ᠵᠠᠭᠦᠨ ᠦᠵᠦᠮᠦᠴᠢᠨ ᠬᠤᠰᠢᠭᠤᠨ ᠤ ᠲᠤᠭᠤᠷᠢᠨ ᠪᠠᠶᠢᠴᠠᠭᠠᠬᠤ ᠳᠤᠭᠤᠶᠢᠯᠠᠩ ᠮᠠᠨ ᠤ ᠬᠤᠰᠢᠭᠤᠨ ᠳᠤ ᠲᠤᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2024/3/18
     3 ᠰᠠᠷ᠎ᠠ ᠶᠢᠨ 12᠎ ᠤᠨ ᠡᠳᠦᠷ᠂ ᠵᠠᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠮᠠᠨ ᠤ ᠬᠤᠰᠢᠭᠤᠨ ᠳᠤ ᠲᠤᠭᠤᠷᠢᠨ ᠪᠠᠶᠢᠴᠠᠭᠠᠵᠤ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠠᠷᠢᠭᠤᠨ ᠪᠠᠷ᠎ᠠ ᠪᠣᠯᠵᠤ ᠲᠤᠭᠤᠷᠢᠨ ᠪᠠᠶᠢᠴᠠᠭᠠᠪᠠ᠃      ᠲᠤᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠠᠪᠠᠭ᠎ᠠ ᠬᠤᠰᠢᠭᠤᠨ ᠤ ᠮᠠᠯ ᠡᠮᠨᠡᠯᠭᠡ ᠮᠠᠯ ᠤᠨ ᠡᠮ ᠤᠨ ᠨᠡᠶᠢᠭᠡᠮᠴᠢᠯᠡᠭᠰᠡᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠠᠪᠠᠭ᠎ᠠ ᠬᠤᠰᠢᠭᠤᠨ ᠤ  ᠮᠠᠯᠴᠢᠳ ᠤᠨ ᠳᠤᠷᠠᠰᠣᠮᠵᠢ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠠᠪᠠᠭ᠎ᠠ ᠬᠤᠰᠢᠭᠤᠨ ᠤ ᠵᠣᠣ ᠹᠦ᠋ ᠠᠵᠤ ᠠᠬᠤᠶ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠮᠠᠯᠵᠢᠬᠤ ᠣᠷᠣᠨ ᠤ ᠣᠳᠣᠬᠢᠴᠢᠯᠠᠭᠰᠠᠨ ᠮᠠᠯ ᠠᠵᠤ ᠠᠬᠤᠶ ᠶᠢᠨ ᠮᠠᠰᠢᠨ ᠮᠧᠬᠠᠨᠢᠭ ᠤᠨ ᠲᠣᠮᠣ ᠵᠠᠬ᠎ᠠ᠂ ᠠᠪᠠᠭ᠎ᠠ ᠬᠤᠰᠢᠭᠤᠨ ᠤ ᠬᠤᠰᠢᠭᠤ ᠲᠠᠰ ᠤᠨ ᠡᠪᠡᠰᠦ ᠪᠣᠷᠳᠤᠭ᠎ᠠ ᠶᠢ ᠰᠢᠯᠵᠢᠭᠦᠯᠦᠨ ᠲᠡᠭᠡᠭᠡᠪᠦᠷᠢᠯᠡᠵᠦ ᠨᠥᠭᠡᠴᠡᠯᠡᠬᠦ ᠰᠠᠭᠤᠷᠢᠨ ᠭᠠᠵᠠᠷ ᠵᠡᠷᠭᠡ ᠭᠠᠵᠠᠷ ᠲᠤ ᠬᠦᠷᠴᠦ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ ᠲᠠᠨᠢᠯᠴᠠᠭᠤᠯᠭ᠎ᠠ ᠰᠣᠨᠣᠰᠬᠤ ᠪᠠᠷ ᠳᠠᠮᠵᠢᠭᠤᠯᠤᠨ᠂ ᠮᠠᠨ ᠤ ᠬᠤᠰᠢᠭᠤᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ᠂ ᠤᠯᠠᠮᠵᠢᠯᠠᠯᠲᠤ ᠴᠠᠭᠠᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠵᠢᠴᠢ ᠮᠠᠯᠴᠢᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠯᠠᠬᠤ ᠲᠤᠭᠲᠠᠯᠴᠠᠭ᠎ᠠ ᠶᠢ ᠪᠠᠶᠢᠭᠤᠯᠤᠭᠰᠠᠨ ᠪᠠᠶᠢᠳᠠᠯ᠂ ᠮᠠᠯᠵᠢᠬᠤ ᠣᠷᠣᠨ ᠤ ᠪᠣᠳᠠᠲᠤ ᠪᠠᠶᠢᠳᠠᠯ ᠳᠤ ᠨᠡᠶᠢᠴᠡᠭᠰᠡᠨ ᠮᠠᠰᠢᠨ ᠮᠧᠬᠠᠨᠢᠭ ᠪᠣᠷᠣᠯᠠᠭᠤᠯᠬᠤ ᠦᠢᠯᠡᠴᠢᠯᠡᠭᠡᠨ ᠤ ᠬᠡᠯᠬᠢᠶᠡᠨ ᠤ ᠠᠵᠢᠯᠯᠠᠭᠠᠨ ᠤ ᠪᠠᠶᠢᠳᠠᠯ ᠵᠢᠴᠢ ᠡᠪᠡᠰᠦ ᠪᠣᠷᠳᠤᠭ᠎ᠠ ᠬᠤᠳᠠᠯᠳᠤᠨ ᠠᠪᠬᠤ ︽ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡ︾᠎ ᠶᠢᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃      ᠲᠤᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠡᠯ᠎ᠡ ᠵᠦᠢᠯ ᠤᠨ ᠠᠵᠢᠯ ᠤᠨ ᠳᠤᠮᠳᠠ ᠣᠯᠤᠭᠰᠠᠨ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠲᠤᠭᠤᠷᠢᠨ ᠪᠠᠶᠢᠴᠠᠭᠠᠬᠤ ᠪᠠᠷ ᠳᠠᠮᠵᠢᠨ ᠠᠪᠠᠭ᠎ᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ᠂ ᠺᠠᠳ᠋ᠷ ᠠᠵᠢᠯᠲᠠᠨ ᠤ ᠠᠵᠢᠯ ᠬᠢᠵᠦ ᠦᠢᠯᠡᠰ ᠪᠣᠰᠬᠠᠬᠤ ᠣᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠠᠵᠢᠯ ᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠰᠠᠶᠢᠵᠢᠷᠠᠯᠲᠠ ᠳᠤ ᠳᠥᠭᠦᠮ ᠦᠵᠡᠭᠦᠯᠵᠦ᠂ ᠵᠢᠱᠢᠶ᠎ᠡ ᠦᠵᠡᠭᠦᠯᠬᠦ ᠦᠢᠯᠡᠳᠦᠯ ᠪᠣᠯᠤᠨ ᠳᠡᠯᠭᠡᠷᠡᠭᠦᠯᠬᠦ ᠦᠨ᠎ᠡ ᠥᠷᠲᠡᠭ ᠲᠠᠢ ᠪᠣᠯᠪᠠ ᠭᠡᠵᠦ ᠢᠯᠡᠷᠬᠡᠶᠢᠯᠡᠵᠡᠶ᠃ ᠡᠭᠦᠨ ᠤ ᠬᠠᠮᠲᠤ ᠠᠪᠠᠭ᠎ᠠ ᠬᠤᠰᠢᠭᠤᠨ ᠤ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢ ᠨᠠᠷᠢᠨ ᠬᠢᠨᠠᠮᠠᠭᠠᠶ ᠰᠤᠷᠤᠯᠴᠠᠨ ᠲᠤᠯᠢᠳᠠᠵᠤ᠂ ᠬᠤᠶᠠᠷ ᠭᠠᠵᠠᠷ ᠤᠨ ᠬᠢᠨ ᠲᠣᠰ ᠲᠣᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠡᠪᠲᠡᠷᠡᠯᠴᠡᠭᠡ ᠪᠠ ᠰᠣᠯᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠬᠠᠷᠢᠯᠴᠠᠨ ᠰᠤᠷᠤᠯᠴᠠᠨ ᠲᠣᠯᠢ ᠪᠣᠯᠭᠠᠵᠤ᠂ ᠬᠤᠶᠠᠷ ᠭᠠᠵᠠᠷ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠰᠡᠳᠬᠢᠯ ᠨᠢᠭᠡᠳᠦᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号