ᠨᠠᠷᠠᠡᠪᠤᠯᠠᠭ ᠰᠤᠮᠤ ︽ᠦᠪᠡᠷᠳᠡᠬᠡᠨ ᠵᠠᠰᠠᠬᠤ ᠤᠷᠤᠨ ᠤ ᠢᠳᠡᠬᠡᠨ ᠤ ᠠᠮᠤᠷ ᠲᠦᠪᠰᠢᠨ ᠤ ᠵᠢᠱᠢᠶ᠎ᠠ ᠦᠵᠡᠬᠦᠯᠬᠦ ᠬᠤᠰᠢᠭᠤ︾᠎ ᠶᠢ ᠪᠠᠶᠢᠭᠤᠯᠬᠤ ᠠᠵᠢᠯ ᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2024/3/15
     2023 ᠤᠨ ᠠᠴᠠ ᠨᠠᠰᠢ᠂ ᠮᠠᠨ ᠤ ᠬᠤᠰᠢᠭᠤᠨ ᠤ ︽ᠦᠪᠡᠷᠳᠡᠬᠡᠨ ᠵᠠᠰᠠᠬᠤ ᠤᠷᠤᠨ ᠤ ᠢᠳᠡᠬᠡᠨ ᠤ ᠠᠮᠤᠷ ᠲᠦᠪᠰᠢᠨ ᠤ ᠵᠢᠱᠢᠶ᠎ᠠ ᠦᠵᠡᠬᠦᠯᠬᠦ ᠬᠤᠰᠢᠭᠤ︾᠎ ᠶᠢᠨ ᠶᠠᠷᠤᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠦᠯᠤᠬᠡ᠂ ᠨᠠᠷᠠᠡᠪᠤᠯᠠᠭ ᠰᠤᠮᠤ ᠢᠳᠡᠬᠡᠨ ᠤ ᠠᠮᠤᠷ ᠲᠦᠪᠰᠢᠨ ᠤ ︽ᠬᠤᠶᠡᠷ ᠬᠠᠷᠢᠭᠤᠴᠠᠯᠭ᠎ᠠ︾ ᠬᠢᠬᠡᠳ ᠢᠳᠡᠬᠡᠨ ᠤ ᠠᠮᠤᠷ ᠲᠦᠪᠰᠢᠨ ᠤ ᠡᠳᠤᠷ ᠲᠤᠳᠤᠮ ᠤᠨ ᠬᠢᠨᠠᠯᠳᠠ ᠬᠠᠮᠢᠶᠠᠷᠤᠯᠳᠠ ᠶᠢ ᠤᠷᠭᠠᠨᠢᠭ ᠢᠶᠠᠷ ᠤᠶᠠᠯᠳᠤᠭᠤᠯᠵᠤ᠂ ᠢᠳᠡᠬᠡᠨ ᠤ ᠠᠮᠤᠷ ᠲᠦᠪᠰᠢᠨ ᠤ ᠡᠯ᠎ᠠ ᠵᠥᠢᠯ ᠤᠨ ᠬᠦᠢᠴᠡᠳᠬᠡᠯ ᠲᠤᠭ᠎ᠠ ᠶᠢᠨ ᠡᠬᠦᠷᠬᠡ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ ᠬᠦᠡᠵᠡᠬᠡᠢ ᠲᠦᠯᠬᠢᠨ ᠠᠬᠢᠭᠤᠯᠵᠤ᠂ ᠢᠳᠡᠬᠡᠨ ᠤ ᠠᠮᠤᠷ ᠲᠦᠪᠰᠢᠨ ᠢ ᠨᠠᠶᠢᠬᠡᠮ ᠨᠠᠶᠢᠳᠠ ᠪᠠᠷ ᠢᠶᠠᠨ ᠬᠠᠮᠳᠤ ᠪᠠᠷ ᠪᠠᠶᠢᠭᠤᠯᠵᠤ ᠬᠠᠮᠳᠤ ᠪᠠᠷ ᠵᠠᠰᠠᠬᠤ ᠠᠭᠤᠷ ᠠᠮᠢᠰᠬᠤᠯ ᠢ ᠶᠡᠭᠡ ᠎ ᠪᠠᠷ ᠪᠤᠢ ᠪᠤᠯᠭᠠᠪᠠ᠃      ᠡᠨ᠋ᠨ ᠵᠢᠯ᠂ ᠮᠠᠨ ᠤ ᠰᠤᠮᠤ ᠨᠢ ᠲᠤᠭᠳᠠᠮᠠᠯ ᠬᠤᠭᠤᠴᠠᠭ᠎ᠠ ᠲᠠᠢ ᠪᠠᠷ ᠬᠠᠷᠢᠶ᠎ᠠ ᠤᠷᠤᠨ ᠤ ᠪᠠᠨ ᠡᠯ᠎ᠠ ᠬᠤᠳᠠᠯᠳᠤᠭᠠᠨ ᠤ ᠭᠠᠵᠡᠷ ᠲᠤ ᠢᠳᠡᠬᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠳᠠ ᠦᠷᠨᠢᠬᠦᠯᠵᠤ᠂ ︽ᠦᠪᠡᠷᠳᠡᠬᠡᠨ ᠵᠠᠰᠠᠬᠤ ᠤᠷᠤᠨ ᠤ ᠢᠳᠡᠬᠡᠨ ᠤ ᠠᠮᠤᠷ ᠲᠦᠪᠰᠢᠨ ᠤ ᠵᠢᠱᠢᠶ᠎ᠠ ᠦᠵᠡᠬᠦᠯᠬᠦ ᠬᠤᠰᠢᠭᠤ︾᠎ ᠶᠢ ᠡᠬᠦᠳᠤᠨ ᠪᠠᠶᠢᠭᠤᠯᠬᠤ ᠠᠵᠢᠯ ᠢ ᠬᠦᠡᠵᠡᠬᠡᠶᠢᠷᠡᠬᠦᠯᠤᠨ ᠪᠤᠳᠠᠳᠠᠶᠢᠵᠢᠭᠤᠯᠬᠤ ᠶᠢ ᠠᠬᠢᠭᠤᠯᠤᠭᠰᠡᠨ ᠪᠠᠶᠢᠨ᠎ᠠ᠃ ᠪᠠᠶᠢᠴᠠᠭᠠᠬᠤ ᠲᠤᠭᠤᠶᠢᠯᠠᠩ ᠤᠨ ᠬᠢᠨ ᠬᠠᠷᠢᠶ᠎ᠠ ᠤᠷᠤᠨ ᠤ ᠬᠤᠳᠠᠯᠳᠤᠭᠠᠨ ᠤ ᠫᠦᠰᠠᠨ ᠳᠠᠬᠢ ᠵᠢᠵᠢᠭᠯᠡᠨ ᠬᠤᠳᠠᠯᠳᠤᠬᠤ ᠢᠳᠡᠬᠡᠨ ᠤ ᠪᠠᠷᠠᠭ᠎ᠠ ᠤᠷᠤᠭᠤᠯᠬᠤ ᠠᠷᠭ᠎ᠠ ᠵᠠᠮ᠂ ᠬᠠᠳᠠᠭᠠᠯᠠᠭᠰᠡᠨ ᠪᠠᠶᠢᠳᠠᠯ᠂ ᠦᠢᠯᠡᠳᠪᠤᠷᠢᠯᠡᠭᠰᠡᠨ ᠡᠳᠤᠷ ᠬᠤᠭᠤᠴᠠᠭ᠎ᠠ᠂ ᠴᠢᠨᠡᠷ ᠎ ᠢ ᠪᠠᠳᠤᠯᠠᠬᠤ ᠬᠤᠭᠤᠴᠠᠭ᠎ᠠ᠂ ᠡᠵᠡᠩᠨᠡᠯᠳᠡ ᠶᠢᠨ ᠦᠨᠡᠮᠯᠡᠯ᠂ ᠠᠷᠢᠭᠤᠨ ᠴᠡᠪᠡᠷ ᠤᠨ ᠵᠦᠪᠰᠢᠶᠠᠷᠡᠯ ᠤᠨ ᠦᠨᠡᠮᠯᠡᠯ᠂ ᠬᠢᠵᠢᠭ ᠢ ᠰᠡᠷᠬᠡᠶᠢᠯᠡᠬᠦ ᠵᠡᠷᠬᠡ ᠪᠠᠶᠢᠳᠠᠯ ᠳᠤ ᠪᠦᠬᠦ ᠲᠠᠯ᠎ᠠ ᠪᠠᠷ ᠪᠠᠶᠢᠴᠠᠭᠠᠯᠳᠠ ᠬᠢᠪᠠ᠃ ᠪᠠᠶᠢᠴᠠᠭᠠᠯᠳᠠ ᠶᠢᠨ ᠲᠤᠮᠳᠠ ᠠᠰᠠᠭᠤᠳᠠᠯ ᠤᠷᠤᠰᠢᠵᠤ ᠪᠠᠶᠢᠭ᠎ᠠ ᠬᠤᠳᠠᠯᠳᠤᠭᠠᠨ ᠤ ᠫᠦᠰᠠᠨ ᠳᠤ ᠬᠦᠮᠤᠵᠢᠯ ᠪᠠ ᠴᠡᠭᠴᠡᠯᠡᠯᠳᠡ ᠬᠢᠵᠤ᠂ ᠢᠳᠡᠬᠡᠨ ᠤ ᠠᠮᠤᠷ ᠲᠦᠪᠰᠢᠨ ᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠢᠳᠡᠬᠡᠨ ᠤ ᠠᠮᠤᠷ ᠲᠦᠪᠰᠢᠨ ᠤ ᠰᠡᠷᠬᠡᠶᠢᠯᠡᠯᠳᠡ ᠶᠢᠨ ᠱᠤᠭᠤᠮ ᠢ ᠪᠠᠬᠢᠵᠢᠬᠦᠯᠵᠤ᠂ ᠬᠡᠷᠡᠭᠯᠡᠬᠡᠨ ᠤ ᠤᠷᠴᠢᠨ ᠲᠤᠭᠤᠷᠢᠨ ᠢ ᠦᠨᠡᠡᠬᠦ ᠰᠠᠶᠢᠵᠢᠷᠠᠭᠤᠯᠵᠤ᠂ ᠵᠢᠱᠢᠶ᠎ᠠ ᠦᠵᠡᠬᠦᠯᠬᠦ ᠪᠠᠷᠢᠮᠵᠢᠶ᠎ᠠ ᠳᠤ ᠬᠦᠷᠤᠬᠦᠯᠬᠦ ᠪᠠᠷ ᠴᠢᠷᠮᠠᠶᠢᠬᠤ ᠬᠡᠷᠡᠭᠳᠡᠢ ᠬᠡᠵᠤ ᠱᠠᠭᠠᠷᠳᠠᠪᠠ᠃      ᠲᠠᠷᠠᠭᠠᠴᠢ ᠶᠢᠨ ᠠᠯᠬᠤᠮ ᠳᠤ᠂ ᠮᠠᠨ ᠤ ᠰᠤᠮᠤ ᠨᠢ ᠢᠳᠡᠬᠡᠨ ᠤ ᠠᠮᠤᠷ ᠲᠦᠪᠰᠢᠨ ᠤ ᠪᠠᠶᠢᠴᠠᠭᠠᠯᠳᠠ ᠶᠢ ᠦᠷᠬᠦᠯᠵᠢᠯᠡᠨ ᠦᠷᠨᠢᠬᠦᠯᠵᠤ᠂ ᠤᠬᠠᠭᠤᠯᠤᠨ ᠬᠦᠳᠤᠯᠤᠨ ᠵᠢᠯᠤᠭᠤᠳᠬᠤ ᠶᠢ ᠢᠳᠡᠪᠬᠢᠳᠡᠢ ᠦᠷᠨᠢᠬᠦᠯᠵᠤ᠂ ᠤᠯᠠᠨ ᠲᠦᠮᠡᠨ ᠢ ᠬᠠᠪᠰᠤᠷᠤᠨ ᠢᠳᠡᠬᠡᠨ ᠤ ᠠᠮᠤᠷ ᠲᠦᠪᠰᠢᠨ ᠤ ᠲᠦᠭᠰᠢᠬᠦᠷᠢ ᠶᠢ ᠰᠡᠷᠬᠡᠶᠢᠯᠡᠬᠦ ᠤᠬᠠᠮᠰᠠᠷ ᠪᠠ ᠢᠯᠭᠠᠨ ᠲᠠᠨᠢᠬᠤ ᠴᠢᠳᠠᠪᠤᠷᠢ ᠶᠢ ᠨᠢ ᠲᠡᠬᠡᠭᠰᠢᠯᠡᠬᠦᠯᠵᠤ᠂ ᠤᠯᠠᠨ ᠨᠠᠶᠢᠳᠠ ᠶᠢᠨ ᠬᠡᠷᠡᠭᠯᠡᠬᠡᠨ ᠤ ᠢᠳᠡᠬᠡᠯ ᠢ ᠨᠡᠮᠡᠭᠳᠡᠬᠦᠯᠤᠨ᠂ ᠮᠠᠨ ᠤ ᠬᠤᠰᠢᠭᠤᠨ ᠤ ︽ᠬᠤᠳᠠ ᠴᠤᠭᠴᠠᠯᠠᠬᠤ︾ ᠠᠵᠢᠯ ᠳᠤ ᠤᠯᠠᠮ ᠨᠢᠬᠡ ᠠᠯᠬᠤᠮ ᠰᠠᠶᠢᠨ ᠰᠠᠶᠢᠬᠠᠨ ᠤᠷᠴᠢᠨ ᠠᠬᠤᠢ ᠶᠢ ᠪᠤᠢ ᠪᠤᠯᠭᠠᠬᠤ ᠪᠠᠷ ᠴᠢᠷᠮᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号