠪᠠ | ᠡᠪᠦᠯ ᠤᠨ ᠲᠥᠯ ᠲᠤᠰᠬᠤ ᠢᠳᠡᠪᠬᠢᠵᠢᠯ ᠢ ᠭᠦᠢᠴᠡᠳ ᠳᠠᠶᠢᠴᠢᠯᠠᠨ᠂ ᠤᠯᠠᠷᠢᠯ ᠵᠥᠷᠢᠭᠦᠯᠦᠨ ᠦᠷ᠎ᠡ ᠪᠦᠲᠦᠮᠵᠢ | ᠣᠯᠵᠤ᠂ ᠡᠭᠦᠨ ᠤ ᠬᠠᠮᠲᠤ ᠡᠪᠦᠯ ᠤᠨ ᠲᠠᠷᠭᠤ ᠬᠦᠴᠦ ᠨᠢ ᠪᠠᠭᠤᠷᠠᠶ᠂ ᠡᠪᠦᠯ ᠢ ᠥᠩᠭᠡᠷᠡᠭᠡᠬᠦ ᠳᠤ ᠬᠦᠴᠢᠷᠲᠡᠶ ᠲᠠᠷᠭᠤ | ᠬᠦᠴᠦ ᠠᠨᠠᠢ ᠬᠤᠨᠢ ᠶᠢ ᠬᠤᠳᠠᠯᠳᠤᠨ ᠠᠪᠬᠤ ᠪᠠᠷ ᠳᠡᠮᠵᠢᠨ ᠲᠥᠪᠯᠡᠷᠡᠭᠦᠯᠦᠨ ᠪᠣᠷᠳᠤᠭ᠎ᠠ ᠨᠥᠬᠦᠪᠥᠷᠢᠯᠡᠵᠦ᠂ ᠠᠵᠤ | ᠠᠬᠤᠶᠢᠯᠠᠯ ᠤᠨ ᠠᠵᠢᠯ ᠤᠨ ᠬᠤᠭᠤᠴᠠᠭ᠎ᠠ ᠶᠢ 4 ᠰᠠᠷ᠎ᠠ ᠪᠠᠶᠢᠭᠰᠠᠨ ᠠᠴᠠ 6 ᠰᠠᠷ᠎ᠠ ᠪᠣᠯᠭᠠᠨ ᠤᠷᠲᠤᠳᠬᠠᠵᠤ᠂ ᠠᠵᠤ | ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ᠂ ᠨᠤᠲᠤᠭ ᠪᠡᠯᠴᠢᠭᠡᠷ ᠢ ᠬᠠᠮᠠᠭᠠᠯᠠᠬᠤ | ᠵᠣᠷᠢᠯᠭ᠎ᠠ ᠳᠠᠭᠠᠨ ᠦᠨᠡᠨ ᠬᠦ ᠬᠦᠷᠴᠦ ᠪᠠᠶᠢᠨ᠎ᠠ᠃ ᠲᠦᠮᠡᠨ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ | ᠠᠰᠢᠭᠯᠠᠯᠲᠠ ᠳᠤ ᠤᠷᠤᠭᠰᠠᠨ ᠠᠴᠠ ᠨᠠᠰᠢ᠂ ᠮᠠᠯᠵᠢᠬᠤ ᠡᠷᠦᠬᠡ ᠶᠢᠨ ᠡᠪᠦᠯᠵᠢᠬᠦ ᠳᠤ ᠬᠦᠴᠢᠷ᠂ ᠲᠠᠷᠭᠤ ᠬᠦᠴᠦ | ᠠᠨᠠᠢ᠂ ᠪᠤᠷᠤᠯᠠᠭᠤᠯᠬᠤ ᠳᠤ ᠬᠦᠴᠢᠷᠲᠡᠶ ᠬᠤᠨᠢ ︵ᠪᠠᠭᠤᠷᠠᠢ ᠬᠤᠷᠠᠭ᠎ᠠ ᠪᠠ ᠬᠦᠭᠰᠢᠨ ᠡᠮ᠎ᠡ ᠬᠤᠨᠢ︶ 1.05 | ᠲᠦᠮᠡᠨ ᠲᠣᠯᠣᠭᠠᠶ ᠬᠤᠳᠠᠯᠳᠤᠨ ᠠᠪᠴᠤ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 4000 - 5000 | ᠲᠥᠭᠦᠷᠢᠭ ᠨᠡᠮᠡᠭᠳᠡᠭᠦᠯᠪᠡ᠃ | ᠬᠤᠶᠠᠷ ᠲᠤ᠂ ᠪᠠᠷᠢᠮᠵᠢᠶᠠᠵᠢᠭᠤᠯᠤᠭᠰᠠᠨ ᠠᠷᠠᠴᠢᠯᠠᠨ ᠲᠡᠵᠢᠭᠡᠬᠦ ᠬᠠᠮᠢᠶᠠᠷᠤᠯᠲᠠ ᠪᠠ ᠣᠷᠴᠢᠯ ᠬᠤᠳᠠᠯᠳᠤᠨ | ᠠᠪᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠴᠢᠨᠠᠷ ᠰᠠᠶᠢᠲᠠᠶ ᠰᠢᠯᠢ ᠶᠢᠨ ᠭᠤᠤᠯ ᠬᠤᠨᠢ ᠪᠣᠯᠤᠨ ᠣᠷᠣᠨ | ᠨᠤᠲᠤᠭ ᠤᠨ ᠤᠷᠢᠶᠠᠩᠬᠠᠶ ᠬᠤᠨᠢ ᠶᠢ ᠬᠤᠳᠠᠯᠳᠤᠨ ᠠᠪᠬᠤ ᠪᠠᠷᠢᠮᠵᠢᠶ᠎ᠠ ᠪᠣᠯᠭᠠᠨ᠂ 15 ᠡᠳᠦᠷ ᠢᠶᠠᠷ ᠬᠤᠳᠠᠯᠳᠤᠨ | ᠠᠪᠬᠤ ᠦᠶᠡᠯᠡᠯ ᠤᠨ ᠬᠤᠭᠤᠴᠠᠭ᠎ᠠ ᠪᠣᠯᠭᠠᠵᠤ᠂ ᠳᠥᠷᠪᠡᠨ ᠤᠯᠠᠷᠢᠯ ᠢᠶᠠᠷ ᠨᠥᠬᠦᠪᠥᠷᠢᠯᠡᠨ ᠭᠠᠷᠬᠤ ᠠᠷᠭ᠎ᠠ ᠵᠠᠮ | ᠪᠣᠯᠭᠠᠵᠤ᠂ 1 ᠲᠦᠮᠡᠨ ᠬᠤᠨᠢ ᠶᠢ ᠥᠨᠳᠥᠷ ᠦᠨ᠎ᠡ ᠪᠠᠷ ᠬᠤᠳᠠᠯᠳᠤᠨ ᠠᠪᠬᠤ ᠰᠢᠰᠲ᠋ᠧᠮ ᠢ ᠰᠦᠪᠡᠭᠴᠢᠯᠡᠨ | ᠪᠠᠶᠢᠭᠤᠯᠪᠠ᠃ ᠲᠡᠵᠢᠭᠡᠯ ᠪᠣᠷᠳᠣᠭᠠᠨ ᠤ ᠨᠠᠶᠢᠷᠠᠯᠭ᠎ᠠ ᠶᠢ ᠰᠢᠯᠢᠳᠡᠭᠵᠢᠭᠦᠯᠵᠦ᠂ ᠪᠡᠭᠡᠵᠢᠩ ᠤᠨ ᠶᠢᠨ ᠯᠦᠩ ᠸᠧᠶ ᠶᠧ | ᠲᠡᠵᠢᠭᠡᠯ ᠪᠣᠷᠳᠣᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠲᠤᠰᠬᠠᠶ ᠪᠠᠶᠢᠭᠤᠯᠤᠮᠵᠢ | ᠲᠠᠢ ᠪᠠᠶᠢᠩᠭᠤ ᠶᠢᠨ ᠬᠠᠮᠲᠤᠷᠠᠯᠴᠠᠭ᠎ᠠ ᠬᠢᠵᠦ᠂ ᠦᠢᠯᠡᠳᠤᠯᠬᠡ ᠶᠢᠨ ᠳᠤᠮᠳᠠ ᠤᠯᠠᠷᠢᠯ ᠤᠨ ᠬᠤᠪᠢᠷᠠᠯᠲᠠ ᠶᠢ | ᠦᠨᠳᠦᠰᠦᠯᠡᠨ᠂ ᠬᠥᠬᠡ ᠡᠪᠡᠰᠦ᠂ ᠡᠷᠳᠡᠨᠢ ᠰᠢᠰᠢ ᠵᠡᠷᠭᠡ ᠪᠠᠷ ᠭᠤᠤᠯ ᠪᠣᠯᠭᠠᠭᠰᠠᠨ ᠴᠢᠨᠠᠷ ᠰᠠᠶᠢᠲᠠᠶ ᠲᠡᠵᠢᠭᠡᠯ | ᠪᠣᠷᠳᠣᠭᠠᠨ ᠤ ᠨᠠᠶᠢᠷᠠᠯᠭ᠎ᠠ ᠶᠢ ᠰᠢᠯᠢᠳᠡᠭᠵᠢᠭᠦᠯᠦᠨ ᠰᠠᠶᠢᠵᠢᠷᠠᠭᠤᠯᠬᠤ ᠶᠢᠨ ᠬᠠᠮᠲᠤ ᠬᠠᠭᠤᠷᠠᠶ ᠡᠪᠡᠰᠦ 3 ᠵᠢᠩ᠂ | ᠲᠡᠵᠢᠭᠡᠯ ᠪᠣᠷᠳᠤᠭ᠎ᠠ 0.5 - 0.8 ᠵᠢᠩ ᠡᠳᠦᠷ ᠪᠦᠷᠢ ᠶᠢᠨ ᠪᠠᠷᠢᠮᠵᠢᠶ᠎ᠠ ᠪᠠᠷ ᠡᠪᠡᠰᠦ ᠪᠣᠷᠳᠤᠭ᠎ᠠ ᠨᠥᠭᠡᠴᠡᠯᠡᠵᠦ᠂ | ᠬᠥᠮᠥᠷᠭᠡ ᠶᠢᠨ ᠬᠠᠳᠠᠭᠠᠯᠠᠴᠠ ᠶᠢᠨ ᠬᠡᠮᠵᠢᠶ᠎ᠡ ᠶᠢ 15 ᠡᠳᠦᠷ ᠠᠴᠠ ᠳᠡᠭᠡᠭᠰᠢ ᠳᠤ ᠬᠦᠷᠦᠭᠦᠯᠵᠦ᠂ ᠮᠢᠬᠠᠨ ᠤ ᠬᠤᠨᠢ | ᠲᠡᠵᠢᠭᠡᠨ ᠦᠷᠡᠵᠢᠭᠦᠯᠬᠦ ᠰᠢᠮ᠎ᠡ ᠲᠡᠵᠢᠭᠡᠯ ᠤᠨ ᠲᠡᠩᠴᠡᠭᠦᠷᠢᠲᠡᠶ ᠪᠠᠶᠢᠬᠤ ᠶᠢ ᠦᠨᠡᠨᠬᠦ ᠪᠠᠲᠤᠯᠠᠨ᠎ᠠ᠃ ᠨᠠᠷᠢᠯᠢᠭ | ᠣᠨᠣᠴᠠᠲᠠᠶ ᠪᠠᠷ ᠲᠥᠷᠥᠯ ᠬᠤᠪᠢᠶᠠᠨ ᠲᠡᠵᠢᠭᠡᠨ ᠦᠷᠡᠵᠢᠭᠦᠯᠬᠦ ᠠᠵᠢᠯ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ | ᠲᠣᠭᠲᠠᠭᠠᠵᠤ᠂ ᠲᠠᠯᠠᠪᠠᠢ ᠳᠤ ᠣᠷᠣᠵᠤ ᠠᠵᠢᠭᠯᠠᠬᠤ᠂ ᠠᠩᠬ᠎ᠠ ᠠᠯᠬᠤᠮ ᠲᠡᠵᠢᠭᠡᠯ ᠨᠥᠬᠦᠪᠥᠷᠢᠯᠡᠬᠦ ᠪᠠ ᠲᠥᠷᠥᠯ | ᠬᠤᠪᠢᠶᠠᠨ ᠲᠡᠵᠢᠭᠡᠯ ᠥᠭᠴᠦ ᠭᠠᠷᠭᠠᠬᠤ 3 ᠲᠡᠵᠢᠭᠡᠨ ᠦᠷᠡᠵᠢᠭᠦᠯᠬᠦ ᠲᠤᠭᠤᠷᠢᠭ ᠢ ᠰᠢᠨᠵᠢᠯᠡᠬᠦ ᠤᠬᠠᠭᠠᠨᠴᠢ ᠪᠠᠷ | ᠬᠤᠪᠢᠶᠠᠷᠢᠯᠠᠨ ᠲᠣᠭᠲᠠᠭᠠᠵᠤ᠂ ᠰᠢᠨ᠎ᠡ ᠪᠠᠷ ᠬᠤᠳᠠᠯᠳᠤᠨ ᠠᠪᠤᠭᠰᠠᠨ ᠬᠤᠨᠢᠨ ᠳᠤ 15 ᠡᠳᠦᠷ ᠤᠨ ᠲᠡᠵᠢᠭᠡᠯ | ᠨᠥᠬᠦᠪᠥᠷᠢᠯᠡᠬᠦ ᠠᠵᠢᠭᠯᠠᠯᠲᠠ᠂ ᠬᠤᠭᠤᠴᠠᠭᠠᠨ ᠤ ᠡᠭᠡᠯᠢᠯᠡᠭᠡ ᠶᠢ ᠪᠡᠶᠡᠯᠡᠭᠦᠯᠵᠦ᠂ ᠬᠢᠷᠢ ᠲᠡᠩᠴᠡᠭᠰᠡᠨ ᠤ ᠳᠠᠷᠠᠭ᠎ᠠ | ᠠᠩᠬ᠎ᠠ ᠠᠯᠬᠤᠮ ᠤᠨ ᠲᠡᠵᠢᠭᠡᠯ ᠨᠥᠬᠦᠪᠦᠷᠢᠯᠡᠬᠦ ᠲᠤᠭᠤᠷᠢᠭ ᠲᠤ ᠰᠢᠯᠵᠢᠭᠦᠯᠦᠨ 30 -35 ᠡᠳᠦᠷ ᠤᠨ ᠲᠡᠵᠢᠭᠡᠯ | ᠨᠥᠬᠦᠵᠦ ᠪᠣᠷᠳᠣᠨ ᠭᠠᠷᠭᠠᠬᠤ ᠲᠤᠭᠤᠷᠢᠭ ᠲᠤ ᠣᠷᠣᠭᠤᠯᠵᠤ᠂ ᠪᠡᠶ᠎ᠡ ᠶᠢᠨ ᠬᠦᠨᠳᠦ ᠶᠢ ᠨᠢ ᠦᠨᠳᠦᠰᠦᠯᠡᠨ ᠲᠥᠷᠥᠯ | ᠬᠤᠪᠢᠶᠠᠨ ᠲᠡᠵᠢᠭᠡᠯ ᠨᠥᠬᠦᠪᠥᠷᠢᠯᠡᠵᠦ ᠪᠣᠷᠣᠯᠠᠭᠤᠯᠬᠤ ᠲᠤᠭᠤᠷᠢᠭ ᠲᠤ 30-35 ᠡᠳᠦᠷ ᠤᠨ ᠳᠣᠲᠣᠷ᠎ᠠ | ᠬᠠᠷᠢᠭᠤᠯᠵᠤ ᠲᠡᠵᠢᠭᠡᠯ ᠨᠥᠬᠦᠪᠥᠷᠢᠯᠡᠨ᠂ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠪᠣᠷᠣᠯᠠᠭᠤᠯᠵᠤ᠂ | ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠣᠷᠣᠨ ᠤ ᠲᠡᠵᠢᠭᠡᠵᠦ ᠪᠠᠶᠢᠭ᠎ᠠ ᠬᠤᠨᠢ ᠶᠢ 3 ᠪᠦᠯᠦᠭ ᠬᠤᠪᠢᠶᠠᠵᠤ᠂ | ᠵᠦᠶ ᠵᠣᠬᠢᠰᠲᠠᠶ ᠪᠡᠯᠴᠢᠭᠡᠷᠯᠡᠭᠦᠯᠬᠦ ᠴᠠᠭ ᠢ ᠲᠣᠭᠲᠠᠭᠠᠨ᠂ ᠦᠳᠡ ᠶᠢᠨ ᠡᠮᠦᠨ᠎ᠡ ᠶᠢᠨ 2 ᠴᠠᠭ᠂ ᠦᠳᠡ ᠶᠢᠨ | ᠬᠤᠶᠢᠨᠠᠬᠢ 2 ᠴᠠᠭ ᠢ ᠲᠣᠭᠲᠠᠭᠠᠵᠤ᠂ ᠣᠷᠣᠨ ᠪᠦᠰᠡ ᠨᠢᠭᠡᠪᠦᠷᠢ ᠶᠢᠨ ᠪᠡᠯᠴᠢᠭᠡᠷᠯᠡᠭᠦᠯᠬᠦ ᠴᠠᠭ ᠤᠨ ᠬᠢᠵᠠᠭᠠᠷ ᠢ 5 | ᠡᠳᠦᠷ ᠠᠴᠠ ᠬᠡᠲᠦᠷᠡᠭᠦᠯᠵᠦ ᠪᠣᠯᠬᠤ ᠦᠭᠡᠢ᠂ ᠪᠣᠢ ᠪᠦᠬᠦᠢ ᠬᠤᠨᠢᠨ ᠤ ᠰᠦᠷᠦᠭ ᠲᠤ ᠭᠦᠢᠴᠡᠳ ᠠᠵᠢᠯᠯᠠᠭᠠᠨ ᠤ | ᠲᠠᠯᠠᠪᠤᠷ ᠲᠠᠢ ᠪᠠᠶᠢᠬᠤ ᠶᠢ ᠦᠨᠡᠨᠬᠦ ᠪᠠᠲᠤᠯᠠᠨ᠎ᠠ᠃ ᠮᠥᠷᠳᠡᠨ ᠪᠠᠲᠤᠯᠠᠬᠤ ᠦᠢᠯᠡᠴᠢᠯᠡᠭᠡ ᠳᠤ᠂ ᠵᠧᠨ ᠰᠢᠨ ᠠᠮᠢᠳᠤ | ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠪᠠᠶᠢᠩᠭᠤ ᠶᠢᠨ ᠲᠣᠭᠲᠠᠭᠤᠨ | ᠬᠠᠮᠲᠤᠷᠠᠯᠴᠠᠬᠤ ᠵᠠᠭᠪᠤᠷ ᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠢᠯᠭᠠᠳᠠᠰᠤᠨ ᠤ ᠪᠣᠬᠢᠷᠲᠤᠯ ᠢ | ᠴᠡᠪᠡᠷᠯᠡᠨ ᠲᠡᠭᠡᠭᠡᠪᠦᠷᠢᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠬᠢᠨᠠᠨ ᠵᠢᠯᠣᠭᠤᠳᠴᠤ᠂ ᠰᠠᠭᠤᠷᠢᠨ ᠭᠠᠵᠠᠷ ᠤᠨ ᠡᠷᠡᠭᠦᠯ ᠬᠠᠮᠠᠭᠠᠯᠠᠯ ᠤᠨ ᠪᠠᠶᠢᠳᠠᠯ ᠢ ᠴᠠᠭ | ᠲᠤᠬᠠᠶ ᠳᠤᠨᠢ ᠬᠢᠨᠠᠨ ᠬᠡᠮᠵᠢᠨ᠎ᠡ︔ ᠨᠡᠶᠢᠭᠡᠮᠴᠢᠯᠡᠭᠰᠡᠨ ᠦᠢᠯᠡᠴᠢᠯᠡᠬᠡᠨ ᠤ ᠳᠠᠪᠠᠭᠤᠯᠢᠭ ᠢ ᠪᠠᠳᠠᠷᠠᠭᠤᠯᠵᠤ᠂ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ ᠲᠤ ᠬᠢᠵᠢᠭ ᠡᠪᠡᠳᠴᠢᠨ ᠢ ᠪᠠᠶᠢᠴᠠᠭᠠᠨ ᠬᠡᠮᠵᠢᠵᠦ ᠠᠪᠤᠷᠠᠨ ᠵᠠᠰᠠᠬᠤ᠂ | ᠡᠪᠡᠳᠴᠢᠨ ᠢᠶᠠᠷ ᠥᠭᠦᠭᠰᠡᠨ ᠮᠠᠯ ᠢ ᠬᠤᠤᠷ ᠥᠬᠡᠶ ᠪᠣᠯᠭᠠᠨ ᠰᠢᠢᠳᠪᠤᠷᠢᠯᠡᠬᠦ ᠵᠡᠷᠭᠡ ᠵᠢᠯᠣᠭᠤᠳᠬᠤ ᠦᠢᠯᠡᠴᠢᠯᠡᠭᠡ | ᠬᠠᠩᠭᠠᠨ᠎ᠠ᠃ 9 ᠰᠠᠷ᠎ᠠ ᠳᠤ ᠲᠦᠮᠡᠨ ᠬᠤᠨᠢᠨ ᠤ ᠰᠠᠭᠤᠷᠢᠨ ᠭᠠᠵᠠᠷ ᠠᠰᠢᠭᠯᠠᠯᠲᠠ ᠳᠤ ᠤᠷᠤᠭᠰᠠᠨ ᠠᠴᠠ ᠨᠠᠰᠢ᠂ | ᠬᠤᠨᠢ ᠬᠤᠳᠠᠯᠳᠤᠨ ᠠᠪᠬᠤ᠂ ᠲᠡᠵᠢᠭᠡᠯ ᠪᠣᠷᠳᠤᠭ᠎ᠠ ᠲᠣᠬᠢᠷᠠᠭᠤᠯᠬᠤ᠂ ᠣᠷᠣᠨ ᠬᠤᠪᠢᠶᠠᠨ ᠡᠭᠡᠯᠵᠢᠯᠡᠨ ᠮᠠᠯᠵᠢᠬᠤ᠂ | ᠬᠠᠰᠢᠶᠠᠯᠠᠨ ᠲᠡᠵᠢᠭᠡᠬᠦ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠠᠯᠬᠤᠮ ᠠᠯᠬᠤᠮ ᠢᠶᠠᠷ ᠪᠠᠬᠢᠵᠢᠭᠦᠯᠵᠦ᠂ ᠰᠠᠭᠤᠷᠢᠨ ᠭᠠᠵᠠᠷ ᠤᠨ ᠰᠡᠭᠦᠯᠴᠢ ᠶᠢᠨ ᠬᠤᠭᠤᠴᠠᠭᠠᠨ ᠤ ᠥᠨᠳᠥᠷ | ᠪᠦᠲᠦᠮᠵᠢᠲᠡᠶ ᠠᠵᠢᠯᠯᠠᠭᠠᠨ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ ᠪᠠᠷᠢᠮᠵᠢᠶᠠᠵᠢᠭᠤᠯᠤᠨ ᠲᠡᠵᠢᠭᠡᠨ | ᠠᠷᠠᠴᠢᠯᠠᠬᠤ ᠬᠠᠮᠢᠶᠠᠷᠤᠯᠲᠠ ᠪᠠ ᠡᠷᠭᠢᠯᠳᠦᠭᠦᠯᠦᠨ ᠬᠤᠳᠠᠯᠳᠤᠨ ᠠᠪᠬᠤ ᠰᠢᠰᠲ᠋ᠧᠮᠵᠢ ᠶᠢᠨ ᠲᠣᠭᠲᠠᠭᠤᠨ | ᠠᠵᠢᠯᠯᠠᠭᠠᠨ ᠢᠶᠠᠷ ᠳᠠᠮᠵᠢᠭᠤᠯᠤᠨ᠂ ᠮᠠᠯᠴᠢᠳ ᠤᠨ ᠣᠷᠳᠣ ᠬᠤᠭᠤᠴᠠᠭᠠᠨ ᠤ ᠲᠤᠷᠰᠢ ᠲᠤᠯᠭᠠᠷᠠᠵᠤ ᠪᠠᠶᠢᠭ᠎ᠠ ︽ | ᠬᠥᠭᠰᠢᠨ ᠪᠠᠭᠤᠷᠠᠶ ᠬᠤᠨᠢ︾ ᠶᠢ ᠪᠣᠷᠣᠯᠠᠭᠤᠯᠬᠤ ᠳᠤ ᠬᠦᠴᠢᠷ᠂ ᠪᠡᠯᠴᠢᠭᠡᠷᠯᠡᠭᠦᠯᠬᠦ ᠶᠢ ᠵᠣᠭᠰᠤᠭᠠᠬᠤ | ᠬᠤᠭᠤᠴᠠᠭᠠᠨ ᠳᠤ ᠬᠤᠷᠢᠶᠠᠬᠤ ᠬᠥᠮᠥᠨ ᠦᠭᠡᠢ᠂ ᠣᠨᠴᠠᠭᠠᠢ ᠭᠠᠮᠰᠢᠭ ᠤᠨ ᠵᠢᠯ ᠤᠨ ᠥᠪᠡᠷ ᠤᠨ ᠥᠷᠲᠡᠭ ᠲᠤᠤᠷ᠎ᠠ | ᠵᠡᠷᠭᠡ ᠠᠰᠠᠭᠤᠳᠠᠯ ᠶᠠᠭ ᠠᠯᠬᠤᠮ ᠠᠯᠬᠤᠮ ᠢᠶᠠᠷ ᠰᠢᠢᠳᠪᠦᠷᠢᠯᠡᠭᠳᠡᠵᠦ ᠪᠠᠶᠢᠨ᠎ᠠ᠂ ᠠᠵᠤ ᠠᠬᠤᠶᠢᠯᠠᠯ ᠳᠤ ᠲᠤᠯᠭᠠᠷᠠᠵᠤ | ᠪᠠᠶᠢᠭ᠎ᠠ ᠠᠯᠠᠵᠤ ᠨᠢᠲᠤᠯᠵᠤ ᠡᠳ᠋ᠰᠢᠭᠦᠯᠬᠦ ᠦᠶᠡᠯᠡᠯ ᠤᠨ ᠬᠤᠭᠤᠴᠠᠭ᠎ᠠ ᠣᠬᠤᠷ᠂ ᠲᠥᠪᠯᠡᠷᠡᠭᠦᠯᠦᠨ ᠬᠤᠳᠠᠯᠳᠤᠨ | ᠠᠪᠬᠤ ᠳᠠᠷᠤᠯᠲᠠ ᠶᠡᠭᠡ᠂ ᠵᠠᠬ᠎ᠠ ᠳᠡᠯᠭᠡᠭᠦᠷ ᠤᠨ ᠥᠷᠢᠰᠦᠯᠳᠦᠬᠦ ᠴᠢᠳᠠᠪᠤᠷᠢ ᠪᠠᠭᠤᠷᠠᠶ ᠵᠡᠷᠭᠡ ᠠᠰᠠᠭᠤᠳᠠᠯ ᠢ ᠶᠠᠭ | ᠨᠢᠭᠡ ᠨᠢᠭᠡ ᠪᠠᠷ ᠰᠢᠢᠳᠪᠦᠷᠢᠯᠡᠵᠦ ᠪᠠᠶᠢᠨ᠎ᠠ᠃ ︽ᠬᠤᠶᠠᠷ ᠵᠢᠯ ᠳᠤ ᠭᠤᠷᠪᠠᠨ ᠬᠤᠷᠠᠭ᠎ᠠ᠂ ᠮᠠᠯ ᠤᠨ ᠭᠠᠷᠭᠠᠯᠲᠠ︾ | ᠶᠢᠨ ᠦᠢᠯᠡᠳᠪᠦᠷᠢᠯᠡᠯ ᠤᠨ ᠵᠠᠭᠪᠤᠷ ᠨᠢ ᠨᠠᠩ ᠣᠯᠠᠨ ᠮᠠᠯᠴᠢᠳ ᠢ ᠮᠡᠳᠡᠷᠡᠨ ᠵᠥᠪᠰᠢᠶᠡᠷᠡᠭᠰᠡᠨ ᠪᠥᠭᠡᠳ ᠤᠯᠠᠮ ᠨᠢᠭᠡ | ᠠᠯᠬᠤᠮ ᠳᠡᠯᠭᠡᠷᠡᠭᠦᠯᠦᠨ ᠬᠡᠷᠡᠭᠯᠡᠵᠦ᠂ ᠨᠤᠲᠤᠭ ᠪᠡᠯᠴᠢᠭᠡᠷ ᠪᠠ ᠨᠤᠲᠤᠭ ᠪᠡᠯᠴᠢᠭᠡᠷ ᠤᠨ ᠲᠡᠩᠴᠡᠭᠦᠷᠢ ᠶᠢᠨ | ᠳᠠᠷᠤᠯᠲᠠ ᠶᠢ ᠡᠬᠢ ᠡᠭᠦᠰᠦᠯ ᠠᠴᠠ ᠨᠢ ᠨᠠᠮᠳᠠᠭᠤᠯᠵᠤ᠂ ᠠᠮᠢ ᠠᠬᠤᠶ ᠰᠠᠶᠢᠨ᠂ ᠦᠢᠯᠡᠳᠪᠦᠷᠢᠯᠡᠯ ᠤᠨ | ᠬᠥᠭᠵᠢᠯᠲᠡ ᠶᠢᠨ ᠬᠤᠤᠰ ᠢᠯᠠᠯᠲᠠ ᠶᠢᠨ ᠬᠠᠷᠠᠯᠲᠠ ᠶᠢ ᠪᠡᠶᠡᠯᠡᠭᠦᠯᠬᠦ ᠳᠤ ᠰᠠᠭᠤᠷᠢ ᠶᠢ ᠪᠠᠬᠢᠵᠢᠭᠦᠯᠪᠡ᠃ | ᠭᠤᠷᠪᠠ ᠳᠤ᠂ ᠲᠤᠷᠰᠢᠯᠭ᠎ᠠ ᠠᠷᠭ᠎ᠠ ᠬᠢᠳᠡᠯ ᠢ ᠦᠷᠭᠦᠯᠵᠢᠯᠡᠨ ᠳᠡᠯᠭᠡᠷᠡᠭᠦᠯᠦᠨ᠎ᠡ᠃ 2024 ᠣᠨ ᠤ 3 | ᠰᠠᠷ᠎ᠠ ᠶᠢᠨ ᠳᠤᠮᠳᠠᠴᠢ ᠪᠠᠷ ᠰᠢᠨ᠎ᠡ ᠨᠢᠭᠡ ᠡᠭᠡᠯᠵᠢ ᠶᠢᠨ ᠬᠠᠪᠤᠷ ᠤᠨ ᠤᠯᠠᠷᠢᠯ ᠤᠨ ᠬᠤᠳᠠᠯᠳᠤᠨ ᠠᠪᠬᠤ ᠠᠵᠢᠯ ᠢ | ᠡᠬᠢᠯᠡᠭᠦᠯᠵᠦ᠂ ᠭᠤᠤᠯᠳᠠᠭᠤ ᠲᠤᠬᠠᠶ ᠶᠢᠨ ᠭᠠᠵᠠᠷ ᠪᠠ ᠰᠢᠯᠢᠩᠬᠤᠲᠠ ᠵᠡᠷᠭᠡ ᠡᠷᠬᠢᠨ ᠲᠣᠭᠤᠷᠢᠨ ᠤ ᠭᠠᠵᠠᠷ | ᠣᠷᠣᠨ ᠠᠴᠠ 4000 - 5000 ᠬᠤᠨᠢ / ᠪᠦᠯᠦᠭ ᠤᠳᠠᠭ᠎ᠠ ᠶᠢᠨ ᠪᠠᠷᠢᠮᠵᠢᠶ᠎ᠠ ᠶᠣᠰᠣᠭᠠᠷ᠂ ᠰᠢᠯᠢ ᠶᠢᠨ ᠭᠤᠤᠯ | ᠬᠤᠴᠠ ᠶᠢ ᠣᠷᠴᠢᠯᠳᠤᠭᠤᠯᠤᠨ ᠬᠤᠳᠠᠯᠳᠤᠨ ᠠᠪᠬᠤ ᠶᠢᠨ ᠬᠠᠮᠲᠤᠲ᠋ᠠᠷᠭᠤ ᠬᠦᠴᠦ ᠨᠢ ᠪᠠᠭᠤᠷᠠᠶ᠂ ᠭᠠᠷᠭᠠᠯᠲᠠ ᠳᠤ | ᠬᠦᠴᠢᠷᠲᠡᠶ ᠵᠢᠴᠢ ᠬᠠᠪᠤᠷ ᠤᠨ ᠡᠷᠲᠡ ᠶᠢᠨ ᠬᠤᠷᠠᠭ᠎ᠠ᠂ ᠰᠢᠭᠰᠢᠭᠳᠡᠭᠰᠡᠨ ᠡᠮ᠎ᠡ ᠬᠤᠨᠢ 4 ᠲᠦᠮᠡ ᠣᠷᠴᠢᠮ ᠪᠠᠶᠢᠨ᠎ᠠ᠃ | ᠣᠳᠣᠬᠠᠨ ᠳᠤ ᠬᠤᠰᠢᠭᠤᠨ ᠤ 220 ᠭᠠᠷᠤᠶ ᠮᠠᠯᠴᠢᠨ ᠡᠷᠦᠬᠡ ᠲᠠᠢ ᠬᠠᠮᠲᠤᠷᠠᠨ ᠠᠵᠢᠯᠯᠠᠬᠤ ᠭᠡᠷ᠎ᠡ ᠲᠣᠭᠲᠠᠵᠤ᠂ | ᠬᠠᠪᠤᠷ ᠤᠨ ᠡᠷᠲᠡ ᠶᠢᠨ ᠲᠥᠯ ᠬᠤᠳᠠᠯᠳᠤᠨ ᠠᠪᠬᠤ ᠬᠡᠪᠴᠢᠶ᠎ᠡ ᠨᠢ 2 ᠲᠦᠮᠡ ᠭᠠᠷᠤᠶ ᠪᠠᠶᠢᠨ᠎ᠠ᠃ ᠬᠦᠢᠳᠠᠨ | ᠬᠡᠯᠬᠢᠶᠡᠲᠦ ᠡᠳ᠋ᠰᠢᠭᠦᠯᠦᠯᠲᠡ ᠶᠢᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠵᠤ᠂ ᠬᠦᠴᠦ ᠣᠷᠣᠭᠤᠯᠵᠤ | ᠪᠠᠶᠢᠭᠠᠳ ᠪᠦᠯᠦᠭ ᠬᠤᠪᠢᠶᠠᠨ ᠣᠷᠣᠭᠤᠯᠵᠤ ᠭᠠᠷᠭᠠᠬᠤ ᠪᠠ ᠬᠥᠯᠳᠡᠭᠡᠭᠰᠡᠨ ᠰᠢᠨ᠎ᠡ ᠰᠣᠷᠭᠤᠭ ᠮᠢᠬ᠎ᠠ ᠡᠳ᠋ᠰᠢᠭᠦᠯᠬᠦ | ᠦᠢᠯᠡᠳᠪᠤᠷᠢᠯᠡᠯ ᠢ ᠪᠦᠲᠦᠮᠵᠢᠲᠡᠶ ᠵᠣᠯᠭᠠᠭᠤᠯᠵᠤ᠂ ᠡᠳᠦᠷ ᠪᠦᠷᠢ 100 ᠲᠣᠯᠣᠭᠠᠶ ᠮᠢᠬᠠᠨ ᠤ ᠬᠤᠨᠢ ᠡᠳ᠋ᠰᠢᠭᠦᠯᠵᠦ᠂ | ᠪᠣᠷᠣᠯᠠᠭᠤᠯᠬᠤ ᠶᠠᠪᠤᠴᠠ ᠶᠢᠨ ᠳᠤᠯᠠᠭᠠᠨ ᠤ ᠬᠡᠮᠵᠢᠶ᠎ᠡ ᠶᠢᠨ ᠪᠥᠬᠦ ᠶᠠᠪᠤᠴᠠ ᠶᠢ 0 ~ 4 ℃ ᠪᠣᠯᠲᠠᠯ᠎ᠠ ᠡᠵᠡᠮᠳᠡᠨ᠂ | ᠪᠥᠬᠦ ᠶᠠᠪᠤᠴᠠ ᠶᠢᠨ ᠪᠠᠷᠢᠮᠵᠢᠶᠠᠵᠢᠭᠤᠯᠤᠭᠰᠠᠨ ᠬᠦᠢᠲᠡᠨ ᠬᠡᠯᠬᠢᠶᠡᠲᠦ ᠠᠵᠢᠯᠯᠠᠭ᠎ᠠ ᠶᠢ ᠦᠨᠡᠨ ᠬᠦ ᠪᠡᠶᠡᠯᠡᠭᠦᠯᠦᠨ᠎ᠡ᠃ | ᠤᠯᠠᠷᠢᠯ ᠵᠥᠷᠢᠭᠦᠯᠦᠨ ᠭᠠᠷᠭᠠᠬᠤ ᠶᠢᠨ ᠬᠠᠮᠲᠤ᠂ ᠠᠷᠭ᠎ᠠ ᠪᠦᠬᠦᠨ ᠢ ᠰᠦᠪᠡᠭᠴᠢᠯᠡᠨ ᠦᠢᠯᠡᠳᠬᠦᠨ ᠤ ᠥᠷᠲᠡᠭ ᠢ | ᠳᠡᠭᠡᠭᠰᠢᠯᠡᠭᠦᠯᠵᠦ᠂ ᠪᠥᠬᠦ ᠬᠤᠰᠢᠭᠤᠨ ᠤ ᠮᠢᠬᠠᠨ ᠤ ᠬᠤᠨᠢᠨ ᠤ ᠠᠵᠤ ᠦᠢᠯᠡᠰ ᠢ ᠨᠠᠷᠠᠲᠤ ᠲᠡᠮᠳᠡᠭᠵᠢᠭᠦᠯᠬᠦ᠂ ᠳᠡᠭᠡᠳᠦ | ᠲᠠᠰ ᠤᠨ ᠪᠣᠯᠭᠠᠬᠤ ᠳᠠᠰᠢ ᠤᠷᠤᠭᠰᠢᠯᠠᠭᠤᠯᠬᠤ ᠶᠢ ᠠᠬᠢᠭᠤᠯᠤᠨ᠎ᠠ᠃ ᠬᠢᠵᠢᠭ ᠢ ᠰᠡᠷᠭᠡᠶᠢᠯᠡᠬᠦ ᠰᠢᠰᠲ᠋ᠧᠮ ᠢ | ᠦᠷᠭᠦᠯᠵᠢᠯᠡᠨ ᠵᠢᠷᠤᠮᠵᠢᠭᠤᠯᠵᠤ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠣᠷᠣᠵᠤ ᠭᠠᠷᠬᠤ ᠡᠭᠦᠳᠡᠨ ᠳᠤ 1 | ᠠᠷᠢᠭᠤᠳᠬᠠᠬᠤ ᠲᠠᠲᠠᠭᠠᠯ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ᠂ ᠭᠠᠳᠠᠨ᠎ᠠ ᠠᠴᠠ ᠢᠷᠡᠭᠰᠡᠨ ᠲᠡᠷᠭᠡ ᠬᠥᠰᠬᠡ᠂ | ᠬᠥᠮᠦᠰ ᠢ ᠨᠢᠭᠡᠳᠦᠯᠲᠡᠶ ᠠᠷᠢᠭᠤᠳᠬᠠᠯ ᠬᠢᠵᠦ᠂ ᠶᠡᠭᠡ ᠰᠠᠶᠢᠨ ᠡᠮ ᠡᠮᠨᠡᠯᠭᠡ ᠲᠠᠢ ᠦᠷᠭᠦᠯᠵᠢᠯᠡᠨ ᠭᠦᠨᠵᠡᠭᠡᠶ | ᠬᠠᠮᠲᠤᠷᠠᠯᠴᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠪᠥᠬᠦ | ᠲᠠᠯ᠎ᠠ ᠪᠠᠷ ᠠᠷᠢᠭᠤᠳᠬᠠᠵᠤ᠂ ᠬᠢᠵᠢᠭ ᠡᠪᠡᠳᠴᠢᠨ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ | ᠴᠢᠩᠭᠠᠳᠬᠠᠨ᠂ ᠲᠦᠮᠡᠨ ᠬᠤᠨᠢᠨ ᠤ ᠰᠠᠭᠤᠷᠢᠨ ᠭᠠᠵᠠᠷ ᠤᠨ ᠠᠮᠤᠷ ᠲᠦᠪᠰᠢᠨ ᠥᠨᠳᠥᠷ ᠪᠦᠲᠦᠮᠵᠢᠲᠡᠶ | ᠡᠵᠡᠩᠨᠡᠯᠲᠡ ᠶᠢ ᠦᠨᠡᠨᠬᠦ ᠪᠠᠲᠤᠯᠠᠨ᠎ᠠ᠃ ᠰᠢᠨᠵᠢᠯᠡᠬᠦ ᠤᠬᠠᠭᠠᠨᠴᠢ ᠪᠣᠯᠪᠠᠰᠤᠷᠠᠯ ᠤᠨ ᠵᠢᠱᠢᠶ᠎ᠡ ᠦᠵᠡᠭᠦᠯᠦᠨ | ᠳᠠᠶᠢᠴᠢᠯᠠᠵᠤ᠂ ᠠᠵᠤ ᠠᠬᠤᠶᠢᠯᠠᠯ ᠢ ᠵᠢᠯᠣᠭᠤᠳᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠡᠳᠦᠷ ᠪᠦᠷᠢ ᠶᠢᠨ | ᠬᠤᠯᠢᠮᠠᠭ ᠠᠮᠤ ᠪᠤᠳᠠᠭ᠎ᠠ ᠶᠢ ᠰᠤᠳᠤᠯᠤᠨ ᠨᠡᠭᠡᠭᠡᠬᠦ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ | ᠬᠠᠮᠢᠶᠠᠷᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠭᠰᠡᠨ ᠰᠠᠭᠤᠷᠢᠨ ᠳᠡᠭᠡᠷ᠎ᠡ ᠪᠥᠬᠦ ᠬᠤᠰᠢᠭᠤᠨ ᠤ | ᠮᠠᠯᠴᠢᠳ ᠤᠨ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠨ᠎ᠡ | ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠳ ᠤᠨ ᠪᠣᠯᠪᠠᠰᠤᠷᠠᠯ ᠤᠨ ᠠᠩᠭᠢ ᠶᠢ ᠡᠷᠭᠢᠯᠡᠵᠦ᠂ ᠣᠨᠣᠯ ᠤᠬᠠᠭᠤᠯᠤᠨ | ᠲᠠᠶᠢᠯᠪᠤᠷᠢᠯᠠᠬᠤ᠂ ᠲᠣᠭᠤᠷᠢᠨ ᠰᠤᠷᠤᠯᠴᠠᠬᠤ᠂ ᠦᠢᠯᠡᠳᠤᠯᠬᠡ ᠶᠢᠨ ᠠᠵᠢᠯᠯᠠᠭ᠎ᠠ ᠬᠢᠬᠦ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ᠂ ᠨᠠᠩ ᠣᠯᠠᠨ ᠮᠠᠯᠴᠢᠳ ᠲᠤ ᠲᠦᠮᠡᠨ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠵᠣᠷᠢᠯᠭ᠎ᠠ ᠶᠢ ᠣᠶᠢᠯᠠᠭᠠᠭᠤᠯᠵᠤ᠂ ᠪᠠᠷᠢᠮᠵᠢᠶᠠᠵᠢᠭᠤᠯᠤᠨ ᠲᠡᠵᠢᠭᠡᠨ ᠠᠷᠠᠴᠢᠯᠠᠬᠤ | ᠬᠠᠮᠢᠶᠠᠷᠤᠯᠲᠠ ᠶᠢᠨ ᠵᠠᠭᠪᠤᠷ ᠢ ᠰᠤᠷᠤᠯᠴᠠᠨ ᠡᠵᠡᠮᠰᠢᠭᠦᠯᠵᠦ᠂ ᠪᠥᠬᠦ ᠬᠤᠰᠢᠭᠤᠨ ᠤ ᠮᠢᠬᠠᠨ ᠤ ᠬᠤᠨᠢᠨ ᠤ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠳᠠᠶᠢᠴᠢᠯᠠᠨ᠂ ᠮᠠᠯᠴᠢᠨ ᠲᠦᠮᠡᠨ ᠤ ᠭᠠᠷᠤᠯᠲᠠ ᠪᠠᠨ | ᠨᠡᠮᠡᠭᠳᠡᠭᠦᠯᠬᠦ᠂ ᠦᠷ᠎ᠡ ᠠᠰᠢᠭ ᠢᠶᠠᠨ ᠨᠡᠮᠡᠭᠳᠡᠭᠦᠯᠬᠦ᠂ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠎ᠠ᠃ ︽ᠨᠠᠶᠢᠳᠠᠨ | ᠬᠠᠮᠢᠶᠠᠷᠤᠭᠤᠯᠵᠤ ᠣᠷᠣᠯᠠᠨ ᠲᠡᠵᠢᠭᠡᠬᠦ︾᠂ ︽ᠡᠷᠦᠬᠡ ᠬᠤᠯᠪᠣᠭᠠᠯᠠᠨ ᠡᠵᠡᠩᠨᠡᠬᠦ︾᠂ ︽ᠬᠠᠮᠲᠤᠷᠠᠭᠰᠠᠨ ᠨᠠᠮ ᠤᠨ | ᠡᠭᠦᠷ︾ ᠵᠡᠷᠭᠡ ᠵᠠᠭᠪᠤᠷ ᠢ ᠦᠷᠭᠦᠯᠵᠢᠯᠡᠨ ᠳᠡᠯᠭᠡᠷᠡᠭᠦᠯᠵᠦ᠂ ᠮᠠᠯᠵᠢᠬᠤ ᠡᠷᠦᠬᠡ ᠶᠢᠨ ᠨᠤᠲᠤᠭ ᠪᠡᠯᠴᠢᠭᠡᠷ ︵ᠪᠠᠯᠠ | ᠮᠥᠩᠭᠦ︶ ᠢᠶᠠᠷ ᠠᠵᠤ ᠠᠬᠤᠶᠢᠯᠠᠯ ᠳᠤ ᠬᠤᠪᠢ ᠣᠷᠣᠬᠤ ᠶᠢ ᠵᠣᠷᠢᠭᠵᠢᠭᠤᠯᠵᠤ᠂ ︽ᠡᠬᠢ ᠪᠠᠶᠠᠯᠢᠭ ᠢ ᠡᠳ᠋ ᠬᠥᠷᠥᠩᠭᠡ | ᠪᠣᠯᠭᠠᠨ ᠬᠤᠪᠢᠷᠠᠭᠤᠯᠬᠤ᠂ ᠦᠢᠯᠡᠴᠢᠯᠡᠭᠡ ᠶᠢ ᠰᠲ᠋ᠣᠺ ᠤᠨ ᠡᠷᠬᠡ ᠪᠣᠯᠭᠠᠨ ᠬᠤᠪᠢᠷᠠᠭᠤᠯᠬᠤ︾ ᠮᠠᠯ ᠠᠵᠤ ᠠᠬᠤᠶᠢᠯᠠᠯ | ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠵᠤ᠂ ᠮᠠᠯ ᠠᠵᠤ ᠠᠬᠤᠶᠢᠯᠠᠯ ᠪᠠ | ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢᠨ ᠬᠠᠷᠢᠴᠠᠯ ᠢ 5 ᠵᠠᠭᠤᠨ ᠤ ᠨᠢᠭᠡᠴᠢ | ᠳᠡᠭᠡᠭᠰᠢᠯᠡᠭᠦᠯᠬᠦ ᠶᠢ ᠠᠬᠢᠭᠤᠯᠵᠤ᠂ 70% ᠣᠷᠴᠢᠮ ᠳᠤ ᠬᠦᠷᠦᠭᠦᠯᠦᠨ᠎ᠡ︔ 10 ᠲᠦᠮᠡᠨ ︽ᠰᠢᠯᠢ ᠶᠢᠨ ᠭᠤᠤᠯ | ᠬᠤᠨᠢ︾ ᠶᠢ ᠮᠦᠷᠳᠠᠵᠤ ᠪᠤᠯᠬᠤᠶᠢᠴᠠ ᠲᠤᠭᠳᠠᠯᠴᠠᠭ᠎ᠠ ᠶᠢᠨ ᠣᠨ ᠤ ᠡᠭᠦᠷᠭᠡ ᠶᠢ ᠪᠡᠶᠡᠯᠡᠭᠦᠯᠦᠨ᠎ᠡ᠃ |