ᠦᠨᠳᠦᠰᠦᠲᠡᠨ ᠤ ᠬᠤᠪᠴᠠᠰᠤ ᠵᠠᠰᠠᠯ ᠡᠰᠬᠡᠬᠦ ᠪᠣᠯᠪᠠᠰᠤᠷᠠᠯ ᠤᠨ ᠠᠩᠭᠢ ᠡᠷᠬᠢᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/3/15
     ᠨᠡᠬᠦᠯᠬᠡᠨ ᠰᠢᠯᠵᠢᠬᠦᠯᠦᠭᠰᠡᠨ ᠮᠠᠯᠴᠢᠨ ᠲᠠᠷᠢᠶᠠᠴᠢᠨ᠂ ᠬᠤᠲᠠ ᠪᠠᠯᠭᠠᠰᠤᠨ ᠤ ᠠᠵᠢᠯ ᠠᠯᠳᠠᠭᠰᠠᠳ ᠤᠨ ᠠᠵᠢᠯ ᠤᠯᠭᠤᠯᠳᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠲᠣᠭᠲᠠᠪᠤᠷᠢᠲᠤ ᠴᠢᠨᠠᠷ ᠢ ᠨᠡᠮᠡᠭᠳᠡᠭᠦᠯᠦᠨ᠂ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠬᠦ ᠶᠢᠨ ᠲᠤᠰᠠᠳᠠ᠂ ᠠᠪᠠᠭ᠎ᠠ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠣᠶᠢᠷ᠎ᠠ ᠶᠢᠨ ᠬᠤᠭᠤᠴᠠᠭᠠᠨ ᠳᠤ ᠦᠨᠳᠦᠰᠦᠲᠡᠨ ᠤ ᠬᠤᠪᠴᠠᠰᠤ ᠵᠠᠰᠠᠯ ᠡᠰᠬᠡᠬᠦ ᠪᠣᠯᠪᠠᠰᠤᠷᠠᠯ ᠤᠨ ᠠᠩᠭᠢ ᠡᠷᠬᠢᠯᠡᠬᠦ ᠪᠠᠷ ᠪᠠᠶᠢᠨ᠎ᠠ᠃ ᠨᠠᠷᠢᠨ ᠪᠠᠶᠢᠳᠠᠯ ᠨᠢ ᠳᠣᠣᠷᠠᠬᠢ ᠮᠡᠲᠦ᠄      ᠨᠢᠬᠡ᠂ ᠰᠤᠷᠤᠭᠴᠢ ᠡᠯᠰᠡᠬᠦ ᠡᠳᠡᠬᠡᠳ      ⒈ ᠮᠠᠨ ᠤ ᠬᠤᠰᠢᠭᠤᠨ ᠤ ᠬᠡᠪᠴᠢᠶᠡᠨ ᠳᠠᠬᠢ ᠡᠮᠡᠭᠳᠡᠢ ︵16 - 50 ᠪᠦᠬᠦᠯᠢ︶ ᠨᠠᠰᠤ᠂ ᠡᠷᠡᠭᠳᠡᠢ ︵16 - 60 ᠪᠦᠬᠦᠯᠢ︶ ᠨᠠᠰᠤᠨ ᠤ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠬᠤᠳᠠ ᠬᠥᠳᠡᠭᠡ ᠶᠢᠨ ᠦᠷᠭᠦᠯᠵᠢᠯᠡᠨ ᠰᠤᠷᠭᠠᠭᠤᠯᠢ ᠳᠠᠪᠰᠢᠭᠰᠠᠨ ᠦᠭᠡᠢ ᠲᠤᠬᠠᠢ ᠶᠢᠨ ᠵᠢᠯ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠵᠢᠴᠢ ᠴᠡᠷᠢᠭ ᠠᠴᠠ ᠬᠠᠯᠠᠭᠳᠠᠭᠰᠠᠳ᠂ ᠮᠠᠯᠵᠢᠬᠤ ᠲᠠᠷᠢᠶᠠᠯᠠᠬᠤ ᠣᠷᠣᠨ ᠤ ᠨᠡᠬᠦᠯᠬᠡᠨ ᠰᠢᠯᠵᠢᠬᠦᠯᠦᠭᠰᠡᠳ᠂ ᠠᠵᠢᠯ ᠣᠯᠬᠤ ᠳᠤ ᠬᠦᠴᠢᠷᠲᠡᠶ ᠬᠥᠮᠦᠰ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠨᠢ ᠴᠥᠮ ᠨᠡᠷ᠎ᠡ ᠮᠡᠳᠡᠭᠦᠯᠵᠦ ᠪᠣᠯᠤᠨ᠎ᠠ᠃      ⒉ ᠨᠠᠰᠤᠵᠢᠯ ᠤᠨ ᠳᠠᠭᠠᠳᠬᠠᠯ ᠤᠨ  ᠰᠠᠷ᠎ᠠ ᠶᠢᠨ ᠣᠯᠭᠤᠮᠵᠢ ᠶᠢ ᠤᠯᠬᠤ ᠦᠬᠡᠢ ᠪᠠᠶᠢᠭ᠎ᠠ ᠬᠥᠮᠦᠰ ᠤᠨ ᠨᠠᠰᠤ ᠶᠢ ᠵᠣᠬᠢᠰᠲᠠᠶ ᠪᠠᠷ ᠠᠭᠤᠵᠢᠭᠤ ᠲᠠᠯᠪᠢᠵᠤ ᠪᠣᠯᠤᠨ᠎ᠠ᠃      ᠬᠤᠶᠠᠷ᠂ ᠪᠣᠯᠪᠠᠰᠤᠷᠠᠭᠤᠯᠤᠯ ᠤᠨ ᠴᠠᠭ ᠬᠤᠭᠤᠴᠠᠭ᠎ᠠ ᠵᠢᠴᠢ ᠬᠠᠷᠠᠭᠠᠯᠵᠠᠯ      ᠲᠣᠰ ᠤᠳᠠᠭᠠᠨ ᠤ ᠪᠣᠯᠪᠠᠰᠤᠷᠠᠯ ᠨᠢ ᠰᠦᠢᠳᠬᠡᠯ ᠬᠤᠷᠢᠶᠠᠬᠤ ᠦᠭᠡᠢ ᠪᠠᠷ ᠪᠣᠯᠪᠠᠰᠤᠷᠠᠭᠤᠯᠵᠤ ᠪᠠᠶᠢᠨ᠎ᠠ᠃ ᠡᠭᠦᠨ ᠳᠤ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ᠂ ᠠᠵᠢᠯ ᠣᠯᠬᠤ ᠳᠤ ᠬᠦᠴᠢᠷᠲᠡᠶ ᠬᠥᠮᠦᠰ ᠤᠯᠤᠰ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠥᠮᠦᠨ ᠪᠦᠷᠢ ᠡᠳᠦᠷ ᠪᠦᠷᠢ 100 ᠲᠥᠭᠦᠷᠢᠭ ᠤᠨ ᠠᠮᠢᠳᠤᠷᠠᠯ ᠤᠨ ᠰᠦᠢᠳᠬᠡᠯ ᠤᠨ ᠨᠥᠬᠦᠪᠥᠷᠢ ︵ᠵᠠᠮ ᠬᠠᠷᠢᠯᠴᠠᠭᠠᠨ ᠤ ᠵᠠᠷᠤᠳᠠᠯ ᠪᠠᠭᠲᠠᠨ᠎ᠠ︶ ᠬᠦᠷᠲᠡᠵᠦ ᠪᠣᠯᠤᠨ᠎ᠠ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠨ ᠲᠤᠭᠳᠠᠭᠠᠯᠳᠠ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠣᠯᠭᠤᠨ᠎ᠠ᠃      ᠭᠤᠷᠪᠠ᠂ ᠪᠣᠯᠪᠠᠰᠤᠷᠠᠭᠤᠯᠤᠯ ᠤᠨ ᠠᠷᠭ᠎ᠠ ᠮᠠᠶ᠋ᠢᠭ ᠵᠢᠴᠢ ᠠᠭᠤᠯᠭ᠎ᠠ      ᠪᠣᠯᠪᠠᠰᠤᠷᠠᠭᠤᠯᠤᠯ ᠤᠨ ᠠᠭᠤᠯᠭ᠎ᠠ᠄ ᠮᠣᠩᠭᠤᠯ ᠬᠤᠪᠴᠠᠰᠤ ᠵᠠᠰᠠᠯ ᠦᠢᠯᠡᠳᠬᠦ᠃      ᠪᠣᠯᠪᠠᠰᠤᠷᠠᠭᠤᠯᠤᠯ ᠤᠨ ᠠᠷᠭ᠎ᠠ ᠮᠠᠶ᠋ᠢᠭ᠄ ᠰᠦᠯᠵᠢᠶᠡᠨ ᠭᠠᠳᠠᠨ᠎ᠠ ᠲᠥᠪᠯᠡᠷᠡᠭᠦᠯᠦᠨ ᠪᠣᠯᠪᠠᠰᠤᠷᠠᠭᠤᠯᠬᠤ ᠠᠷᠭ᠎ᠠ ᠮᠠᠶ᠋ᠢᠭ ᠢ ᠠᠪᠴᠤ᠂ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠪᠥᠭᠡᠳ ᠰᠢᠯᠭᠠᠯᠲᠠ ᠪᠠᠷ ᠳᠡᠮᠵᠢᠨ ᠤᠯᠤᠰ ᠠᠴᠠ ᠲᠣᠭᠲᠠᠭᠠᠭᠰᠠᠨ ᠠᠵᠢᠯ ᠮᠡᠷᠭᠡᠵᠢᠯ ᠤᠨ ᠴᠢᠳᠠᠪᠦᠷᠢ ᠶᠢᠨ ᠲᠠᠰ ᠤᠨ ᠦᠨᠡᠮᠯᠡᠯ ᠣᠯᠭᠤᠵᠤ ᠪᠣᠯᠤᠨ᠎ᠠ᠃      ᠳᠥᠷᠪᠡ᠂ ᠨᠡᠷ᠎ᠡ ᠮᠡᠳᠡᠭᠦᠯᠬᠦ ᠳᠡᠭᠡᠨ ᠪᠦᠷᠢᠳᠤᠬᠦᠯᠬᠦ ᠴᠢᠬᠤᠯᠠᠲᠠᠶ ᠮᠠᠲ᠋ᠧᠷᠢᠶᠠᠯ      ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠬᠤ ᠬᠥᠮᠦᠨ ᠪᠦᠬᠦᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠶᠢ 3 ᠬᠤᠪᠢ᠂ 1.5 ᠢᠮᠠᠬᠤ ᠴᠠᠭᠠᠨ ᠳᠡᠪᠢᠰᠬᠡᠷ ᠲᠠᠢ ᠰᠡᠭᠦᠳᠡᠷ ᠢ 4 ᠬᠤᠪᠢ ᠠᠪᠴᠤ᠂ 2 ᠢᠮᠠᠬᠤ  ᠶᠢᠨ ᠬᠥᠬᠡ ᠲᠠᠪᠢᠰᠬᠡᠷ ᠲᠠᠢ ᠰᠡᠭᠦᠳᠡᠷ ᠤᠨ ᠬᠤᠶᠠᠷ ᠬᠤᠪᠢ ᠶᠢ ᠠᠪᠴᠤ᠂ ᠬᠤᠰᠢᠭᠤ ᠠᠵᠢᠯ ᠣᠯᠭᠤᠯᠲᠠ ᠶᠢᠨ ᠦᠢᠯᠡᠴᠢᠯᠡᠬᠡᠨ ᠤ ᠲᠥᠪ ᠲᠤ ᠬᠦᠷᠴᠦ ᠨᠡᠷ᠎ᠡ ᠮᠡᠳᠡᠬᠦᠯᠤᠨ᠎ᠠ᠃ᠨᠡᠷ᠎ᠡ ᠮᠡᠳᠡᠭᠦᠯᠬᠦ ᠴᠠᠭ᠄ ᠲᠤᠰ ᠡᠳᠦᠷ ᠠᠴᠠ ᠡᠬᠢᠯᠡᠨ ᠨᠡᠷ᠎ᠡ ᠮᠡᠳᠡᠭᠦᠯᠦᠨ᠎ᠡ      ᠨᠡᠷ᠎ᠡ ᠮᠡᠳᠡᠭᠦᠯᠬᠦ ᠤᠲᠠᠰᠤ᠄ 0479 - 2022800      ᠨᠡᠷ᠎ᠡ ᠮᠡᠳᠡᠭᠦᠯᠬᠦ ᠭᠠᠵᠠᠷ᠄ ᠠᠪᠠᠭ᠎ᠠ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ ᠵᠡᠭᠦᠨ ᠲᠠᠯ᠎ᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠪᠣᠯᠪᠠᠰᠤᠷᠠᠭᠤᠯᠤᠯ ᠤᠨ ᠲᠠᠰᠤᠭ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号