ᠠᠪᠠᠭ᠎ᠠ ᠬᠤᠰᠢᠭᠤ 2024 ᠣᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠵᠢᠴᠢ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/18
     3 ᠰᠠᠷ᠎ᠠ ᠶᠢᠨ 12᠎ ᠤᠨ ᠡᠳᠦᠷ᠂ ᠠᠪᠠᠭ᠎ᠠ ᠬᠤᠰᠢᠭᠤ 2024 ᠣᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠵᠢᠴᠢ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠠᠵᠢᠯ ᠤᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠪᠠ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢ ᠰᠤᠷᠤᠯᠴᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2023 ᠣᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠳ᠋ᠦᠩᠨᠡᠵᠦ᠂ ᠡᠨᠡ ᠵᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠪᠠᠶᠢᠷᠢᠯᠠᠭᠤᠯᠪᠠ᠃      ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ ᠸᠠᠩ ᠰᠢᠶᠤᠤ ᠸᠧᠶ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠠᠯᠮᠠᠰ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠠᠩ ᠰᠢᠤᠢ ᠳ᠋ᠦᠩ᠂ ᠬᠤᠰᠢᠭᠤ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠴᠡᠩᠭᠡᠯ᠂  ᠬᠤᠰᠢᠭᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠵᠠᠩ ᠵᠢᠶᠦ᠋ᠨ ᠯᠢ ᠬᠤᠷᠠᠯ ᠳᠤ ᠣᠷᠣᠯᠴᠠᠵᠠᠶ᠃      ᠬᠤᠷᠠᠯ ᠠᠴᠠ᠂ 2023 ᠣᠨ ᠳᠤ᠂ ᠪᠦᠬᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠹᠷᠣᠨᠲ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠠᠷᠪᠠᠨ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠠᠪᠠᠭ᠎ᠠ᠂ ᠬᠠᠤᠯᠢᠵᠢᠯ ᠤᠨ ᠠᠪᠠᠭ᠎ᠠ ᠶᠢ ᠴᠢᠷᠮᠠᠶᠢᠨ ᠪᠠᠶᠢᠭᠤᠯᠵᠤ᠂ ᠡᠯ᠎ᠡ ᠵᠦᠢᠯ ᠤᠨ ᠠᠵᠢᠯ ᠳᠤ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠭᠦᠯᠦᠨ᠎ᠡ᠃      ᠬᠤᠷᠠᠯ ᠠᠴᠠ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠳᠤᠰᠬᠠᠶᠢᠵᠤ ᠴᠠᠭᠠᠷᠠᠭᠰᠠᠨ ᠡᠩᠨᠡᠭᠡ ᠶᠢᠨ ᠪᠠᠶᠢᠭᠤᠯᠤᠯᠲᠠ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠤᠯᠤᠰ ᠲᠦᠷᠦ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠤᠯᠤᠰ ᠲᠦᠷᠦ ᠶᠢᠨ ᠪᠠᠶᠢᠭᠤᠯᠤᠯᠲᠠ ᠪᠠᠷ ᠬᠦᠳᠦᠯᠥᠨ ᠳᠠᠭᠠᠭᠤᠯᠵᠤ ᠪᠠᠶᠢᠭᠠᠳ ᠴᠢᠳᠠᠪᠤᠷᠢ ᠶᠢᠨ ᠪᠠᠶᠢᠭᠤᠯᠤᠯᠲᠠ ᠪᠠᠷ ᠦᠨᠳᠦᠰᠦ ᠪᠣᠯᠭᠠᠵᠤ᠂ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ᠂ ᠠᠮᠤᠷ ᠠᠮᠤᠭᠤᠯᠠᠩ ᠠᠪᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ᠂ ᠬᠠᠤᠯᠢᠵᠢᠯ ᠤᠨ ᠣᠷᠴᠢᠨ ᠲᠣᠭᠤᠷᠢᠨ ᠢ ᠪᠤᠢ ᠪᠣᠯᠭᠠᠬᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠵᠣᠷᠢᠭᠵᠢᠭᠤᠯᠬᠤ᠂ ᠤᠯᠤᠰ ᠲᠦᠷᠦ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠠᠬᠢᠭᠤᠯᠬᠤ ᠵᠡᠷᠭᠡ ᠡᠯ᠎ᠡ ᠵᠦᠢᠯ ᠤᠨ ᠠᠵᠢᠯ ᠤᠨ ᠳᠤᠮᠳᠠ ᠯᠠᠪᠳᠠᠭᠤᠨ ᠪᠠᠲᠤᠲᠠᠢ ᠤᠷᠤᠭᠰᠢᠯᠠᠵᠤ᠂ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠪᠠ ᠬᠠᠤᠯᠢᠵᠢᠯ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠵᠦ᠂ ᠣᠳᠣᠬᠢᠴᠢᠯᠠᠭᠰᠠᠨ ᠠᠪᠠᠭ᠎ᠠ ᠶᠢ ᠲᠦᠷᠭᠡᠳᠬᠡᠨ ᠪᠦᠳᠦᠭᠡᠨ ᠪᠠᠶᠢᠭᠤᠯᠬᠤ ᠳᠤ ᠤᠯᠤᠰ ᠲᠦᠷᠦ ᠬᠠᠤᠯᠢ ᠴᠠᠭᠠᠵᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠰᠢᠭᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠰᠢᠭᠤ ᠠᠷᠠᠳ ᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠᠪᠠᠭ᠎ᠠ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠤᠳᠤᠷᠢᠳᠬᠤ ᠪᠠᠭ ᠤᠨ ᠭᠡᠰᠢᠭᠦᠨ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠵᠢᠴᠢ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠂ ᠬᠤᠰᠢᠭᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠭᠤᠯᠭ᠎ᠠ ᠶᠢᠨ ᠪᠥᠬᠦ ᠺᠠᠳ᠋ᠷ ᠬᠤᠷᠠᠯ ᠳᠤ ᠣᠷᠣᠯᠴᠠᠵᠠᠶ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号