ᠨᠠᠷᠠᠡᠪᠤᠯᠠᠭ ᠰᠤᠮᠤᠨ ᠤ ᠮᠠᠯ ᠤᠨ ᠦᠬᠦᠳᠡᠯ ᠢᠶᠠᠨ ᠲᠤᠷ᠎ᠠ ᠪᠠᠷ ᠢᠶᠠᠨ ᠬᠠᠶᠠᠬᠤ ᠶᠢ ᠴᠢᠩᠭ᠎ᠠ ᠴᠠᠭᠠᠵᠠᠯᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2024/3/15
     ︽ᠪᠦᠬᠦᠳᠠ ᠨᠠᠶᠢᠷᠠᠮᠳᠠᠬᠤ ᠲᠤᠮᠳᠠᠳᠤ ᠠᠷᠡᠳ ᠤᠯᠤᠰ ᠤᠨ ᠠᠮᠢᠳᠠᠨ ᠤ ᠬᠢᠵᠢᠭ ᠢ ᠰᠡᠷᠬᠡᠶᠢᠯᠡᠬᠦ ᠬᠠᠤᠯᠢ︾  ᠶᠢᠨ ᠲᠤᠭᠳᠠᠭᠠᠯ ᠢ ᠦᠡᠳᠤᠰᠤᠯᠠᠪᠠᠯ᠄ ︽ᠡᠪᠡᠳᠴᠢᠨ ᠢᠶᠠᠷ ᠦᠬᠦᠭᠰᠡᠨ ᠪᠤᠶᠤ ᠦᠬᠦᠭᠰᠡᠨ ᠰᠢᠯᠳᠠᠭᠠᠨ ᠨᠢ ᠲᠤᠳᠤᠷᠬᠠᠢ ᠦᠬᠡᠢ ᠠᠮᠢᠳᠠᠨ ᠤ ᠦᠬᠦᠳᠠᠯ ᠢ ᠲᠤᠷ᠎ᠠ ᠪᠠᠷ ᠢᠶᠠᠨ ᠰᠢᠢᠳᠪᠤᠷᠢᠯᠡᠵᠤ ᠪᠤᠯᠬᠤ ᠦᠬᠡᠢ︾ ᠭᠡᠵᠦ ᠲᠤᠭᠲᠠᠭᠠᠭᠰᠠᠨ ᠪᠠᠶᠢᠳᠠᠭ᠃ ᠮᠠᠯ ᠤᠨ ᠦᠬᠦᠳᠡᠯ ᠢᠶᠠᠨ ᠬᠤᠭ ᠤᠨ ᠰᠠᠪᠠ᠂ ᠵᠠᠮ ᠤᠨ ᠬᠠᠵᠠᠭᠤ᠂ ᠪᠠᠯᠴᠢᠬᠡᠷ ᠲᠡᠬᠡᠷ᠎ᠠ ᠬᠠᠶᠠᠪᠠᠯ᠂ ᠬᠦᠮᠤᠨ ᠤ ᠪᠠᠶ᠎ᠠ ᠶᠢᠨ ᠡᠷᠡᠬᠦᠯ ᠮᠠᠡᠳᠤ ᠳᠤ ᠬᠤᠤᠷ ᠬᠦᠨᠤᠬᠡᠯ ᠤᠴᠠᠷᠭᠤᠯᠤᠨ᠎ᠠ᠃ ᠬᠦᠮᠤᠨ ᠮᠠᠯ ᠳᠤ ᠪᠦᠷ ᠲᠤᠰᠳᠠᠭ ᠡᠪᠡᠳᠴᠢᠨ ᠳᠤ ᠨᠡᠷᠪᠡᠭᠳᠡᠭᠰᠡᠨ ᠮᠠᠯ ᠤᠨ ᠥᠬᠦᠳᠡᠯ ᠤᠨ ᠬᠤᠤᠷ ᠬᠦᠨᠤᠬᠡᠯ ᠨᠢ ᠨᠠᠩ ᠶᠡᠭᠡ᠂ ᠬᠡᠪ ᠤᠨ ᠪᠠᠶᠢᠳᠠᠯ ᠢᠶᠠᠷ ᠦᠬᠦᠭᠰᠡᠨ ᠠᠮᠢᠳᠠᠨ ᠤ ᠪᠠᠶ᠎ᠠ ᠲᠡᠬᠡᠷᠡᠬᠢ ᠪᠡᠺᠲ᠋ᠧᠷᠢ ᠨᠢ ᠴᠤ ᠬᠦᠮᠤᠨ ᠤ ᠪᠠᠶ᠎ᠠ ᠳᠤ ᠬᠤᠤᠷᠳᠡᠢ ᠪᠠᠶᠢᠳᠠᠭ᠃ ᠡᠬᠦᠨ ᠠᠴᠠ ᠭᠠᠳᠠᠨ᠎ᠠ᠂ ᠮᠠᠯ ᠤᠨ ᠦᠬᠦᠳᠠᠯ ᠢᠯᠵᠢᠷᠡᠭᠰᠡᠨ ᠤ ᠲᠠᠷᠠᠭ᠎ᠠ᠂ ᠡᠯ᠎ᠠ ᠵᠥᠢᠯ ᠤᠨ ᠪᠡᠺᠲ᠋ᠧᠷᠢ ᠦᠷᠡᠵᠢᠳᠡᠭ᠂ ᠮᠠᠯ ᠤᠨ ᠦᠬᠦᠳᠠᠯ ᠢ ᠪᠣᠯᠠᠭᠰᠠᠨ ᠤ ᠲᠠᠷᠠᠭ᠎ᠠ᠂ ᠦᠬᠦᠳᠠᠯ ᠤᠨ ᠲᠤᠳᠤᠷᠡᠬᠢ ᠪᠡᠺᠲ᠋ᠧᠷᠢ ᠨᠢ ᠪᠠᠰᠠ ᠬᠦᠷᠤᠰᠤᠨ ᠲᠤᠳᠤᠷ᠎ᠠ ᠬᠡᠳᠤᠨ ᠵᠢᠯ ᠠᠮᠢᠳᠤᠷᠡᠨ᠂ ᠤᠷᠴᠢᠨ ᠲᠤᠭᠤᠷᠢᠨ ᠳᠤ ᠰᠦᠷᠳᠡᠬᠦᠯᠤᠯ ᠪᠤᠯᠵᠤ᠂ ᠢᠯᠠᠩᠭᠤᠶ᠎ᠠ ᠤᠰᠤᠨ ᠤ ᠡᠬᠢ ᠰᠤᠷᠪᠤᠯᠵᠢ ᠶᠢ ᠠᠮᠠᠷᠬᠠᠨ ᠪᠤᠬᠢᠷᠳᠤᠭᠤᠯᠳᠠᠭ᠃ ᠦᠬᠦᠭᠰᠡᠨ ᠮᠠᠯ ᠢᠶᠠᠨ ᠲᠤᠷ᠎ᠠ ᠪᠠᠷ ᠢᠶᠠᠨ ᠬᠠᠶᠠᠪᠠᠯ ᠡᠪᠡᠳᠴᠢᠨ ᠡᠮᠬᠡᠭ ᠢ ᠨᠠᠩ ᠠᠮᠠᠷᠬᠠᠨ ᠲᠠᠷᠬᠠᠭᠠᠵᠤ᠂ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠠᠮᠤᠷ ᠲᠦᠪᠰᠢᠨ ᠳᠤ ᠬᠤᠤᠷ ᠬᠦᠨᠤᠬᠡᠯ ᠤᠴᠠᠷᠠᠭᠤᠯᠤᠨ᠎ᠠ᠃      ᠨᠢᠬᠡ᠂ ᠮᠠᠯ ᠤᠨ ᠦᠬᠦᠳᠡᠯ ᠢ ᠬᠡᠷᠬᠢᠨ ᠰᠢᠢᠳᠪᠤᠷᠢᠯᠡᠬᠦ ᠪᠤᠢ︖      ᠮᠠᠯ ᠰᠦᠷᠦᠭ ᠬᠡᠪ ᠤᠨ ᠪᠠᠶᠢᠳᠠᠯ ᠢᠶᠠᠷ ᠦᠬᠦᠭᠰᠡᠨ ᠦᠬᠦᠳᠡᠯ ᠪᠤᠶᠤ ᠲᠤᠷ᠎ᠠ ᠪᠠᠷ ᠢᠶᠠᠨ ᠬᠠᠶᠠᠭᠰᠡᠨ ᠮᠠᠯ ᠤᠨ ᠦᠬᠦᠳᠠᠯ ᠢ ᠤᠯᠵᠤ ᠮᠠᠳᠠᠪᠠᠯ᠂ ᠮᠠᠯᠴᠢᠳ ᠲᠠᠷᠤᠶᠢᠬᠠᠨ ᠭᠠᠴᠠᠭᠠᠨ ᠤ ᠵᠦᠪᠯᠡᠯ ᠳᠤ ᠮᠠᠳᠡᠬᠦᠯᠵᠤ᠂ ᠭᠠᠴᠠᠭᠠᠨ ᠤ ᠵᠦᠪᠯᠡᠯ ᠢᠶᠠᠷ ᠬᠢᠨᠡᠨ ᠬᠠᠷᠠᠭᠤᠭᠤᠯᠤᠭᠰᠡᠨ ᠤ ᠲᠠᠷᠠᠭ᠎ᠠ ᠰᠤᠮᠤᠨ ᠤ ᠶᠠᠷᠤᠩᠬᠡᠶᠢᠯᠡᠭᠰᠡᠨ ᠪᠠᠳᠤᠯᠠᠭ᠎ᠠ ᠪᠠ ᠮᠠᠷᠬᠡᠵᠢᠯ ᠲᠦᠬᠡᠮᠡᠯᠵᠢᠬᠦᠯᠬᠦ ᠲᠦᠪ ᠲᠤ ᠮᠡᠳᠡᠬᠦᠯᠤᠨ᠂ ᠲᠤᠰᠬᠠᠢ ᠮᠠᠷᠬᠡᠵᠢᠯ ᠤᠨ ᠠᠵᠢᠯᠳᠠᠨ ᠤ ᠵᠢᠯᠤᠭᠤᠳᠤᠯᠭ᠎ᠠ ᠲᠤᠤᠷ᠎ᠠ ᠲᠤᠬᠢᠳᠡᠢ ᠭᠠᠵᠡᠷ ᠲᠤ ᠰᠢᠯᠵᠢᠬᠦᠯᠤᠨ ᠬᠤᠤᠷ ᠦᠬᠡᠶᠢᠵᠢᠬᠦᠯᠤᠨ ᠰᠢᠢᠳᠪᠤᠷᠢᠯᠡᠬᠦ ᠬᠡᠷᠡᠭᠳᠡᠢ᠃      ᠬᠡᠷᠪᠡ ᠮᠠᠯ ᠰᠦᠷᠦᠭ ᠨᠢ ᠬᠡᠨᠡᠳᠳᠡ ᠶᠢᠨ ᠴᠢᠨᠡᠷᠳᠡᠢ ᠬᠠᠯᠳᠠᠪᠤᠷᠢᠳᠤ ᠡᠪᠡᠳᠴᠢᠨ ᠠᠴᠠ ᠪᠤᠯᠤᠭᠰᠡᠨ ᠪᠦᠬᠡᠳ ᠶᠡᠭᠡ ᠬᠡᠪᠴᠢᠶ᠎ᠠ ᠪᠠᠷ ᠦᠬᠦᠭᠰᠡᠨ ᠪᠠᠶᠢᠪᠠᠯ᠂ ᠭᠠᠴᠠᠭᠠᠨ ᠤ ᠵᠦᠪᠯᠡᠯ ᠠᠴᠠ ᠲᠠᠷᠤᠢ ᠲᠦᠷᠬᠡᠨ ᠰᠤᠮᠤᠨ ᠤ ᠶᠠᠷᠤᠩᠬᠡᠶᠢᠯᠡᠭᠰᠡᠨ ᠪᠠᠳᠤᠯᠠᠭ᠎ᠠ ᠪᠠ ᠮᠠᠷᠬᠡᠵᠢᠯ ᠲᠦᠬᠡᠮᠡᠯᠵᠢᠬᠦᠯᠬᠦ ᠲᠦᠪ ᠲᠤ ᠮᠠᠳᠡᠬᠦᠯᠤᠨ᠎ᠠ᠃ ᠡᠪᠡᠳᠴᠢᠨ ᠤ ᠪᠠᠶᠢᠳᠠᠯ  ᠢ ᠪᠠᠶᠢᠴᠠᠭᠠᠯᠠᠭᠠᠵᠤ᠂ ᠱᠠᠳᠤ ᠲᠠᠷᠠᠭᠠᠯᠠᠨ ᠲᠡᠬᠡᠭᠰᠢ ᠮᠡᠳᠡᠬᠦᠯᠬᠦ ᠶᠢᠨ ᠬᠠᠮᠳᠤ ᠲᠤᠰᠬᠠᠢ ᠮᠡᠷᠬᠡᠵᠢᠯ ᠢᠶᠠᠷ ᠰᠢᠢᠳᠪᠤᠷᠢᠯᠡᠬᠦ ᠬᠡᠷᠡᠭᠳᠡᠢ᠃ ᠡᠪᠡᠳᠴᠢᠨ ᠢᠶᠠᠷ ᠦᠬᠦᠭᠰᠡᠨ ᠮᠠᠯ ᠤᠨ ᠦᠬᠦᠳᠠᠯ ᠢᠶᠠᠷ ᠬᠡᠷ ᠤᠨ ᠲᠡᠵᠢᠬᠡᠪᠤᠷᠢ ᠪᠠ ᠬᠡᠬᠡᠷ᠎ᠠ ᠶᠢᠨ ᠠᠮᠢᠳᠠᠨ  ᠢ ᠲᠡᠵᠢᠬᠡᠵᠤ ᠪᠤᠯᠬᠤ ᠦᠬᠡᠢ᠃      ᠬᠤᠶᠡᠷ᠂ ᠮᠠᠯ ᠤᠨ ᠦᠬᠦᠳᠡᠯ ᠢᠶᠠᠨ ᠲᠤᠷ᠎ᠠ ᠪᠠᠷ ᠢᠶᠠᠨ ᠬᠠᠶᠠᠬᠤ ᠨᠢ ᠶᠠᠮᠠᠷ ᠶᠠᠮᠠᠷ ᠬᠠᠤᠯᠢ ᠴᠠᠭᠠᠵᠠ ᠬᠠᠤᠯᠢ ᠲᠤᠭᠳᠠᠭᠠᠯ ᠢ ᠵᠦᠷᠢᠴᠡᠬᠦ ᠪᠤᠢ︖ ᠦᠷ᠎ᠠ ᠳ᠋ᠦᠡᠭ ᠨᠢ ᠶᠠᠮᠠᠷ ᠪᠤᠢ︖      ︽ᠪᠦᠬᠦᠳᠠ ᠨᠠᠶᠢᠷᠠᠮᠳᠠᠬᠤ ᠲᠤᠮᠳᠠᠳᠤ ᠠᠷᠡᠳ ᠤᠯᠤᠰ ᠤᠨ ᠠᠮᠢᠳᠠᠨ ᠤ ᠬᠢᠵᠢᠭ ᠢ ᠰᠡᠷᠬᠡᠶᠢᠯᠡᠬᠦ ᠬᠠᠤᠯᠢ︾  ᠶᠢᠨ  ᠲᠠᠯᠠᠨ ᠲᠠᠪᠤᠳᠤᠭᠠᠷ ᠵᠤᠷᠪᠤᠰ ᠲᠤᠭᠳᠠᠭᠠᠯ ᠢ ᠦᠡᠳᠤᠰᠤᠯᠠᠪᠠᠯ᠄ ︽ᠬᠢᠵᠢᠭ ᠬᠠᠯᠳᠠᠪᠤᠷᠢᠯᠠᠭᠰᠡᠨ ᠠᠮᠢᠳᠠᠨ ᠵᠢᠴᠢ ᠲᠡᠬᠦᠨ ᠤ ᠢᠯᠭᠠᠳᠠᠰᠤ᠂ ᠬᠢᠵᠢᠭ ᠬᠠᠯᠳᠠᠪᠤᠷᠢᠯᠠᠭᠰᠡᠨ ᠠᠮᠢᠳᠠᠨ ᠤ ᠪᠦᠳᠤᠬᠡᠭᠳᠡᠬᠦᠨ᠂ ᠡᠪᠡᠳᠴᠢᠯᠡᠵᠤ ᠦᠬᠦᠭᠰᠡᠨ ᠪᠤᠶᠤ ᠦᠬᠦᠭᠰᠡᠨ ᠰᠢᠯᠳᠠᠭᠠᠨ ᠨᠢ ᠲᠤᠳᠤᠷᠬᠠᠢ ᠦᠬᠡᠢ ᠠᠮᠢᠳᠠᠨ ᠤ ᠦᠬᠦᠳᠠᠯ ᠢ ᠲᠦᠷᠤ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠬᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠯ ᠶᠤᠰᠤᠭᠠᠷ ᠰᠢᠢᠳᠪᠤᠷᠢᠯᠡᠭᠰᠡᠨ ᠦᠬᠡᠢ ᠪᠠᠶᠢᠪᠠᠯ᠂ ᠠᠮᠢᠳᠠᠨ ᠤ ᠡᠷᠡᠬᠦᠯ ᠬᠠᠮᠠᠭᠠᠯᠠᠯ ᠳᠤ ᠬᠢᠨᠡᠯᠳᠡ ᠲᠠᠯᠪᠢᠬᠤ ᠪᠠᠶᠢᠭᠤᠯᠤᠮᠵᠢ ᠠᠴᠠ ᠵᠠᠷᠯᠢᠭᠳᠠᠵᠤ ᠪᠠᠶᠢᠭᠠᠳ ᠬᠤᠤᠷ ᠦᠬᠡᠶᠢᠵᠢᠬᠦᠯᠤᠨ ᠰᠢᠢᠳᠪᠤᠷᠢᠯᠡᠬᠦᠯᠤᠨ᠎ᠠ᠃ ᠰᠢᠢᠳᠪᠤᠷᠢᠯᠡᠬᠦ ᠳᠤ ᠬᠡᠷᠡᠭᠰᠡᠬᠦ ᠵᠠᠷᠤᠳᠠᠯ  ᠢ ᠬᠠᠤᠯᠢ ᠶᠢ ᠵᠦᠷᠢᠴᠡᠭᠰᠡᠨ ᠦᠢᠯᠡ ᠠᠵᠢᠯᠯᠠᠭᠠᠳᠤ ᠬᠦᠮᠤᠨ ᠡᠬᠦᠷᠬᠡᠯᠡᠨ᠎ᠠ᠂ ᠭᠤᠷᠪᠡᠨ ᠮᠢᠩᠭᠠᠨ ᠲᠦᠬᠦᠷᠢᠭ ᠠᠴᠠ ᠳᠤᠷᠤᠭᠰᠢ ᠵᠤᠭᠤᠰ ᠢᠶᠠᠷ ᠲᠤᠷᠭᠠᠬᠤ ᠪᠠᠷ ᠰᠢᠳᠬᠡᠵᠤ ᠪᠤᠯᠤᠨ᠎ᠠ᠃      ︽ᠪᠦᠬᠦᠳᠠ ᠨᠠᠶᠢᠷᠠᠮᠳᠠᠬᠤ ᠲᠤᠮᠳᠠᠳᠤ ᠠᠷᠡᠳ ᠤᠯᠤᠰ ᠤᠨ ᠠᠮᠢᠳᠠᠨ ᠤ ᠬᠢᠵᠢᠭ ᠢ ᠰᠡᠷᠬᠡᠶᠢᠯᠡᠬᠦ ᠬᠠᠤᠯᠢ︾  ᠶᠢᠨ 337 ᠳ᠋ᠤᠭᠠᠷ ᠵᠤᠷᠪᠤᠰ ᠲᠤᠭᠳᠠᠭᠠᠯ ᠢ ᠦᠡᠳᠤᠰᠤᠯᠠᠪᠠᠯ᠄ ︽ᠠᠮᠢᠳᠠᠨ ᠤᠷᠭᠤᠮᠠᠯ ᠤᠨ ᠬᠢᠵᠢᠭ ᠢ ᠰᠡᠷᠬᠡᠶᠢᠯᠡᠬᠦ᠂ ᠬᠢᠵᠢᠭ ᠢ ᠪᠠᠶᠢᠴᠠᠭᠠᠬᠤ ᠲᠤᠬᠠᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠠᠵᠤ᠂ ᠠᠮᠢᠳᠠᠨ ᠤᠷᠭᠤᠮᠠᠯ  ᠤᠨ ᠬᠦᠡᠳᠤ ᠶᠡᠭᠡ ᠬᠢᠵᠢᠭ ᠤᠨ ᠪᠠᠶᠢᠳᠠᠯ ᠢ ᠡᠬᠦᠰᠬᠡᠭᠰᠡᠨ᠂ ᠡᠰᠡᠬᠦᠯ᠎ᠠ ᠠᠮᠢᠳᠠᠨ ᠤᠷᠭᠤᠮᠠᠯ ᠤᠨ ᠬᠦᠡᠳᠤ ᠶᠡᠭᠡ ᠬᠢᠵᠢᠭ ᠤᠨ ᠪᠠᠶᠢᠳᠠᠯ ᠢ ᠡᠬᠦᠰᠬᠡᠬᠦ ᠠᠶᠤᠯ ᠲᠠᠢ ᠪᠦᠬᠡᠳ ᠦᠢᠯᠡ ᠶᠠᠪᠤᠳᠠᠯ ᠨᠢ ᠬᠦᠡᠳᠤ ᠨᠤᠴᠢᠳᠡᠢ ᠪᠠᠶᠢᠪᠠᠯ ᠭᠤᠷᠪᠡᠨ ᠵᠢᠯ ᠠᠴᠠ ᠲᠤᠭᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠦᠳᠡᠯᠮᠤᠷᠢᠯᠡᠬᠦ ᠪᠠᠷ ᠰᠢᠳᠬᠡᠵᠤ ᠵᠤᠭᠤᠰ ᠢᠶᠠᠷ ᠲᠤᠷᠭᠠᠨ᠎ᠠ︾ ᠭᠡᠵᠦ ᠲᠤᠭᠲᠠᠭᠠᠭᠰᠠᠨ ᠪᠠᠶᠢᠳᠠᠭ᠃      ᠢᠯᠡᠴᠢᠯᠡᠨ ᠮᠡᠳᠡᠬᠦᠯᠬᠦ ᠤᠳᠠᠰᠤ  ᠄ 0479 —2301368                     ᠨᠠᠷᠠᠡᠪᠤᠯᠠᠭ ᠰᠤᠮᠤᠨ ᠤ ᠠᠷᠡᠳ ᠤᠨ ᠵᠠᠰᠠᠭ ᠤᠨ ᠤᠷᠳᠤᠨ                        2024 ᠤᠨ ᠤ 3 ᠰᠠᠷ᠎ᠠ ᠶᠢᠨ 13 ᠤ ᠡᠳᠤᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号