ᠡᠳ᠋ ᠤᠨ ᠵᠠᠰᠠᠭ ᠤᠨ ᠲᠣᠪᠴᠢᠶ᠎ᠠ ᠨᠢ 2024 ᠣᠨ ᠤ ︽832︾ ᠲᠠᠪᠴᠠᠩ ᠤᠨ ᠬᠤᠳᠠᠯᠳᠤᠨ ᠠᠪᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/14
     ︽832︾ ᠲᠠᠪᠴᠠᠩ ᠤᠨ ᠬᠤᠳᠠᠯᠳᠤᠨ ᠠᠪᠬᠤ ᠠᠵᠢᠯ ᠪᠣᠯ ᠲᠥᠪ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ ᠶᠠᠳᠠᠭᠤ ᠠᠴᠠ ᠠᠩᠭᠢᠵᠢᠷᠠᠭᠤᠯᠬᠤ ᠬᠤᠰᠢᠭᠤ ᠰᠢᠶᠠᠨ ᠤ ︽ᠳᠥᠷᠪᠡ ᠶᠢ ᠥᠯᠥ ᠰᠠᠯᠭᠠᠬᠤ︾ ᠠᠵᠢᠯ ᠤᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠠ ᠬᠦᠴᠦᠲᠡᠶ ᠭᠠᠷᠳᠠᠴᠠ ᠪᠤᠯᠤᠨ᠎ᠠ᠃ 3 ᠰᠠᠷ᠎ᠠ ᠶᠢᠨ 7 ᠤ ᠡᠳᠦᠷ᠂ ᠡᠳ᠋ ᠤᠨ ᠵᠠᠰᠠᠭ ᠤᠨ ᠲᠣᠪᠴᠢᠶ᠎ᠠ ᠪᠥᠬᠦ ᠬᠤᠰᠢᠭᠤᠨ ᠤ ᠬᠤᠭᠤᠯᠠᠨ ᠬᠡᠷ ᠲᠠᠢ ᠲᠥᠰᠦᠪ ᠤᠨ ᠪᠠᠶᠢᠭᠤᠯᠭ᠎ᠠ ᠨᠢᠭᠡᠴᠡ ᠶᠢ ᠵᠣᠬᠢᠶᠠᠨ ᠪᠠᠶᠢᠭᠤᠯᠤᠨ ︽832︾ ᠲᠠᠪᠴᠠᠩ ᠬᠤᠳᠠᠯᠳᠤᠨ ᠠᠪᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠥᠷᠨᠢᠭᠦᠯᠵᠦ᠂ ᠬᠠᠮᠢᠶ᠎ᠠ ᠪᠥᠬᠦᠶ ᠪᠠᠶᠢᠭᠤᠯᠭ᠎ᠠ ᠨᠢᠭᠡᠴᠡ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠠᠵᠢᠯᠲᠠᠨ ᠬᠤᠷᠠᠯ ᠳᠤ ᠤᠷᠤᠯᠴᠠᠨ᠂ 2024 ᠣᠨ ᠳᠤ ᠪᠥᠬᠦ ᠬᠤᠰᠢᠭᠤᠨ ᠤ 8.80 ᠲᠦᠮᠡᠨ ᠲᠥᠭᠦᠷᠢᠭ ᠢ ᠤᠷᠢᠳᠴᠢᠯᠠᠨ ᠦᠯᠡᠳᠡᠭᠡᠵᠦ᠂ 10 ᠲᠥᠰᠦᠪ ᠤᠨ ᠨᠢᠭᠡᠴᠡ ᠳᠤ ᠬᠤᠯᠪᠣᠭᠳᠠᠨ᠎ᠠ᠃      ᠬᠤᠷᠠᠯ ᠠᠴᠠ 2024 ᠣᠨ ᠤ ︽832︾ ᠲᠠᠪᠴᠠᠩ ᠤᠨ ᠬᠤᠳᠠᠯᠳᠤᠨ ᠠᠪᠬᠤ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠤᠭᠰᠠᠨ ᠪᠥᠭᠡᠳ ᠬᠤᠭᠤᠯᠠᠨ ᠬᠡᠷ ᠲᠠᠢ ᠪᠠᠶᠢᠭᠤᠯᠭ᠎ᠠ ᠨᠢᠭᠡᠴᠡ ᠳᠤ ᠪᠣᠳᠠᠲᠠᠶ ᠱᠠᠭᠠᠷᠳᠠᠯᠭ᠎ᠠ ᠳᠤᠷᠠᠳᠪᠠ᠃ ᠨᠢᠭᠡ ᠳᠤ᠂ ᠡᠯ᠎ᠡ ᠲᠥᠰᠦᠪ ᠤᠨ ᠪᠠᠶᠢᠭᠤᠯᠭ᠎ᠠ ᠨᠢᠭᠡᠴᠡ ︽ᠴᠢᠨᠠᠷ ᠰᠠᠶᠢᠲᠠᠶ ᠦᠨ᠎ᠡ ᠨᠢ ᠬᠢᠮᠳᠠ᠂ ᠥᠷᠢᠰᠥᠯᠳᠦᠭᠡᠨ ᠨᠢ ᠰᠢᠯᠢᠳᠡᠭ ᠢ ᠨᠢ ᠰᠣᠩᠭᠤᠬᠤ︾ ᠵᠠᠷᠴᠢᠮ ᠶᠣᠰᠣᠭᠠᠷ᠂ ︽832 ᠲᠠᠪᠴᠠᠩ︾ ᠢᠶᠠᠷ ᠳᠠᠮᠵᠢᠭᠤᠯᠤᠨ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠰᠠᠨ 832 ᠰᠢᠶᠠᠨ ᠤ ᠬᠡᠪᠴᠢᠶᠡᠨ ᠳᠤ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠬᠤᠳᠠᠯᠳᠤᠨ ᠠᠪᠤᠨ᠎ᠠ᠃ ᠬᠤᠶᠠᠷ ᠲᠤ᠂ ᠲᠥᠰᠦᠪ ᠤᠨ ᠪᠠᠶᠢᠭᠤᠯᠭ᠎ᠠ ᠨᠢᠭᠡᠴᠡ ᠪᠠᠷᠠᠭ᠎ᠠ ᠬᠤᠷᠢᠶᠠᠭᠰᠠᠨ ᠤ ᠳᠠᠷᠠᠭ᠎ᠠ ︽832 ᠲᠠᠪᠴᠠᠩ︾ ᠢᠶᠠᠷ ᠳᠠᠮᠵᠢᠭᠤᠯᠤᠨ ᠭᠡᠷ᠎ᠡ ᠶᠢ ᠭᠦᠢᠴᠡᠳᠬᠡᠬᠦ ᠦᠨᠡᠯᠡᠬᠦ ᠠᠵᠢᠯ ᠢ ᠥᠷᠨᠢᠭᠦᠯᠵᠦ᠂ ᠬᠠᠩᠭᠠᠯᠭ᠎ᠠ ᠶᠢᠨ ᠬᠤᠳᠠᠯᠳᠤᠭᠠᠴᠢᠨ ᠳᠤ ᠴᠠᠭ ᠲᠤᠬᠠᠶ ᠳᠤᠨᠢ ᠪᠠᠷᠠᠭᠠᠨ ᠤ ᠵᠣᠭᠤᠰ ᠢ ᠥᠭᠭᠦᠨ᠎ᠡ᠂ ᠥᠷᠢᠲᠦᠵᠦ ᠪᠣᠯᠬᠤ ᠦᠭᠡᠢ᠃ ᠭᠤᠷᠪᠠ ᠳᠤ᠂ ︽832 ᠲᠠᠪᠴᠠᠩ︾ ᠢᠶᠠᠷ ᠳᠠᠮᠵᠢᠭᠤᠯᠤᠨ ᠬᠤᠭᠤᠯᠠᠨ ᠬᠡᠷ ᠤᠨ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠪᠠ ᠠᠵᠢᠯᠴᠢᠨ ᠤ ᠡᠪᠯᠡᠯ ᠤᠨ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢ ᠢᠳᠡᠪᠬᠢᠲᠡᠶ ᠨᠡᠶᠢᠲᠡᠯᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠬᠤᠳᠠᠯᠳᠤᠨ ᠠᠪᠬᠤ ᠡᠷᠴᠢᠮ ᠢᠶᠠᠨ ᠴᠢᠩᠭᠠᠷᠠᠭᠤᠯᠵᠤ᠂ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠠᠴᠠ ᠬᠥᠳᠡᠭᠡ ᠲᠣᠰᠬᠤᠨ ᠤ ᠠᠵᠤ ᠦᠶ᠋ᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃      ᠬᠤᠷᠠᠯ ᠢᠶᠠᠷ ᠳᠠᠮᠵᠢᠭᠤᠯᠤᠨ᠂ ᠲᠥᠰᠦᠪ ᠤᠨ ᠪᠠᠶᠢᠭᠤᠯᠭ᠎ᠠ ᠨᠢᠭᠡᠴᠡ ᠶᠢᠨ ︽832︾ ᠬᠤᠳᠠᠯᠳᠤᠨ ᠠᠪᠬᠤ ᠲᠠᠪᠴᠠᠩ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠪᠠ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠴᠢᠬᠤᠯᠠ ᠦᠢᠯᠡᠳᠦᠯ ᠦᠵᠡᠭᠦᠯᠬᠦ ᠪᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号