ᠠᠪᠠᠭ᠎ᠠ ᠬᠤᠰᠢᠭᠤ ᠤᠨᠢᠨ ᠲᠡᠭᠡᠷ᠎ᠡ ᠨᠢ ᠬᠦᠴᠦᠯᠡᠵᠦ ᠠᠳᠤᠭᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠴᠤ ᠰᠢᠨ᠎ᠡ ᠬᠠᠭᠤᠳᠠᠰᠤ ᠶᠢ ᠪᠢᠴᠢᠭᠯᠡᠵᠣ ᠪᠤᠢ
ᠨᠡᠶᠢᠲᠡᠯᠡᠭᠰᠡᠨ ᠴᠠᠭ᠄
2024/3/14
     ᠠᠪᠠᠭ᠎ᠠ ᠬᠤᠰᠢᠭᠤᠨ ᠤ ᠬᠠᠷ᠎ᠠ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠡᠵᠡᠩᠨᠡᠬᠦ ᠶᠢ ᠲᠦᠷᠭᠡᠳᠬᠡᠨ ᠠᠬᠢᠭᠤᠯᠵᠤ᠂ ᠴᠡᠭᠡ ᠶᠢᠨ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠪᠠ᠃      ᠨᠢᠭᠡ ᠳᠤ᠂ 9800 ᠲᠦᠮᠡᠨ ᠲᠥᠭᠦᠷᠢᠭ ᠤᠨ ᠶᠡᠷᠦᠩᠬᠡᠶ ᠪᠠᠯᠠ ᠣᠷᠣᠭᠤᠯᠤᠯᠲᠠ ᠶᠢᠨ ︽ᠬᠡᠤᠬᠡᠳ ᠬᠢᠭᠡᠳ ᠮᠣᠷᠢ︾ ᠶᠢᠨ ᠭᠤᠤᠯ ᠰᠡᠳᠦᠪᠲᠦ ᠰᠣᠶᠣᠯ ᠤᠨ ᠬᠦᠷᠢᠶᠡᠯᠡᠩ ᠤᠨ ᠲᠥᠷᠥᠯ ᠵᠦᠢᠯ ᠢ ᠰᠦᠪᠡᠭᠴᠢᠯᠡᠨ ᠬᠡᠷᠡᠭᠵᠢᠭᠦᠯᠵᠦ᠂ ︽ᠬᠡᠷ ᠪᠦᠯᠢ ᠶᠢᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠴᠡᠭᠡ ᠶᠢᠨ ᠡᠷᠡᠭᠦᠯᠵᠢᠯ ᠤᠨ ᠰᠤᠪᠢᠯᠠᠯᠲᠠ᠂ ᠣᠨᠴᠠᠯᠢᠭᠲᠤ ᠪᠦᠲᠦᠭᠡᠭᠳᠡᠬᠦᠨ ᠢ ᠪᠡᠶᠡᠴᠢᠯᠡᠨ ᠣᠶᠢᠯᠠᠭᠠᠬᠤ︾ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠡᠨᠡ ᠵᠢᠯ᠂ ᠰᠣᠶᠣᠯ ᠤᠨ ᠬᠦᠷᠢᠶᠡᠯᠡᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ︽ᠪᠢᠴᠢᠬᠠᠨ ᠮᠣᠷᠢᠲᠤ ᠴᠡᠷᠢᠭ︾ ᠢ ᠡᠯᠰᠡᠬᠦ ᠠᠵᠢᠯ ᠢ ᠡᠬᠢᠯᠡᠭᠦᠯᠵᠦ᠂ ᠨᠢᠭᠡ ᠪᠦᠯᠦᠭ ᠮᠤᠷᠢ ᠤᠨᠤᠬᠤ ᠮᠡᠷᠭᠡᠵᠢᠯ ᠲᠠᠢ᠂ ᠠᠪᠢᠶᠠᠰ ᠴᠢᠳᠠᠪᠤᠷᠢ ᠲᠠᠢ ᠳᠦᠷᠢ ᠲᠥᠷᠬᠦ ᠶᠢᠨ ᠣᠷᠣᠯᠠᠨ ᠥᠭᠦᠯᠡᠭᠴᠢ ᠶᠢ ᠬᠥᠮᠦᠵᠢᠭᠦᠯᠵᠦ᠂ ᠡᠯ᠎ᠡ ᠲᠥᠷᠥᠯ ᠤᠨ ᠤᠷᠤᠯᠳᠤᠭᠠᠨ᠂ ᠠᠵᠢᠯᠯᠠᠭ᠎ᠠ ᠳᠤ ᠣᠷᠣᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠬᠡᠤᠬᠡᠳ ᠪᠠ ᠮᠣᠷᠢ︾ ᠶᠢᠨ ᠭᠤᠤᠯ ᠰᠡᠳᠦᠪᠲᠦ ᠰᠣᠶᠣᠯ ᠤᠨ ᠬᠦᠷᠢᠶᠡᠯᠡᠩ ᠤᠨ  ᠨᠠᠷ᠎ᠠ ᠠᠯᠳᠠᠷᠰᠢᠯ ᠢ ᠳᠠᠮᠵᠢᠭᠤᠯᠤᠨ᠎ᠠ᠃ ᠡᠭᠦᠨ ᠤ ᠬᠠᠮᠲᠤ᠂ ᠣᠷᠣᠨ ᠨᠤᠲᠤᠭ ᠲᠠᠭᠠᠨ ᠰᠠᠭᠤᠷᠢᠯᠠᠨ᠂ ᠪᠥᠬᠦ ᠠᠶᠢᠮᠠᠭ ᠢ ᠪᠠᠷᠠᠯᠠᠵᠤ᠂ ︽ᠬᠡᠤᠬᠡᠳ ᠬᠢᠭᠡᠳ ᠮᠣᠷᠢ︾ ᠶᠢᠨ ᠺᠯᠦ᠋ᠪ ᠢ ᠪᠠᠶᠢᠭᠤᠯᠵᠤ᠂ ᠪᠡᠭᠡᠵᠢᠩ᠂ ᠾᠧᠪᠸᠢ᠂ ᠱᠠᠡᠰᠢ ᠵᠡᠷᠭᠡ ᠡᠷᠬᠢᠨ ᠲᠣᠭᠤᠷᠢᠨ ᠤ ᠭᠠᠵᠠᠷ ᠣᠷᠣᠨ ᠤ ᠮᠣᠷᠢᠨ ᠮᠡᠷᠭᠡᠵᠢᠯ ᠤᠨ ᠰᠣᠨᠢᠷᠬᠠᠭᠴᠢᠳ ᠢ ᠤᠷᠢᠨ ᠣᠷᠣᠭᠤᠯᠤᠨ᠎ᠠ᠃ ᠣᠳᠣᠬᠠᠨ ᠳᠤ ᠱᠧᠨᠵᠧᠨ ᠤ ᠠᠵᠢᠨᠠᠶ ᠮᠣᠷᠢᠨ ᠲᠠᠯᠠᠪᠠᠶ ᠲᠠᠢ ᠬᠠᠮᠲᠤᠷᠠᠨ ᠠᠵᠢᠯᠯᠠᠵᠤ᠂ 5 ᠬᠠᠷ᠎ᠠ ᠮᠣᠷᠢ ᠶᠢ ᠱᠧᠨᠵᠧᠨ ᠳᠤ ᠰᠤᠷᠭᠠᠵᠤ ᠨᠣᠮᠣᠬᠠᠳᠬᠠᠵᠤ᠂ 4 ᠬᠥᠮᠦᠨ ᠢ ᠰᠢᠯᠢᠨ ᠰᠣᠩᠭᠤᠵᠤ ᠠᠳᠤᠭᠤᠨ ᠲᠠᠯᠠᠪᠠᠶ ᠶᠢᠨ ᠬᠠᠮᠢᠶᠠᠷᠤᠯᠲᠠ᠂ ᠮᠣᠷᠢ ᠰᠤᠷᠭᠠᠬᠤ᠂ ᠮᠣᠷᠢᠨ ᠮᠡᠷᠭᠡᠵᠢᠯ ᠵᠡᠷᠭᠡ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠰᠤᠷᠤᠯᠴᠠᠭᠤᠯᠪᠠ᠃      ᠬᠤᠶᠠᠷ ᠲᠤ 2125 ᠲᠦᠮᠡᠨ ᠲᠥᠭᠦᠷᠢᠭ ᠤᠨ ᠶᠡᠷᠦᠩᠬᠡᠶ ᠪᠡᠯᠡ ᠣᠷᠣᠭᠤᠯᠤᠯᠲᠠ ᠶᠢ ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠵᠦ ︽2024 ᠣᠨ ᠳᠤ ᠬᠠᠮᠲᠤ ᠶᠢᠨ ᠠᠵᠤ ᠠᠬᠤᠶ ᠶᠢ ᠲᠡᠳᠬᠦᠵᠦ᠂ ᠬᠠᠷ᠎ᠠ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ︾᠂ 5 ᠰᠤᠮᠤ ᠪᠠᠯᠭᠠᠰᠤᠨ ᠳᠤ ᠬᠠᠮᠲᠤ ᠶᠢᠨ ᠪᠡᠯᠴᠢᠭᠡᠷ ᠤᠨ ᠡᠬᠢ ᠪᠠᠶᠠᠯᠢᠭ ᠤᠨ ᠨᠥᠬᠦᠴᠡᠯ ᠢᠶᠠᠷ ᠨᠡᠯᠢᠶᠡᠳ ᠰᠠᠶᠢᠨ ᠭᠠᠴᠠᠭ᠎ᠠ ᠶᠢ ᠰᠣᠩᠭᠤᠵᠤ᠂ ᠬᠡᠪᠴᠢᠶ᠎ᠡ ᠨᠢ 200 ᠬᠥᠮᠦᠨ ᠳᠤ ᠬᠦᠷᠦᠭᠰᠡᠨ ᠤᠯᠠᠷᠢᠯ ᠤᠨ ᠴᠢᠨᠠᠷᠲᠠᠶ ᠲᠥᠪᠯᠡᠷᠡᠭᠦᠯᠦᠨ ᠰᠠᠭᠠᠬᠤ ᠰᠠᠭᠤᠷᠢᠨ ᠭᠠᠵᠠᠷ ᠢ 1 ᠪᠠᠶᠢᠭᠤᠯᠵᠤ᠂ ︽ᠨᠠᠮ ᠤᠨ ᠡᠭᠦᠷ+ ᠠᠵᠤ ᠠᠬᠤᠶᠢᠯᠠᠯ+ ᠰᠠᠭᠤᠷᠢᠨ ᠭᠠᠵᠠᠷ+ ᠮᠠᠯᠵᠢᠬᠤ ᠡᠷᠦᠬᠡ︾ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠨᠢᠭᠲᠠᠷᠠᠭᠰᠠᠨ ᠬᠡᠯᠪᠡᠷᠢ ᠶᠢᠨ ᠮᠠᠯ ᠠᠵᠤ ᠠᠬᠤᠶ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠤᠭᠠᠯᠠᠬᠤ ᠲᠤᠭᠲᠠᠯᠴᠠᠭ᠎ᠠ ᠶᠢ ᠪᠠᠶᠢᠭᠤᠯᠵᠤ᠂ ᠨᠢᠭᠡ ᠪᠦᠯᠦᠭ ᠲᠣᠭᠲᠠᠪᠤᠷᠢᠲᠠᠶ᠂ ᠪᠠᠷᠢᠮᠵᠢᠶᠠᠲᠤ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠪᠠᠶᠢᠭᠤᠯᠪᠠ᠃      ᠭᠤᠷᠪᠠ ᠳᠤ᠂ ᠬᠢᠯᠢᠩ ᠬᠠᠷ᠎ᠠ ᠴᠡᠭᠡ ᠶᠢᠨ ᠦᠢᠯᠡᠳᠪᠦᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠵᠣᠣ ᠹᠦ᠋᠂ ᠢᠰᠭᠡ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠯ ᠤᠨ ᠱᠤᠭᠤᠮ ᠢᠶᠠᠨ ᠰᠠᠶᠢᠵᠢᠷᠠᠭᠤᠯᠬᠤ ᠶᠢ ᠵᠢᠯᠣᠭᠤᠳᠴᠤ᠂ ᠬᠦᠴᠦ ᠣᠷᠣᠭᠤᠯᠤᠨ ᠴᠡᠭᠡ ᠪᠣᠭᠤᠷᠰᠤᠭ᠂ ᠵᠠᠶᠢᠷᠮᠠᠭ᠂  ᠰᠢᠬᠢᠷ᠂ ᠤᠮᠳᠠᠭᠠᠨ ᠵᠡᠷᠭᠡ ᠰᠢᠨ᠎ᠡ ᠬᠡᠯᠪᠡᠷᠢ ᠶᠢᠨ ᠪᠦᠲᠦᠭᠡᠭᠳᠡᠬᠦᠨ ᠢ ᠰᠤᠳᠤᠯᠤᠨ ᠪᠦᠲᠦᠭᠡᠵᠦ᠂ ᠴᠡᠭᠡ ᠶᠢᠨ ᠪᠦᠲᠦᠭᠡᠭᠳᠡᠬᠦᠨ ᠤ ᠦᠨ᠎ᠡ ᠥᠷᠲᠡᠭ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠴᠡᠭᠡ ᠶᠢᠨ ᠦᠨ᠎ᠡ ᠶᠢ ᠦᠨᠡᠨ ᠬᠦ ᠥᠰᠬᠡᠵᠦ ᠬᠤᠳᠠᠯᠳᠤᠨ ᠠᠪᠬᠤ ᠶᠢ ᠪᠡᠶᠡᠯᠡᠭᠦᠯᠦᠨ᠎ᠡ᠃      ᠳᠥᠷᠪᠡ ᠳᠤ᠂ ᠪᠡᠯᠭᠦᠳᠡᠢ ᠪᠠᠯᠭᠠᠰᠤᠨ ᠳᠤ ︽ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ  + ᠠᠵᠤ ᠠᠬᠤᠶᠢᠯᠠᠯ  + ᠬᠠᠷ᠎ᠠ ᠠᠳᠤᠭᠤ ᠲᠡᠵᠢᠭᠡᠨ ᠦᠷᠡᠵᠢᠭᠦᠯᠬᠦ ᠡᠷᠦᠬᠡ︾ ᠶᠢᠨ ᠠᠰᠢᠭ ᠲᠤᠰᠠ ᠶᠢᠨ ᠬᠤᠯᠪᠤᠭᠠᠯᠠᠬᠤ ᠲᠤᠭᠲᠠᠯᠴᠠᠭ᠎ᠠ ᠶᠢ ᠲᠤᠷᠰᠢᠨ ᠥᠷᠨᠢᠭᠦᠯᠵᠦ᠂ ᠮᠠᠯᠵᠢᠬᠤ ᠣᠷᠣᠨ ᠤ ᠡᠷᠡᠭᠦᠯᠵᠢᠯ ᠰᠤᠪᠢᠯᠠᠯᠲᠠ ᠶᠢᠨ ᠡᠮᠴᠢᠯᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠨᠠᠰᠤᠲᠠᠶᠢᠴᠤᠳ ᠲᠤ ᠬᠡᠷ ᠲᠤᠨᠢ ᠬᠦᠷᠴᠦ ᠡᠷᠡᠭᠦᠯᠵᠢᠯ ᠰᠤᠪᠢᠯᠠᠯᠲᠠ ᠶᠢᠨ ᠦᠢᠯᠡᠴᠢᠯᠡᠭᠡ ᠬᠠᠩᠭᠠᠵᠤ᠂ ᠴᠡᠭᠡ ᠶᠢᠨ ᠡᠷᠡᠭᠦᠯᠵᠢᠯ ᠤᠨ ᠡᠮᠴᠢᠯᠡᠭᠡ ᠵᠡᠷᠭᠡ ᠣᠯᠠᠨ ᠡᠰᠢᠳᠤ ᠦᠢᠯᠡᠴᠢᠯᠡᠬᠡᠨ ᠢ ᠪᠡᠶᠡᠯᠡᠭᠦᠯᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号