ᠠᠪᠠᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠨᠡᠶᠢᠭᠡᠮ ᠤᠨ ᠠᠪᠤᠷᠠᠨ | ᠳᠤᠰᠠᠯᠠᠯᠲᠠ ᠶᠢᠨ ᠠᠵᠢᠯ ᠤᠨ ᠲᠤᠭᠲᠠᠯᠴᠠᠭ᠎ᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠬᠦᠴᠢᠷᠳᠡᠯᠲᠡᠶ ᠣᠯᠠᠨ | ᠲᠦᠮᠡᠨ ᠤ ᠠᠪᠤᠷᠠᠨ ᠲᠤᠰᠠᠯᠠᠬᠤ ᠪᠠᠯᠠ ᠮᠥᠩᠭᠦ ᠶᠢ ᠲᠠᠷᠬᠠᠭᠠᠬᠤ ᠠᠵᠢᠯ ᠳᠤ ᠴᠠᠭ ᠲᠤᠬᠠᠶ ᠳᠤᠨᠢ ᠬᠢᠨᠠᠯᠲᠠ | ᠲᠠᠯᠪᠢᠬᠤ ᠶᠢ ᠴᠢᠩᠭᠠᠳᠬᠠᠨ᠂ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠠᠪᠤᠷᠠᠨ ᠳᠤᠰᠠᠯᠠᠯᠲᠠ ᠶᠢᠨ ᠪᠠᠯᠠ | ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠬᠤ ᠶᠢ ᠪᠠᠲᠤᠯᠠᠪᠠ᠃ | ᠨᠢᠭᠡ᠂ ᠬᠤᠳᠠ ᠬᠥᠳᠡᠭᠡ ᠶᠢᠨ ᠬᠠᠮᠤᠭ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ | 2024 ᠣᠨ ᠤ 1—3 ᠰᠠᠷ᠎ᠠ ᠳᠤ᠂ ᠪᠥᠬᠦ ᠬᠤᠰᠢᠭᠤᠨ ᠤ ᠬᠤᠲᠠ ᠬᠥᠳᠡᠭᠡ ᠶᠢᠨ ᠬᠠᠮᠤᠭ ᠤᠨ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠬᠦ 897 ᠡᠷᠦᠬᠡ ᠶᠢᠨ 1237 ᠬᠥᠮᠦᠨ ᠪᠠᠶᠢᠵᠤ᠂ ᠬᠤᠲᠠ | ᠬᠥᠳᠡᠭᠡ ᠶᠢᠨ ᠬᠠᠮᠤᠭ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠯᠠ ᠮᠥᠩᠭᠦ ᠶᠢ ᠨᠡᠶᠢᠲᠡ | 228.4808 ᠲᠦᠮᠡᠨ ᠲᠥᠭᠦᠷᠢᠭ ᠲᠠᠷᠬᠠᠭᠠᠪᠠ᠃ | 3 ᠰᠠᠷ᠎ᠠ ᠳᠤ ᠬᠤᠲᠠ ᠪᠠᠯᠭᠠᠰᠤᠨ ᠤ ᠬᠠᠮᠤᠭ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ 542 | ᠡᠷᠦᠬᠡ ᠶᠢᠨ 737 ᠬᠥᠮᠦᠨ ᠤ 48.0836 ᠲᠦᠮᠡᠨ ᠲᠥᠭᠦᠷᠢᠭ ᠤᠨ ᠪᠡᠯᠡ ᠮᠦᠩᠬᠦ ᠲᠠᠷᠬᠠᠭᠠᠪᠠ᠃ ᠮᠠᠯᠵᠢᠬᠤ | ᠣᠷᠣᠨ ᠤ ᠬᠠᠮᠤᠭ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ 355 ᠡᠷᠦᠬᠡ ᠶᠢᠨ 500 ᠬᠥᠮᠦᠨ ᠳᠤ | 27.391 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠪᠠ᠃ | ᠬᠤᠶᠠᠷ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ | 1—3 ᠰᠠᠷ᠎ᠠ ᠳᠤ ᠣᠨᠴᠠ ᠬᠦᠴᠢᠷᠳᠡᠯᠲᠡᠶ 81 ᠬᠥᠮᠦᠨ ᠳᠤ ᠣᠨᠴᠠ ᠬᠦᠴᠢᠷᠳᠡᠯᠲᠡᠶ ᠬᠥᠮᠦᠰ ᠢ ᠠᠪᠤᠷᠠᠨ | ᠲᠤᠰᠠᠯᠠᠬᠤ ᠪᠠᠯᠠ ᠮᠥᠩᠭᠦ ᠶᠢ ᠨᠡᠶᠢᠲᠡ 40.572 ᠲᠦᠮᠡᠨ ᠲᠥᠭᠦᠷᠢᠭ ᠲᠠᠷᠬᠠᠭᠠᠪᠠ᠃ ᠡᠭᠦᠨ ᠳᠤ᠄ ᠦᠨᠳᠦᠰᠦᠨ | ᠠᠮᠢᠳᠤᠷᠠᠯ ᠤᠨ ᠨᠥᠬᠦᠪᠥᠷᠢ ᠶᠢᠨ ᠪᠡᠯᠡ ᠮᠥᠩᠭᠦ 33.32 ᠲᠦᠮᠡᠨ ᠲᠥᠭᠦᠷᠢᠭ᠂ ᠬᠠᠷᠠᠭᠠᠯᠵᠠᠨ ᠰᠤᠪᠢᠯᠠᠬᠤ | ᠨᠥᠬᠦᠪᠥᠷᠢ 7.252 ᠲᠦᠮᠡᠨ ᠲᠥᠭᠦᠷᠢᠭ ᠪᠣᠶ᠃ | 3 ᠰᠠᠷ᠎ᠠ ᠳᠤ ᠬᠤᠲᠠ ᠪᠠᠯᠭᠠᠰᠤᠨ ᠤ ᠣᠨᠴᠠ ᠬᠦᠴᠢᠷᠳᠡᠯᠲᠡᠶ 41 ᠬᠥᠮᠦᠨ ᠳᠤ 5.576 ᠲᠦᠮᠡᠨ ᠲᠥᠭᠦᠷᠢᠭ ᠤᠨ | ᠪᠠᠯᠠ ᠮᠥᠩᠭᠦ ᠲᠠᠷᠬᠠᠭᠠᠪᠠ︔ ᠬᠥᠳᠡᠭᠡ ᠲᠣᠰᠬᠤᠨ ᠤ ᠣᠨᠴᠠ ᠬᠦᠴᠢᠷᠳᠡᠯᠲᠡᠶ 40 ᠬᠥᠮᠦᠨ ᠳᠤ 5.44 ᠲᠦᠮᠡᠨ | ᠲᠥᠭᠦᠷᠢᠭ ᠤᠨ ᠪᠠᠯᠠ ᠮᠥᠩᠭᠦ ᠲᠠᠷᠬᠠᠭᠠᠪᠠ︔ 30 ᠬᠥᠮᠦᠨ ᠳᠤ 2.331 ᠲᠦᠮᠡᠨ ᠲᠥᠭᠦᠷᠢᠭ ᠤᠨ ᠠᠰᠠᠷᠠᠨ | ᠰᠣᠪᠢᠯᠠᠬᠤ ᠨᠦᠬᠦᠪᠦᠷᠢ ᠲᠠᠷᠬᠠᠭᠠᠪᠠ᠃ | ᠭᠤᠷᠪᠠ᠂ ᠬᠡᠦᠬᠡᠳ ᠤᠨ ᠠᠰᠠᠷᠠᠮᠵᠢ ᠶᠢᠨ ᠣᠯᠭᠤᠮᠵᠢ | 1 - 3 ᠰᠠᠷ᠎ᠠ ᠳᠤ᠂ ᠪᠥᠬᠦ ᠬᠤᠰᠢᠭᠤᠨ ᠳᠤ ᠨᠡᠶᠢᠲᠡ 2 ᠥᠨᠥᠴᠢᠨ ᠬᠡᠤᠬᠡᠳ ᠳᠤ ᠪᠠᠲᠤᠯᠠᠭ᠎ᠠ ᠬᠠᠩᠭᠠᠵᠤ᠂ | 1.1958 ᠲᠦᠮᠡᠨ ᠲᠥᠭᠦᠷᠢᠭ ᠤᠨ ᠠᠰᠠᠷᠠᠨ ᠲᠡᠵᠢᠭᠡᠬᠦ ᠮᠥᠩᠭᠦ ᠣᠯᠭᠤᠪᠠ︔ ᠪᠣᠳᠠᠲᠠᠶ ᠠᠰᠠᠷᠠᠨ ᠲᠡᠵᠢᠭᠡᠬᠦ | ᠬᠥᠮᠦᠨ ᠥᠬᠡᠶ 5 ᠬᠡᠤᠬᠡᠳ ᠪᠠᠶᠢᠵᠤ᠂ 2.2581 ᠲᠦᠮᠡᠨ ᠲᠥᠭᠦᠷᠢᠭ ᠤᠨ ᠦᠨᠳᠦᠰᠦᠨ ᠠᠮᠢᠳᠤᠷᠠᠯ ᠤᠨ | ᠨᠥᠬᠦᠪᠥᠷᠢ ᠣᠯᠭᠤᠪᠠ᠃ | 3 ᠰᠠᠷ᠎ᠠ ᠳᠤ ᠥᠨᠥᠴᠢᠨ ᠬᠡᠤᠬᠡᠳ ᠢ ᠠᠰᠠᠷᠠᠨ ᠲᠡᠵᠢᠭᠡᠬᠦ ᠮᠥᠩᠭᠦ ᠶᠢ 0.3986 ᠲᠦᠮᠡᠨ ᠲᠥᠭᠦᠷᠢᠭ | ᠲᠠᠷᠬᠠᠭᠠᠵᠤ᠂ 2 ᠬᠥᠮᠦᠨ ᠳᠤ ᠪᠠᠲᠤᠯᠠᠭ᠎ᠠ ᠬᠠᠩᠭᠠᠪᠠ︔ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠢ | ᠬᠡᠤᠬᠡᠳ ᠤᠨ ᠦᠨᠳᠦᠰᠦᠨ ᠠᠮᠢᠳᠤᠷᠠᠯ ᠤᠨ ᠨᠥᠬᠦᠪᠥᠷᠢ ᠶᠢ 0.7527 ᠲᠦᠮᠡᠨ ᠲᠥᠭᠦᠷᠢᠭ ᠲᠠᠷᠬᠠᠭᠠᠵᠤ᠂ 5 | ᠬᠥᠮᠦᠨ ᠳᠤ ᠪᠠᠲᠤᠯᠠᠭ᠎ᠠ ᠬᠠᠩᠭᠠᠪᠠ︔ 3 ᠰᠠᠷ᠎ᠠ ᠶᠢᠨ ︽ᠵᠣᠯ ᠵᠢᠷᠭᠠᠯᠲᠤ ᠬᠦᠰᠡᠯ ᠵᠡᠭᠦᠳᠦ ᠪᠠᠨ ᠲᠡᠷᠭᠡᠯᠰᠢᠭᠦᠯᠬᠦ · | ᠥᠨᠥᠴᠢᠨ ᠬᠡᠤᠬᠡᠳ ᠤᠨ ᠰᠤᠷᠤᠯᠭ᠎ᠠ ᠶᠢ ᠲᠡᠳᠬᠦᠬᠦ ᠢᠨᠵᠧᠨᠧᠷᠢᠩ︾ ᠢᠶᠠᠷ ᠥᠨᠥᠴᠢᠨ ᠬᠡᠤᠬᠡᠳ ᠲᠤ ᠰᠤᠷᠤᠯᠭ᠎ᠠ ᠶᠢ | ᠲᠡᠳᠬᠦᠬᠦ ᠨᠥᠬᠦᠪᠥᠷᠢ ᠶᠢ 0.125 ᠲᠦᠮᠡᠨ ᠲᠥᠭᠦᠷᠢᠭ ᠲᠠᠷᠬᠠᠭᠠᠪᠠ᠃ | ᠳᠥᠷᠪᠡ᠂ ᠲᠦᠷ ᠴᠠᠭ ᠤᠨ ᠠᠪᠤᠷᠠᠨ ᠳᠤᠰᠠᠯᠠᠯᠲᠠ | ᠲᠦᠷ ᠴᠠᠭ ᠤᠨ ᠠᠪᠤᠷᠠᠨ ᠲᠤᠰᠠᠯᠠᠯᠲᠠ ᠪᠠᠷ 21 ᠬᠥᠮᠦᠨ ᠤᠳᠠᠭ᠎ᠠ ᠶᠢᠨ 7.392 ᠲᠦᠮᠡᠨ ᠲᠥᠭᠦᠷᠢᠭ ᠤᠨ | ᠪᠡᠯᠡ ᠮᠥᠩᠭᠦ ᠲᠠᠷᠬᠠᠭᠠᠪᠠ᠃ | ᠲᠠᠪᠤ᠂ ᠵᠡᠮᠳᠡᠭᠴᠦᠳ ᠤᠨ ᠬᠤᠶᠠᠷ ᠵᠦᠢᠯ ᠤᠨ ᠨᠥᠬᠦᠪᠦᠷᠢ | 1—3 ᠰᠠᠷ᠎ᠠ ᠳᠤ 30.79 ᠲᠦᠮᠡᠨ ᠲᠥᠭᠦᠷᠢᠭ ᠤᠨ ᠵᠡᠮᠳᠡᠭᠴᠦᠳ ᠤᠨ ᠬᠤᠶᠠᠷ ᠵᠦᠢᠯ ᠤᠨ | ᠨᠥᠬᠦᠪᠥᠷᠢ ᠶᠢᠨ ᠪᠠᠯᠠ ᠮᠥᠩᠭᠦ ᠶᠢ ᠨᠢᠭᠡᠨᠲᠡ ᠲᠠᠷᠬᠠᠭᠠᠵᠤ᠂ ᠪᠠᠲᠤᠯᠠᠬᠤ ᠬᠡᠪᠴᠢᠶ᠎ᠡ ᠨᠢ 1022 ᠬᠥᠮᠦᠨ ︵ | ᠡᠭᠦᠨ ᠳᠤ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠶᠢ 11.68 ᠲᠦᠮᠡᠨ ᠲᠥᠭᠦᠷᠢᠭ | ᠲᠠᠷᠬᠠᠭᠠᠵᠤ᠂ ᠪᠠᠲᠤᠯᠠᠬᠤ ᠬᠡᠪᠴᠢᠶ᠎ᠡ ᠨᠢ 387 ᠬᠥᠮᠦᠨ︔ ᠬᠦᠨᠳᠦ ᠵᠡᠮᠳᠡᠭᠴᠦᠳ ᠤᠨ ᠰᠤᠪᠢᠯᠠᠯᠲᠠ ᠶᠢᠨ | ᠨᠥᠬᠦᠪᠥᠷᠢ ᠶᠢ 19.11 ᠲᠦᠮᠡᠨ ᠲᠥᠭᠦᠷᠢᠭ ᠲᠠᠷᠬᠠᠭᠠᠵᠤ᠂ ᠪᠠᠲᠤᠯᠠᠬᠤ ᠬᠡᠪᠴᠢᠶ᠎ᠡ ᠨᠢ 635 ᠬᠥᠮᠦᠨ ᠢ | ᠬᠠᠮᠤᠷᠪᠠ︶᠃ |