ᠠᠪᠠᠭ᠎ᠠ ᠬᠤᠰᠢᠭᠤ ︽3 · 15︾᠎ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ ᠯᠠᠪᠯᠠᠭ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/18
     ᠡᠨᠡ ᠵᠢᠯ ᠪᠣᠯ 42 ᠳ᠋ᠤᠭᠠᠷ ︽3 · 15︾᠎ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠪᠣᠯᠤᠨ᠎ᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠭᠧ ᠶᠦᠩ ᠵᠢᠶᠦ᠋ᠨ ᠠᠵᠢᠯᠯᠠᠭ᠎ᠠ ᠳᠤ ᠣᠷᠣᠯᠴᠠᠵᠣ ᠶᠠᠷᠢᠶ᠎ᠠ ᠲᠠᠯᠪᠢᠪᠠ᠃ ᠲᠡᠷᠡ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠠᠷᠠᠳ ᠤᠨ ᠠᠮᠢᠳᠤᠷᠠᠯ ᠳᠤ ᠦᠢᠯᠡᠴᠢᠯᠡᠬᠦ ᠶᠡᠭᠡ ᠶᠠᠪᠤᠳᠠᠯ᠂ ᠴᠢᠬᠤᠯᠠ ᠶᠠᠪᠤᠳᠠᠯ ᠪᠣᠯᠭᠠᠨ ᠢᠮᠠᠭᠲᠠ ᠠᠳᠬᠤᠵᠤ᠂ ᠬᠡᠷᠡᠭᠯᠡᠭᠡᠨ ᠤ ᠣᠷᠴᠢᠨ ᠢ ᠰᠢᠯᠢᠳᠡᠭᠵᠢᠭᠦᠯᠬᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠡᠵᠡᠩᠨᠡᠯᠲᠡ ᠶᠢᠨ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠶᠢ ᠵᠠᠰᠠᠭ ᠤᠨ ᠣᠷᠳᠣᠨ ᠤ ᠠᠵᠢᠯ ᠤᠨ ᠴᠢᠬᠤᠯᠠ ᠠᠭᠤᠯᠭ᠎ᠠ ᠪᠣᠯᠭᠠᠨ ᠠᠳᠬᠤᠬᠤ ᠬᠡᠷᠡᠭᠲᠡᠶ᠃ ᠨᠠᠩ ᠡᠷᠡᠰ ᠴᠢᠩᠭ᠎ᠠ ᠢᠳᠡᠬᠡᠯ ᠵᠣᠷᠢᠭ᠂ ᠠᠷᠭ᠎ᠠ ᠬᠡᠮᠵᠢᠶ᠎ᠠ ᠪᠠᠷ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠦᠵᠡᠰᠬᠦᠯᠡᠩᠲᠦ ᠰᠠᠶᠢᠬᠠᠨ ᠠᠪᠠᠭ᠎ᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠬᠦᠨ᠎ᠠ ᠬᠡᠵᠣ ᠴᠢᠬᠤᠯᠠᠴᠢᠯᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠯ᠎ᠡ ᠨᠢᠭᠡᠴᠡ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾᠂ ︽ᠢᠳᠡᠭᠡᠨ ᠤ ᠠᠮᠤᠷ ᠲᠦᠪᠰᠢᠨ ᠤ ᠬᠠᠤᠯᠢ︾᠂ ︽21 ᠲᠦᠷᠦᠯ ᠤᠨ ᠰᠦᠯᠵᠢᠶᠠᠨ ᠤ ᠮᠡᠬᠡᠯᠡᠯ︾᠂  ︽ᠲᠠᠮᠠᠬᠢᠨ ᠤ ᠲᠤᠰᠬᠠᠢ ᠬᠤᠳᠠᠯᠳᠤᠭᠠᠨ ᠤ ᠮᠡᠳᠡᠯᠭᠡ︾ ᠵᠡᠷᠭᠡ ᠥᠷᠭᠡᠨ ᠤᠯᠠᠨ ᠬᠡᠷᠡᠭᠯᠡᠭᠴᠢᠳ ᠤᠨ ᠡᠳᠦᠷ ᠲᠤᠳᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠤᠬᠠᠭᠤᠯᠭ᠎ᠠ ᠶᠢᠨ ᠠᠭᠤᠯᠭ᠎ᠠ ᠶᠢ ᠤᠬᠠᠭᠤᠯᠭ᠎ᠠ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠬᠤ᠂ ᠤᠬᠠᠭᠤᠯᠭ᠎ᠠ ᠶᠢᠨ ᠵᠠᠷᠯᠠᠯ ᠡᠯᠭᠦᠬᠦ᠂ ᠬᠠᠭᠤᠷᠮᠠᠭ ᠮᠠᠭᠤ ᠦᠢᠯᠡᠳᠬᠦᠨ ᠢ ᠳᠡᠯᠭᠡᠨ ᠦᠵᠡᠭᠦᠯᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠡᠷᠡᠭᠯᠡᠭᠴᠢᠳ ᠲᠠᠢ ᠨᠢᠭᠤᠷᠲᠠᠨ ᠶᠠᠷᠢᠯᠴᠠᠵᠤ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠢᠭᠤᠷᠠᠭᠠᠨ ᠎ ᠢ ᠬᠠᠤᠯᠢ ᠶᠣᠰᠣᠭᠠᠷ ᠰᠢᠢᠳᠪᠦᠷᠢᠯᠡᠵᠦ᠂ ᠵᠥᠷᠢᠴᠡᠯ ᠢ ᠨᠠᠮᠳᠠᠭᠤᠯᠣᠨ᠂ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠤᠯᠢ ᠶᠣᠰᠣᠭᠠᠷ ᠬᠠᠮᠠᠭᠠᠯᠠᠬᠤ ᠶᠢ ᠰᠣᠷᠳᠠᠯᠴᠢᠯᠠᠪᠠ᠃ ᠡᠭᠦᠨ ᠤ ᠬᠠᠮᠲᠤ᠂ ᠬᠤᠳᠠᠯ ᠬᠠᠭᠤᠷᠮᠠᠭ ᠴᠢᠨᠠᠷ ᠮᠠᠭᠤ᠂ ᠬᠤᠭᠤᠴᠠᠭ᠎ᠠ ᠠᠴᠠ ᠬᠡᠲᠦᠷᠡᠭᠰᠡᠨ ᠵᠡᠷᠭᠡ ᠬᠢᠷᠢ ᠲᠡᠩᠴᠡᠬᠦ ᠦᠭᠡᠢ ᠢᠳᠡᠭᠡᠨ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠵᠢᠴᠢ ᠪᠤᠰᠤᠳ ᠲᠠᠸᠠᠷ ᠢ ᠲᠥᠪᠯᠡᠷᠡᠭᠦᠯᠦᠨ ᠤᠰᠠᠳᠬᠠᠵᠤ ᠰᠢᠢᠳᠪᠣᠷᠢᠯᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号